2 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠢᠨ 2025 ᠣᠨ ᠤ ᠪᠥᠬᠦ ᠣᠷᠣᠨ ᠤ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠠᠵᠢᠯ ᠤᠨ ᠸᠢᠳᠢᠤ᠋ ᠬᠤᠷᠠᠯ ᠬᠤᠷᠠᠯᠳᠤᠭᠤᠯᠪᠠ᠃ ᠬᠤᠷᠠᠯ ᠠᠴᠠ 2024 ᠣᠨ ᠤ ᠪᠥᠬᠦ ᠣᠷᠣᠨ ᠤ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠵᠢᠯ ᠤᠨ ᠪᠠᠶᠢᠳᠠᠯ ᠢ ᠵᠠᠷᠯᠠᠨ | ᠮᠡᠳᠡᠭᠳᠡᠵᠦ᠂ ᠣᠯᠣᠭᠰᠠᠨ ᠦᠷ᠎ᠡ ᠪᠦᠲᠦᠮᠵᠢ ᠪᠠᠨ ᠳ᠋ᠦᠩᠨᠡᠨ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠤᠯᠭᠠᠷᠠᠵᠤ | ᠪᠠᠶᠢᠭ᠎ᠠ ᠪᠠᠶᠢᠳᠠᠯ ᠢ ᠵᠠᠳᠠᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ | ᠲᠣᠳᠣᠷᠬᠠᠶᠢᠯᠠᠨ ᠥᠭᠦᠯᠡᠵᠦ᠂ 2025 ᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠤᠣᠯᠳᠠᠯᠭ᠎ᠠ ᠲᠠᠢ ᠠᠵᠢᠯ ᠢ ᠪᠥᠬᠦ ᠲᠠᠯ᠎ᠠ ᠪᠠᠷ | ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ | ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ | ᠳᠠᠷᠤᠭ᠎ᠠ ᠬᠠᠢ ᠱᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ | | | | ᠬᠤᠷᠠᠯ ᠠᠴᠠ᠂ 2024 ᠣᠨ ᠳᠤ ᠪᠦᠬᠦ ᠣᠷᠣᠨ ᠤ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ | ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠢᠳᠡᠪᠬᠢᠲᠡᠢ ᠪᠠᠷ | ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠲᠠᠰᠤᠷᠠᠯᠲᠠ ᠦᠭᠡᠢ ᠵᠠᠮ ᠨᠡᠭᠡᠭᠡᠨ ᠰᠢᠨ᠎ᠡ ᠶᠢ ᠡᠭᠦᠳᠴᠦ᠂ ᠠᠷᠭ᠎ᠠ | ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠪᠦᠬᠦ ᠣᠷᠣᠨ ᠤ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ | ᠢᠯᠡᠳᠲᠡ ᠦᠷ᠎ᠡ ᠪᠦᠲᠦᠮᠵᠢ ᠣᠯᠵᠤ᠂ ᠲᠣᠭᠲᠠᠭᠤᠨ ᠤ ᠳᠤᠮᠳᠠ ᠰᠠᠶᠢᠵᠢᠷᠠᠬᠤ ᠬᠥᠭᠵᠢᠯᠲᠡ ᠶᠢᠨ ᠪᠠᠶᠢᠳᠠᠯ ᠢ | ᠪᠠᠲᠤᠯᠠᠵᠤ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠪᠡᠰᠦ | ᠵᠣᠬᠢᠬᠤ ᠬᠤᠪᠢ ᠨᠡᠮᠡᠷᠢ ᠪᠠᠨ ᠦᠵᠡᠭᠦᠯᠵᠡᠢ᠃ ᠭᠡᠪᠡᠴᠦ ᠲᠠᠷᠢᠶᠠᠯᠠᠩ ᠮᠠᠯ ᠤᠨ ᠡᠮ ᠤᠨ ᠦᠯᠡᠳᠡᠭᠳᠡᠯ ᠪᠠᠷᠢᠮᠵᠢᠶ᠎ᠠ ᠠᠴᠠ | ᠬᠡᠲᠦᠷᠡᠭᠰᠡᠨ ᠵᠡᠷᠭᠡ ᠠᠰᠠᠭᠤᠳᠠᠯ ᠣᠨᠴᠠ ᠵᠠᠷᠢᠮ ᠭᠠᠵᠠᠷ ᠣᠷᠣᠨ᠂ ᠣᠨᠴᠠ ᠵᠠᠷᠢᠮ ᠡᠭᠦᠯᠳᠡᠷ ᠲᠤ ᠮᠥᠨ ᠬᠦ | ᠣᠷᠣᠰᠢᠵᠤ᠂ ᠬᠢᠨᠠᠨ ᠬᠡᠮᠵᠢᠬᠦ ᠠᠰᠠᠭᠤᠳᠠᠯ ᠢ ᠢᠯᠡᠷᠡᠭᠦᠯᠦᠭᠰᠡᠨ ᠨᠣᠷᠮ᠎ᠠ ᠳᠣᠣᠷ᠎ᠠ᠂ ᠬᠡᠷᠡᠭ ᠢ ᠰᠢᠢᠳᠪᠦᠷᠢᠯᠡᠭᠰᠡᠨ ᠨᠣᠷᠮ᠎ᠠ | ᠥᠨᠳᠥᠷ ᠪᠢᠰᠢ ᠵᠡᠷᠭᠡ ᠠᠰᠠᠭᠤᠳᠠᠯ ᠪᠠᠰᠠ ᠨᠡᠯᠢᠶᠡᠳ ᠲᠣᠪᠣᠶᠢᠮ᠎ᠠ ᠪᠠᠶᠢᠨ᠎ᠠ᠃ ᠡᠯ᠎ᠡ ᠱᠠᠲᠤᠨ ᠤ ᠲᠠᠷᠢᠶᠠᠯᠠᠩ ᠮᠠᠯ ᠠᠵᠤ | ᠠᠬᠤᠢ ᠶᠢᠨ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠣᠷᠣᠰᠢᠵᠤ | ᠪᠠᠶᠢᠭ᠎ᠠ ᠠᠰᠠᠭᠤᠳᠠᠯ ᠵᠢᠴᠢ ᠲᠤᠯᠭᠠᠷᠠᠵᠤ ᠪᠠᠶᠢᠭ᠎ᠠ ᠪᠠᠶᠢᠳᠠᠯ ᠢ ᠭᠦᠨᠵᠡᠭᠡᠢ ᠵᠠᠳᠠᠯᠵᠤ᠂ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ | ᠰᠠᠶᠢᠲᠤᠷ ᠬᠢᠬᠦ ᠡᠭᠦᠷᠭᠡᠲᠦ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠨᠠᠩ ᠶᠡᠭᠡ ᠵᠣᠷᠢᠭ | ᠰᠢᠭᠤᠳᠴᠤ᠂ ᠨᠠᠩ ᠣᠯᠠᠨ ᠠᠷᠭ᠎ᠠ ᠪᠤᠳᠤᠵᠤ᠂ ᠨᠠᠩ ᠴᠢᠩᠭ᠎ᠠ ᠠᠷᠭ᠎ᠠ ᠬᠡᠮᠵᠢᠶ᠎ᠡ ᠠᠪᠴᠤ ᠪᠠᠶᠢᠭᠠᠳ ᠬᠢᠨᠠᠯᠲᠠ | ᠬᠠᠮᠢᠶᠠᠷᠤᠯᠲᠠ ᠪᠠᠨ ᠪᠥᠬᠦ ᠲᠠᠯ᠎ᠠ ᠪᠠᠷ ᠴᠢᠩᠭᠠᠳᠬᠠᠨ᠂ ︽ᠲᠠᠷᠢᠶᠠᠨ ᠭᠠᠵᠠᠷ ᠠᠴᠠ ᠬᠤᠭᠤᠯᠠᠨ ᠰᠢᠷᠡᠭᠡᠨ ᠳᠤ ᠬᠦᠷᠬᠦ︾ | ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠠᠷᠠᠳ ᠣᠯᠠᠨ ᠤ ︽ᠢᠳᠡᠭᠡᠨ ᠤᠮᠳᠠᠭᠠᠨ ᠤ | ᠠᠮᠤᠷ ᠲᠦᠪᠰᠢᠨ︾ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ 2025 ᠣᠨ ᠳᠤ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ | ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ︽ᠲᠦᠷᠪᠡᠨ ᠬᠠᠮᠤᠭ ᠤᠨ ᠴᠢᠩᠭ᠎ᠠ︾᠂ | ︽ᠦᠢᠯᠡᠳᠪᠦᠷᠢᠯᠡᠯ ᠢᠶᠠᠷ ᠭᠠᠷᠭᠠᠬᠤ︾᠂ ︽ᠬᠠᠮᠢᠶᠠᠷᠤᠯᠳᠠ ᠪᠠᠷ ᠭᠠᠷᠭᠠᠬᠤ︾ ᠵᠡᠷᠭᠡ ᠨᠢᠭᠡ ᠰᠢᠷᠢᠰ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠬᠥᠳᠡᠭᠡ | ᠲᠣᠰᠬᠤᠨ ᠤ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ | ᠣᠷᠣᠨ ᠤ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠲᠠᠷᠢᠶᠠᠯᠠᠩ ᠤᠨ | ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠶᠢ ᠲᠣᠭᠲᠠᠭᠠᠵᠤ᠂ ᠲᠣᠭᠲᠠᠭᠤᠨ ᠳᠤᠮᠳᠠ | ᠤᠷᠤᠭᠰᠢᠯᠠᠬᠤ ᠶᠢ ᠪᠠᠷᠢᠮᠲᠠᠯᠠᠵᠤ᠂ ᠦᠷᠭᠦᠯᠵᠢᠯᠡᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠴᠢᠬᠤᠯᠠ ᠶᠡᠭᠡ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠡᠷᠡᠭ ᠢ | ᠶᠠᠭᠠᠬᠢᠭᠰᠠᠨ ᠴᠤ ᠭᠠᠷᠭᠠᠬᠤ ᠦᠭᠡᠢ ᠭᠡᠳᠡᠭ ᠢᠶᠠᠷ ᠬᠤᠷᠢᠭ᠎ᠠ ᠱᠤᠭᠤᠮ ᠪᠣᠯᠭᠠᠵᠤ᠂ ︽ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠳᠡᠭᠡᠭᠰᠢᠯᠡᠭᠦᠯᠬᠦ ᠣᠨ︾ ᠢᠶᠠᠷ ᠬᠥᠲᠥᠯᠥᠮᠵᠢ ᠪᠣᠯᠭᠠᠵᠤ᠂ ᠲᠣᠪᠣᠶᠢᠮ᠎ᠠ ᠠᠰᠠᠭᠤᠳᠠᠯ ᠤᠨ ᠵᠠᠰᠠᠯᠲᠠ ᠶᠢ ᠲᠡᠷᠡ ᠬᠡᠪ ᠢᠶᠠᠷ | ᠨᠢ ᠰᠠᠶᠢᠲᠤᠷ ᠠᠳᠬᠤᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ | ᠲᠦᠪᠰᠢᠨ ᠢ ᠬᠢᠨᠠᠨ ᠬᠡᠮᠵᠢᠬᠦ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠬᠠᠮᠢᠶᠠᠷᠬᠤ ᠡᠷᠴᠢᠮ ᠢ | ᠲᠠᠰᠤᠷᠠᠯᠲᠠ ᠦᠭᠡᠢ ᠴᠢᠩᠭᠠᠷᠠᠭᠤᠯᠤᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠴᠢᠳᠠᠪᠤᠷᠢ ᠶᠢ ᠪᠦᠲᠦᠮᠵᠢᠲᠡᠶ | ᠳᠡᠭᠡᠭᠰᠢᠯᠡᠭᠦᠯᠵᠦ᠂ ᠪᠣᠬᠢᠷᠲᠤᠯ ᠦᠭᠡᠢ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠷᠠᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠲᠣᠮᠣ ᠣᠷᠣᠨ᠂ ᠬᠦᠴᠦᠷᠬᠡᠭ ᠣᠷᠣᠨ ᠤ | ᠪᠠᠶᠢᠭᠤᠯᠤᠯᠲᠠ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠱᠠᠭᠠᠷᠳᠠᠵᠠᠢ᠃ | | | | ᠲᠢᠩᠬᠢᠮ ᠤᠨ ᠪᠠᠶᠢᠭᠤᠯᠤᠯᠭ᠎ᠠ ᠶᠢᠨ ᠬᠢᠨᠠᠨ ᠬᠠᠮᠢᠶᠠᠷᠤᠯᠲᠠ ᠶᠢᠨ ᠭᠠᠵᠠᠷ᠂ ᠲᠠᠷᠢᠮᠠᠯ ᠤᠨ ᠦᠢᠯᠡᠰ ᠤᠨ ᠭᠠᠵᠠᠷ᠂ | ᠬᠠᠤᠯᠢ ᠬᠡᠷᠡᠭᠵᠢᠭᠦᠯᠬᠦ ᠲᠣᠪᠴᠢᠶ᠎ᠠ᠂ ᠮᠠᠯ ᠡᠮᠨᠡᠯᠭᠡ ᠶᠢᠨ ᠲᠣᠪᠴᠢᠶ᠎ᠠ᠂ ᠵᠢᠭᠠᠰᠤᠨ ᠤ ᠠᠵᠤ ᠠᠬᠤᠢ ᠶᠢᠨ ᠲᠣᠪᠴᠢᠶ᠎ᠠ᠂ | ᠲᠡᠵᠢᠭᠡᠯ ᠪᠣᠷᠳᠤᠭ᠎ᠠ ᠡᠪᠡᠰᠦᠨ ᠤ ᠭᠠᠵᠠᠷ᠂ ᠠᠮᠤᠷ ᠲᠦᠪᠰᠢᠨ ᠤ ᠲᠥᠪ ᠵᠡᠷᠭᠡ ᠬᠠᠮᠢᠶ᠎ᠠ ᠪᠦᠬᠦᠢ ᠭᠠᠵᠠᠷ ᠠᠯᠪᠠᠨ ᠭᠡᠷ | ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ᠂ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠲᠠᠰᠤᠭ᠂ ᠲᠥᠪ ᠤᠨ | ᠬᠠᠷᠢᠭᠤᠴᠠᠯᠭᠠᠲᠠᠨ ᠨᠥᠬᠦᠳ ᠵᠡᠷᠭᠡ 200 ᠭᠠᠷᠤᠢ ᠬᠥᠮᠥᠨ ᠬᠤᠷᠠᠯ ᠳᠤ ᠣᠷᠣᠯᠴᠠᠵᠠᠢ᠃ ᠪᠠᠶᠠᠨᠨᠠᠭᠤᠷ ᠬᠤᠳᠠ᠂ | ᠲᠦᠩᠯᠢᠶᠣᠣ ᠬᠤᠳᠠ᠂ ᠬᠥᠯᠥᠨ ᠪᠤᠶᠢᠷ ᠬᠤᠳᠠ᠂ ᠪᠤᠭᠤᠲᠤ ᠬᠤᠳᠠ᠂ ᠤᠯᠠᠭᠠᠨᠬᠠᠳᠠ ᠬᠤᠳᠠ᠂ ᠣᠷᠳᠣᠰ ᠬᠤᠳᠠ᠂ | ᠬᠥᠬᠡᠬᠤᠲᠠ ᠵᠡᠷᠭᠡ ᠲᠤᠯᠤᠭᠠᠨ ᠠᠶᠢᠮᠠᠭ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠤᠷᠠᠯ | ᠳᠡᠭᠡᠷ᠎ᠡ ᠰᠣᠯᠢᠯᠴᠠᠭᠠᠨ ᠤ ᠶᠠᠷᠢᠶ᠎ᠠ ᠲᠠᠯᠪᠢᠵᠠᠢ᠃ | |