ᠣᠲᠤᠭ ᠬᠤᠰᠢᠭᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2025/2/14
      2024 ᠣᠨ ᠳᠤ᠂ ᠤᠳᠤᠭ ᠬᠤᠰᠢᠭᠤ ᠦᠬᠡᠷ ᠬᠤᠨᠢ ᠢᠮᠠᠭᠠᠨ ᠮᠢᠬᠠᠨ ᠤ ᠪᠣᠷᠤᠯᠠᠭᠤᠯᠭ᠎ᠠ ᠶᠢᠨ ᠵᠠᠮ ᠢ ᠥᠷᠭᠡᠳᠬᠡᠬᠦ ᠶᠢᠨ ᠲᠥᠯᠥᠭᠡ᠂ ︽ᠠᠵᠤ ᠦᠢᠯᠡᠳᠪᠦᠷᠢ ᠪᠠᠷ ᠲᠠᠷᠢᠶᠠᠯᠠᠩ ᠢ ᠲᠤᠰᠠᠯᠠᠬᠤ︾ ᠲᠤᠰᠬᠠᠢ ᠪᠡᠯᠡ ᠮᠥᠩᠭᠦ 2000 ᠲᠦᠮᠡᠨ ᠲᠥᠭᠦᠷᠢᠭ ᠢ ᠲᠣᠬᠢᠷᠠᠭᠤᠯᠵᠤ᠂ ᠰᠤᠮᠤ ᠪᠠᠯᠭᠠᠰᠤ ᠠᠴᠠ ᠨᠢᠭᠡᠳᠦᠯᠲᠡᠢ ᠨᠥᠬᠦᠪᠦᠷᠢ ᠥᠭᠬᠦ ᠪᠠ ᠲᠠᠷᠢᠶᠠᠯᠠᠩ ᠮᠠᠯ ᠠᠵᠤ ᠠᠬᠤᠢ ᠶᠢᠨ ᠲᠣᠯᠣᠭᠠᠶᠢᠯᠠᠭᠴᠢ ᠠᠵᠤ ᠠᠬᠤᠶᠢᠯᠠᠯ ᠳᠤ ᠨᠥᠬᠦᠪᠦᠷᠢ ᠥᠭᠬᠦ ᠬᠤᠶᠠᠷ ᠵᠦᠢᠯ ᠤᠨ ᠠᠷᠭ᠎ᠠ ᠭᠡᠯᠪᠡᠷᠢ ᠪᠠᠷ ᠳᠠᠮᠵᠢᠭᠤᠯᠤᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ  ᠶᠢ ᠠᠬᠢᠭᠤᠯᠵᠠᠢ᠃      ᠰᠤᠷᠪᠤᠯᠵᠢᠯᠠᠬᠴᠢ ᠤᠲᠤᠭ ᠬᠤᠰᠢᠭᠤᠨ ᠤ ᠠᠷᠪᠠᠰ ᠰᠤᠮᠤᠨ ᠤ ᠮᠠᠯᠴᠢᠨ ᠢᠦᠢ ᠬᠤᠩ ᠪᠦᠸᠧ ᠶᠢᠨ ᠬᠢᠨ ᠳᠤ ᠬᠦᠷᠬᠦ ᠳᠤ ᠳᠡᠷᠡ ᠢᠮᠠᠭ᠎ᠠ ᠪᠠᠨ ᠬᠤᠳᠠᠯᠳᠤᠨ ᠶᠠᠭᠠᠷᠠᠵᠤ ᠪᠠᠶᠢᠯ᠎ᠠ᠃ ᠮᠠᠯᠴᠢᠨ ᠢᠦᠢ ᠬᠤᠩ ᠪᠦᠸᠧ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠷ᠂ ᠵᠠᠬ᠎ᠠ ᠳᠡᠯᠭᠡᠭᠦᠷ ᠤᠨ ᠦᠨ᠎ᠡ ᠬᠠᠩᠰᠢ ᠠᠴᠠ 2-3 ᠲᠥᠭᠦᠷᠢᠭ ᠦᠨᠡᠲᠡᠢ ᠪᠠᠷ 50 ᠠᠷᠪᠠᠰ ᠤᠨ ᠨᠣᠣᠯᠣᠭᠤᠷ ᠤᠨ ᠴᠠᠭᠠᠨ ᠢᠮᠠᠭ᠎ᠠ ᠬᠤᠳᠠᠯᠳᠤᠭᠰᠠᠨ ᠪᠠᠶᠢᠨ᠎ᠠ᠃      ᠣᠲᠤᠭ ᠬᠤᠰᠢᠭᠤ ᠠᠵᠤ ᠠᠬᠤᠶᠢᠯᠠᠯ ᠪᠠ ᠮᠠᠯᠴᠢᠨ ᠲᠠᠷᠢᠶᠠᠴᠢᠨ ᠤ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠲᠠᠰᠤᠷᠠᠯᠲᠠ ᠦᠭᠡᠢ ᠠᠬᠢᠭᠤᠯᠤᠨ᠂ ᠪᠠᠲᠤᠯᠠᠭ᠎ᠠ ᠶᠢᠨ ᠴᠢᠨᠠᠷᠲᠠᠢ ᠨᠥᠬᠦᠪᠦᠷᠢ ᠮᠥᠩᠭᠦ ᠥᠭᠬᠦ ᠪᠠᠷ ᠳᠠᠮᠵᠢᠭᠤᠯᠤᠨ ᠠᠵᠤ ᠠᠬᠤᠶᠢᠯᠠᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠬᠤᠳᠠᠯᠳᠤᠨ ᠠᠪᠬᠤ ᠶᠢ ᠠᠬᠢᠭᠤᠯᠬᠤ ᠶᠢᠨ ᠬᠠᠮᠲᠤ ᠳᠡᠯᠭᠡᠨ ᠪᠣᠷᠣᠯᠠᠭᠤᠯᠬᠤ ᠠᠵᠢᠯᠯᠠᠭ᠎ᠠ᠂ ︽ᠳᠤᠰᠬᠤᠨ ᠳᠤ ᠰᠠᠭᠤᠭ᠎ᠠ ᠨᠢᠭᠡᠳᠦᠭᠡᠷ ᠱᠦᠵᠢ + ᠮᠠᠯᠴᠢᠨ ᠲᠠᠷᠢᠶᠠᠴᠢᠨ ᠤ ᠰᠦᠯᠵᠢᠶ᠎ᠡ︾ ᠵᠡᠷᠭᠡ ᠰᠢᠭᠤᠳ ᠨᠡᠪᠲᠡᠷᠡᠭᠦᠯᠭᠡ ᠬᠢᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠡᠷᠡᠭᠯᠡᠭᠡ ᠶᠢ ᠬᠠᠪᠰᠤᠷᠤᠨ ᠲᠡᠳᠬᠦᠬᠦ ᠬᠠᠯᠠᠭᠤᠨ ᠥᠷᠨᠢᠯᠲᠡ ᠶᠢ ᠪᠤᠢ ᠪᠣᠯᠭᠠᠵᠠᠢ᠃      ᠨᠢᠳᠤᠨᠤᠨ ᠣᠲᠤᠭ ᠬᠤᠰᠢᠭᠤ ᠦᠬᠡᠷ ᠬᠤᠨᠢ ᠢᠮᠠᠭ᠎ᠠ ᠬᠤᠳᠠᠯᠳᠤᠬᠤ ᠵᠠᠩᠭᠢᠯᠠᠭ᠎ᠠ ᠶᠢᠨ ᠬᠤᠭᠤᠴᠠᠭ᠎ᠠ ᠶᠢ ᠵᠠᠪᠳᠤᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢ ᠠᠬᠢᠭᠤᠯᠬᠤ ᠠᠷᠭ᠎ᠠ ᠬᠡᠮᠵᠢᠶ᠎ᠡ ᠪᠠ ᠳᠠᠭᠠᠭᠠᠴᠢᠯᠠᠨ ᠬᠤᠯᠪᠣᠭᠠᠯᠠᠵᠤ ᠲᠠᠷᠢᠶᠠᠯᠠᠩ ᠢ ᠲᠡᠳᠬᠦᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠵᠠᠬ᠎ᠠ ᠳᠡᠯᠭᠡᠭᠦᠷ ᠢ ᠥᠷᠭᠡᠳᠬᠡᠬᠦ ᠠᠵᠢᠯᠯᠠᠭᠠᠨ ᠤ ᠲᠥᠰᠥᠯ ᠢ ᠬᠡᠷᠡᠭᠵᠢᠭᠦᠯᠵᠦ᠂ ᠨᠣᠣᠯᠣᠭᠤᠷ ᠤᠨ ᠢᠮᠠᠭ᠎ᠠ᠂ ᠮᠢᠬᠠᠨ ᠤ ᠦᠬᠡᠷ᠂ ᠮᠢᠬᠠᠨ ᠤ ᠬᠤᠨᠢ ᠶᠢ ᠪᠣᠷᠣᠯᠠᠭᠤᠯᠬᠤ᠂ ᠦᠢᠯᠡᠳᠪᠦᠷᠢᠯᠡᠵᠦ ᠡᠳ᠋ᠰᠢᠭᠦᠯᠬᠦ᠂ ᠬᠦᠢᠲᠡᠨ ᠢᠶᠠᠷ ᠬᠠᠳᠠᠭᠠᠯᠠᠬᠤ᠂ ᠭᠦᠢᠯᠭᠡᠭᠡ ᠵᠡᠷᠭᠡ ᠠᠵᠤ ᠦᠢᠯᠡᠰ ᠲᠤ ᠨᠥᠬᠦᠪᠦᠷᠢ ᠥᠭᠬᠦ ᠠᠷᠭ᠎ᠠ ᠬᠡᠮᠵᠢᠶ᠎ᠡ ᠶᠢ ᠠᠪᠴᠤ᠂ ᠬᠤᠰᠢᠭᠤ ᠱᠠᠲᠤᠨ ᠤ ᠤᠳᠤᠷᠢᠳᠤᠯᠭ᠎ᠠ᠂ ᠰᠠᠯᠠᠭ᠎ᠠ ᠮᠥᠴᠢᠷ ᠤᠨ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠬᠡᠷᠡᠭᠵᠢᠭᠦᠯᠦᠨ᠂ ᠳᠠᠭᠠᠭᠠᠴᠢᠯᠠᠨ ᠬᠤᠯᠪᠣᠭᠠᠯᠠᠭᠰᠠᠨ ᠠᠵᠤ ᠠᠬᠤᠶᠢᠯᠠᠯ᠂ ᠲᠠᠷᠢᠶᠠᠯᠠᠩ ᠮᠠᠯ ᠠᠵᠤ ᠠᠬᠤᠢ ᠶᠢᠨ ᠲᠣᠯᠣᠭᠠᠶᠢᠯᠠᠭᠴᠢ ᠠᠵᠤ ᠠᠬᠤᠶᠢᠯᠠᠯ ᠤᠨ ᠰᠠᠨᠠᠭᠠᠴᠢᠯᠠᠭ᠎ᠠ ᠠᠴᠠ ᠪᠠᠨ ᠲᠠᠷᠢᠶᠠᠯᠠᠩ ᠳᠤ ᠲᠤᠰᠠᠯᠠᠬᠤ ᠶᠢ ᠬᠥᠲᠥᠯᠥᠨ ᠵᠢᠯᠤᠭᠤᠳᠴᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠵᠠᠬ᠎ᠠ ᠳᠡᠯᠭᠡᠭᠦᠷ ᠢ ᠥᠷᠭᠡᠳᠬᠡᠵᠡᠢ᠃ ᠣᠲᠣ ᠪᠤᠯᠲᠠᠯ᠎ᠠ ᠳᠤᠰ ᠬᠤᠰᠢᠭᠤ ᠨᠡᠶᠢᠲᠡ 19 ᠲᠦᠮᠡ ᠭᠠᠷᠤᠢ ᠬᠤᠨᠢ ᠢᠮᠠᠭ᠎ᠠ᠂ 4.2 ᠲᠦᠮᠡ ᠭᠠᠷᠤᠢ ᠮᠢᠬᠠᠨ ᠤ ᠦᠬᠡᠷ ᠢ ᠨᠢᠭᠡᠨᠲᠡ ᠪᠣᠷᠣᠯᠠᠭᠤᠯᠵᠤ᠂ 1.2 ᠳ᠋ᠦᠩᠰᠢᠭᠤᠷ ᠲᠥᠭᠦᠷᠢᠭ ᠤᠨ ᠵᠠᠬᠢᠶᠠᠯᠠᠭ᠎ᠠ ᠶᠢᠨ ᠬᠠᠭᠤᠳᠠᠰᠤ ᠶᠢ ᠳᠤᠰᠴᠤ᠂ ᠮᠠᠯᠴᠢᠨ ᠲᠠᠷᠢᠶᠠᠴᠢᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠭᠠᠷᠤᠯᠲᠠ ᠶᠢ ᠲᠣᠭᠲᠠᠪᠤᠷᠢᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠶᠢ ᠪᠠᠲᠤᠯᠠᠵᠤ ᠪᠠᠶᠢᠨ᠎ᠠ᠃ 
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号