︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠡᠩ ᠤᠨ ᠪᠤᠭᠤᠳᠠᠢ ᠶᠢᠨ ᠡᠭᠦᠯᠳᠡᠷ ᠤᠨ ᠲᠤᠷᠰᠢᠯᠲᠠ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2025/2/18
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ︵ᠲᠠᠷᠢᠶᠠᠯᠠᠩ︶ ᠶᠢᠨ ᠮᠡᠷᠭᠡᠵᠢᠯ ᠳᠡᠯᠭᠡᠷᠡᠭᠦᠯᠬᠦ ︵ᠬᠥᠭᠵᠢᠯᠲᠡ  ᠶᠢᠨ︶ ᠲᠥᠪ᠂ ᠪᠠᠶᠠᠨᠨᠠᠭᠤᠷ ᠬᠤᠲᠠ ᠶᠢᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠤᠨ ᠬᠥᠭᠵᠢᠯᠲᠡ ᠶᠢᠨ ᠲᠥᠪ᠂ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠭᠠᠵᠠᠷ᠂ ᠤᠯᠠᠭᠠᠨᠴᠠᠪ ᠬᠤᠲᠠ ᠶᠢᠨ ᠲᠠᠷᠢᠮᠠᠯ ᠤᠨ ᠦᠢᠯᠡᠰ ᠤᠨ ᠠᠵᠢᠯ ᠤᠨ ᠥᠷᠲᠡᠭᠡ᠂ ᠪᠤᠭᠤᠳᠠᠢ ᠶᠢᠨ ᠡᠭᠦᠯᠳᠡᠷ ᠤᠨ ᠲᠤᠷᠰᠢᠯᠲᠠ ᠶᠢ ᠡᠷᠭᠢᠯᠡᠬᠦ ᠨᠢᠭᠡᠴᠡ ᠵᠢᠴᠢ ᠳᠠᠭᠠᠭᠠᠨ ᠲᠤᠷᠰᠢᠬᠤ ᠨᠢᠭᠡᠴᠡ ᠳᠤ᠄      ᠪᠤᠰᠤᠳᠴᠢ᠂ ᠰᠢᠨᠵᠢᠯᠡᠬᠦ ᠤᠬᠠᠭᠠᠨᠴᠢ᠂ ᠲᠥᠪ ᠭᠤᠥᠯᠴᠢ ᠪᠠᠷ ᠰᠢᠯᠭᠠᠨ ᠲᠣᠭᠲᠠᠭᠠᠬᠤ ᠳᠤ ᠣᠷᠣᠯᠴᠠᠭᠰᠠᠨ ᠰᠢᠨ᠎ᠡ ᠡᠭᠦᠯᠳᠡᠷ ᠤᠨ ᠶᠡᠷᠦᠩᠬᠡᠶᠢᠯᠡᠭᠰᠡᠨ ᠰᠢᠨᠵᠢ ᠪᠠᠶᠢᠳᠠᠯ ᠪᠠ ᠡᠰᠡᠷᠭᠦᠴᠡᠬᠦ ᠴᠢᠨᠠᠷ ᠤᠨ ᠢᠯᠡᠷᠡᠯ ᠢ ᠬᠢᠨᠠᠨ ᠲᠣᠭᠲᠠᠭᠠᠵᠤ᠂ ᠮᠠᠨ ᠤ ᠣᠷᠣᠨ ᠤ ᠠᠳᠠᠯᠢ ᠪᠤᠰᠤ ᠠᠮᠢ ᠠᠬᠤᠢ ᠶᠢᠨ ᠣᠷᠣᠨ ᠳᠤ ᠳᠠᠷᠢᠬᠤ ᠳᠤ ᠲᠣᠬᠢᠷᠠᠬᠤ ᠡᠭᠦᠯᠳᠡᠷ ᠢ ᠰᠢᠯᠢᠨ ᠰᠣᠩᠭᠤᠵᠤ᠂ ᠮᠠᠨ ᠤ ᠣᠷᠣᠨ ᠤ ᠪᠤᠭᠤᠳᠠᠢ ᠶᠢᠨ ᠡᠭᠦᠯᠳᠡᠷ ᠢ ᠰᠢᠨᠡᠳᠬᠡᠨ ᠰᠣᠯᠢᠬᠤ ᠶᠢ ᠲᠦᠷᠭᠡᠳᠬᠡᠬᠦ ᠶᠢᠨ ᠲᠥᠯᠥᠭᠡ᠂ 2025 ᠣᠨ ᠤ 1 ᠰᠠᠷ᠎ᠠ ᠶᠢᠨ 10 ᠤ ᠡᠳᠦᠷ᠂ ᠮᠠᠨ ᠤ ᠲᠥᠪ 2024 ᠣᠨ ᠤ ᠥᠪᠡᠷᠲᠡᠭᠡᠨ ᠵᠠᠰᠠᠬᠤ ᠣᠷᠣᠨ ᠤ ᠪᠤᠭᠤᠳᠠᠢ ᠶᠢᠨ ᠡᠭᠦᠯᠳᠡᠷ ᠤᠨ ᠲᠤᠷᠰᠢᠯᠲᠠ ᠶᠢᠨ ᠳ᠋ᠦᠩᠨᠡᠯᠲᠡ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ︽ᠭᠤᠣᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠵᠢᠴᠢ ᠬᠤᠷᠠᠯ ᠤᠨ ᠳ᠋ᠦᠩᠨᠡᠯᠲᠡ ᠶᠢ ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠡᠩ ᠤᠨ ᠪᠤᠭᠤᠳᠠᠢ ᠶᠢᠨ ᠡᠭᠦᠯᠳᠡᠷ ᠤᠨ ᠲᠤᠷᠰᠢᠯᠲᠠ ᠶᠢᠨ ᠬᠡᠷᠡᠭᠵᠢᠭᠦᠯᠬᠦ ᠲᠥᠰᠥᠯ︾ ᠢ ᠲᠣᠭᠲᠠᠭᠠᠪᠠ᠂ ᠡᠳᠦᠭᠡ ᠳᠠᠷᠤᠮᠠᠯᠯᠠᠨ ᠲᠠᠷᠬᠠᠭᠠᠯ᠎ᠠ᠂ ᠬᠡᠷᠡᠭᠵᠢᠭᠦᠯᠬᠦ ᠲᠥᠰᠥᠯ ᠤᠨ ᠱᠠᠭᠠᠷᠳᠠᠯᠭ᠎ᠠ ᠶᠣᠰᠣᠭᠠᠷ ᠬᠢᠨᠠᠮᠠᠭᠠᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠡᠭᠦᠯᠳᠡᠷ ᠤᠨ ᠲᠤᠷᠰᠢᠯᠲᠠ ᠶᠢᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠭᠠᠷᠠᠢ᠃       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠡᠩ ᠤᠨ ᠪᠤᠭᠤᠳᠠᠢ ᠶᠢᠨ ᠡᠭᠦᠯᠳᠡᠷ ᠤᠨ ᠲᠤᠷᠰᠢᠯᠲᠠ ᠶᠢᠨ ᠬᠡᠷᠡᠭᠵᠢᠭᠦᠯᠬᠦ ᠲᠥᠰᠥᠯ      ᠨᠢᠭᠡ᠂ ᠲᠤᠷᠰᠢᠯᠲᠠ ᠶᠢᠨ ᠵᠣᠷᠢᠯᠭ᠎ᠠ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷ᠎ᠡ ᠶᠢᠨ ᠬᠠᠤᠯᠢ︾ ᠪᠣᠯᠣᠨ ︽ᠭᠤᠣᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠲᠤᠷᠰᠢᠯᠲᠠ ᠳᠤ ᠣᠷᠣᠯᠴᠠᠭᠰᠠᠨ ᠰᠢᠨ᠎ᠡ ᠡᠭᠦᠯᠳᠡᠷ ᠤᠨ ᠡᠯᠪᠡᠭ ᠬᠤᠷᠢᠶᠠᠯᠲᠠ ᠶᠢᠨ ᠴᠢᠨᠠᠷ᠂ ᠲᠣᠭᠲᠠᠭᠤᠨ ᠤᠨᠠᠯᠲᠠ ᠶᠢᠨ ᠴᠢᠨᠠᠷ᠂ ᠵᠣᠬᠢᠴᠠᠬᠤ ᠴᠢᠨᠠᠷ᠂ ᠰᠥᠷᠬᠦ ᠶᠢ ᠡᠰᠡᠷᠭᠦᠴᠡᠬᠦ ᠴᠢᠨᠠᠷ᠂ ᠶᠠᠰᠤ ᠴᠢᠨᠠᠷ ᠵᠢᠴᠢ ᠪᠤᠰᠤᠳ ᠴᠢᠬᠤᠯᠠ ᠣᠨᠴᠠᠯᠢᠭ ᠰᠢᠨᠵᠢ ᠶᠢᠨ ᠢᠯᠡᠷᠡᠯ ᠢ ᠪᠤᠰᠤᠳᠴᠢ ᠪᠠᠷ᠂ ᠰᠢᠨᠵᠢᠯᠡᠬᠦ ᠤᠬᠠᠭᠠᠨᠴᠢ ᠪᠠᠷ᠂ ᠲᠥᠪ ᠭᠤᠥᠯᠴᠢ ᠪᠠᠷ ᠬᠢᠨᠠᠨ ᠲᠣᠭᠲᠠᠭᠠᠵᠤ ᠦᠨᠡᠯᠡᠵᠦ᠂ ᠮᠠᠨ ᠤ ᠣᠷᠣᠨ ᠤ ᠪᠤᠭᠤᠳᠠᠢ ᠶᠢᠨ ᠡᠭᠦᠯᠳᠡᠷ ᠢ ᠬᠢᠨᠠᠨ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠨ᠎ᠠ᠃       ᠬᠤᠶᠠᠷ᠂ ᠲᠤᠷᠰᠢᠯᠲᠠ ᠶᠢᠨ ᠳᠤᠭᠤᠶᠢᠯᠠᠩ ᠤᠨ ᠢᠯᠭᠠᠯ      ᠬᠠᠭᠤᠷᠠᠢ ᠲᠠᠷᠢᠶᠠᠯᠠᠭ᠎ᠠ ᠶᠢᠨ ᠳᠤᠭᠤᠶᠢᠯᠠᠩ ᠪᠠ ᠤᠰᠤᠨ ᠲᠠᠷᠢᠶᠠᠨ ᠤ ᠳᠤᠭᠤᠶᠢᠯᠠᠩ ᠤᠨ ᠡᠩ ᠤᠨ ᠪᠤᠭᠤᠳᠠᠢ ᠶᠢᠨ ᠲᠤᠷᠰᠢᠯᠲᠠ ᠶᠢ ᠥᠷᠨᠢᠭᠦᠯᠵᠦ᠂ ᠬᠠᠭᠤᠷᠠᠢ ᠲᠠᠷᠢᠶᠠᠯᠠᠭ᠎ᠠ ᠶᠢᠨ ᠳᠤᠭᠤᠶᠢᠯᠠᠩ ᠺᠧ ᠴᠦᠨ 4 ᠳ᠋ᠦ᠋ᠭᠡᠷ ᠨᠣᠮᠧᠷ ᠢᠶᠠᠷ ᠬᠠᠷᠢᠴᠠᠭᠤᠯᠤᠯ ᠪᠤᠯᠭᠠᠵᠤ᠂ ᠤᠰᠤᠨ ᠲᠠᠷᠢᠶᠠᠨ ᠤ ᠳᠤᠭᠤᠶᠢᠯᠠᠩ ᠨᠦᠩ ᠮᠠᠢ 2 ᠳ᠋ᠤᠭᠠᠷ ᠨᠣᠮᠧᠷ ᠢᠶᠠᠷ ᠬᠠᠷᠢᠴᠠᠭᠤᠯᠤᠯ ᠪᠤᠯᠭᠠᠨ᠎ᠠ᠃       ᠭᠤᠷᠪᠠ᠂ ᠳᠠᠭᠠᠭᠠᠨ ᠲᠤᠷᠰᠢᠬᠤ ᠨᠢᠭᠡᠴᠡ ᠪᠠ ᠲᠤᠷᠰᠢᠯᠲᠠ ᠳᠤ ᠣᠷᠣᠯᠴᠠᠬᠤ ᠡᠭᠦᠯᠳᠡᠷ       ᠲᠣᠰ ᠵᠢᠯ ᠤᠨ ᠲᠤᠷᠰᠢᠯᠲᠠ ᠳᠤ ᠣᠷᠣᠯᠴᠠᠬᠤ ᠡᠭᠦᠯᠳᠡᠷ 28 ︵ᠬᠠᠷᠢᠴᠠᠭᠤᠯᠬᠤ ᠪᠠᠭᠲᠠᠬᠤ ᠦᠭᠡᠢ᠂ ᠬᠠᠷᠢᠴᠠᠭᠤᠯᠤᠯ  ᠤᠨ ᠡᠭᠦᠯᠳᠡᠷ 2 ᠪᠤᠢ︶᠂ ᠳᠠᠭᠠᠭᠠᠨ ᠲᠤᠷᠰᠢᠬᠤ ᠨᠢᠭᠡᠴᠡ 16 ᠪᠣᠶ᠃ ᠲᠤᠷᠰᠢᠯᠲᠠ ᠬᠢᠬᠦ ᠳᠤ ᠨᠡᠶᠢᠲᠡ 4 ᠳᠤᠭᠤᠶᠢᠯᠠᠩ᠂ 32 ᠴᠠᠭ ᠤᠳᠠᠭ᠎ᠠ ᠲᠣᠬᠢᠷᠠᠭᠤᠯᠤᠨ᠎ᠠ᠃ ᠡᠭᠦᠨ ᠳᠤ᠂ ᠣᠷᠣᠨ ᠪᠦᠰᠡ ᠶᠢᠨ ᠲᠤᠷᠰᠢᠯᠲᠠ ᠶᠢᠨ 2 ᠳᠤᠭᠤᠶᠢᠯᠠᠩ᠂ 16 ᠴᠠᠭ ᠤᠳᠠᠭ᠎ᠠ᠂ ᠲᠤᠷᠰᠢᠯᠲᠠ ᠳᠤ ᠣᠷᠣᠯᠴᠠᠬᠤ ᠡᠭᠦᠯᠳᠡᠷ 24 ᠪᠣᠶ︔ ᠦᠢᠯᠡᠳᠪᠦᠷᠢᠯᠡᠯ ᠤᠨ ᠲᠤᠷᠰᠢᠯᠲᠠ ᠶᠢᠨ 2 ᠳᠤᠭᠤᠶᠢᠯᠠᠩ᠂ 16 ᠴᠠᠭ ᠤᠳᠠᠭ᠎ᠠ᠂ ᠲᠤᠷᠰᠢᠯᠲᠠ ᠳᠤ ᠣᠷᠣᠯᠴᠠᠬᠤ ᠡᠭᠦᠯᠳᠡᠷ 4 ︵1 ᠲᠣᠭᠤᠷᠢᠭ ᠤᠨ ᠢᠵᠢᠯ ᠠᠯᠬᠤᠮᠲᠤ ᠡᠭᠦᠯᠳᠡᠷ ᠢ ᠪᠠᠭᠲᠠᠭᠠᠨ᠎ᠠ︶ ᠪᠣᠢ᠃ ᠬᠦᠰᠦᠨᠦᠭᠲᠦ1~ 4 ᠶᠢ ᠨᠠᠷᠢᠪᠴᠢᠯᠠᠨ ᠦᠵᠡᠭᠡᠷᠡᠢ᠃       ᠳᠥᠷᠪᠡ᠂ ᠲᠤᠷᠰᠢᠯᠲᠠ ᠶᠢᠨ ᠵᠢᠷᠤᠭ ᠲᠥᠯᠥᠪᠯᠡᠭᠡ      ᠣᠷᠣᠨ ᠪᠦᠰᠡ ᠶᠢᠨ ᠲᠤᠷᠰᠢᠯᠲᠠ᠄ 2 ᠤᠳᠠᠭ᠎ᠠ ᠳᠠᠪᠲᠠᠵᠤ᠂ ᠲᠠᠰᠢᠷᠠᠮ ᠤᠨ ᠲᠣᠭᠤᠷᠢᠭ ᠳᠤᠭᠤᠶᠢᠯᠠᠩ ᠢᠶᠠᠷ ᠵᠢᠭᠰᠠᠭᠠᠵᠤ᠂ ᠵᠢᠵᠢᠭ ᠲᠣᠭᠤᠷᠢᠭ ᠤᠨ ᠲᠠᠯᠠᠪᠠᠶ ᠨᠢ 15 ᠺᠤᠸᠠᠲ ᠮᠧᠲᠷ᠂ ᠵᠢᠵᠢᠭ ᠲᠣᠭᠤᠷᠢᠭ ᠤᠨ ᠬᠡᠯᠪᠡᠷᠢ ᠨᠢ ᠣᠷᠳᠣ ᠳᠥᠷᠪᠡᠯᠵᠢᠨ ᠬᠡᠯᠪᠡᠷᠢ ᠲᠠᠢ᠃ ᠬᠤᠷᠢᠶᠠᠯᠲᠠ ᠠᠪᠬᠤ ᠦᠶ᠎ᠡ ᠳᠤ ᠬᠠᠵᠠᠭᠤ ᠪᠠᠷ ᠶᠠᠪᠤᠵᠤ᠂ ᠪᠣᠳᠠᠲᠠᠢ ᠬᠤᠷᠢᠶᠠᠯᠲᠠ ᠶᠢᠨ ᠬᠡᠮᠵᠢᠶ᠎ᠡ ᠶᠢ 15 ᠺᠤᠸᠠᠲ ᠮᠧᠲᠷ ᠤᠨ ᠵᠢᠵᠢᠭ ᠲᠣᠭᠤᠷᠢᠭ ᠤᠨ ᠭᠠᠷᠤᠯᠲᠠ ᠪᠠᠷ ᠨᠤᠭᠤᠯᠤᠨ ᠪᠤᠳᠤᠨ᠎ᠠ᠃ ᠲᠤᠷᠰᠢᠯᠲᠠ ᠶᠢᠨ ᠭᠠᠵᠠᠷ ᠤᠨ ᠳᠦᠷᠪᠡᠨ ᠲᠠᠯ᠎ᠠ ᠳᠤ ᠬᠠᠮᠠᠭᠠᠯᠠᠯᠲᠠ ᠶᠢᠨ ᠮᠥᠷ ᠶᠢ ᠳᠦᠷᠪᠡᠨ ᠮᠥᠷ ᠠᠴᠠ ᠳᠡᠭᠡᠭᠰᠢ ᠭᠠᠷᠭᠠᠵᠤ᠂ ᠬᠠᠮᠠᠭᠠᠯᠠᠯᠲᠠ ᠶᠢᠨ ᠮᠥᠷ ᠤᠨ ᠡᠭᠦᠯᠳᠡᠷ  ᠨᠢ ᠬᠠᠷᠢᠴᠠᠭᠤᠯᠤᠭᠰᠠᠨ ᠡᠭᠦᠯᠳᠡᠷ ᠪᠤᠶᠤ ᠲᠤᠷᠰᠢᠯᠲᠠ ᠳᠤ ᠦᠯᠦ ᠣᠷᠣᠯᠴᠠᠬᠤ ᠡᠭᠦᠯᠳᠡᠷ ᠪᠣᠯᠣᠨ᠎ᠠ᠃ ᠠᠵᠢᠭᠯᠠᠯᠲᠠ ᠶᠢᠨ ᠵᠠᠮ ᠤᠨ ᠭᠤᠣᠯ ᠵᠠᠮ ᠤᠨ ᠥᠷᠭᠡᠨ ᠢ 0.5~0.8m ᠪᠠᠶᠢᠯᠭᠠᠵᠤ᠂ ᠲᠣᠭᠤᠷᠢᠭ ᠪᠦᠷᠢ ᠶᠢᠨ ᠭᠠᠵᠠᠷ ᠲᠤ ᠱᠣᠰᠢᠭ᠎ᠠ ᠬᠠᠳᠠᠨ᠎ᠠ᠃       ᠦᠢᠯᠡᠳᠪᠦᠷᠢᠯᠡᠯ ᠤᠨ ᠲᠤᠷᠰᠢᠯᠲᠠ᠄ ᠲᠤᠷᠰᠢᠯᠲᠠ ᠶᠢᠨ ᠡᠭᠦᠯᠳᠡᠷ ᠢ ᠲᠠᠰᠢᠷᠠᠮ ᠤᠨ ᠲᠣᠭᠤᠷᠢᠭ ᠳᠤᠭᠤᠶᠢᠯᠠᠩ ᠢᠶᠠᠷ ᠵᠢᠭᠰᠠᠭᠠᠨ᠎ᠠ᠂ ᠳᠠᠪᠬᠤᠷᠳᠠᠭᠤᠯᠬᠤ ᠦᠭᠡᠢ᠃ ᠰᠠᠭᠤᠭᠠᠯᠢ ᠠᠷᠠᠳ ᠤᠨ ᠲᠣᠭᠤᠷᠢᠭ ᠤᠨ ᠲᠠᠯᠠᠪᠠᠶ ᠨᠢ 300 ᠺᠤᠸᠠᠲ ᠮᠧᠲᠷ᠂ ᠠᠵᠢᠭᠯᠠᠯᠲᠠ ᠶᠢᠨ ᠵᠠᠮ ᠨᠢ 0.5~ 0.8m ᠥᠷᠭᠡᠨ ᠪᠠᠶᠢᠯᠭᠠᠵᠤ᠂ ᠰᠠᠭᠤᠭᠠᠯᠢ ᠠᠷᠠᠳ ᠤᠨ ᠲᠣᠭᠤᠷᠢᠭ ᠪᠦᠷᠢ ᠶᠢᠨ ᠭᠠᠵᠠᠷ ᠲᠤ ᠱᠣᠰᠢᠭ᠎ᠠ ᠬᠠᠳᠠᠨ᠎ᠠ᠃       ᠲᠤᠷᠰᠢᠯᠲᠠ ᠶᠢ ᠨᠢᠭᠡ ᠯᠡ ᠲᠠᠷᠢᠶᠠᠨ ᠳᠤ ᠬᠢᠪᠡᠯ ᠵᠣᠬᠢᠨ᠎ᠠ᠃ ᠬᠡᠷᠪᠡ ᠡᠭᠦᠯᠳᠡᠷ  ᠨᠢ ᠤᠯᠠᠨ᠂ ᠲᠠᠷᠢᠶᠠᠨ ᠭᠠᠵᠠᠷ ᠤᠨ ᠲᠠᠯᠠᠪᠠᠢ ᠨᠢ ᠪᠠᠭ᠎ᠠ ᠵᠡᠷᠭᠡ ᠰᠢᠯᠲᠠᠭᠠᠨ ᠠᠴᠠ ᠪᠣᠯᠵᠤ ᠦᠨᠡᠬᠡᠷ ᠬᠤᠶᠠᠷ ᠬᠡᠰᠡᠭ ᠲᠠᠷᠢᠶ᠎ᠠ ᠪᠤᠶᠤ ᠬᠤᠶᠠᠷ ᠬᠡᠰᠡᠭ ᠠᠴᠠ ᠳᠡᠭᠡᠭᠰᠢ ᠲᠠᠷᠢᠶᠠᠨ ᠳᠤ ᠬᠢᠬᠦ ᠴᠢᠬᠤᠯᠠᠲᠠᠢ ᠪᠠᠶᠢᠪᠠᠯ᠂ ᠲᠠᠷᠢᠶᠠᠨ ᠭᠠᠵᠠᠷ ᠨᠢᠭᠡᠪᠦᠷᠢ ᠳᠤ ᠴᠥᠮ ᠬᠠᠷᠢᠴᠠᠭᠤᠯᠤᠭᠰᠠᠨ ᠡᠭᠦᠯᠳᠡᠷ ᠲᠣᠬᠢᠷᠠᠭᠤᠯᠵᠤ᠂ ᠲᠤᠷᠰᠢᠯᠲᠠ ᠶᠢᠨ ᠡᠭᠦᠯᠳᠡᠷ ᠢ ᠠᠳᠠᠯᠢ ᠨᠢᠭᠡᠨ ᠲᠠᠷᠢᠶᠠᠨ ᠭᠠᠵᠠᠷ ᠲᠠᠢ ᠬᠠᠷᠢᠴᠠᠭᠤᠯᠤᠭᠰᠠᠨ ᠡᠭᠦᠯᠳᠡᠷ ᠲᠠᠢ ᠠᠳᠠᠯᠢᠳᠬᠠᠨ᠎ᠠ᠃       ᠲᠠᠪᠤ᠂ ᠲᠤᠷᠰᠢᠯᠲᠠ ᠶᠢᠨ ᠦᠷ᠎ᠡ ᠶᠢᠨ ᠲᠤᠭ᠎ᠠ ᠬᠡᠮᠵᠢᠶ᠎ᠡ ᠪᠠ ᠱᠠᠭᠠᠷᠳᠠᠯᠭ᠎ᠠ      ︵ᠨᠢᠭᠡ︶ ᠦᠷ᠎ᠡ ᠶᠢᠨ ᠲᠤᠭ᠎ᠠ ᠬᠡᠮᠵᠢᠶ᠎ᠡ      ︵1︶ ᠦᠷ᠎ᠡ ᠬᠠᠩᠭᠠᠬᠤ ᠬᠡᠮᠵᠢᠶ᠎ᠡ᠄      ᠲᠤᠷᠰᠢᠯᠲᠠ ᠳᠤ ᠣᠷᠣᠯᠴᠠᠭᠰᠠᠨ ᠨᠢᠭᠡᠴᠡ ᠲᠤᠷᠰᠢᠯᠲᠠ ᠳᠤ ᠬᠡᠷᠡᠭᠯᠡᠬᠦ ᠦᠷ᠎ᠡ ᠶᠢ ᠬᠠᠩᠭᠠᠬᠤ ᠠᠴᠠ ᠭᠠᠳᠠᠨ᠎ᠠ᠂ ᠨᠢᠭᠡ ᠵᠢᠯ ᠤᠨ ᠣᠷᠣᠨ ᠤ ᠲᠤᠷᠰᠢᠯᠲᠠ ᠪᠠ ᠬᠤᠶᠠᠷ ᠵᠢᠯ ᠤᠨ ᠣᠷᠣᠨ ᠤ ᠲᠤᠷᠰᠢᠯᠲᠠ ᠳᠤ ᠣᠷᠣᠯᠴᠠᠬᠤ ᠡᠭᠦᠯᠳᠡᠷ ᠳᠤ ᠪᠠᠶᠢᠴᠠᠭᠠᠨ ᠰᠢᠯᠭᠠᠬᠤ / ᠬᠢᠨᠠᠨ ᠲᠣᠭᠲᠠᠭᠠᠬᠤ ᠳᠤ ᠬᠡᠷᠡᠭᠯᠡᠬᠦ ᠦᠷ᠎ᠡ ᠶᠢ ᠬᠠᠩᠭᠠᠵᠤ᠂ ᠦᠢᠯᠡᠳᠪᠦᠷᠢᠯᠡᠯ ᠤᠨ ᠲᠤᠷᠰᠢᠯᠲᠠ ᠳᠤ ᠣᠷᠣᠯᠴᠠᠬᠤ ᠡᠭᠦᠯᠳᠡᠷ ᠳᠤ ᠪᠠᠷᠢᠮᠵᠢᠶᠠᠲᠤ ᠥᠯᠢᠭᠡᠷ ᠡᠳ᠋ ᠢ ᠬᠠᠩᠭᠠᠵᠤ ᠦᠯᠡᠳᠡᠭᠡᠨ᠎ᠡ᠃       ᠬᠠᠭᠤᠷᠠᠢ ᠲᠠᠷᠢᠶᠠᠯᠠᠭ᠎ᠠ ᠶᠢᠨ ᠳᠤᠭᠤᠶᠢᠯᠠᠩ᠄ ᠲᠤᠷᠰᠢᠯᠲᠠ ᠳᠤ ᠣᠷᠣᠯᠴᠠᠬᠤ ᠨᠢᠭᠡᠴᠡ ᠡᠷᠬᠡᠪᠰᠢ 3 ᠰᠠᠷ᠎ᠠ ᠶᠢᠨ 25 ᠤ ᠡᠳᠦᠷ ᠠᠴᠠ ᠡᠮᠦᠨ᠎ᠡ ᠦᠷ᠎ᠡ ᠪᠠᠨ ᠲᠤᠷᠰᠢᠯᠲᠠ ᠶᠢ ᠡᠷᠬᠢᠯᠡᠬᠦ ᠨᠢᠭᠡᠴᠡ ᠳᠤ ᠰᠢᠤᠳᠠᠨ ᠢᠶᠠᠷ ᠢᠯᠡᠭᠡᠬᠦ ᠬᠡᠷᠡᠭᠲᠡᠢ᠃ ᠡᠭᠦᠨ ᠳᠤ᠂ ᠣᠷᠣᠨ ᠪᠦᠰᠡ ᠶᠢᠨ ᠲᠤᠷᠰᠢᠯᠲᠠ ᠶᠢᠨ ᠦᠷ᠎ᠡ ᠬᠠᠩᠭᠠᠬᠤ ᠬᠡᠮᠵᠢᠶ᠎ᠡ = ᠲᠤᠷᠰᠢᠯᠲᠠ ᠶᠢᠨ ᠴᠡᠭ ᠪᠦᠷᠢ ᠶᠢᠨ ᠡᠭᠦᠯᠳᠡᠷ ᠪᠦᠷᠢ ᠳᠤ 2kg + ᠡᠰᠡᠷᠭᠦᠴᠡᠬᠦ ᠴᠢᠨᠠᠷ ᠤᠨ ᠬᠢᠨᠠᠨ ᠲᠣᠭᠲᠠᠭᠠᠯᠲᠠ 0.6kg + DNA ᠪᠠᠶᠢᠴᠠᠭᠠᠨ ᠬᠡᠮᠵᠢᠯᠲᠡ 0.15kg + ᠭᠧᠨ ᠰᠢᠯᠵᠢᠭᠦᠯᠦᠭᠰᠡᠨ ᠪᠠᠶᠢᠴᠠᠭᠠᠨ ᠬᠡᠮᠵᠢᠯᠲᠡ 0.5kg᠂ ᠦᠢᠯᠡᠳᠪᠦᠷᠢᠯᠡᠯ ᠤᠨ ᠲᠤᠷᠰᠢᠯᠲᠠ ᠶᠢᠨ ᠦᠷ᠎ᠡ ᠬᠠᠩᠭᠠᠬᠤ ᠬᠡᠮᠵᠢᠶ᠎ᠡ = ᠲᠤᠷᠰᠢᠯᠲᠠ ᠶᠢᠨ ᠴᠡᠭ ᠪᠦᠷᠢ ᠶᠢᠨ ᠡᠭᠦᠯᠳᠡᠷ ᠪᠦᠷᠢ ᠳᠤ 15kg + ᠪᠠᠷᠢᠮᠵᠢᠶᠠᠲᠤ ᠥᠯᠢᠭᠡᠷ ᠡᠳ᠋ 2.5kg ᠪᠣᠯᠣᠨ᠎ᠠ᠃ ᠲᠤᠷᠰᠢᠯᠲᠠ ᠳᠤ ᠣᠷᠣᠯᠴᠠᠬᠤ ᠨᠢᠭᠡᠴᠡ ᠥᠪᠡᠷ ᠢᠶᠠᠨ ᠰᠠᠯᠭᠠᠨ ᠰᠠᠪᠠᠯᠠᠬᠤ ᠦᠭᠡᠢ᠂ ᠬᠥᠲᠥᠯᠦᠭᠴᠢ ᠭᠥᠯᠢᠶᠡᠨ ᠠᠪᠤᠭᠰᠠᠨ ᠤ ᠳᠠᠷᠠᠭ᠎ᠠ ᠰᠠᠯᠭᠠᠨ ᠰᠠᠪᠠᠯᠠᠵᠤ᠂ ᠡᠯ᠎ᠡ ᠲᠤᠷᠰᠢᠯᠲᠠ ᠶᠢ ᠳᠠᠭᠠᠭᠠᠨ ᠬᠢᠬᠦ ᠨᠢᠭᠡᠴᠡ ︵ᠬᠦᠰᠦᠨᠦᠭᠲᠦ 1︶᠂ ᠪᠠᠶᠢᠴᠠᠭᠠᠨ ᠰᠢᠯᠭᠠᠬᠤ / ᠬᠢᠨᠠᠨ ᠲᠣᠭᠲᠠᠭᠠᠬᠤ ᠨᠢᠭᠡᠴᠡ ︵ᠬᠦᠰᠦᠨᠦᠭᠲᠦ 5︶ ᠪᠠ ᠵᠣᠬᠢᠶᠠᠨ ᠪᠠᠶᠢᠭᠤᠯᠬᠤ ᠨᠢᠭᠡᠴᠡ ᠳᠤ ᠰᠢᠤᠳᠠᠨ ᠢᠶᠠᠷ ᠢᠯᠡᠭᠡᠨ᠎ᠡ᠃ ᠦᠷ᠎ᠡ ᠢᠯᠡᠭᠡᠬᠦ ᠳᠡᠭᠡᠨ ᠪᠣᠭᠤᠳᠠᠯ ᠪᠠᠭᠯᠠᠭ᠎ᠠ ᠪᠠᠨ ᠯᠠᠪᠳᠠᠭᠤᠨ ᠪᠠᠲᠤᠲᠠᠢ ᠪᠠᠶᠢᠯᠭᠠᠵᠤ᠂ ᠪᠣᠭᠤᠳᠠᠯ ᠪᠠᠭᠯᠠᠭ᠎ᠠ  ᠠᠴᠠ ᠭᠠᠳᠠᠨ᠎ᠠ ᠡᠭᠦᠯᠳᠡᠷ ᠤᠨ ᠱᠣᠰᠢᠭ᠎ᠠ ᠲᠡᠮᠳᠡᠭ ᠲᠠᠢ ᠪᠠᠶᠢᠵᠤ᠂ ᠡᠭᠦᠯᠳᠡᠷ ᠤᠨ ᠨᠡᠷᠡᠶᠢᠳᠦᠯ᠂ ᠬᠠᠷᠢᠯᠴᠠᠬᠤ ᠠᠷᠭ᠎ᠠ ᠮᠠᠶ᠋ᠢᠭ ᠵᠡᠷᠭᠡ ᠶᠢ ᠲᠣᠳᠣᠷᠬᠠᠶᠢᠯᠠᠬᠤ ᠬᠡᠷᠡᠭᠲᠡᠢ᠃       ᠤᠰᠤᠨ ᠲᠠᠷᠢᠶᠠᠨ ᠤ ᠳᠤᠭᠤᠶᠢᠯᠠᠩ᠄ ᠡᠯ᠎ᠡ ᠲᠤᠷᠰᠢᠯᠲᠠ ᠳᠤ ᠣᠷᠣᠯᠴᠠᠬᠤ ᠨᠢᠭᠡᠴᠡ ᠡᠷᠬᠡᠪᠰᠢ 2 ᠰᠠᠷ᠎ᠠ ᠶᠢᠨ 20 ᠤ ᠡᠳᠦᠷ ᠠᠴᠠ ᠡᠮᠦᠨ᠎ᠡ ᠦᠷ᠎ᠡ ᠪᠠᠨ ᠲᠤᠷᠰᠢᠯᠲᠠ ᠶᠢ ᠡᠷᠭᠢᠯᠡᠬᠦ ᠨᠢᠭᠡᠴᠡ ᠳᠤ ᠰᠢᠤᠳᠠᠨ ᠢᠶᠠᠷ ᠢᠯᠡᠭᠡᠬᠦ ᠬᠡᠷᠡᠭᠲᠡᠢ᠃ ᠡᠭᠦᠨ ᠳᠤ᠂ ᠣᠷᠣᠨ ᠪᠦᠰᠡ ᠶᠢᠨ ᠲᠤᠷᠰᠢᠯᠲᠠ ᠶᠢᠨ ᠦᠷ᠎ᠡ ᠬᠠᠩᠭᠠᠬᠤ ᠬᠡᠮᠵᠢᠶ᠎ᠡ = ᠲᠤᠷᠰᠢᠯᠲᠠ ᠶᠢᠨ ᠴᠡᠭ ᠪᠦᠷᠢ ᠶᠢᠨ ᠡᠭᠦᠯᠳᠡᠷ ᠪᠦᠷᠢ ᠳᠤ 1.5 kg + ᠡᠰᠡᠷᠭᠦᠴᠡᠬᠦ ᠴᠢᠨᠠᠷ ᠤᠨ ᠬᠢᠨᠠᠨ ᠲᠣᠭᠲᠠᠭᠠᠯᠲᠠ 1kg + DNA ᠪᠠᠶᠢᠴᠠᠭᠠᠨ ᠬᠡᠮᠵᠢᠯᠲᠡ 0.15 kg + ᠭᠧᠨ ᠰᠢᠯᠵᠢᠭᠦᠯᠦᠭᠰᠡᠨ ᠪᠠᠶᠢᠴᠠᠭᠠᠨ ᠬᠡᠮᠵᠢᠯᠲᠡ 0.5kg᠂ ᠦᠢᠯᠡᠳᠪᠦᠷᠢᠯᠡᠯ ᠤᠨ ᠲᠤᠷᠰᠢᠯᠲᠠ ᠶᠢᠨ ᠦᠷ᠎ᠡ ᠬᠠᠩᠭᠠᠬᠤ ᠬᠡᠮᠵᠢᠶ᠎ᠡ = ᠲᠤᠷᠰᠢᠯᠲᠠ ᠶᠢᠨ ᠴᠡᠭ ᠪᠦᠷᠢ ᠶᠢᠨ ᠡᠭᠦᠯᠳᠡᠷ ᠪᠦᠷᠢ ᠳᠤ 15kg + ᠪᠠᠷᠢᠮᠵᠢᠶᠠᠲᠤ ᠥᠯᠢᠭᠡᠷ ᠡᠳ᠋ 2.5 kg ᠬᠠᠩᠭᠠᠨ᠎ᠠ᠃ ᠲᠤᠷᠰᠢᠯᠲᠠ ᠳᠤ ᠣᠷᠣᠯᠴᠠᠬᠤ ᠨᠢᠭᠡᠴᠡ ᠥᠪᠡᠷ ᠢᠶᠠᠨ ᠰᠠᠯᠭᠠᠨ ᠰᠠᠪᠠᠯᠠᠬᠤ ᠦᠭᠡᠢ᠂ ᠬᠥᠲᠥᠯᠦᠭᠴᠢ ᠭᠥᠯᠢᠶᠡᠨ ᠠᠪᠤᠭᠰᠠᠨ ᠤ ᠳᠠᠷᠠᠭ᠎ᠠ ᠰᠠᠯᠭᠠᠨ ᠰᠠᠪᠠᠯᠠᠵᠤ᠂ ᠡᠯ᠎ᠡ ᠲᠤᠷᠰᠢᠯᠲᠠ ᠶᠢ ᠡᠭᠦᠷᠭᠡᠯᠡᠬᠦ ᠨᠢᠭᠡᠴᠡ ︵ᠬᠦᠰᠦᠨᠦᠭᠲᠦ 2︶᠂ ᠪᠠᠶᠢᠴᠠᠭᠠᠨ ᠰᠢᠯᠭᠠᠬᠤ / ᠬᠢᠨᠠᠨ ᠲᠣᠭᠲᠠᠭᠠᠬᠤ ᠨᠢᠭᠡᠴᠡ ︵ᠬᠦᠰᠦᠨᠦᠭᠲᠦ 5︶ ᠪᠠ ᠵᠣᠬᠢᠶᠠᠨ ᠪᠠᠶᠢᠭᠤᠯᠬᠤ ᠨᠢᠭᠡᠴᠡ ᠳᠤ ᠰᠢᠤᠳᠠᠨ ᠢᠶᠠᠷ ᠢᠯᠡᠭᠡᠨ᠎ᠡ᠃ ᠦᠷ᠎ᠡ ᠢᠯᠡᠭᠡᠬᠦ ᠳᠡᠭᠡᠨ ᠪᠣᠭᠤᠳᠠᠯ ᠪᠠᠭᠯᠠᠭ᠎ᠠ ᠪᠠᠨ ᠯᠠᠪᠳᠠᠭᠤᠨ ᠪᠠᠲᠤᠲᠠᠢ ᠪᠠᠶᠢᠯᠭᠠᠵᠤ᠂ ᠪᠣᠭᠤᠳᠠᠯ ᠪᠠᠭᠯᠠᠭ᠎ᠠ ᠠᠴᠠ ᠭᠠᠳᠠᠨ᠎ᠠ ᠡᠭᠦᠯᠳᠡᠷ ᠤᠨ ᠱᠣᠰᠢᠭ᠎ᠠ ᠲᠡᠮᠳᠡᠭ ᠲᠠᠢ ᠪᠠᠶᠢᠵᠤ᠂ ᠡᠭᠦᠯᠳᠡᠷ ᠤᠨ ᠨᠡᠷᠡᠶᠢᠳᠦᠯ᠂ ᠬᠠᠷᠢᠯᠴᠠᠬᠤ ᠠᠷᠭ᠎ᠠ ᠮᠠᠶ᠋ᠢᠭ ᠵᠡᠷᠭᠡ ᠶᠢ ᠲᠣᠳᠣᠷᠬᠠᠶᠢᠯᠠᠬᠤ ᠬᠡᠷᠡᠭᠲᠡᠢ᠃       ︵ᠬᠤᠶᠠᠷ︶ ᠦᠷ᠎ᠡ ᠬᠠᠩᠭᠠᠬᠤ ᠱᠠᠭᠠᠷᠳᠠᠯᠭ᠎ᠠ      1. ᠲᠤᠷᠰᠢᠯᠲᠠ ᠶᠢᠨ ᠦᠷ᠎ᠡ ᠨᠢ ᠡᠷᠬᠡᠪᠰᠢ GB4404.1—2008  ᠳᠤ ᠲᠣᠭᠲᠠᠭᠠᠭᠰᠠᠨ ᠪᠤᠭᠤᠳᠠᠢ ᠶᠢᠨ ᠰᠠᠶᠢᠨ ᠦᠷ᠎ᠡ ᠶᠢᠨ ᠪᠠᠷᠢᠮᠵᠢᠶ᠎ᠠ ᠳᠤ ᠬᠦᠷᠦᠭᠰᠡᠠ ᠪᠠᠶᠢᠬᠤ ᠬᠡᠷᠡᠭᠲᠡᠢ᠂ ᠪᠠᠭᠯᠠᠵᠤ ᠪᠣᠯᠬᠤ ᠦᠭᠡᠢ᠃ ᠲᠤᠷᠰᠢᠯᠲᠠ ᠳᠤ ᠣᠷᠣᠯᠴᠠᠬᠤ ᠨᠢᠭᠡᠴᠡ ᠲᠤᠷᠰᠢᠯᠲᠠ ᠶᠢᠨ ᠦᠷ᠎ᠡ ᠶᠢᠨ ᠨᠠᠬᠢᠶᠠᠯᠠᠬᠤ ᠨᠤᠷᠮ᠎ᠠ᠂ ᠮᠢᠩᠭᠠᠨ ᠮᠥᠬᠦᠯᠢᠭ ᠤᠨ ᠬᠦᠨᠳᠦ᠂ ᠴᠡᠪᠡᠷᠴᠡ ᠶᠢᠨ ᠬᠡᠮᠵᠢᠶ᠎ᠡ ᠵᠡᠷᠭᠡ ᠶᠠᠰᠤ ᠴᠢᠨᠠᠷ ᠤᠨ ᠭᠦᠢᠴᠡᠳᠬᠡᠬᠦ ᠲᠤᠭ᠎ᠠ ᠶᠢ ᠬᠠᠩᠭᠠᠵᠤ᠂ ᠦᠷ᠎ᠡ ᠢᠯᠡᠭᠡᠬᠦ ᠳᠡᠭᠡᠨ ᠪᠣᠭᠤᠳᠠᠯᠯᠠᠬᠤ ᠳᠠᠭᠠᠨ ᠯᠠᠪᠳᠠᠭᠤᠨ ᠪᠠᠲᠤᠲᠠᠢ᠂ ᠡᠭᠦᠯᠳᠡᠷ ᠨᠢᠭᠡᠪᠦᠷᠢ ᠶᠢ ᠲᠤᠰᠠᠭᠠᠷ  ᠨᠢ ᠪᠣᠭᠤᠳᠠᠯᠯᠠᠵᠤ᠂ ᠪᠣᠭᠤᠳᠠᠯᠯᠠᠬᠤ ᠠᠴᠠ ᠭᠠᠳᠠᠨ᠎ᠠ ᠱᠣᠰᠢᠭ᠎ᠠ ᠲᠡᠮᠳᠡᠭ ᠲᠠᠢ ᠪᠠᠶᠢᠵᠤ᠂  ᠡᠭᠦᠯᠳᠡᠷ ᠤᠨ ᠨᠡᠷᠡᠶᠢᠳᠦᠯ᠂ ᠬᠠᠷᠢᠯᠴᠠᠬᠤ ᠠᠷᠭ᠎ᠠ ᠮᠠᠶ᠋ᠢᠭ ᠵᠢᠴᠢ ᠲᠤᠷᠰᠢᠯᠲᠠ ᠳᠤ ᠣᠷᠣᠯᠴᠠᠬᠤ ᠳᠤᠭᠤᠶᠢᠯᠠᠩ ᠤᠨ ᠢᠯᠭᠠᠯ ᠢ ᠲᠣᠳᠣᠷᠬᠠᠶᠢᠯᠠᠵᠤ᠂ ᠡᠭᠦᠯᠳᠡᠷ ᠤᠨ ᠲᠣᠳᠣᠷᠬᠠᠶᠢᠯᠠᠯᠲᠠ ᠶᠢ ᠳᠠᠭᠠᠯᠳᠤᠭᠤᠯᠤᠨ ᠢᠯᠡᠭᠡᠬᠦ ᠬᠡᠷᠡᠭᠲᠡᠢ᠃       2. ᠬᠡᠷᠪᠡ ᠦᠷ᠎ᠡ ᠬᠠᠩᠭᠠᠬᠤ ᠬᠡᠮᠵᠢᠶ᠎ᠡ ᠨᠢ ᠭᠦᠢᠴᠡᠳ ᠦᠭᠡᠢ᠂ ᠦᠷ᠎ᠡ ᠬᠠᠩᠭᠠᠬᠤ ᠴᠠᠭ ᠨᠢ ᠬᠤᠭᠤᠴᠠᠭ᠎ᠠ ᠠᠴᠠ ᠬᠡᠲᠦᠷᠡᠭᠰᠡᠨ᠂ ᠦᠷ᠎ᠡ ᠶᠢᠨ ᠶᠠᠰᠤ ᠴᠢᠨᠠᠷ ᠨᠢ ᠬᠢᠷᠢ ᠲᠡᠩᠴᠡᠭᠰᠡᠨ ᠦᠭᠡᠢ᠂ ᠲᠣᠭᠲᠠᠭᠠᠭᠰᠠᠨ ᠵᠦᠢᠯ ᠤᠳ ᠢ ᠲᠣᠳᠣᠷᠬᠠᠶᠢᠯᠠᠭᠰᠠᠨ ᠦᠭᠡᠢ  ᠠᠴᠠ ᠪᠣᠯᠵᠤ ᠲᠤᠷᠰᠢᠯᠲᠠ ᠳᠤ ᠬᠡᠪ ᠤᠨ ᠪᠠᠶᠢᠳᠠᠯ ᠢᠶᠠᠷ ᠣᠷᠣᠯᠴᠠᠵᠤ ᠴᠢᠳᠠᠬᠤ ᠦᠭᠡᠢ ᠪᠣᠯᠤᠭᠰᠠᠨ ᠪᠤᠶᠤ ᠲᠤᠷᠰᠢᠯᠲᠠ ᠶᠢᠨ ᠦᠷ᠎ᠡ ᠳ᠋ᠦᠩ ᠢ ᠨᠥᠯᠥᠭᠡᠯᠡᠭᠰᠡᠨ ᠪᠠᠶᠢᠪᠠᠯ᠂ ᠬᠠᠷᠢᠭᠤᠴᠠᠯᠭ᠎ᠠ ᠶᠢ ᠦᠷ᠎ᠡ ᠬᠠᠩᠭᠠᠬᠤ ᠨᠢᠭᠡᠴᠡ ᠥᠪᠡᠰᠦᠪᠡᠨ ᠬᠠᠷᠢᠭᠤᠴᠠᠨ᠎ᠠ᠃       3. ᠦᠷ᠎ᠡ ᠶᠢ ᠪᠠᠶᠢᠴᠠᠭᠠᠨ ᠰᠢᠯᠭᠠᠬᠤ᠄ ᠡᠯ᠎ᠡ ᠲᠤᠷᠰᠢᠯᠲᠠ ᠶᠢᠨ ᠴᠡᠭ  ᠨᠢ ᠡᠭᠦᠯᠳᠡᠷ ᠤᠨ ᠲᠤᠷᠰᠢᠯᠲᠠ ᠶᠢᠨ ᠲᠥᠰᠥᠯ ᠤᠨ ᠶᠣᠰᠣᠭᠠᠷ ᠲᠤᠷᠰᠢᠯᠲᠠ ᠳᠤ ᠣᠷᠣᠯᠴᠠᠬᠤ ᠨᠢᠭᠡᠴᠡ ᠶᠢᠨ ᠦᠷ᠎ᠡ ᠶᠢ ᠭᠥᠯᠢᠶᠡᠨ ᠠᠪᠤᠨ᠎ᠠ᠂ ᠲᠤᠷᠰᠢᠯᠲᠠ ᠳᠤ ᠣᠷᠣᠯᠴᠠᠬᠤ ᠦᠭᠡᠢ ᠡᠭᠦᠯᠳᠡᠷ ᠢ ᠲᠤᠷᠰᠢᠯᠲᠠ ᠳᠤ ᠣᠷᠣᠯᠴᠠᠭᠤᠯᠵᠤ ᠪᠣᠯᠬᠤ ᠦᠭᠡᠢ᠃ ᠲᠣᠭᠲᠠᠭᠰᠠᠨ ᠴᠠᠭ ᠬᠤᠭᠤᠴᠠᠭᠠᠨ ᠳᠣᠲᠣᠷ᠎ᠠ ᠣᠯᠵᠤ ᠠᠪᠤᠭᠰᠠᠨ ᠦᠭᠡᠢ ᠪᠣᠯ ᠡᠷᠬᠢᠯᠡᠵᠤ ᠪᠠᠶᠢᠭ᠎ᠠ ᠨᠢᠭᠡᠴᠡ ᠪᠣᠯᠣᠨ ᠦᠷ᠎ᠡ ᠬᠠᠩᠭᠠᠬᠤ ᠨᠢᠭᠡᠴᠡ ᠳᠤ ᠴᠠᠭ ᠲᠤᠬᠠᠢ  ᠳᠤᠨᠢ ᠮᠡᠳᠡᠭᠳᠡᠬᠦ ᠬᠡᠷᠡᠭᠲᠡᠢ᠃ ᠲᠤᠷᠰᠢᠯᠲᠠ ᠶᠢᠨ ᠦᠷ᠎ᠡ ᠶᠢ ᠣᠯᠣᠭᠰᠠᠨ ᠤ ᠲᠡᠷᠠᠭ᠎ᠠ ᠡᠭᠦᠯᠳᠡᠷ ᠤᠨ ᠨᠡᠷᠡᠶᠢᠳᠦᠯ᠂ ᠦᠷ᠎ᠡ ᠶᠢᠨ ᠲᠤᠭ᠎ᠠ ᠬᠡᠮᠵᠢᠶ᠎ᠡ ᠪᠣᠯᠣᠨ ᠦᠷ᠎ᠡ ᠶᠢᠨ ᠶᠠᠰᠤ ᠴᠢᠨᠠᠷ ᠢ ᠴᠠᠭᠲᠤᠬᠠᠢ ᠳᠤᠨᠢ ᠪᠠᠶᠢᠴᠠᠭᠠᠨ ᠬᠠᠷᠭᠤᠭᠤᠯᠵᠤ᠂ ᠠᠰᠠᠭᠤᠳᠠᠯ ᠢ ᠣᠯᠵᠤ ᠮᠡᠳᠡᠪᠡᠯ ᠡᠷᠬᠢᠯᠡᠵᠦ ᠪᠠᠶᠢᠭ᠎ᠠ ᠨᠢᠭᠡᠴᠡ ᠪᠣᠯᠣᠨ ᠦᠷ᠎ᠡ ᠬᠠᠩᠭᠠᠬᠤ ᠨᠢᠭᠡᠴᠡ ᠲᠠᠢ ᠴᠠᠭ ᠲᠤᠬᠠᠢ ᠳᠤᠨᠢ ᠬᠠᠷᠢᠯᠴᠠᠬᠤ ᠬᠡᠷᠡᠭᠲᠡᠢ᠃       ᠵᠢᠷᠭᠤᠭ᠎ᠠ᠂ ᠲᠠᠷᠢᠶᠠᠨ ᠭᠠᠵᠠᠷ ᠤᠨ ᠬᠠᠮᠢᠶᠠᠷᠤᠯᠲᠠ      ︵ᠨᠢᠭᠡ︶ ᠭᠠᠵᠠᠷ ᠰᠣᠩᠭᠤᠬᠤ ᠱᠠᠭᠠᠷᠳᠠᠯᠭ᠎ᠠ᠄ ᠲᠤᠷᠰᠢᠯᠲᠠ ᠬᠢᠬᠦ ᠨᠢᠭᠡᠴᠡ ᠨᠢ ᠭᠠᠵᠠᠷ ᠤᠨ ᠪᠠᠶᠢᠴᠠ ᠨᠢ ᠲᠡᠭᠰᠢᠬᠡᠨ᠂ ᠭᠤᠤᠷᠰᠤ ᠨᠢ ᠨᠢᠭᠡᠳᠦᠯᠲᠡᠢ᠂ ᠬᠥᠷᠥᠰᠥ ᠰᠢᠷᠣᠢ ᠶᠢᠨ ᠥᠩ ᠰᠢᠮ᠎ᠡ ᠨᠢ ᠵᠢᠭᠳᠡ᠂ ᠠᠵᠢᠭᠯᠠᠬᠤ ᠪᠠ ᠬᠠᠮᠢᠶᠠᠷᠬᠤ ᠳᠤ ᠠᠮᠠᠷᠬᠠᠨ ᠲᠥᠯᠥᠭᠡᠯᠡᠬᠦ ᠴᠢᠨᠠᠷᠲᠠᠢ ᠬᠡᠰᠡᠭ ᠭᠠᠵᠠᠷ ᠢ ᠰᠣᠩᠭᠤᠵᠤ᠂ ᠵᠣᠷᠢᠭᠤᠳᠠ ᠨᠥᠯᠥᠭᠡᠯᠡᠬᠦ ᠪᠠ ᠬᠤᠣᠷᠲᠤ ᠬᠤᠷᠣᠬᠠᠢ᠂ ᠬᠤᠯᠤᠭᠠᠨ᠎ᠠ᠂ ᠪᠢᠯᠵᠤᠤᠬᠠᠢ᠂ ᠮᠠᠯ ᠤᠨᠤᠭ᠎ᠠ ᠶᠢᠨ ᠬᠥᠨᠥᠭᠡᠯ ᠠᠴᠠ ᠵᠠᠶᠢᠯᠠᠰᠬᠢᠵᠦ᠂ ᠲᠤᠷᠰᠢᠯᠲᠠ ᠶᠢᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ᠃       ︵ᠬᠤᠶᠠᠷ︶ ᠳᠠᠷᠢᠬᠤ ᠠᠷᠭ᠎ᠠ ᠮᠠᠶ᠋ᠢᠭ ᠵᠢᠴᠢ ᠳᠠᠷᠢᠬᠤ ᠬᠤᠭᠤᠴᠠᠭ᠎ᠠ᠄ ᠡᠯ᠎ᠡ ᠳᠤᠭᠤᠶᠢᠯᠠᠩ ᠤᠨ ᠳᠠᠷᠢᠬᠤ ᠠᠷᠭ᠎ᠠ ᠮᠠᠶ᠋ᠢᠭ ᠲᠤ ᠲᠤᠬᠠᠢ ᠶᠢᠨ ᠭᠠᠵᠠᠷ ᠤᠨ ᠵᠠᠩᠰᠢᠭᠰᠠᠨ ᠳᠠᠷᠢᠬᠤ ᠠᠷᠭ᠎ᠠ ᠮᠠᠶ᠋ᠢᠭ ᠢ ᠬᠡᠷᠡᠭᠯᠡᠵᠦ᠂ ᠳᠠᠷᠢᠵᠤ ᠪᠣᠶᠢᠵᠢᠭᠤᠯᠬᠤ ᠨᠢᠭᠲᠠᠴᠠ ᠶᠢ ᠡᠯ᠎ᠡ ᠲᠥᠷᠥᠯ ᠤᠨ ᠲᠤᠷᠰᠢᠯᠲᠠ ᠳᠤ ᠣᠷᠣᠯᠴᠠᠭᠰᠠᠨ ᠨᠢᠭᠡᠴᠡ ᠶᠢᠨ ᠬᠠᠩᠭᠠᠭᠰᠠᠨ ᠰᠠᠨᠠᠭᠤᠯᠭ᠎ᠠ ᠶᠢᠨ ᠨᠢᠭᠲᠠᠴᠠ ᠪᠠᠷ ᠲᠣᠬᠢᠶᠠᠯᠳᠤᠮᠵᠢ ᠶᠢᠨ ᠪᠦᠷᠢᠳᠬᠡᠯ ᠬᠢᠵᠦ᠂ ᠲᠣᠬᠢᠶᠠᠯᠳᠤᠮᠵᠢ ᠪᠠᠷ ᠨᠡᠯᠢᠶᠡᠳ ᠶᠡᠭᠡ ᠳᠠᠷᠢᠬᠤ ᠨᠢᠭᠲᠠᠴᠠ ᠶᠢ ᠰᠣᠩᠭᠤᠨ᠎ᠠ᠃ ᠳᠠᠷᠢᠬᠤ ᠳᠤ ᠡᠯ᠎ᠡ ᠲᠤᠷᠰᠢᠯᠲᠠ ᠶᠢᠨ ᠴᠡᠭ ᠨᠢ ᠲᠤᠬᠠᠢ ᠶᠢᠨ ᠭᠠᠵᠠᠷ ᠤᠨ ᠬᠠᠮᠤᠭ ᠤᠨ ᠲᠣᠬᠢᠷᠠᠮᠵᠢᠲᠠᠢ ᠳᠠᠷᠢᠬᠤ ᠬᠤᠭᠤᠴᠠᠭ᠎ᠠ ᠶᠢ ᠬᠡᠷᠡᠭᠯᠡᠨ᠎ᠡ᠃       ︵ᠭᠤᠷᠪᠠ︶ ᠲᠤᠷᠰᠢᠯᠲᠠ ᠶᠢᠨ ᠬᠠᠮᠢᠶᠠᠷᠤᠯᠲᠠ ᠶᠢᠨ ᠱᠠᠭᠠᠷᠳᠠᠯᠭ᠎ᠠ᠄ ᠲᠤᠷᠰᠢᠯᠲᠠ ᠬᠢᠵᠦ ᠲᠠᠷᠢᠬᠤ᠂ ᠪᠣᠷᠳᠣᠭᠤᠷ ᠣᠷᠣᠭᠤᠯᠬᠤ ᠵᠢᠴᠢ ᠡᠯ᠎ᠡ ᠵᠦᠢᠯ  ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠠᠭ ᠲᠤᠬᠠᠢ   ᠳᠤᠨᠢ ᠨᠢᠭᠡᠳᠦᠯᠲᠡᠢ ᠪᠠᠶᠢᠯᠭᠠᠬᠤ ᠬᠡᠷᠡᠭᠲᠡᠢ᠃ ᠲᠤᠷᠰᠢᠯᠲᠠ ᠶᠢᠨ ᠲᠠᠷᠢᠶᠠᠨ ᠤ ᠤᠰᠤᠨ ᠪᠣᠷᠳᠣᠭᠤᠷ ᠤᠨ ᠬᠢᠷᠢ ᠬᠡᠮᠵᠢᠶ᠎ᠡ ᠨᠢ ᠲᠤᠬᠠᠢ ᠶᠢᠨ ᠭᠠᠵᠠᠷ ᠤᠨ ᠦᠢᠯᠡᠳᠪᠦᠷᠢᠯᠡᠯ ᠤᠨ ᠬᠢᠷᠢ ᠬᠡᠮᠵᠢᠶ᠎ᠡ ᠲᠠᠢ ᠠᠳᠠᠯᠢ ᠪᠠᠶᠢᠯᠭᠠᠵᠤ᠂ ᠲᠠᠷᠢᠶᠠᠨ ᠭᠠᠵᠠᠷ ᠤᠨ ᠬᠠᠮᠢᠶᠠᠷᠤᠯᠲᠠ ᠨᠢ ᠲᠤᠬᠠᠢ ᠶᠢᠨ ᠭᠠᠵᠠᠷ ᠤᠨ ᠦᠢᠯᠡᠳᠪᠦᠷᠢᠯᠡᠯ ᠤᠨ ᠬᠢᠷᠢ ᠬᠡᠮᠵᠢᠶ᠎ᠡ ᠠᠴᠠ ᠵᠢᠭᠠᠬᠠᠨ ᠥᠨᠳᠥᠷ ᠪᠠᠶᠢᠯᠭᠠᠨ᠎ᠠ᠃ ᠲᠠᠷᠢᠶᠠᠨ ᠭᠠᠵᠠᠷ ᠤᠨ ᠬᠠᠮᠢᠶᠠᠷᠤᠯᠲᠠ ᠪᠠ ᠬᠡᠮᠵᠢᠨ ᠲᠣᠭᠲᠠᠭᠠᠯᠲᠠ ᠨᠢᠭᠡᠪᠦᠷᠢ ᠶᠢ ᠨᠢᠭᠡ ᠯᠡ ᠡᠳᠦᠷ ᠤᠨ ᠳᠣᠲᠣᠷ᠎ᠠ ᠪᠡᠶᠡᠯᠡᠭᠦᠯᠬᠦ ᠬᠡᠷᠡᠭᠲᠡᠢ᠃       ᠲᠤᠯᠤᠭ᠎ᠠ᠂ ᠪᠠᠶᠢᠴᠠᠭᠠᠨ ᠰᠢᠯᠭᠠᠬᠤ ᠪᠠ ᠬᠢᠨᠠᠨ ᠲᠣᠭᠲᠠᠭᠠᠬᠤ      ︵ᠨᠢᠭᠡ︶ ᠨᠢᠭᠡ ᠵᠢᠯ ᠪᠠ ᠬᠤᠶᠠᠷ ᠵᠢᠯ ᠤᠨ ᠣᠷᠣᠨ ᠪᠦᠰᠡ ᠶᠢᠨ ᠲᠤᠷᠰᠢᠯᠲᠠ ᠳᠤ ᠣᠷᠣᠯᠴᠠᠭᠰᠠᠨ ᠡᠭᠦᠯᠳᠡᠷ ᠳᠤ᠂ ᠵᠣᠬᠢᠶᠠᠨ ᠪᠠᠶᠢᠭᠤᠯᠤᠭᠰᠠᠨ ᠨᠢᠭᠡᠴᠡ ᠠᠴᠠ ᠡᠰᠡᠷᠭᠦᠴᠡᠬᠦ ᠴᠢᠨᠠᠷ ᠤᠨ ᠬᠢᠨᠠᠨ ᠲᠣᠭᠲᠠᠭᠠᠯᠲᠠ᠂ DNA ᠬᠤᠷᠤᠭᠤᠨ ᠤᠷᠤᠮ ᠤᠨ ᠪᠠᠶᠢᠴᠠᠭᠠᠨ ᠬᠡᠮᠵᠢᠯᠲᠡ᠂ ᠭᠧᠨ ᠬᠤᠪᠢᠷᠠᠭᠤᠯᠤᠭᠰᠠᠨ ᠪᠠᠶᠢᠴᠠᠭᠠᠨ ᠬᠡᠮᠵᠢᠯᠲᠡ ᠪᠠ ᠶᠠᠰᠤ ᠴᠢᠨᠠᠷ ᠤᠨ ᠵᠠᠳᠠᠯᠤᠯᠲᠠ ᠶᠢ ᠨᠢᠭᠡᠳᠦᠯᠲᠡᠢ ᠥᠷᠨᠢᠭᠦᠯᠦᠨ᠎ᠡ᠃       ᠡᠰᠡᠷᠭᠦᠴᠡᠬᠦ ᠴᠢᠨᠠᠷ ᠤᠨ ᠬᠢᠨᠠᠨ ᠲᠣᠭᠲᠠᠭᠠᠯᠲᠠ᠂ DNA ᠬᠤᠷᠤᠭᠤᠨ ᠣᠷᠣᠮ ᠤᠨ ᠪᠠᠶᠢᠴᠠᠭᠠᠨ ᠬᠡᠮᠵᠢᠯᠲᠡ ᠪᠠ ᠭᠧᠨ ᠰᠢᠯᠵᠢᠭᠦᠯᠦᠭᠰᠡᠨ ᠪᠠᠶᠢᠴᠠᠭᠠᠨ ᠬᠡᠮᠵᠢᠯᠲᠡ ᠶᠢ ᠬᠥᠲᠥᠯᠥᠭᠴᠢ ᠠᠴᠠ ᠨᠢᠭᠡᠳᠦᠯᠲᠡᠢ ᠬᠤᠪᠢᠶᠠᠨ ᠰᠠᠪᠠᠯᠠᠵᠤ᠂ ᠲᠠᠰᠢᠷᠠᠮ ᠤᠨ ᠨᠢᠭᠤᠴᠠ ᠨᠣᠮᠧᠷ ᠢᠶᠠᠷ ᠳ᠋ᠤᠭᠠᠷᠯᠠᠭᠰᠠᠨ ᠤ ᠳᠠᠷᠠᠭ᠎ᠠ ᠵᠢᠭᠠᠨ ᠲᠣᠭᠲᠠᠭᠠᠭᠰᠠᠨ ᠪᠠᠶᠢᠴᠠᠭᠠᠨ ᠬᠡᠮᠵᠢᠬᠦ ᠨᠢᠭᠡᠴᠡ ᠳᠤ ᠰᠢᠤᠳᠠᠨ ᠢᠶᠠᠷ ᠢᠯᠡᠭᠡᠨ᠎ᠡ᠃ ᠶᠠᠰᠤ ᠴᠢᠨᠠᠷ ᠤᠨ ᠵᠠᠳᠠᠯᠤᠯᠲᠠ ᠨᠢ ᠲᠠᠷᠢᠮᠠᠯ ᠤᠨ ᠬᠤᠷᠢᠶᠠᠯᠲᠠ ᠶᠢᠨ ᠬᠤᠭᠤᠴᠠᠭᠠᠨ ᠳᠤ᠂ ᠲᠠᠰᠢᠷᠠᠮ ᠢᠶᠠᠷ 2 ᠲᠤᠷᠰᠢᠯᠲᠠ ᠶᠢᠨ ᠴᠡᠭ ᠢ ᠰᠣᠩᠭᠤᠵᠤ ᠲᠣᠰ ᠪᠦᠷᠢ 1kg ᠥᠯᠢᠭᠡᠷ ᠠᠪᠴᠤ᠂ ᠬᠥᠲᠥᠯᠥᠭᠴᠢ ᠠᠴᠠ ᠦᠯᠢᠭᠡᠷ ᠡᠳ᠋ ᠢ ᠬᠤᠯᠢᠭᠰᠠᠨ ᠤ ᠳᠠᠷᠠᠭ᠎ᠠ᠂ ᠲᠠᠰᠢᠷᠠᠮ ᠤᠨ ᠨᠢᠭᠤᠴᠠ ᠨᠣᠮᠧᠷ ᠤᠨ ᠳ᠋ᠤᠭᠠᠷᠯᠠᠯ ᠢ ᠵᠢᠭᠠᠨ ᠲᠣᠭᠲᠠᠭᠠᠭᠰᠠᠨ ᠶᠠᠰᠤ ᠴᠢᠨᠠᠷ ᠤᠨ ᠵᠠᠳᠠᠯᠤᠯᠲᠠ ᠶᠢᠨ ᠨᠢᠭᠡᠴᠡ ᠳᠤ ᠢᠯᠡᠭᠡᠨ᠎ᠡ᠃       ︵ᠬᠤᠶᠠᠷ︶ DUS ᠰᠢᠯᠭᠠᠯᠲᠠ      ᠰᠢᠯᠭᠠᠯᠲᠠ ᠳᠤ ᠣᠷᠣᠯᠴᠠᠭᠰᠠᠨ ᠨᠢᠭᠡᠴᠡ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠤᠷᠭᠤᠮᠠᠯ ᠤᠨ ᠰᠢᠨ᠎ᠡ ᠡᠭᠦᠯᠳᠡᠷ ᠤᠨ ᠰᠢᠯᠭᠠᠯᠲᠠ ᠶᠢᠨ ᠲᠥᠪ ᠲᠤ ᠨᠠᠶᠢᠳᠠᠵᠤ DUS ᠰᠢᠯᠭᠠᠯᠲᠠ ᠶᠢ ᠥᠷᠨᠢᠭᠦᠯᠵᠦ᠂ DUS ᠰᠢᠯᠭᠠᠯᠲᠠ ᠶᠢ ᠰᠦᠯᠵᠢᠶᠡᠨ ᠳᠡᠭᠡᠷ᠎ᠡ ᠭᠤᠶᠤᠴᠢᠯᠠᠬᠤ ᠰᠢᠰᠲ᠋ᠧᠮ ᠳᠤ ᠨᠠᠶᠢᠳᠠᠬᠤ ᠬᠡᠷᠡᠭᠲᠡᠢ᠄          http://202.127.42.202/testsys/system/login᠃      ᠨᠠᠢᠮᠠ᠂ ᠪᠠᠶᠢᠴᠠᠭᠠᠯᠲᠠ ᠶᠢᠨ ᠲᠡᠮᠳᠡᠭᠯᠡᠯ ᠪᠠ ᠣᠯᠣᠯᠲᠠ      ︵ᠨᠢᠭᠡ︶ ᠲᠠᠷᠢᠶᠠᠨ ᠭᠠᠵᠠᠷ ᠤᠨ ᠪᠠᠶᠢᠴᠠᠭᠠᠯᠲᠠ ᠶᠢᠨ ᠠᠵᠢᠯᠲᠠᠨ ᠢ ᠲᠤᠰᠬᠠᠢ ᠬᠥᠮᠥᠨ ᠲᠣᠭᠲᠠᠭᠠᠵᠤ᠂ ᠪᠣᠯᠪᠠᠰᠤᠷᠠᠯ ᠳᠤ ᠣᠷᠣᠯᠴᠠᠭᠰᠠᠨ ᠲᠠᠷᠢᠶᠠᠨ ᠭᠠᠵᠠᠷ ᠤᠨ ᠲᠤᠷᠰᠢᠯᠲᠠ ᠶᠢᠨ ᠮᠡᠷᠭᠡᠵᠢᠯ ᠤᠨ ᠦᠨᠡᠮᠯᠡᠯ ᠲᠠᠢ ᠪᠤᠶᠤ ᠪᠤᠭᠤᠳᠠᠢ ᠶᠢᠨ ᠲᠦᠷᠤᠯ ᠵᠦᠢᠯ ᠤᠨ ᠲᠤᠷᠰᠢᠯᠲᠠ ᠶᠢ ᠤᠷᠳᠤ ᠬᠤᠭᠤᠴᠠᠭ᠎ᠠ ᠪᠠᠷ ᠡᠭᠦᠷᠭᠡᠯᠡᠳᠡᠭ ᠮᠡᠷᠭᠡᠵᠢᠯ ᠤᠨ ᠠᠵᠢᠯᠲᠠᠨ ᠢᠶᠠᠷ ᠬᠠᠷᠢᠭᠤᠴᠠᠭᠤᠯᠬᠤ ᠬᠡᠷᠡᠭᠲᠡᠢ᠃ ᠦᠷᠡᠵᠢᠯ ᠤᠨ ᠪᠦᠬᠦ ᠬᠤᠭᠤᠴᠠᠭᠠᠨ ᠳᠤ ᠨᠢᠭᠡᠳᠦᠯᠲᠡᠢ ᠪᠠᠶᠢᠴᠠᠭᠠᠯᠲᠠ ᠶᠢᠨ ᠵᠦᠢᠯ᠂ ᠪᠠᠷᠢᠮᠵᠢᠶ᠎ᠠ᠂ ᠠᠷᠭ᠎ᠠ ᠪᠠᠷ ᠵᠦᠢᠯ ᠳᠠᠷᠠᠭᠠᠯᠠᠨ ᠲᠡᠮᠳᠡᠭᠯᠡᠵᠦ᠂ ᠴᠠᠭ ᠲᠤᠬᠠᠢ ᠳᠤᠨᠢ᠂ ᠣᠨᠣᠪᠴᠢᠲᠠᠶ᠂ ᠪᠦᠷᠢᠨ ᠪᠦᠲᠦᠨ ᠪᠠᠶᠢᠯᠭᠠᠬᠤ ᠬᠡᠷᠡᠭᠲᠡᠢ᠃       ︵ᠬᠤᠶᠠᠷ︶ ᠲᠤᠷᠰᠢᠯᠲᠠ ᠶᠢᠨ ᠲᠡᠮᠳᠡᠭᠯᠡᠭᠴᠢ ᠪᠠ ᠲᠤᠷᠰᠢᠯᠲᠠ ᠶᠢᠨ ᠬᠠᠮᠢᠶᠠᠷᠤᠯᠲᠠ ᠶᠢᠨ ᠠᠵᠢᠯᠲᠠᠨ ᠳᠤ ᠭᠠᠷ ᠤᠨ ᠦᠰᠦᠭ ᠵᠢᠷᠤᠬᠤ ᠳᠦᠷᠢᠮ ᠢ ᠬᠡᠷᠡᠭᠵᠢᠭᠦᠯᠦᠨ᠎ᠡ᠃ ᠲᠤᠷᠰᠢᠯᠲᠠ ᠶᠢᠨ ᠲᠥᠰᠥᠯ ᠢ ᠦᠨᠳᠦᠰᠦᠯᠡᠨ ᠲᠤᠷᠰᠢᠯᠲᠠ ᠶᠢᠨ ᠵᠢᠷᠤᠭ ᠲᠥᠯᠥᠪᠯᠡᠭᠡ᠂ ᠲᠠᠷᠢᠮᠠᠯ ᠤᠨ ᠬᠠᠮᠢᠶᠠᠷᠤᠯᠲᠠ᠂ ᠡᠭᠦᠯᠳᠡᠷ ᠢ ᠲᠡᠮᠳᠡᠭᠯᠡᠬᠦ᠂ ᠪᠦᠷᠢᠳᠬᠡᠨ ᠵᠠᠳᠠᠯᠬᠤ ᠵᠡᠷᠭᠡ ᠠᠵᠢᠯ ᠢ ᠰᠠᠶᠢᠲᠤᠷ ᠬᠢᠵᠦ᠂ ᠲᠤᠷᠰᠢᠯᠲᠠ ᠶᠢᠨ ᠮᠡᠳᠡᠭᠦᠯᠦᠯᠲᠡ ᠶᠢ ᠪᠤᠢ ᠪᠣᠯᠭᠠᠬᠤ ᠬᠡᠷᠡᠭᠲᠡᠢ᠃ ᠲᠤᠷᠰᠢᠯᠲᠠ ᠶᠢᠨ ᠮᠡᠳᠡᠭᠦᠯᠦᠯᠲᠡ ᠶᠢ ᠬᠤᠶᠠᠷ ᠮᠡᠷᠭᠡᠵᠢᠯᠲᠡᠨ ᠬᠠᠮᠲᠤ ᠪᠠᠷ ᠪᠡᠶᠡᠯᠡᠭᠦᠯᠬᠦ ᠶᠢᠨ ᠬᠠᠮᠲᠤ ᠬᠤᠶᠠᠷ ᠬᠥᠮᠥᠨ ᠤ ᠭᠠᠷ ᠤᠨ ᠦᠰᠦᠭ ᠵᠢᠷᠤᠭᠤᠯᠵᠤ᠂ ᠮᠡᠳᠡᠭᠦᠯᠦᠯᠲᠡ ᠶᠢ ᠮᠡᠷᠭᠡᠵᠢᠯ ᠤᠨ ᠬᠠᠷᠢᠭᠤᠴᠠᠯᠭᠠᠲᠠᠨ ᠬᠢᠨᠠᠨ ᠬᠠᠷᠭᠤᠭᠤᠯᠵᠤ ᠭᠠᠷ ᠤᠨ ᠦᠰᠦᠭ ᠵᠢᠷᠤᠭᠰᠠᠨ ᠤ ᠲᠠᠷᠠᠭ᠎ᠠ ᠮᠡᠳᠡᠭᠦᠯᠦᠨ᠎ᠡ᠃       ︵ᠭᠤᠷᠪᠠ︶ ᠲᠠᠷᠢᠶᠠᠨ ᠭᠠᠵᠠᠷ ᠤᠨ ᠪᠠᠶᠢᠴᠠᠭᠠᠯᠲᠠ ᠳᠤ ᠣᠷᠣᠨ ᠪᠦᠷᠢ ᠠᠴᠠ ᠲᠠᠰᠢᠷᠠᠮ ᠢᠶᠠᠷ 10 ᠴᠡᠭ᠂ ᠴᠡᠭ ᠪᠦᠷᠢ ᠠᠴᠠ 6 ᠰᠠᠭᠤᠷᠢ᠂ ᠨᠡᠶᠢᠲᠡ 60 ᠰᠠᠭᠤᠷᠢ ᠶᠢ ᠠᠪᠴᠤ ᠵᠠᠳᠠᠯᠤᠯᠲᠠ ᠬᠢᠵᠦ᠂ ᠳᠤᠮᠳᠠᠴᠢ ᠬᠡᠮᠵᠢᠭᠳᠡᠯ ᠢ ᠨᠢ ᠠᠪᠤᠨ᠎ᠠ︔ ᠦᠷ᠎ᠡ ᠰᠢᠯᠭᠠᠬᠤ ᠳᠤ ᠲᠠᠰᠢᠷᠠᠮ ᠤᠨ ᠦᠯᠢᠭᠡᠷ ᠡᠳ᠋ ᠢ ᠠᠪᠬᠤ ᠳᠤ 5 ᠴᠡᠭ ᠢ ᠰᠣᠩᠭᠤᠵᠤ᠂ ᠴᠡᠭ ᠪᠦᠷᠢ ᠶᠢᠨ ᠲᠠᠯᠠᠪᠠᠢ ᠨᠢ 0.2~0.3 ᠺᠤᠸᠠᠲ ᠮᠧᠲᠷ᠂ 5 ᠴᠡᠭ ᠤᠨ ᠶᠠᠩᠵᠤ ᠶᠢᠨ ᠮᠣᠳᠣᠨ ᠤ ᠲᠤᠭ᠎ᠠ ᠶᠢ ᠬᠤᠯᠢᠵᠤ᠂ ᠲᠠᠰᠢᠷᠠᠮ ᠤᠨ ᠰᠢᠯᠭᠠᠯᠲᠠ ᠳᠤ 20 ᠰᠠᠭᠤᠷᠢ ᠦᠷ᠎ᠡ ᠰᠢᠯᠭᠠᠨ᠎ᠠ᠃       ︵ᠳᠥᠷᠪᠡ︶ ᠲᠤᠷᠰᠢᠯᠲᠠ ᠶᠢᠨ ᠡᠭᠦᠯᠳᠡᠷ ᠳᠤ ᠭᠤᠣᠯ ᠪᠣᠯᠬᠤ ᠡᠪᠡᠳᠴᠢᠨ ᠤ ᠬᠥᠨᠥᠭᠡᠯ ᠤᠨ ᠳᠠᠭᠠᠭᠠᠮᠠᠭᠠᠢ ᠡᠪᠡᠳᠴᠢᠨ᠂ ᠬᠠᠯᠳᠠᠪᠤᠷᠢᠲᠤ ᠡᠪᠡᠳᠴᠢᠨ ᠳᠤ ᠲᠠᠷᠢᠶᠠᠨ ᠭᠠᠵᠠᠷ ᠤᠨ ᠤᠷᠭᠤᠮᠠᠯ ᠤᠨ ᠡᠪᠡᠳᠴᠢᠨ ᠤ ᠪᠠᠶᠢᠳᠠᠯ ᠤᠨ ᠢᠯᠡᠳᠬᠡᠭᠴᠢ ᠶᠢᠨ ᠪᠠᠶᠢᠴᠠᠭᠠᠯᠲᠠ ᠪᠠᠷ ᠳᠡᠮᠵᠢᠨ᠂ ᠭᠠᠩ ᠳᠠᠭᠠᠭᠠᠬᠤ ᠪᠠᠶᠢᠳᠠᠯ ᠳᠤ ᠤᠷᠭᠤᠮᠠᠯ ᠤᠨ ᠦᠬᠦᠰᠢᠷᠡᠯ ᠤᠨ ᠪᠠᠶᠢᠳᠠᠯ ᠢ ᠦᠨᠳᠦᠰᠦᠯᠡᠨ ᠦᠨᠡᠯᠡᠯᠲᠡ ᠬᠢᠨ᠎ᠡ᠃       ᠶᠢᠰᠦ᠂ ᠲᠤᠷᠰᠢᠯᠲᠠ ᠶᠢᠨ ᠳ᠋ᠦᠩᠨᠡᠯᠲᠡ      ︵ᠨᠢᠭᠡ︶ ᠲᠤᠷᠰᠢᠯᠲᠠ ᠳᠠᠭᠤᠰᠤᠭᠰᠠᠨ ᠤ ᠳᠠᠷᠠᠭ᠎ᠠ᠂ ᠤᠰᠤᠨ ᠲᠠᠷᠢᠶᠠᠨ ᠤ ᠳᠤᠭᠤᠶᠢᠯᠠᠩ᠂ ᠬᠠᠭᠤᠷᠠᠢ ᠲᠠᠷᠢᠶᠠᠯᠠᠭ᠎ᠠ ᠶᠢᠨ ᠳᠤᠭᠤᠶᠢᠯᠠᠩ ᠤᠨ ᠡᠯ᠎ᠡ ᠲᠤᠷᠰᠢᠯᠲᠠ ᠶᠢᠨ ᠴᠡᠭ  ᠨᠢ 11 ᠰᠠᠷ᠎ᠠ ᠶᠢᠨ 15 ᠤ ᠡᠳᠦᠷ ᠠᠴᠠ ᠡᠮᠦᠨ᠎ᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠳᠠᠢ ᠶᠢᠨ ᠡᠭᠦᠯᠳᠡᠷ ᠤᠨ ᠲᠠᠷᠢᠶᠠᠨ ᠭᠠᠵᠠᠷ ᠤᠨ ᠠᠵᠢᠭᠯᠠᠯᠲᠠ ᠶᠢᠨ ᠲᠡᠮᠳᠡᠭᠯᠡᠯ ᠤᠨ ᠬᠦᠰᠦᠨᠦᠭᠲᠦ︾ ᠶᠢ ᠲᠣᠰ ᠲᠣᠰ ᠲᠤᠷᠰᠢᠯᠲᠠ ᠶᠢ ᠡᠷᠭᠢᠯᠡᠬᠦ ᠨᠢᠭᠡᠴᠡ ᠪᠠ ᠲᠤᠷᠰᠢᠯᠲᠠ ᠶᠢ ᠵᠣᠬᠢᠶᠠᠨ ᠪᠠᠶᠢᠭᠤᠯᠬᠤ ᠨᠢᠭᠡᠴᠡ ᠳᠤ ᠮᠡᠳᠡᠭᠦᠯᠦᠨ᠎ᠡ᠃       ︵ᠬᠤᠶᠠᠷ︶ ᠲᠤᠷᠰᠢᠯᠲᠠ ᠳᠤ ᠣᠷᠣᠯᠴᠠᠭᠰᠠᠨ ᠡᠭᠦᠯᠳᠡᠷ ᠤᠨ ᠲᠤᠷᠰᠢᠯᠲᠠ ᠶᠢᠨ ᠴᠡᠭ ᠤᠨ  ᠤᠨᠠᠯᠲᠠ ᠶᠢᠨ ᠨᠡᠮᠡᠭᠳᠡᠯ ᠬᠠᠰᠤᠭᠳᠠᠯ ᠤᠨ ᠬᠡᠮᠵᠢᠶ᠎ᠡ ᠨᠢ 20% ᠳᠤ ᠬᠦᠷᠬᠦ ᠦᠶ᠎ᠡ ᠳᠤ᠂ ᠲᠤᠷᠰᠢᠯᠲᠠ ᠶᠢᠨ  ᠴᠡᠭ ᠤᠨ ᠬᠠᠷᠢᠭᠤᠴᠠᠯᠭᠠᠲᠠᠨ ᠡᠷᠬᠡᠪᠰᠢ ᠲᠤᠷᠰᠢᠯᠲᠠ ᠶᠢ ᠵᠣᠬᠢᠶᠠᠨ ᠪᠠᠶᠢᠭᠤᠯᠬᠤ ᠨᠢᠭᠡᠴᠡ ᠳᠤ ᠤᠨᠠᠯᠲᠠ ᠶᠢᠨ ᠨᠡᠮᠡᠭᠳᠡᠯ ᠬᠠᠰᠤᠭᠳᠠᠯ ᠤᠨ ᠰᠢᠯᠲᠠᠭᠠᠨ ᠢᠶᠠᠨ ᠪᠢᠴᠢᠭ ᠢᠶᠠᠷ ᠮᠡᠳᠡᠭᠦᠯᠬᠦ ᠬᠡᠷᠡᠭᠲᠡᠢ᠄ ᠴᠠᠭ ᠠᠭᠤᠷ ᠤᠨ ᠰᠢᠯᠲᠠᠭᠠᠨ ᠳᠤ ᠬᠤᠯᠪᠣᠭᠳᠠᠪᠠᠯ᠂ ᠡᠷᠬᠡᠪᠰᠢ ᠲᠤᠬᠠᠢ ᠶᠢᠨ ᠭᠠᠵᠠᠷ ᠤᠨ ᠴᠠᠭ ᠠᠭᠤᠷ ᠤᠨ ᠰᠠᠯᠠᠭ᠎ᠠ ᠮᠥᠴᠢᠷ ᠤᠨ ᠬᠠᠩᠭᠠᠭᠰᠠᠨ ᠬᠠᠮᠢᠶ᠎ᠠ ᠪᠦᠬᠦᠢ ᠴᠠᠭ ᠠᠭᠤᠷ ᠤᠨ ᠲᠤᠭ᠎ᠠ ᠪᠠᠷᠢᠮᠲᠠ ᠶᠢ ᠬᠠᠩᠭᠠᠬᠤ ᠬᠡᠷᠡᠭᠲᠡᠢ᠃ ᠤᠴᠢᠷ ᠰᠢᠯᠲᠠᠭᠠᠨ ᠢ ᠨᠢ ᠲᠣᠳᠣᠷᠬᠠᠶᠢᠯᠠᠵᠤ ᠳᠡᠶᠢᠯᠬᠦ ᠦᠭᠡᠢ ᠪᠠᠶᠢᠪᠠᠯ᠂ ᠲᠤᠰ ᠴᠡᠭ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠬᠤ ᠦᠭᠡᠢ︔ ᠬᠡᠮᠵᠢᠬᠦ ᠠᠴᠠ ᠡᠮᠦᠨ᠎ᠡ᠂ ᠲᠤᠷᠰᠢᠯᠲᠠ ᠶᠢᠨ ᠴᠡᠭ ᠤᠨ ᠲᠠᠷᠢᠶᠠᠨ ᠭᠠᠵᠠᠷ ᠤᠨ ᠪᠠᠶᠢᠴᠠᠭᠠᠯᠲᠠ ᠬᠢᠭᠡᠳ ᠬᠠᠮᠢᠶᠠᠷᠤᠯᠲᠠ ᠶᠢᠨ ᠠᠵᠢᠯᠲᠠᠨ ᠲᠤᠷᠰᠢᠯᠲᠠ ᠳᠤ ᠣᠷᠣᠯᠴᠠᠭᠰᠠᠨ ᠡᠭᠦᠯᠳᠡᠷ ᠤᠨ ᠤᠨᠠᠯᠲᠠ ᠶᠢᠨ ᠨᠡᠮᠡᠭᠳᠡᠯ ᠬᠠᠰᠤᠭᠳᠠᠯ ᠤᠨ ᠬᠡᠮᠵᠢᠶ᠎ᠡ 30% ᠳᠤ ᠬᠦᠷᠬᠦ ᠪᠣᠯᠣᠮᠵᠢ ᠲᠠᠢ ᠪᠠᠶᠢᠬᠤ ᠶᠢ ᠣᠯᠵᠤ ᠮᠡᠳᠡᠪᠡᠯ᠂ ᠡᠷᠬᠡᠪᠰᠢ ᠬᠠᠷᠢᠶ᠎ᠠ ᠣᠷᠣᠨ ᠬᠤᠲᠠ ᠶᠢᠨ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠭᠦᠯᠳᠡᠷ ᠤᠨ ᠬᠠᠮᠢᠶᠠᠷᠤᠯᠲᠠ ᠶᠢᠨ ᠰᠠᠯᠠᠭ᠎ᠠ ᠶᠢᠨ ᠬᠠᠷᠢᠭᠤᠴᠠᠯᠭᠠᠲᠠᠨ ᠢ ᠤᠷᠢᠵᠤ ᠬᠠᠮᠲᠤᠪᠠᠷ ᠤᠨᠠᠯᠲᠠ ᠶᠢ ᠬᠡᠮᠵᠢᠨ᠂ ᠤᠨᠠᠯᠲᠠ ᠶᠢ ᠬᠡᠮᠵᠢᠭᠰᠡᠨ ᠮᠡᠳᠡᠭᠦᠯᠦᠯᠲᠡ ᠳᠤ ᠭᠠᠷ ᠤᠨ ᠥᠰᠥᠭ ᠵᠢᠷᠤᠭᠤᠯᠬᠤ ᠶᠢᠨ ᠬᠠᠮᠲᠤ ᠲᠤᠷᠰᠢᠯᠲᠠ ᠶᠢ ᠵᠣᠬᠢᠶᠠᠨ ᠪᠠᠶᠢᠭᠤᠯᠬᠤ ᠨᠢᠭᠡᠴᠡ ᠳᠤ ᠮᠡᠳᠡᠭᠦᠯᠬᠦ ᠬᠡᠷᠡᠭᠲᠡᠢ᠂ ᠡᠰᠡ ᠲᠡᠭᠡᠪᠡᠯ ᠲᠣᠰ ᠲᠤᠭ᠎ᠠ ᠪᠠᠷᠢᠮᠲᠠ ᠶᠢ ᠬᠤᠷᠢᠶᠠᠩᠭᠤᠶᠢᠯᠠᠬᠤ ᠦᠶ᠎ᠡ ᠳᠤ ᠬᠡᠷᠡᠭᠯᠡᠬᠦ ᠦᠭᠡᠢ᠃ ᠲᠤᠷᠰᠢᠯᠲᠠ ᠶᠢᠨ ᠦᠷ᠎ᠡ ᠳ᠋ᠦᠩ ᠤᠨ ᠣᠨᠣᠪᠴᠢᠲᠤ ᠴᠢᠨᠠᠷ ᠢ ᠵᠣᠷᠢᠭᠤᠳᠠ ᠪᠤᠶᠤ ᠭᠠᠮᠰᠢᠭ ᠤᠨ ᠨᠥᠯᠥᠭᠡᠯᠡᠭᠰᠡᠨ ᠠᠴᠠ ᠪᠣᠯᠵᠤ ᠬᠡᠷᠡᠭᠯᠡᠭᠡᠨ ᠠᠴᠠ ᠭᠠᠷᠭᠠᠭᠰᠠᠨ ᠲᠤᠷᠰᠢᠯᠲᠠ ᠶᠢ ᠬᠡᠷᠡᠭᠯᠡᠭᠡᠨ ᠠᠴᠠ ᠭᠠᠷᠭᠠᠭᠰᠠᠨ ᠤ ᠳᠠᠷᠠᠭᠠᠬᠢ 15 ᠡᠳᠦᠷ ᠤᠨ ᠳᠣᠲᠣᠷ᠎ᠠ ᠵᠠᠬᠢᠳᠠᠯ ᠤᠨ ᠵᠦᠢᠯ ᠤᠨ ᠬᠡᠯᠪᠡᠷᠢ ᠪᠠᠷ ᠲᠤᠷᠰᠢᠯᠲᠠ ᠶᠢ ᠡᠷᠬᠢᠯᠡᠬᠦ ᠨᠢᠭᠡᠴᠡ ᠪᠠ ᠲᠤᠷᠰᠢᠯᠲᠠ ᠶᠢ ᠵᠣᠬᠢᠶᠠᠨ ᠪᠠᠶᠢᠭᠤᠯᠬᠤ ᠨᠢᠭᠡᠴᠡ ᠳᠤ ᠪᠠᠶᠢᠳᠠᠯ ᠢ ᠮᠡᠳᠡᠭᠳᠡᠨ᠎ᠡ᠃       ︵ᠭᠤᠷᠪᠠ︶ ᠲᠤᠷᠰᠢᠯᠲᠠ ᠬᠢᠵᠦ ᠳᠠᠭᠤᠰᠤᠭᠰᠠᠨ ᠤ ᠳᠠᠷᠠᠭ᠎ᠠ᠂ ᠡᠷᠭᠢᠯᠡᠨ ᠬᠢᠭᠰᠡᠨ ᠨᠢᠭᠡᠴᠡ ᠠᠴᠠ ᠲᠤᠷᠰᠢᠯᠲᠠ ᠶᠢᠨ ᠦᠷ᠎ᠡ ᠳ᠋ᠦᠩ ᠢ ᠴᠠᠭ ᠲᠤᠬᠠᠢ ᠳᠤᠨᠢ ᠬᠤᠷᠢᠶᠠᠩᠭᠤᠶᠢᠯᠠᠬᠤ ᠬᠡᠷᠡᠭᠲᠡᠢ᠃       ᠠᠷᠪᠠ᠂ ᠲᠤᠷᠰᠢᠯᠲᠠ ᠶᠢ ᠵᠣᠬᠢᠶᠠᠨ ᠪᠠᠶᠢᠭᠤᠯᠬᠤ ᠪᠠ ᠡᠷᠭᠢᠯᠡᠬᠦ ᠨᠢᠭᠡᠴᠡ ᠶᠢᠨ ᠬᠠᠷᠢᠯᠴᠠᠬᠤ ᠠᠷᠭ᠎ᠠ ᠮᠠᠶ᠋ᠢᠭ      ︵ᠨᠢᠭᠡ︶ ᠲᠤᠷᠰᠢᠯᠲᠠ ᠬᠢᠬᠦ ᠶᠢ ᠵᠣᠬᠢᠶᠠᠨ ᠪᠠᠶᠢᠭᠤᠯᠬᠤ ᠨᠢᠭᠡᠴᠡ       ᠨᠢᠭᠡᠴᠡ ᠶᠢᠨ ᠨᠡᠷᠡᠶᠢᠳᠦᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ︔ ᠬᠠᠷᠢᠯᠴᠠᠬᠤ ᠬᠥᠮᠥᠨ᠄ ᠰᠦᠨ ᠢᠦᠢ ᠶᠠᠨ︔ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠬᠥᠯᠥᠨ ᠬᠤᠶᠢᠲᠤ ᠵᠠᠮ ᠤᠨ 13 ᠳ᠋ᠤᠭᠠᠷ ᠨᠣᠮᠧᠷ︔ ᠰᠢᠤᠳᠠᠨ ᠳ᠋ᠤᠭᠠᠷ᠄ 010010︔ ᠬᠠᠷᠢᠯᠴᠠᠬᠤ ᠤᠲᠠᠰᠤ᠄ 0471—6285043︔ ᠢᠮᠧᠯ᠄ nmgzyfzc@126.com      ︵ᠬᠤᠶᠠᠷ︶ ᠲᠤᠷᠰᠢᠯᠲᠠ ᠬᠢᠬᠦ ᠶᠢ ᠡᠷᠬᠢᠯᠡᠬᠦ ᠨᠢᠭᠡᠴᠡ      1. ᠬᠠᠭᠤᠷᠠᠢ ᠲᠠᠷᠢᠶᠠᠯᠠᠭ᠎ᠠ ᠶᠢᠨ ᠳᠤᠭᠤᠶᠢᠯᠠᠩ      ᠡᠷᠭᠢᠯᠡᠬᠦ ᠨᠢᠭᠡᠴᠡ᠄ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ︔ ᠬᠠᠷᠢᠯᠴᠠᠬᠤ ᠬᠥᠮᠥᠨ᠄ ᠭᠦᠸᠧ ᡁᠢ ᠭᠠᠩ︔ ᠬᠠᠷᠢᠯᠴᠠᠬᠤ ᠬᠠᠶ᠋ᠢᠭ᠄ ᠬᠥᠯᠥᠨ ᠪᠤᠶᠢᠷ ᠬᠤᠲᠠ ᠶᠢᠨ ᠬᠠᠶᠢᠯᠠᠷ ᠲᠣᠭᠤᠷᠢᠭ ᠤᠨ ᠾᠧ ᠳ᠋ᠦᠩ ᠱᠧᠩ ᠯᠢ ᠶᠡᠭᠡ ᠵᠡᠭᠡᠯᠢ ᠶᠢᠨ 3 ᠳ᠋ᠤᠭᠠᠷ ᠨᠣᠮᠧᠷ︔ᠰᠢᠤᠳᠠᠨ ᠳ᠋ᠤᠭᠠᠷ᠄ 021008︔ ᠬᠠᠷᠢᠯᠴᠠᠬᠤ ᠤᠲᠠᠰᠤ᠄ 13947059669︔ ᠢᠮᠧᠯ᠄ 382802455@qq.com      2. ᠤᠰᠤᠨ ᠲᠠᠷᠢᠶᠠᠨ ᠤ ᠳᠤᠭᠤᠶᠢᠯᠠᠩ      ᠡᠷᠭᠢᠯᠡᠬᠦ ᠨᠢᠭᠡᠴᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠮᠠᠯ ᠤᠨ ᠰᠢᠨᠵᠢᠯᠡᠭᠡ ᠮᠡᠷᠭᠡᠵᠢᠯ ᠤᠨ ᠰᠤᠳᠤᠯᠬᠤ ᠭᠠᠵᠠᠷ︔ ᠬᠠᠷᠢᠯᠴᠠᠬᠤ ᠬᠥᠮᠥᠨ᠄ ᠶᠧ ᠵᠢᠶᠦ᠋ᠨ︔ ᠬᠠᠶ᠋ᠢᠭ᠄ ᠬᠥᠬᠡᠬᠤᠲᠠ ᠶᠢᠨ ᠢᠦᠢ ᠴᠢᠦᠦᠠᠨ ᠲᠣᠭᠤᠷᠢᠭ ᠤᠨ ᠵᠣᠣ ᠵᠢᠶᠦ᠋ᠨ ᠵᠠᠮ ᠤᠨ 22 ᠳ᠋ᠤᠭᠠᠷ ᠨᠣᠮᠧᠷ︔ ᠰᠢᠤᠳᠠᠨ ᠳ᠋ᠤᠭᠠᠷ᠄ 010031︔ ᠬᠠᠷᠢᠯᠴᠠᠬᠤ ᠤᠲᠠᠰᠤ᠄ 18247136936︔ ᠢᠮᠧᠯ᠄ yejun66@126.com      ᠠᠷᠪᠠᠨ ᠨᠢᠭᠡ᠂ ᠲᠤᠷᠰᠢᠯᠲᠠ ᠳᠤ ᠬᠢᠨᠠᠯᠲᠠ ᠲᠠᠯᠪᠢᠬᠤ ᠪᠠ ᠬᠠᠮᠢᠶᠠᠷᠬᠤ      ︵ᠨᠢᠭᠡ︶ ᠲᠤᠷᠰᠢᠯᠲᠠ ᠶᠢᠨ ᠬᠤᠭᠤᠴᠠᠭᠠᠨ ᠳᠤ᠂ ᠲᠤᠷᠰᠢᠯᠲᠠ ᠶᠢ ᠵᠣᠬᠢᠶᠠᠨ ᠪᠠᠶᠢᠭᠤᠯᠬᠤ ᠨᠢᠭᠡᠴᠡ ᠪᠠ ᠡᠷᠬᠢᠯᠡᠬᠦ ᠨᠢᠭᠡᠴᠡ ᠠᠴᠠ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠪᠠᠶᠢᠴᠠᠭᠠᠯᠲᠠ ᠬᠢᠵᠦ᠂ ᠲᠤᠰ ᠲᠤᠰ ᠤᠨ ᠲᠤᠷᠰᠢᠯᠲᠠ ᠶᠢᠨ ᠴᠡᠭ ᠤᠨ ᠲᠤᠷᠰᠢᠯᠲᠠ ᠪᠠ ᠬᠠᠮᠢᠶᠠᠷᠤᠯᠲᠠ ᠶᠢᠨ ᠠᠵᠢᠯ ᠢ ᠥᠷᠨᠢᠭᠦᠯᠬᠦ ᠶᠢ ᠵᠢᠭᠠᠨ ᠵᠢᠯᠣᠭᠤᠳᠤᠨ᠎ᠠ᠃       ︵ᠬᠤᠶᠠᠷ︶ ᠡᠭᠦᠯᠳᠡᠷ ᠤᠨ ᠲᠤᠷᠰᠢᠯᠲᠠ ᠶᠢ ᠡᠭᠦᠷᠭᠡᠯᠡᠬᠦ ᠪᠠᠶᠢᠭᠤᠯᠤᠮᠵᠢ ᠨᠢ ᠲᠤᠷᠰᠢᠯᠲᠠ ᠶᠢ ᠵᠣᠬᠢᠶᠠᠨ ᠪᠠᠶᠢᠭᠤᠯᠬᠤ ᠨᠢᠭᠡᠴᠡ ᠶᠢᠨ ᠵᠥᠪᠰᠢᠶᠡᠷᠡᠯ ᠦᠭᠡᠢ ᠪᠠᠷ ᠲᠤᠷᠰᠢᠯᠲᠠ ᠶᠢᠨ ᠮᠠᠲ᠋ᠧᠷᠢᠶᠠᠯ ᠢ ᠳᠤᠷ᠎ᠠ ᠪᠠᠷ ᠢᠶᠠᠨ ᠲᠠᠷᠬᠠᠭᠠᠵᠤ᠂ ᠦᠷᠡᠵᠢᠭᠦᠯᠵᠦ᠂ ᠬᠤᠴᠣᠷᠭᠠᠨ ᠠᠪᠴᠤ ᠪᠣᠯᠬᠤ ᠦᠭᠡᠢ᠂ ᠡᠭᠦᠯᠳᠡᠷ ᠤᠨ ᠪᠤᠰᠤ ᠲᠤᠷᠰᠢᠯᠲᠠ ᠶᠢᠨ ᠠᠵᠢᠯᠯᠠᠭ᠎ᠠ ᠶᠢ ᠬᠢᠵᠦ ᠪᠣᠯᠬᠤ ᠦᠭᠡᠢ᠃       ︵ᠭᠤᠷᠪᠠ︶ ᠡᠭᠦᠯᠳᠡᠷ ᠤᠨ ᠲᠤᠷᠰᠢᠯᠲᠠ ᠬᠢᠬᠦ ᠶᠢ ᠬᠠᠷᠢᠭᠤᠴᠠᠬᠤ ᠪᠠᠶᠢᠭᠤᠯᠤᠮᠵᠢ ᠲᠤᠷᠰᠢᠯᠲᠠ ᠶᠢᠨ ᠮᠠᠲ᠋ᠧᠷᠢᠶᠠᠯ ᠢ ᠳᠤᠷ᠎ᠠ ᠪᠠᠷ ᠢᠶᠠᠨ ᠲᠠᠷᠬᠠᠭᠠᠵᠤ᠂ ᠦᠷᠡᠵᠢᠭᠦᠯᠵᠦ᠂ ᠬᠤᠴᠣᠷᠭᠠᠨ ᠠᠪᠴᠤ ᠪᠣᠯᠬᠤ ᠦᠭᠡᠢ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠵᠤ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠵᠦ ᠪᠣᠯᠬᠤ ᠦᠭᠡᠢ᠃       ︵ᠳᠥᠷᠪᠡ︶ ᠲᠤᠷᠰᠢᠯᠲᠠ ᠶᠢᠨ ᠴᠡᠭ ᠲᠤ ᠬᠤᠶᠠᠷ ᠵᠢᠯ ᠳᠠᠷᠠᠭᠠᠯᠠᠨ ᠲᠤᠷᠰᠢᠯᠲᠠ ᠳᠤ ᠣᠷᠣᠯᠴᠠᠭᠰᠠᠨ ᠡᠭᠦᠯᠳᠡᠷ ᠤᠨ ᠤᠨᠠᠯᠲᠠ ᠶᠢᠨ ᠨᠡᠮᠡᠭᠳᠡᠯ ᠬᠠᠰᠤᠭᠳᠠᠯ ᠤᠨ ᠬᠡᠮᠵᠢᠶ᠎ᠡ ᠨᠢ 30% ᠳᠤ ᠬᠦᠷᠦᠭᠰᠡᠨ ᠲᠤᠶᠢᠯ ᠤᠨ ᠥᠷᠲᠡᠭ ᠢᠯᠡᠷᠡᠭᠰᠡᠨ ᠪᠥᠭᠡᠳ ᠱᠠᠭᠠᠷᠳᠠᠯᠭ᠎ᠠ ᠶᠣᠰᠣᠭᠠᠷ ᠰᠢᠯᠲᠠᠭᠠᠨ ᠢ ᠨᠢ ᠲᠣᠳᠣᠷᠬᠠᠶᠢᠯᠠᠵᠤ ᠳᠡᠶᠢᠯᠬᠦ ᠦᠭᠡᠢ ᠪᠠᠶᠢᠪᠠᠯ᠂ ᠲᠣᠰ ᠲᠤᠷᠰᠢᠯᠲᠠ ᠶᠢᠨ ᠴᠡᠭ ᠢ ᠬᠦᠴᠦᠨ ᠦᠭᠡᠢ ᠪᠣᠯᠭᠠᠨ᠎ᠠ᠃       ᠠᠷᠪᠠᠨ ᠬᠤᠶᠠᠷ᠂ ᠲᠤᠷᠰᠢᠯᠲᠠ ᠶᠢᠨ ᠲᠠᠩᠰᠠ ᠡᠪᠬᠡᠮᠡᠯ ᠤᠨ ᠬᠠᠮᠢᠶᠠᠷᠤᠯᠲᠠ      ᠲᠤᠷᠰᠢᠯᠲᠠ ᠶᠢᠨ ᠨᠢᠭᠡᠴᠡ ᠱᠠᠭᠠᠷᠳᠠᠯᠭ᠎ᠠ ᠶᠣᠰᠣᠭᠠᠷ ᠪᠦᠷᠢᠨ ᠪᠦᠲᠦᠨ ᠲᠤᠷᠰᠢᠯᠲᠠ ᠶᠢᠨ ᠲᠠᠩᠰᠠ ᠡᠪᠬᠡᠮᠡᠯ ᠪᠠᠶᠢᠭᠤᠯᠵᠤ᠂ ᠲᠠᠩᠰᠠ ᠡᠪᠬᠡᠮᠡᠯ ᠢ ᠦᠨᠡᠨ ᠪᠣᠳᠠᠲᠠᠢ᠂ ᠰᠢᠨᠵᠢᠯᠡᠬᠦ ᠤᠬᠠᠭᠠᠨᠴᠢ᠂ ᠲᠥᠪ ᠭᠤᠥᠯᠴᠢ ᠪᠠᠷ ᠲᠠᠭᠯᠠᠨ ᠪᠢᠴᠢᠬᠦ ᠬᠡᠷᠡᠭᠲᠡᠢ᠂ ᠳᠤᠷ᠎ᠠ ᠪᠠᠷ ᠢᠶᠠᠨ ᠪᠠᠯᠠᠯᠤᠨ ᠵᠠᠰᠠᠵᠤ ᠪᠣᠯᠬᠤ ᠦᠭᠡᠢ᠃ ᠪᠠᠶᠢᠴᠠᠭᠠᠯᠲᠠ ᠶᠢᠨ ᠳᠠᠩᠰᠠ ᠡᠪᠬᠡᠮᠡᠯ ᠢ ᠰᠠᠶᠢᠲᠤᠷ ᠬᠠᠳᠠᠭᠠᠯᠠᠨ ᠬᠠᠮᠢᠶᠠᠷᠴᠤ᠂ ᠵᠣᠬᠢᠶᠠᠨ ᠪᠠᠶᠢᠭᠤᠯᠬᠤ ᠨᠢᠭᠡᠴᠡ ᠪᠠ ᠡᠷᠬᠢᠯᠡᠬᠦ ᠨᠢᠭᠡᠴᠡ ᠶᠢᠨ ᠪᠠᠶᠢᠴᠠᠭᠠᠯᠲᠠ ᠶᠢ ᠬᠦᠯᠢᠶᠡᠬᠦ ᠬᠡᠷᠡᠭᠲᠡᠢ᠃ ᠲᠤᠷᠰᠢᠯᠲᠠ ᠳᠠᠭᠤᠰᠤᠭᠰᠠᠨ ᠤ ᠳᠠᠷᠠᠭ᠎ᠠ᠂ ᠠᠩᠬᠠᠨ ᠤ ᠲᠤᠭ᠎ᠠ ᠪᠠᠷᠢᠮᠲᠠ ᠶᠢᠨ ᠲᠠᠩᠰᠠ ᠡᠪᠬᠡᠮᠡᠯ ᠢ ᠭᠤᠷᠪᠠᠨ ᠵᠢᠯ ᠠᠴᠠ ᠳᠡᠭᠡᠭᠰᠢ ᠬᠠᠳᠠᠭᠠᠯᠠᠬᠤ ᠬᠡᠷᠡᠭᠲᠡᠢ᠃       ᠲᠤᠷᠰᠢᠯᠲᠠ ᠳᠤ ᠬᠢᠨᠠᠯᠲᠠ ᠲᠠᠯᠪᠢᠬᠤ ᠤᠲᠠᠰᠤ᠄ 0471—6285043      ᠳᠠᠭᠠᠯᠳᠤᠭᠤᠯᠤᠯ᠄      1. ᠬᠠᠭᠤᠷᠠᠢ ᠲᠠᠷᠢᠶᠠᠯᠠᠭ᠎ᠠ ᠶᠢᠨ ᠳᠤᠭᠤᠶᠢᠯᠠᠩ ᠤᠨ ᠡᠭᠦᠷᠭᠡᠯᠡᠵᠦ ᠪᠠᠶᠢᠭ᠎ᠠ ᠨᠢᠭᠡᠴᠡ ᠵᠢᠴᠢ ᠬᠠᠷᠢᠯᠴᠠᠬᠤ ᠬᠥᠮᠥᠨ᠃        2. ᠤᠰᠤᠨ ᠲᠠᠷᠢᠶᠠᠨ ᠤ ᠳᠤᠭᠤᠶᠢᠯᠠᠩ ᠤᠨ ᠡᠭᠦᠷᠭᠡᠯᠡᠵᠦ ᠪᠠᠶᠢᠭ᠎ᠠ ᠨᠢᠭᠡᠴᠡ ᠵᠢᠴᠢ ᠬᠠᠷᠢᠯᠴᠠᠬᠤ ᠬᠥᠮᠥᠨ᠃      3. ᠬᠠᠭᠤᠷᠠᠢ ᠲᠠᠷᠢᠶᠠᠯᠠᠭ᠎ᠠ ᠶᠢᠨ ᠳᠤᠭᠤᠶᠢᠯᠠᠩ ᠤᠨ ᠲᠤᠷᠰᠢᠯᠲᠠ ᠳᠤ ᠣᠷᠣᠯᠴᠠᠬᠤ ᠡᠭᠦᠯᠳᠡᠷ᠃      4. ᠤᠰᠤᠨ ᠲᠠᠷᠢᠶᠠᠨ ᠤ ᠳᠤᠭᠤᠶᠢᠯᠠᠩ ᠤᠨ ᠲᠤᠷᠰᠢᠯᠲᠠ ᠳᠤ ᠣᠷᠣᠯᠴᠠᠬᠤ ᠡᠭᠦᠯᠳᠡᠷ᠃       5. ᠪᠤᠭᠤᠳᠠᠢ ᠶᠢᠨ ᠡᠭᠦᠯᠳᠡᠷ ᠤᠨ ᠲᠤᠷᠰᠢᠯᠲᠠ ᠶᠢᠨ ᠥᠪᠡᠷᠮᠢᠴᠡ ᠴᠢᠨᠠᠷ ᠤᠨ ᠪᠠᠶᠢᠴᠠᠭᠠᠨ ᠬᠡᠮᠵᠢᠯᠲᠡ᠃                                      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                                      ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ                                                    2025 ᠣᠨ ᠤ 2 ᠰᠠᠷ᠎ᠠ ᠶᠢᠨ 17 ᠤ ᠡᠳᠦᠷ 
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号