ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠢᠭᠡᠳ ᠠᠺᠠᠳᠧᠮᠢᠴᠢ ᠯᠢ ᠫᠧᠢ ᠦ᠋ ᠶᠢᠨ ᠪᠦᠯᠬᠦᠮ ᠰᠣᠯᠢᠯᠴᠠᠭᠠᠨ ᠤ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2025/2/17
      ᠳᠤᠮᠳᠠᠳᠤ ᠤᠯᠤᠰ ᠤᠨ ᠲᠣᠰᠣᠯᠢᠭ ᠲᠠᠷᠢᠮᠠᠯ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠯᠢ ᠫᠧᠢ ᠦ᠋ ᠶᠢᠨ ᠪᠦᠯᠬᠦᠮ ᠯᠦᠭᠡ ᠶᠢᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠬᠠᠮᠲᠤᠷᠠᠯᠴᠠᠭᠠᠨ ᠤ ᠴᠢᠭᠯᠡᠯ ᠢ ᠬᠠᠮᠲᠤᠪᠠᠷ ᠰᠤᠳᠤᠯᠤᠨ ᠰᠦᠪᠡᠭᠴᠢᠯᠡᠬᠦ ᠶᠢᠨ ᠲᠥᠯᠥᠭᠡ᠂ 2 ᠰᠠᠷ᠎ᠠ ᠶᠢᠨ 15 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠢᠩᠭᠠᠨ ᠠᠶᠢᠮᠠᠭ ᠲᠤ ᠰᠣᠯᠢᠯᠴᠠᠭᠠᠨ ᠤ ᠶᠠᠷᠢᠯᠴᠠᠬᠤ ᠬᠤᠷᠠᠯ ᠬᠢᠪᠡ᠃ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠯᠢ ᠫᠧᠢ ᠦ᠋᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠤᠤ ᠢᠦᠢ ᠱᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠲᠠᠷᠢᠮᠠᠯ ᠤᠨ ᠦᠢᠯᠡᠰ ᠤᠨ ᠭᠠᠵᠠᠷ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠪᠣᠯᠣᠨ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠥᠮᠥᠰ ᠬᠤᠷᠠᠯ ᠳᠤ ᠣᠷᠣᠯᠴᠠᠪᠠ᠃ 
图片1.png
       ᠶᠠᠷᠢᠯᠴᠠᠬᠤ ᠬᠤᠷᠠᠯ ᠳᠡᠭᠡᠷ᠎ᠡ᠂ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠠᠴᠠ ᠠᠺᠠᠳᠧᠮᠢᠴᠢ ᠯᠢ ᠫᠧᠢ ᠦ᠋ ᠶᠢᠨ ᠪᠦᠯᠬᠦᠮ ᠤᠨ ᠣᠯᠠᠨ ᠵᠢᠯ ᠤᠨ ᠲᠤᠷᠰᠢ ᠮᠠᠨ ᠤ ᠣᠷᠣᠨ ᠤ ᠰᠢᠷ᠎ᠠ ᠪᠤᠷᠴᠠᠭ ᠤᠨ ᠦᠢᠯᠡᠳᠪᠦᠷᠢᠯᠡᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠬᠤᠶᠢᠰᠢᠳᠠ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠥᠪᠥᠷ ᠮᠣᠩᠭᠤᠯ ᠤᠨ ᠰᠢᠷ᠎ᠠ ᠪᠤᠷᠴᠠᠭ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠲᠦᠯᠬᠢᠨ ᠠᠬᠢᠭᠤᠯᠬᠤ ᠶᠢ ᠬᠦᠰᠡᠪᠡ᠃ ᠨᠢᠭᠡ ᠳᠤ ᠳᠡᠯᠭᠡᠷᠡᠭᠦᠯᠦᠯᠲᠡ ᠶᠢᠨ ᠬᠦᠷᠢᠶ᠎ᠡ ᠬᠡᠪᠴᠢᠶ᠎ᠡ ᠶᠢ ᠯᠠᠪᠳᠠᠭᠤᠨ ᠢᠶᠠᠷ ᠥᠷᠭᠡᠳᠬᠡᠨ᠎ᠡ᠃ ᠵᠡᠭᠦᠨ ᠬᠡᠰᠡᠭ ᠤᠨ ᠠᠶᠢᠮᠠᠭ ᠬᠤᠳᠠ ᠶᠢᠨ ᠮᠡᠷᠭᠡᠵᠢᠯ ᠤᠨ ᠬᠡᠷᠡᠭᠯᠡᠯᠲᠡ ᠳᠡᠯᠭᠡᠷᠡᠭᠦᠯᠦᠯᠲᠡ ᠶᠢᠨ ᠲᠠᠯᠠᠪᠠᠢ ᠶᠢ ᠥᠷᠭᠡᠳᠬᠡᠬᠦ ᠶᠢᠨ ᠬᠠᠮᠲᠤ ᠤᠯᠠᠭᠠᠨᠴᠠᠪ ᠬᠤᠳᠠ᠂ ᠣᠷᠳᠣᠰ ᠬᠤᠳᠠ ᠪᠣᠯᠣᠨ ᠬᠥᠬᠡᠬᠤᠲᠠ ᠵᠡᠷᠭᠡ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ᠂ ᠢᠯᠠᠩᠭᠤᠶ᠎ᠠ ᠬᠤᠵᠢᠷᠯᠢᠭ ᠭᠠᠵᠠᠷ ᠪᠣᠯᠣᠨ ᠳᠤᠮᠳᠠ ᠳᠣᠣᠷ᠎ᠠ ᠥᠩ ᠰᠢᠮᠡᠯᠢᠭ ᠲᠠᠷᠢᠶᠠᠨ ᠭᠠᠵᠠᠷ ᠢ ᠬᠠᠶᠢᠨ ᠰᠦᠪᠡᠭᠴᠢᠯᠡᠵᠦ᠂ ARC ᠮᠢᠺᠷᠣᠪ ᠪᠠᠺᠲ᠋ᠧᠷᠢ ᠶᠢᠨ ᠨᠠᠶᠢᠷᠠᠯᠭ᠎ᠠ ᠶᠢᠨ ᠬᠡᠷᠡᠭᠯᠡᠯᠲᠡ ᠳᠡᠯᠭᠡᠷᠡᠭᠦᠯᠦᠯᠲᠡ ᠪᠠᠷ ᠳᠠᠮᠵᠢᠭᠤᠯᠤᠨ᠂ ᠰᠢᠷ᠎ᠠ ᠪᠤᠷᠴᠠᠭ ᠤᠨ ᠠᠽᠣᠲ ᠲᠣᠭᠲᠠᠭᠠᠬᠤ ᠴᠢᠳᠠᠪᠤᠷᠢ ᠪᠣᠯᠣᠨ ᠰᠥᠷᠬᠦ ᠶᠢ ᠡᠰᠡᠷᠭᠦᠴᠡᠬᠦ ᠴᠢᠨᠠᠷ ᠢ ᠳᠡᠭᠡᠭᠰᠢᠯᠡᠭᠦᠯᠦᠨ᠂ ᠬᠢᠮᠢ ᠶᠢᠨ ᠪᠣᠷᠳᠣᠭᠤᠷ ᠬᠡᠷᠡᠭᠯᠡᠬᠦ ᠬᠡᠮᠵᠢᠶ᠎ᠡ ᠶᠢ ᠪᠠᠭᠠᠰᠬᠠᠵᠤ᠂ ᠪᠣᠬᠢᠷᠲᠤᠯ ᠦᠭᠡᠢ ᠤᠨᠠᠯᠲᠠ ᠶᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠬᠤᠶᠠᠷ ᠲᠤ ᠠᠵᠤ ᠦᠢᠯᠡᠰ ᠡᠷᠳᠡᠮ ᠰᠢᠨᠵᠢᠯᠡᠭᠡᠨ ᠰᠤᠳᠤᠯᠤᠯ ᠤᠨ ᠬᠠᠮᠲᠤᠷᠠᠯᠴᠠᠭ᠎ᠠ ᠶᠢ ᠠᠬᠢᠭᠤᠯᠤᠨ᠎ᠠ᠃ ᠠᠺᠠᠳᠧᠮᠢᠴᠢ ᠶᠢᠨ ᠲᠤᠷᠰᠢᠯᠲᠠ ᠶᠢᠨ ᠥᠷᠲᠡᠭᠡ ᠶᠢᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠣᠨ ᠤ ᠳᠣᠲᠣᠷᠠᠬᠢ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠬᠦᠴᠦᠨ ᠵᠢᠴᠢ ᠰᠢᠨᠵᠢᠯᠡᠬᠦ ᠤᠬᠠᠭᠠᠨ ᠰᠤᠷᠭᠠᠨ ᠬᠥᠮᠦᠵᠢᠯ᠂ ᠲᠠᠷᠢᠮᠠᠯ ᠤᠨ ᠦᠢᠯᠡᠰ ᠵᠡᠷᠭᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠢᠷ᠎ᠠ ᠪᠤᠷᠴᠠᠭ ᠤᠨ ᠦᠢᠯᠡᠳᠪᠦᠷᠢᠯᠡᠯ ᠤᠨ ᠬᠢᠵᠠᠭᠠᠷᠯᠠᠯ ᠤᠨ ᠪᠣᠭᠤᠮᠢ ᠳᠤ ᠠᠩᠬᠠᠷᠤᠯ ᠢᠶᠠᠨ ᠲᠥᠪᠯᠡᠷᠡᠭᠦᠯᠦᠨ᠂ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠲᠦᠷᠭᠡᠳᠬᠡᠵᠦ᠂ ᠪᠥᠬᠦ ᠣᠷᠣᠨ ᠤ ᠰᠢᠷ᠎ᠠ ᠪᠤᠷᠴᠠᠭ ᠤᠨ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠤᠨ᠎ᠠ᠃ ᠭᠤᠷᠪᠠ ᠳᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠲᠣᠮᠣ ᠬᠡᠯᠪᠡᠷᠢ ᠶᠢᠨ ᠲᠤᠬᠠᠢ ᠶᠢᠨ ᠲᠠᠯᠠᠪᠤᠷ ᠤᠨ ᠦᠵᠡᠭᠦᠯᠭᠡ ᠶᠢᠨ ᠬᠤᠷᠠᠯ ᠬᠢᠬᠦ᠂ ᠮᠡᠷᠭᠡᠵᠢᠯ ᠤᠨ ᠸᠢᠳᠢᠤ᠋ ᠨᠡᠶᠢᠲᠡᠯᠡᠬᠦ᠂ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠰᠢᠷ᠎ᠠ ᠪᠤᠷᠴᠠᠭ ᠤᠨ ᠦᠷᠡᠵᠢᠯ ᠤᠨ ᠬᠤᠭᠤᠴᠠᠭᠠᠨ ᠤ ᠵᠠᠩᠭᠢᠯᠠᠭ᠎ᠠ ᠶᠢᠨ ᠴᠡᠭ ᠲᠤ ARC ᠪᠠᠺᠲ᠋ᠧᠷᠢ ᠶᠢᠨ ᠨᠠᠶᠢᠷᠠᠯᠭ᠎ᠠ ᠶᠢ ᠬᠡᠷᠡᠭᠯᠡᠬᠦ ᠠᠷᠭ᠎ᠠ ᠪᠠ ᠦᠷ᠎ᠡ ᠪᠦᠲᠦᠮᠵᠢ ᠶᠢ ᠭᠦᠢᠴᠡᠳ ᠳᠡᠯᠭᠡᠨ ᠦᠵᠡᠭᠦᠯᠵᠦ᠂ ᠡᠯ᠎ᠡ ᠭᠠᠵᠠᠷ ᠲᠤ ARC ᠮᠢᠺᠷᠣᠪ ᠤᠨ ᠪᠠᠺᠲ᠋ᠧᠷᠢ ᠶᠢᠨ ᠨᠠᠶᠢᠷᠠᠯᠭ᠎ᠠ ᠪᠠᠷ ᠤᠨᠠᠯᠲᠠ ᠶᠢ ᠳᠡᠭᠡᠭᠰᠢᠯᠡᠭᠦᠯᠵᠦ ᠴᠢᠨᠠᠷ ᠢ ᠨᠡᠮᠡᠭᠳᠡᠭᠦᠯᠬᠦ ᠳᠠᠪᠠᠭᠤᠯᠢᠭ ᠢ ᠭᠦᠢᠴᠡᠳ ᠣᠶᠢᠯᠠᠭᠠᠭᠤᠯᠵᠤ᠂ ᠲᠠᠷᠢᠶᠠᠴᠢᠨ ᠡᠷᠦᠬᠡ ᠶᠢᠨ ᠮᠡᠳᠡᠷᠡᠮᠵᠢ ᠶᠢᠨ ᠬᠡᠮᠵᠢᠶ᠎ᠡ ᠪᠠ ᠭᠥᠯᠢᠶᠡᠨ ᠠᠪᠬᠤ ᠬᠡᠮᠵᠢᠶ᠎ᠡ ᠶᠢ ᠳᠡᠭᠡᠭᠰᠢᠯᠡᠭᠦᠯᠦᠨ᠎ᠡ ᠭᠡᠵᠡᠢ᠃      ᠠᠺᠠᠳᠧᠮᠢᠴᠢ ᠯᠢ ᠫᠧᠢ ᠦ᠋ ᠶᠢᠨ ᠪᠦᠯᠬᠦᠮ ᠢᠯᠡᠷᠬᠡᠶᠢᠯᠡᠬᠦ ᠳᠡᠭᠡᠨ᠂ ᠬᠤᠶᠢᠰᠢᠳᠠ ᠨᠢᠭᠡ ᠳᠤ ᠬᠢᠩᠭᠠᠨ ᠠᠶᠢᠮᠠᠭ ᠤᠨ ᠲᠤᠷᠰᠢᠯᠭ᠎ᠠ ᠶᠢ ᠳ᠋ᠦᠩᠨᠡᠬᠦ ᠶᠢᠨ ᠬᠠᠮᠲᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠥᠪᠥᠷ ᠮᠣᠩᠭᠤᠯ ᠤᠨ ᠪᠥᠬᠦ ᠣᠷᠣᠨ ᠤ ᠬᠡᠪᠴᠢᠶᠡᠨ ᠳᠤ ARC ᠮᠢᠺᠷᠣᠪ ᠪᠠᠺᠲ᠋ᠧᠷᠢ ᠶᠢᠨ ᠡᠮ ᠤᠨ ᠨᠠᠶᠢᠷᠠᠯᠠᠭ᠎ᠠ ᠶᠢᠨ ᠬᠡᠷᠡᠭᠯᠡᠯᠲᠡ ᠶᠢ ᠥᠷᠭᠡᠳᠬᠡᠨ ᠳᠡᠯᠭᠡᠷᠡᠭᠦᠯᠦᠨ᠎ᠡ᠃ ᠬᠤᠶᠠᠷ ᠲᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠬᠠᠮᠲᠤ ᠪᠠᠷ ᠬᠡᠷᠡᠭᠯᠡᠨ ᠥᠪᠥᠷ ᠮᠣᠩᠭᠤᠯ ᠤᠨ ᠰᠢᠷ᠎ᠠ ᠪᠤᠷᠴᠠᠭ ᠤᠨ ︽ᠰᠠᠶᠢᠨ ᠲᠠᠷᠢᠶ᠎ᠠ᠂ ᠰᠠᠶᠢᠨ ᠦᠷ᠎ᠡ᠂ ᠰᠠᠶᠢᠨ ᠠᠷᠭ᠎ᠠ᠂ ᠰᠠᠶᠢᠨ ᠮᠡᠷᠭᠡᠵᠢᠯ᠂ ᠰᠠᠶᠢᠨ ᠳᠦᠷᠢᠮ᠂ ᠰᠠᠶᠢᠨ ᠬᠡᠯᠬᠢᠶ᠎ᠡ︾ ᠵᠢᠷᠭᠤᠭᠠᠨ ᠵᠦᠢᠯ ᠤᠨ ᠠᠭᠤᠰᠤᠯᠴᠠᠯ ᠢ ᠠᠬᠢᠭᠤᠯᠵᠤ᠂ ᠨᠢᠭᠡᠳᠦᠭᠡᠷ ᠠᠵᠤ ᠦᠢᠯᠡᠰ ᠢᠶᠠᠷ ᠭᠠᠷᠳᠠᠴᠠ ᠪᠣᠯᠭᠠᠵᠤ᠂ ᠰᠢᠷ᠎ᠠ ᠪᠤᠷᠴᠠᠭ ᠤᠨ ᠦᠢᠯᠡᠳᠪᠦᠷᠢᠯᠡᠯ ᠪᠣᠷᠤᠯᠠᠭᠤᠯᠭ᠎ᠠ ᠪᠠ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠤᠨ᠎ᠠ᠃ ᠭᠤᠷᠪᠠ ᠳᠤ ᠰᠢᠷ᠎ᠠ ᠪᠤᠷᠴᠠᠭ ᠤᠨ ᠦᠢᠯᠡᠳᠪᠦᠷᠢᠯᠡᠯ ᠳᠤᠮᠳᠠᠬᠢ ᠠᠰᠠᠭᠤᠳᠠᠯ ᠪᠣᠯᠣᠨ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ ᠰᠣᠯᠢᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠠᠪᠤᠴᠠ ᠳᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠴᠢᠩᠭᠠᠳᠬᠠᠵᠤ᠂ ᠬᠠᠮᠢᠶ᠎ᠠ ᠪᠦᠬᠦᠢ ᠠᠵᠤ ᠠᠬᠤᠶᠢᠯᠠᠯ᠂ ᠬᠤᠷᠰᠢᠶ᠎ᠠ᠂ ᠲᠠᠷᠢᠮᠠᠯ ᠤᠨ ᠲᠤᠰᠬᠠᠢ ᠲᠣᠮᠣ ᠡᠷᠦᠬᠡ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠴᠠᠭ ᠲᠤᠨᠢ ᠲᠣᠬᠢᠷᠠᠭᠤᠯᠤᠨ ᠵᠣᠬᠢᠶᠠᠨ ᠪᠠᠶᠢᠭᠤᠯᠵᠤ ᠲᠤᠬᠠᠢ ᠶᠢᠨ ᠲᠠᠯᠠᠪᠤᠷ ᠲᠤ ᠲᠣᠭᠤᠷᠢᠨ ᠰᠤᠷᠤᠯᠴᠠᠭᠤᠯᠵᠤ᠂ ᠮᠡᠷᠭᠡᠵᠢᠯ ᠤᠨ ᠪᠣᠳᠠᠲᠠᠶᠢᠵᠢᠬᠤ ᠨᠤᠷᠮ᠎ᠠ ᠶᠢ ᠳᠡᠭᠡᠭᠰᠢᠯᠡᠭᠦᠯᠦᠨ᠎ᠡ ᠭᠡᠵᠡᠢ᠃
W020250217603173336209.png
       ᠲᠠᠷᠠᠭᠠᠴᠢ ᠶᠢᠨ ᠠᠯᠬᠤᠮ ᠳᠤ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠨᠠᠷᠢᠯᠢᠭᠵᠢᠭᠤᠯᠤᠨ ᠵᠣᠯᠭᠠᠭᠤᠯᠬᠤ ᠲᠥᠰᠥᠯ ᠲᠣᠭᠲᠠᠭᠠᠵᠤ᠂ ᠠᠺᠠᠳᠧᠮᠢᠴᠢ ᠯᠢ ᠫᠧᠢ ᠦ᠋ ᠶᠢᠨ ᠪᠦᠯᠬᠦᠮ  ᠯᠦᠭᠡ ᠶᠢᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠎ᠡ᠃ ᠨᠢᠭᠡ ᠳᠤ ᠳᠤᠮᠳᠠ ᠪᠠᠷᠠᠭᠤᠨ ᠣᠷᠣᠨ ᠤ ᠰᠢᠷ᠎ᠠ ᠪᠤᠷᠴᠠᠭ ᠤᠨ ᠭᠠᠷᠤᠯᠲᠠ ᠶᠢᠨ ᠣᠷᠣᠨ ᠢ ᠵᠣᠬᠢᠶᠠᠨ ᠪᠠᠶᠢᠭᠤᠯᠵᠤ ᠦᠬᠠᠨ ᠳᠤ ᠬᠦᠷᠴᠦ ᠠᠺᠠᠳᠧᠮᠢᠴᠢ ᠶᠢᠨ ᠪᠦᠯᠬᠦᠮ ᠲᠠᠢ ᠵᠣᠯᠭᠠᠭᠤᠯᠤᠨ ᠬᠠᠮᠲᠤᠷᠠᠯᠴᠠᠵᠤ᠂ ᠮᠡᠷᠭᠡᠵᠢᠯ ᠤᠨ ᠬᠡᠷᠡᠭᠯᠡᠭᠡᠨ ᠤ ᠬᠡᠪᠴᠢᠶ᠎ᠡ ᠶᠢ ᠰᠦᠪᠡᠭᠴᠢᠯᠡᠨ ᠦᠷᠭᠡᠳᠭᠡᠨ᠎ᠡ᠃ ᠬᠤᠶᠠᠷ ᠲᠤ ARC ᠪᠠᠺᠲ᠋ᠧᠷᠢ ᠶᠢᠨ ᠡᠮ ᠤᠨ ᠨᠠᠶᠢᠷᠠᠯᠠᠭ᠎ᠠ ᠶᠢ ᠴᠠᠷᠭᠠᠰᠤ᠂ ᠯᠣᠬᠠᠱᠧᠩ ᠵᠡᠷᠭᠡ ᠪᠤᠷᠴᠠᠭ ᠤᠨ ᠢᠵᠠᠭᠤᠷ ᠤᠨ ᠲᠠᠷᠢᠮᠠᠯ ᠳᠤ ᠬᠡᠷᠡᠭᠯᠡᠬᠦ ᠶᠢ ᠬᠠᠶᠢᠨ ᠰᠦᠪᠡᠭᠴᠢᠯᠡᠨ᠎ᠡ᠃ ᠭᠤᠷᠪᠠ ᠳᠤ ᠭᠤᠣᠯᠳᠠᠯᠭ᠎ᠠ ᠲᠠᠢ ᠠᠶᠢᠮᠠᠭ ᠬᠤᠲᠠ᠂ ᠬᠤᠰᠢᠭᠤ ᠰᠢᠶᠠᠨ ᠢ ᠴᠠᠭ ᠲᠤᠨᠢ ᠲᠣᠬᠢᠷᠠᠭᠤᠯᠤᠨ ᠵᠣᠬᠢᠶᠠᠨ ᠪᠠᠶᠢᠭᠤᠯᠵᠤ ᠮᠡᠷᠭᠡᠵᠢᠯ ᠤᠨ ᠵᠢᠯᠣᠭᠤᠳᠤᠯᠭ᠎ᠠ ᠦᠢᠯᠡᠴᠢᠯᠡᠭᠡ ᠪᠠ ᠪᠣᠯᠪᠠᠰᠤᠷᠠᠯ ᠤᠬᠠᠭᠤᠯᠭ᠎ᠠ ᠶᠢ ᠥᠷᠨᠢᠭᠦᠯᠵᠦ᠂ ᠲᠤᠬᠠᠢ ᠶᠢᠨ ᠲᠠᠯᠠᠪᠤᠷ ᠤᠨ ᠦᠵᠡᠭᠦᠯᠭᠡ ᠶᠢᠨ ᠬᠤᠷᠠᠯ ᠬᠤᠷᠠᠯᠳᠤᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠬᠠᠮᠲᠤ ᠪᠠᠷ ᠬᠡᠷᠡᠭᠯᠡᠨ ᠮᠠᠨ ᠤ ᠣᠷᠣᠨ ᠤ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠪᠦᠲᠦᠮᠵᠢᠲᠡᠶ ᠠᠷᠭ᠎ᠠ ᠵᠠᠮ ᠢ ᠬᠠᠶᠢᠨ ᠰᠦᠪᠡᠭᠴᠢᠯᠡᠨ᠎ᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号