ᠪᠤᠭᠤᠲᠤ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠬᠢᠬᠦ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠰᠠᠬᠢᠨ ᠬᠠᠮᠠᠭᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2025/2/17
      ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠵᠢᠯ ᠤᠨ ᠡᠴᠦᠰ ᠵᠢᠯ ᠤᠨ ᠡᠬᠢᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠨᠢᠭᠡᠳᠦᠯᠲᠡᠢ ᠱᠠᠭᠠᠷᠳᠠᠯᠭ᠎ᠠ ᠶᠣᠰᠣᠭᠠᠷ᠂ 2 ᠰᠠᠷ᠎ᠠ ᠶᠢᠨ 14 ᠤ ᠡᠳᠦᠷ᠂ ᠪᠤᠭᠤᠲᠤ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠠᠴᠠ ᠮᠠᠯ ᠵᠢᠭᠦᠷᠲᠡᠨ ᠤ ᠠᠵᠤ ᠠᠬᠤᠶᠢᠯᠠᠯ ᠤᠨ ᠠᠮᠤᠷ ᠲᠦᠪᠰᠢᠨ ᠤ ᠪᠠᠶᠢᠴᠠᠭᠠᠯᠲᠠ ᠪᠠ ᠪᠦᠲᠦᠭᠡᠭᠳᠡᠬᠦᠨ ᠤ ᠵᠤᠷᠰᠢᠯ ᠤᠨ ᠬᠢᠨᠠᠨ ᠬᠡᠮᠵᠢᠯᠲᠡ ᠶᠢ ᠥᠷᠨᠢᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠦᠬᠦ ᠲᠠᠯ᠎ᠠ ᠪᠠᠷ ᠪᠠᠲᠤᠯᠠᠪᠠ᠃      ᠠᠵᠢᠯᠲᠠᠳ ᠠᠴᠠ 2 ᠨᠢᠲᠤᠯᠬᠤ ᠲᠠᠯᠠᠪᠠᠶ ᠪᠣᠯᠣᠨ 1 ᠲᠠᠬᠢᠶ᠎ᠠ ᠲᠡᠵᠢᠭᠡᠬᠦ ᠲᠠᠯᠠᠪᠠᠶ ᠶᠢ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠵᠤ᠂ ᠨᠢᠲᠤᠯᠬᠤ ᠭᠠᠵᠠᠷ ᠤᠨ ᠲᠥᠬᠦᠭᠡᠷᠦᠮᠵᠢ ᠶᠢᠨ ᠲᠡᠭᠡᠭᠡᠪᠦᠷᠢ ᠶᠢᠨ ᠪᠠᠶᠢᠳᠠᠯ᠂ ᠳᠦᠷᠢᠮ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠪᠣᠯᠣᠨ ᠲᠠᠬᠢᠶᠠᠨ ᠤ ᠰᠠᠷᠠᠪᠴᠢ ᠶᠢᠨ ᠰᠠᠯᠬᠢ ᠨᠡᠪᠲᠡᠷᠡᠬᠦ᠂ ᠳᠤᠯᠠᠭᠠᠨ ᠢ ᠬᠢᠵᠠᠭᠠᠷᠯᠠᠬᠤ᠂ ᠭᠡᠷᠡᠯᠲᠦᠭᠦᠯᠬᠦ ᠵᠡᠷᠭᠡ ᠲᠥᠬᠦᠭᠡᠷᠦᠮᠵᠢ ᠶᠢᠨ ᠲᠣᠬᠢᠷᠠᠭᠤᠯᠤᠯᠲᠠ ᠶᠢᠨ ᠪᠠᠶᠢᠳᠠᠯ᠂ ᠬᠢᠵᠢᠭ ᠢ ᠰᠡᠷᠭᠡᠶᠢᠯᠡᠬᠦ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠶᠢ ᠪᠠᠶᠢᠴᠠᠭᠠᠵᠤ᠂ ᠣᠯᠵᠤ ᠮᠡᠳᠡᠭᠰᠡᠨ ᠠᠰᠠᠭᠤᠳᠠᠯ ᠢ ᠲᠤᠬᠠᠢ ᠶᠢᠨ ᠭᠠᠵᠠᠷ ᠲᠤᠨᠢ ᠰᠣᠯᠢᠯᠴᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠴᠤ᠂ ᠨᠢᠲᠤᠯᠬᠤ ᠲᠠᠯᠠᠪᠠᠶ ᠪᠠ ᠲᠠᠬᠢᠶ᠎ᠠ ᠲᠡᠵᠢᠭᠡᠬᠦ ᠲᠠᠯᠠᠪᠠᠶ ᠶᠢᠨ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠬᠠᠮᠲᠤ᠂ ᠲᠤᠬᠠᠢ ᠶᠢᠨ ᠭᠠᠵᠠᠷ ᠲᠤᠨᠢ 4 ᠪᠦᠯᠦᠭ ᠤᠳᠠᠭ᠎ᠠ ᠶᠢᠨ ᠮᠠᠯ ᠵᠢᠭᠦᠷᠲᠡᠨ ᠤ ᠪᠦᠲᠦᠭᠡᠭᠳᠡᠬᠦᠨ ᠢ ᠰᠣᠩᠭᠤᠨ ᠠᠪᠴᠤ ᠪᠠᠶᠢᠴᠠᠭᠠᠨ ᠰᠢᠨᠵᠢᠬᠦ ᠠᠵᠢᠯ ᠢ ᠦᠷᠨᠢᠭᠦᠯᠦᠭᠰᠡᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠬᠢᠬᠦ︾ ᠶᠢ ᠦᠷᠭᠦᠯᠵᠢᠯᠡᠨ ᠭᠦᠨᠵᠡᠭᠡᠢ ᠨᠠᠶᠢᠳᠠᠪᠤᠷᠢᠵᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠮᠢᠶᠠᠷᠤᠨ ᠡᠵᠡᠮᠳᠡᠬᠦ ᠬᠦᠴᠦᠨ ᠪᠠ ᠬᠡᠷᠡᠭᠵᠢᠭᠦᠯᠬᠦ ᠬᠦᠴᠦᠨ ᠢ ᠴᠢᠩᠭᠠᠷᠠᠭᠤᠯᠤᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠥᠷᠭᠡᠨ ᠣᠯᠠᠨ ᠬᠡᠷᠡᠭᠯᠡᠭᠴᠢᠳ ᠲᠤ ᠠᠶᠤᠯ ᠦᠭᠡᠢ᠂ ᠰᠠᠨᠠᠭ᠎ᠠ ᠠᠮᠤᠷ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠬᠠᠩᠭᠠᠨ᠎ᠠ᠃
 
ᠢᠷᠡᠯᠲᠡ᠄ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号