ᠶᠠᠭᠤᠨ ᠳᠤ ᠲᠠᠷᠢᠶᠠᠯᠠᠩ ᠮᠠᠯ ᠤᠨ ᠡᠮ ᠤᠨ ᠦᠯᠡᠳᠡᠭᠳᠡᠯ ᠤᠨ ᠬᠢᠵᠠᠭᠠᠷ ᠬᠡᠮᠵᠢᠶ᠎ᠡ ᠶᠢ ᠲᠣᠭᠲᠠᠭᠠᠬᠤ ᠬᠡᠷᠡᠭᠲᠡᠢ | ᠪᠤᠢ︖ | ᠲᠠᠷᠢᠶᠠᠯᠠᠩ ᠤᠨ ᠪᠦᠲᠦᠭᠡᠭᠳᠡᠬᠦᠨ ᠤ ᠳᠣᠲᠣᠷᠠᠬᠢ ᠲᠠᠷᠢᠶᠠᠨ ᠡᠮ᠂ ᠮᠠᠯ ᠤᠨ ᠡᠮ ᠤᠨ ᠦᠯᠡᠳᠡᠭᠳᠡᠯ ᠪᠣᠳᠠᠰ ᠤᠨ | ᠵᠠᠷᠢᠮ ᠨᠢ ᠢᠯᠡᠭᠦᠦ ᠦᠯᠡᠳᠡᠵᠦ᠂ ᠵᠠᠷᠢᠮ ᠨᠢ ᠪᠠᠭ᠎ᠠ ᠦᠯᠡᠳᠡᠳᠡᠭ᠃ ᠡᠳᠡᠭᠡᠷ ᠪᠣᠳᠠᠰ ᠨᠢ ᠲᠠᠷᠢᠶᠠᠯᠠᠩ ᠤᠨ | ᠪᠦᠲᠦᠭᠡᠭᠳᠡᠬᠦᠨ ᠢ ᠢᠳᠡᠬᠦ ᠪᠠᠷ ᠳᠠᠮᠵᠢᠨ ᠬᠥᠮᠥᠨ ᠤ ᠪᠡᠶ᠎ᠡ ᠳᠤ ᠣᠷᠣᠬᠤ ᠶᠢ ᠳᠠᠭᠠᠯᠳᠤᠨ ᠬᠥᠮᠥᠨ ᠤ ᠪᠡᠶ᠎ᠡ ᠶᠢᠨ | ᠡᠷᠡᠭᠦᠯ ᠮᠡᠨᠳᠦ ᠳᠤ ᠬᠤᠣᠷ ᠬᠥᠨᠥᠭᠡᠯ ᠲᠠᠢ ᠦᠦ ᠦᠭᠡᠢ ᠦᠦ᠂ ᠬᠤᠣᠷ ᠬᠥᠨᠥᠭᠡᠯ ᠨᠢ ᠬᠡᠳᠦᠢ ᠶᠡᠭᠡ᠂ ᠬᠡᠳᠦᠢ ᠢᠳᠡᠪᠡᠯ | ᠠᠶᠤᠯ ᠲᠦᠭᠰᠢᠭᠦᠷᠢ ᠲᠠᠢ︖ ᠡᠳᠡᠭᠡᠷ ᠠᠰᠠᠭᠤᠳᠠᠯ ᠢ ᠬᠡᠷᠡᠭᠯᠡᠭᠴᠢᠳ ᠲᠤᠶᠢᠯ ᠢᠶᠠᠷ ᠠᠩᠬᠠᠷᠴᠤ ᠪᠠᠶᠢᠨ᠎ᠠ᠂ ᠵᠠᠰᠠᠭ ᠤᠨ | ᠣᠷᠳᠣᠨ ᠤ ᠰᠠᠯᠠᠭ᠎ᠠ ᠮᠥᠴᠢᠷ ᠴᠦ ᠰᠢᠨᠵᠢᠯᠡᠬᠦ ᠤᠬᠠᠭᠠᠨᠴᠢ ᠠᠷᠭ᠎ᠠ ᠪᠠ ᠠᠷᠭ᠎ᠠ ᠪᠠᠷᠢᠯ ᠢᠶᠠᠷ ᠦᠨᠡᠯᠡᠨ ᠬᠡᠮᠵᠢᠵᠦ᠂ | ᠬᠡᠷᠡᠭᠯᠡᠭᠴᠢᠳ ᠤᠨ ᠬᠤᠳᠠᠯᠳᠤᠨ ᠠᠪᠤᠭᠰᠠᠨ ᠲᠠᠷᠢᠶᠠᠯᠠᠩ ᠤᠨ ᠪᠦᠲᠦᠭᠡᠭᠳᠡᠬᠦᠨ ᠤ ᠠᠶᠤᠯᠭᠦᠢ ᠪᠠᠶᠢᠬᠤ ᠶᠢ ᠦᠨᠡᠨ ᠬᠦ | ᠪᠠᠲᠤᠯᠠᠬᠤ ᠴᠢᠬᠤᠯᠠᠲᠠᠢ ᠪᠠᠶᠢᠨ᠎ᠠ᠃ ᠡᠨᠡ ᠬᠦ ᠰᠢᠨᠵᠢᠯᠡᠬᠦ ᠤᠬᠠᠭᠠᠨ ᠤ ᠭᠦᠢᠴᠡᠳᠬᠡᠯ ᠲᠤᠭ᠎ᠠ ᠨᠢ ᠳᠠᠷᠤᠢ ᠮᠠᠨ ᠤ ᠲᠣᠰ | ᠤᠳᠠᠭᠠᠨ ᠤ ᠪᠤᠯᠪᠠᠰᠤᠷᠠᠯ ᠤᠨ ᠠᠭᠤᠯᠭ᠎ᠠ︱ᠲᠠᠷᠢᠶᠠᠯᠠᠩ ᠮᠠᠯ ᠤᠨ ᠡᠮ ᠤᠨ ᠦᠯᠡᠳᠡᠭᠳᠡᠯ ᠢ ᠬᠢᠵᠠᠭᠠᠷᠯᠠᠬᠤ ᠪᠠᠷᠢᠮᠵᠢᠶ᠎ᠠ | ᠪᠣᠯᠣᠨ᠎ᠠ᠃ ᠡᠨᠡ ᠬᠦ ᠪᠠᠷᠢᠮᠵᠢᠶ᠎ᠠ ᠪᠠᠷ ᠳᠠᠮᠵᠢᠭᠤᠯᠤᠨ᠂ ᠪᠢᠳᠡ ᠲᠠᠷᠢᠶᠠᠯᠠᠩ ᠤᠨ ᠪᠦᠲᠦᠭᠡᠭᠳᠡᠬᠦᠨ ᠤ ᠳᠣᠲᠣᠷᠠᠬᠢ | ᠲᠠᠷᠢᠶᠠᠨ ᠡᠮ ᠪᠤᠶᠤ ᠮᠠᠯ ᠤᠨ ᠡᠮ ᠤᠨ ᠦᠯᠡᠳᠡᠭᠳᠡᠯ ᠨᠢ ᠬᠥᠮᠥᠨ ᠤ ᠪᠡᠶ᠎ᠡ ᠳᠤ ᠬᠤᠣᠷᠲᠠᠢ ᠡᠰᠡᠬᠦ ᠶᠢ ᠮᠠᠭᠠᠳᠯᠠᠵᠤ | ᠪᠣᠯᠣᠨ᠎ᠠ᠃ ᠳᠦᠭᠦᠮᠴᠢᠯᠡᠪᠡᠯ᠂ ᠳᠠᠷᠤᠢ ᠡᠨᠡ ᠬᠦ ᠪᠠᠷᠢᠮᠵᠢᠶ᠎ᠠ ᠠᠴᠠ ᠬᠡᠲᠦᠷᠡᠪᠡᠯ᠂ ᠲᠠᠷᠢᠶᠠᠯᠠᠩ ᠤᠨ ᠪᠦᠲᠦᠭᠡᠭᠳᠡᠬᠦᠨ ᠤ | ᠳᠤᠮᠳᠠ ᠲᠠᠷᠢᠶᠠᠯᠠᠩ ᠮᠠᠯ ᠤᠨ ᠡᠮ ᠤᠨ ᠦᠯᠡᠳᠡᠭᠳᠡᠯ ᠨᠢ ᠬᠥᠮᠥᠨ ᠤ ᠪᠡᠶ᠎ᠡ ᠳᠤ ᠠᠶᠤᠯ ᠲᠦᠭᠰᠢᠭᠦᠷᠢ ᠲᠠᠢ ᠪᠥᠭᠡᠳ | ᠬᠤᠣᠷ ᠬᠥᠨᠥᠭᠡᠯ ᠲᠠᠢ ᠪᠣᠯᠣᠨ᠎ᠠ᠂ ᠡᠭᠦᠨ ᠤ ᠡᠰᠡᠷᠭᠦ ᠪᠠᠷ ᠡᠨᠡ ᠬᠦ ᠪᠠᠷᠢᠮᠵᠢᠶ᠎ᠠ ᠠᠴᠠ ᠳᠣᠣᠷ᠎ᠠ ᠪᠠᠶᠢᠪᠠᠯ ᠠᠶᠤᠯ | ᠲᠦᠭᠰᠢᠭᠦᠷᠢ ᠶᠢᠨ ᠬᠤᠣᠷ ᠬᠥᠨᠥᠭᠡᠯ ᠦᠭᠡᠢ ᠶᠤᠮ᠃ | ᠡᠩ ᠤᠨ ᠪᠠᠶᠢᠳᠠᠯ ᠳᠣᠣᠷ᠎ᠠ᠂ ᠲᠠᠷᠢᠶᠠᠯᠠᠩ ᠮᠠᠯ ᠤᠨ ᠡᠮ ᠤᠨ ᠦᠯᠡᠳᠡᠭᠳᠡᠯ ᠢ ᠬᠢᠵᠠᠭᠠᠷᠯᠠᠬᠤ ᠪᠠᠷᠢᠮᠵᠢᠶ᠎ᠠ ᠶᠢ | ᠲᠣᠭᠲᠠᠭᠠᠵᠤ ᠨᠡᠶᠢᠲᠡᠯᠡᠭᠰᠡᠨ ᠤ ᠲᠠᠷᠠᠭ᠎ᠠ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠣᠭᠲᠠᠮᠠᠯ ᠬᠤᠭᠤᠴᠠᠭ᠎ᠠ ᠲᠠᠢ | ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠦᠢᠯᠡᠳᠪᠦᠷᠢᠯᠡᠯ ᠤᠨ ᠰᠠᠭᠤᠷᠢᠨ ᠭᠠᠵᠠᠷ ᠪᠠ ᠪᠥᠭᠡᠮ ᠢᠶᠠᠷ | ᠬᠤᠳᠠᠯᠳᠤᠬᠤ᠂ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ ᠲᠤ ᠲᠠᠷᠢᠶᠠᠯᠠᠩ ᠤᠨ ᠪᠦᠲᠦᠭᠡᠭᠳᠡᠬᠦᠨ ᠢ ᠰᠢᠯᠭᠠᠨ | ᠪᠠᠶᠢᠴᠠᠭᠠᠵᠤ᠂ ᠨᠡᠶᠢᠲᠡᠯᠡᠭᠰᠡᠨ ᠪᠠᠷᠢᠮᠵᠢᠶ᠎ᠠ ᠶᠣᠰᠣᠭᠠᠷ ᠪᠣᠷᠣᠯᠠᠭᠤᠯᠤᠭᠰᠠᠨ ᠲᠠᠷᠢᠶᠠᠯᠠᠩ ᠤᠨ ᠪᠦᠲᠦᠭᠡᠭᠳᠡᠬᠦᠨ ᠤ | ᠪᠠᠷᠢᠮᠵᠢᠶ᠎ᠠ ᠠᠴᠠ ᠬᠡᠲᠦᠷᠡᠭᠰᠡᠨ ᠡᠰᠡᠬᠦ ᠶᠢ ᠮᠠᠭᠠᠳᠯᠠᠨ᠎ᠠ᠂ ᠬᠡᠷᠪᠡ ᠪᠠᠷᠢᠮᠵᠢᠶ᠎ᠠ ᠠᠴᠠ ᠬᠡᠲᠦᠷᠡᠭᠰᠡᠨ ᠪᠠᠶᠢᠪᠠᠯ ᠴᠠᠭ ᠲᠤᠬᠠᠢ | ᠳᠤᠨᠢ ᠠᠷᠠᠯᠵᠢᠶ᠎ᠠ ᠠᠴᠠ ᠪᠠᠭᠤᠯᠭᠠᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠬᠠᠤᠯᠢ ᠶᠢᠨ ᠬᠠᠷᠢᠭᠤᠴᠠᠯᠭ᠎ᠠ | ᠡᠭᠦᠷᠭᠡᠭᠦᠯᠦᠨ᠎ᠡ᠃ ᠡᠶᠢᠮᠦᠷᠬᠦᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠭᠡᠨ ᠤᠯᠠᠨ ᠲᠠᠷᠢᠶᠠᠯᠠᠩ ᠤᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠠᠵᠤ ᠠᠬᠤᠶᠢᠯᠠᠯ᠂ ᠲᠠᠷᠢᠶᠠᠴᠢᠳ ᠤᠨ ᠬᠤᠷᠰᠢᠶ᠎ᠠ᠂ ᠦᠢᠯᠡᠳᠪᠦᠷᠢᠯᠡᠯ | ᠡᠷᠬᠢᠯᠡᠵᠦ ᠪᠠᠶᠢᠭ᠎ᠠ ᠥᠷᠭᠡᠨ ᠤᠯᠠᠨ ᠲᠠᠷᠢᠶᠠᠴᠢᠨ ᠡᠷᠦᠬᠡ ᠳᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ | ᠠᠶᠤᠯᠭᠦᠢ ᠶᠢᠨ ᠱᠠᠭᠠᠷᠳᠠᠯᠭ᠎ᠠ ᠶᠢ ᠡᠵᠡᠮᠰᠢᠭᠦᠯᠬᠦ ᠶᠢᠨ ᠤᠯᠠᠮ ᠠᠴᠠ ᠦᠢᠯᠡᠳᠪᠦᠷᠢᠯᠡᠯ ᠤᠨ ᠳᠤᠮᠳᠠ ᠲᠠᠷᠢᠶᠠᠨ ᠡᠮ | ᠮᠠᠯ ᠤᠨ ᠡᠮ ᠢ ᠵᠢᠷᠤᠮᠵᠢᠭᠤᠯᠤᠨ ᠬᠡᠷᠡᠭᠯᠡᠵᠦ᠂ ᠶᠠᠰᠤ ᠴᠢᠨᠠᠷ ᠢ ᠡᠵᠡᠮᠳᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ | ᠠᠶᠤᠯᠭᠦᠢ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠨ ᠭᠠᠷᠭᠠᠵᠤ ᠴᠢᠳᠠᠨ᠎ᠠ᠃ ᠲᠠᠷᠢᠶᠠᠯᠠᠩ ᠮᠠᠯ ᠤᠨ | ᠡᠮ ᠤᠨ ᠦᠯᠡᠳᠡᠭᠳᠡᠯ ᠢ ᠬᠢᠵᠠᠭᠠᠷᠯᠠᠬᠤ ᠪᠠᠷᠢᠮᠵᠢᠶ᠎ᠠ ᠨᠢ ᠲᠠᠷᠢᠶᠠᠯᠠᠩ ᠤᠨ ᠪᠦᠲᠦᠭᠡᠭᠳᠡᠬᠦᠨ ᠤ ᠠᠶᠤᠯᠭᠦᠢ ᠶᠢ ᠪᠠᠲᠤᠯᠠᠬᠤ | ᠰᠠᠭᠤᠷᠢ ᠪᠣᠯᠬᠤ ᠮᠥᠷᠲᠡᠭᠡᠨ ᠪᠠᠰᠠ ᠴᠤ ᠦᠢᠯᠡᠳᠪᠦᠷᠢᠯᠡᠭᠴᠢ ᠶᠢᠨ ᠰᠠᠶᠢᠨ ᠰᠠᠶᠢᠬᠠᠨ ᠲᠠᠷᠢᠶᠠᠯᠠᠩ ᠤᠨ ᠵᠢᠷᠤᠮᠵᠢᠯ ᠢ | ᠵᠢᠷᠤᠮᠯᠠᠬᠤ ᠶᠢ ᠠᠬᠢᠭᠤᠯᠬᠤ᠂ ᠴᠢᠬᠤᠯᠠ ᠪᠤᠰᠤ ᠡᠮ ᠤᠨ ᠵᠦᠢᠯ ᠤᠨ ᠬᠡᠷᠡᠭᠯᠡᠯᠲᠡ ᠶᠢ ᠬᠢᠵᠠᠭᠠᠷᠯᠠᠬᠤ᠂ ᠠᠮᠢ ᠠᠬᠤᠢ ᠶᠢᠨ | ᠣᠷᠴᠢᠨ ᠨᠥᠬᠦᠴᠡᠯ ᠢ ᠬᠠᠮᠠᠭᠠᠯᠠᠬᠤ ᠶᠢᠨ ᠰᠠᠭᠤᠷᠢ ᠮᠥᠨ ᠭᠡᠵᠦ ᠬᠡᠯᠡᠵᠦ ᠪᠣᠯᠣᠨ᠎ᠠ᠃ ᠡᠭᠦᠨ ᠠᠴᠠ ᠭᠠᠳᠠᠨ᠎ᠠ᠂ | ᠲᠠᠷᠢᠶᠠᠯᠠᠩ ᠮᠠᠯ ᠤᠨ ᠡᠮ ᠤᠨ ᠦᠯᠡᠳᠡᠭᠳᠡᠯ ᠢ ᠬᠢᠵᠠᠭᠠᠷᠯᠠᠬᠤ ᠪᠠᠷᠢᠮᠵᠢᠶ᠎ᠠ ᠨᠢ ᠲᠠᠷᠢᠶᠠᠯᠠᠩ ᠤᠨ ᠪᠦᠲᠦᠭᠡᠭᠳᠡᠬᠦᠨ ᠤ | ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ᠂ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠬᠤ ᠶᠢ | ᠠᠬᠢᠭᠤᠯᠬᠤ᠂ ᠲᠠᠷᠢᠶᠠᠯᠠᠩ ᠤᠨ ᠠᠷᠠᠯᠵᠢᠶᠠᠨ ᠤ ᠪᠠᠬᠢᠯᠡᠯᠲᠡ ᠶᠢ ᠡᠪᠳᠡᠬᠦ ᠵᠡᠷᠭᠡ ᠲᠠᠯ᠎ᠠ ᠪᠠᠷ ᠴᠤ ᠴᠢᠬᠤᠯᠠ ᠦᠢᠯᠡᠳᠦᠯ | ᠦᠵᠡᠭᠦᠯᠦᠨ᠎ᠡ᠃ | ᠲᠤᠰ ᠤᠳᠠᠭᠠᠨ ᠤ ᠪᠣᠯᠪᠠᠰᠤᠷᠠᠯ ᠳᠤ ᠣᠷᠣᠯᠴᠠᠭᠰᠠᠨ ᠪᠦᠬᠦ ᠰᠤᠷᠤᠭᠴᠢᠳ ᠲᠤ ᠠᠪᠴᠤ ᠬᠡᠯᠡᠪᠡᠯ᠂ | ᠭᠤᠣᠯᠳᠠᠯᠭ᠎ᠠ ᠪᠠᠨ ᠲᠠᠨᠢᠵᠤ ᠣᠯᠬᠤ ᠬᠡᠷᠡᠭᠲᠡᠢ᠃ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠠ ᠬᠢᠨᠠᠯᠲᠠ | ᠬᠠᠮᠢᠶᠠᠷᠤᠯᠲᠠ ᠶᠢᠨ ᠳᠤᠮᠳᠠ ᠦᠷᠭᠦᠯᠵᠢ ᠬᠡᠯᠡᠳᠡᠭ ᠲᠠᠷᠢᠶᠠᠯᠠᠩ ᠮᠠᠯ ᠤᠨ ᠡᠮ ᠤᠨ ᠦᠯᠡᠳᠡᠭᠳᠡᠯ ᠤᠨ ᠲᠤᠬᠠᠢ | ᠲᠣᠭᠲᠠᠭᠠᠯ ᠢ ᠬᠤᠶᠠᠷ ᠳᠠᠪᠬᠤᠷᠭ᠎ᠠ ᠬᠤᠪᠢᠶᠠᠨ᠎ᠠ᠄ ᠨᠢᠭᠡ ᠳᠤ ᠬᠡᠷᠡᠭᠯᠡᠬᠦ ᠶᠢ ᠴᠠᠭᠠᠵᠠᠯᠠᠭᠰᠠᠨ ᠡᠮ᠂ ᠬᠡᠷᠡᠭᠯᠡᠬᠦ ᠳᠤ | ᠴᠠᠭᠠᠵᠠᠯᠠᠭᠰᠠᠨ ︵ᠬᠢᠵᠠᠭᠠᠷᠯᠠᠭᠰᠠᠨ︶ ᠲᠠᠷᠢᠶᠠᠨ ᠡᠮ ᠪᠠ ᠮᠠᠯ ᠤᠨ ᠡᠮ ᠢ ᠪᠠᠭᠲᠠᠭᠠᠨ᠎ᠠ᠂ ᠡᠨᠡ ᠲᠦᠷᠦᠯ ᠤᠨ ᠡᠮ ᠢ | ᠬᠡᠷᠡᠭᠯᠡᠵᠦ ᠪᠣᠯᠬᠤ ᠦᠭᠡᠢ᠂ ᠲᠤᠬᠠᠶᠢᠯᠠᠪᠠᠯ ᠬᠡᠷᠡᠭᠯᠡᠪᠡᠯ ᠳᠠᠷᠤᠢ ᠬᠠᠤᠯᠢ ᠶᠢ ᠵᠥᠷᠢᠴᠡᠨ᠎ᠡ᠂ ᠡᠨᠡ ᠲᠦᠷᠦᠯ ᠤᠨ ᠦᠢᠯᠡ | ᠠᠵᠢᠯᠯᠠᠭ᠎ᠠ ᠪᠣᠯ ᠲᠤᠶᠢᠯ ᠤᠨ ᠬᠠᠷ᠎ᠠ ᠬᠤᠣᠷᠲᠠᠢ ᠶᠤᠮ᠂ ︽ᠡᠷᠡᠭᠦᠦ ᠶᠢᠨ ᠬᠠᠤᠯᠢ︾ ︽ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠠᠤᠯᠢ︾ ᠵᠡᠷᠭᠡ ᠬᠠᠤᠯᠢ ᠴᠠᠭᠠᠵᠠ ᠳᠠᠬᠢ ᠴᠠᠭᠠᠵᠠᠲᠠᠢ ᠡᠮ ᠢ | ᠬᠡᠷᠡᠭᠯᠡᠬᠦ ᠦᠢᠯᠡ ᠠᠵᠢᠯᠯᠠᠭ᠎ᠠ ᠳᠤ ᠲᠣᠭᠲᠠᠭᠠᠭᠰᠠᠨ ᠰᠢᠳᠬᠡᠯ ᠨᠢ ᠲᠤᠶᠢᠯ ᠤᠨ ᠬᠦᠨᠳᠦ ᠪᠠᠶᠢᠳᠠᠭ᠂ ᠦᠢᠯᠡᠳᠪᠦᠷᠢᠯᠡᠭᠴᠢ | ᠪᠡᠶ᠎ᠡ ᠪᠠᠷ ᠢᠶᠠᠨ ᠬᠠᠤᠯᠢ ᠶᠢ ᠲᠤᠷᠰᠢᠵᠤ ᠪᠣᠯᠬᠤ ᠦᠭᠡᠢ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ | ᠡᠵᠡᠩᠨᠡᠭᠴᠢ ᠴᠦ ᠡᠨᠡ ᠲᠦᠷᠦᠯ ᠤᠨ ᠡᠮ ᠢ ᠪᠣᠷᠣᠯᠠᠭᠤᠯᠵᠤ ᠪᠣᠯᠬᠤ ᠦᠭᠡᠢ︔ ᠬᠤᠶᠠᠷ ᠲᠤ ᠡᠩ ᠤᠨ ᠬᠡᠷᠡᠭᠯᠡᠬᠦ | ᠲᠠᠷᠢᠶᠠᠨ ᠡᠮ ᠮᠠᠯ ᠤᠨ ᠡᠮ᠂ ᠡᠳᠡᠭᠡᠷ ᠲᠠᠷᠢᠶᠠᠨ ᠡᠮ ᠮᠠᠯ ᠤᠨ ᠡᠮ ᠢ ᠬᠠᠤᠯᠢ ᠶᠣᠰᠣᠭᠠᠷ ᠬᠡᠷᠡᠭᠯᠡᠬᠦ ᠶᠢ ᠵᠥᠪᠰᠢᠶᠡᠷᠡᠨ᠎ᠡ᠂ | ᠭᠡᠪᠡᠴᠦ ᠦᠢᠯᠡᠳᠪᠦᠷᠢᠯᠡᠭᠴᠢ ᠵᠢᠷᠤᠮᠵᠢᠭᠤᠯᠤᠨ ᠬᠡᠷᠡᠭᠯᠡᠬᠦ ᠬᠡᠷᠡᠭᠲᠡᠢ᠂ ᠳᠤᠷ᠎ᠠ ᠪᠠᠷ ᠢᠶᠠᠨ ᠬᠡᠷᠡᠭᠯᠡᠵᠦ ᠪᠣᠯᠬᠤ ᠦᠭᠡᠢ᠂ | ᠡᠰᠡ ᠲᠡᠭᠡᠪᠡᠯ ᠢᠯᠡᠭᠦᠦ ᠬᠡᠷᠡᠭᠯᠡᠪᠡᠯ ᠦᠯᠡᠳᠡᠭᠳᠡᠯ ᠨᠢ ᠴᠦ ᠠᠷᠪᠢᠨ ᠪᠣᠯᠣᠨ᠎ᠠ᠃ ᠢᠳᠡᠭᠡᠨ᠂ ᠲᠠᠷᠢᠶᠠᠯᠠᠩ ᠤᠨ | ᠪᠦᠲᠦᠭᠡᠭᠳᠡᠬᠦᠨ ᠤ ᠳᠣᠲᠣᠷᠠᠬᠢ ᠦᠯᠡᠳᠡᠭᠳᠡᠯ ᠤᠨ ᠬᠠᠮᠤᠭ ᠤᠨ ᠶᠡᠭᠡ ᠬᠢᠵᠠᠭᠠᠷ ᠬᠡᠮᠵᠢᠶ᠎ᠡ ᠶᠢ ᠠᠯᠪᠠᠳᠠᠯᠭ᠎ᠠ ᠪᠠᠷ | ᠬᠡᠷᠡᠭᠵᠢᠭᠦᠯᠬᠦ ᠶᠠᠪᠤᠳᠠᠯ ᠪᠣᠯᠣᠨ᠎ᠠ᠂ ᠬᠡᠮᠵᠢᠶ᠎ᠡ ᠠᠴᠠ ᠨᠢ ᠬᠡᠲᠦᠷᠡᠪᠡᠯ ᠮᠥᠨ ᠴᠦ ᠬᠠᠤᠯᠢ ᠶᠢ ᠵᠥᠷᠢᠴᠡᠭᠰᠡᠨ ᠠᠵᠢᠯᠯᠠᠭ᠎ᠠ | ᠪᠣᠯᠬᠤ ᠤᠴᠢᠷ ᠠᠴᠠ ᠰᠢᠳᠬᠡᠯ ᠬᠦᠯᠢᠶᠡᠨ᠎ᠡ᠃ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠭᠴᠢᠳ ᠡᠨᠡ | ᠬᠤᠶᠠᠷ ᠳᠠᠪᠬᠤᠷᠭ᠎ᠠ ᠶᠢᠨ ᠱᠠᠭᠠᠷᠳᠠᠯᠭ᠎ᠠ ᠶᠢ ᠡᠵᠡᠮᠰᠢᠵᠦ᠂ ᠬᠡᠮᠵᠢᠶ᠎ᠡ ᠶᠢ ᠬᠢᠵᠠᠭᠠᠷᠯᠠᠬᠤ ᠤᠬᠠᠮᠰᠠᠷ ᠢ ᠵᠥᠪ ᠪᠤᠢ | ᠪᠣᠯᠭᠠᠪᠠᠯ ᠰᠠᠶ᠋ᠢ ᠠᠶᠤᠯᠭᠦᠢ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠨ ᠭᠠᠷᠭᠠᠵᠤ ᠴᠢᠳᠠᠨ᠎ᠠ᠃ | ᠲᠠᠷᠢᠶᠠᠯᠠᠩ ᠤᠨ ᠬᠡᠷᠡᠭᠰᠡᠯ ᠤᠨ ᠳᠡᠯᠭᠡᠭᠦᠷ ᠤᠨ ᠡᠵᠡᠩᠨᠡᠭᠴᠢ ᠴᠦ ᠲᠣᠰ ᠪᠡᠶ᠎ᠡ ᠶᠢᠨ ᠡᠵᠡᠩᠨᠡᠯᠲᠡ ᠶᠢᠨ ᠠᠵᠢᠯᠯᠠᠭ᠎ᠠ ᠪᠠᠨ | ᠵᠢᠷᠤᠮᠵᠢᠭᠤᠯᠵᠤ᠂ ᠲᠠᠷᠢᠶᠠᠯᠠᠩ ᠮᠠᠯ ᠤᠨ ᠡᠮ ᠬᠤᠳᠠᠯᠳᠤᠨ ᠠᠪᠤᠭᠴᠢ ᠳᠤ ᠵᠢᠯᠣᠭᠤᠳᠤᠯᠭ᠎ᠠ ᠬᠢᠵᠦ ᠮᠡᠳᠡᠭᠳᠡᠬᠦ ᠶᠢ | ᠰᠠᠶᠢᠲᠤᠷ ᠬᠢᠬᠦ ᠬᠡᠷᠡᠭᠲᠡᠢ᠃ ᠬᠢᠨᠠᠨ ᠬᠠᠮᠢᠶᠠᠷᠬᠤ᠂ ᠪᠠᠶᠢᠴᠠᠭᠠᠨ ᠬᠡᠮᠵᠢᠬᠦ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ | ᠥᠷᠭᠡᠨ ᠤᠯᠠᠨ ᠠᠵᠢᠯᠲᠠᠨ ᠴᠤ ᠡᠳᠡᠭᠡᠷ ᠪᠠᠶᠢᠳᠠᠯ ᠢ ᠡᠵᠡᠮᠰᠢᠨ ᠣᠶᠢᠯᠠᠭᠠᠵᠤ᠂ ᠠᠵᠢᠯ ᠢᠶᠠᠨ ᠥᠷᠨᠢᠭᠦᠯᠬᠦ ᠳᠡᠭᠡᠨ | ᠲᠤᠰᠢᠶᠠᠯ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠵᠦ᠂ ᠬᠢᠨᠠᠨ ᠬᠠᠮᠢᠶᠠᠷᠬᠤ ᠪᠠ ᠦᠢᠯᠡᠴᠢᠯᠡᠭᠡ | ᠵᠢᠯᠣᠭᠤᠳᠤᠯᠭ᠎ᠠ ᠪᠠᠨ ᠰᠠᠶᠢᠲᠤᠷ ᠬᠢᠬᠦ ᠬᠡᠷᠡᠭᠲᠡᠢ᠃ |