ᠮᠠᠨ ᠤ ᠣᠷᠣᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢᠶᠠᠨ ᠡᠷᠲᠡᠬᠡᠨ ᠲᠣᠬᠢᠷᠠᠭᠤᠯᠤᠨ ᠪᠠᠶᠢᠷᠢᠯᠠᠭᠤᠯᠵᠤ ᠪᠣᠢ
ᠨᠡᠶᠢᠲᠡᠯᠡᠭᠰᠡᠨ ᠴᠠᠭ᠄
2025/2/17
      ᠮᠠᠨ ᠤ ᠣᠷᠣᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢᠶᠠᠨ ᠡᠷᠲᠡᠬᠡᠨ ᠲᠣᠬᠢᠷᠠᠭᠤᠯᠤᠨ ᠪᠠᠶᠢᠷᠢᠯᠠᠭᠤᠯᠵᠤ ᠪᠠᠶᠢᠨ᠎ᠠ᠃ ᠨᠢᠭᠡ ᠳᠤ᠂ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠪᠠ᠃ 2024 ᠣᠨ ᠤ ᠰᠡᠭᠦᠯᠴᠢ ᠪᠠᠷ ᠲᠠᠷᠢᠶᠠᠯᠠᠬᠤ ᠭᠠᠵᠠᠷ ᠤᠨ ᠰᠢᠮ᠎ᠡ ᠴᠢᠨᠠᠷ ᠢ ᠬᠠᠮᠠᠭᠠᠯᠠᠬᠤ ᠨᠡᠮᠡᠭᠦᠷᠢ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠬᠦ᠂ ᠪᠣᠬᠢᠷᠲᠤᠯ ᠦᠭᠡᠢ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠣᠯᠬᠤ ᠠᠵᠢᠯᠯᠠᠭᠠᠨ ᠵᠡᠷᠭᠡ ᠲᠠᠷᠢᠶᠠᠴᠢᠳ ᠲᠤ ᠠᠰᠢᠭ ᠬᠦᠷᠲᠡᠭᠡᠬᠦ ᠪᠡᠯᠡ ᠮᠥᠩᠭᠦ ᠶᠢ100.2 ᠳ᠋ᠦᠩᠰᠢᠭᠤᠷ ᠲᠥᠭᠦᠷᠢᠭ ᠰᠠᠯᠭᠠᠨ ᠥᠭᠴᠦ᠂ ᠲᠥᠷᠥ ᠶᠢᠨ ᠪᠣᠳᠣᠯᠭ᠎ᠠ ᠶᠢᠨ ᠳᠣᠬᠢᠶ᠎ᠠ ᠶᠢ ᠤᠷᠢᠳᠴᠢᠯᠠᠨ ᠮᠡᠳᠡᠷᠡᠭᠦᠯᠵᠦ᠂ ᠣᠷᠣᠨ ᠨᠤᠲᠤᠭ ᠤᠨ ᠬᠢᠨ ᠤ ᠠᠮᠤ ᠪᠤᠳᠠᠭ᠎ᠠ ᠶᠢ ᠠᠳᠬᠤᠬᠤ ᠪᠠ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠳᠠᠶᠢᠴᠢᠯᠠᠪᠠ᠃ ᠬᠤᠶᠠᠷ ᠲᠤ᠂ ᠰᠠᠶᠢᠨ ᠲᠠᠷᠢᠶᠠᠨ ᠭᠠᠵᠠᠷ ᠤᠨ ᠰᠠᠭᠤᠷᠢ ᠶᠢ ᠪᠠᠬᠢᠵᠢᠭᠦᠯᠪᠡ᠃ ᠭᠠᠵᠠᠷ ᠰᠢᠷᠣᠢ ᠶᠢ ᠲᠡᠭᠰᠢᠯᠡᠬᠦ ᠬᠠᠮ ᠳᠠᠶᠢᠯᠠᠯᠳᠤᠭᠠᠨ ᠢ ᠥᠷᠨᠢᠭᠦᠯᠵᠦ᠂ ᠬᠠᠪᠤᠷ ᠤᠨ ᠲᠠᠷᠢᠶᠠᠯᠠᠭ᠎ᠠ ᠠᠴᠠ ᠡᠮᠦᠨ᠎ᠡ 200 ᠲᠦᠮᠡᠨ ᠮᠦ ᠭᠠᠵᠠᠷ ᠢ ᠠᠰᠢᠭᠯᠠᠯᠲᠠ ᠳᠤ ᠣᠷᠣᠭᠤᠯᠵᠤ᠂ ᠪᠥᠬᠦ ᠵᠢᠯ ᠳᠤ 850 ᠲᠦᠮᠡᠨ ᠮᠦ ᠭᠠᠵᠠᠷ ᠢ ᠰᠢᠨ᠎ᠡ ᠪᠠᠷ ᠪᠠᠶᠢᠭᠤᠯᠬᠤ ᠪᠠᠷ ᠴᠢᠷᠮᠠᠶᠢᠪᠠ᠃ ᠭᠤᠷᠪᠠ ᠳᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠪᠣᠳᠠᠲᠠᠶᠢᠵᠢᠭᠤᠯᠬᠤ ᠶᠢ ᠪᠠᠲᠤᠯᠠᠪᠠ᠃ ᠣᠳᠣᠬᠠᠨ ᠳᠤ ᠭᠤᠣᠯ ᠪᠣᠯᠬᠤ ᠲᠠᠷᠢᠮᠠᠯ ᠤᠨ ᠦᠷ᠎ᠡ ᠶᠢ ᠪᠣᠳᠠᠲᠠᠶᠢᠵᠢᠭᠤᠯᠤᠭᠰᠠᠨ ᠨᠣᠷᠮ᠎ᠠ ᠨᠢ 50% ᠣᠷᠴᠢᠮ ᠪᠠᠶᠢᠵᠤ᠂ ᠬᠢᠮᠢ ᠶᠢᠨ ᠪᠣᠷᠳᠣᠭᠤᠷ ᠰᠦᠯᠢᠶᠥᠦ ᠪᠦᠷᠬᠦᠪᠴᠢ ᠲᠠᠷᠢᠶᠠᠨ ᠡᠮ ᠢ ᠪᠣᠳᠠᠲᠠᠶᠢᠵᠢᠭᠤᠯᠤᠭᠰᠠᠨ ᠨᠣᠷᠮ᠎ᠠ ᠨᠢ 16% ᠣᠷᠴᠢᠮ ᠪᠠᠶᠢᠵᠤ᠂ ᠵᠢᠱᠢᠯᠲᠡ ᠪᠠᠷ 4 ᠳ᠋ᠦ᠋ᠭᠡᠷ ᠰᠠᠷ᠎ᠠ ᠠᠴᠠ ᠡᠮᠦᠨ᠎ᠡ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠢᠶᠠᠨ ᠪᠦᠬᠦᠨ ᠢ ᠪᠣᠳᠠᠲᠠᠶᠢᠵᠢᠭᠤᠯᠬᠤ ᠪᠠᠷ ᠪᠣᠢ᠃ ︵ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶ 
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号