ᠪᠦᠭᠦ ᠣᠷᠣᠨ ᠳᠤ 51.51 ᠳ᠋ᠦᠩᠰᠢᠭᠤᠷ ᠲᠥᠭᠦᠷᠢᠭ ᠤᠨ ᠲᠦᠷᠦ ᠶᠢᠨ ᠪᠣᠳᠣᠯᠭ᠎ᠠ ᠶᠢᠨ ᠴᠢᠨᠠᠷᠲᠠᠢ ᠲᠠᠷᠢᠶᠠᠯᠠᠩ ᠤᠨ ᠳᠠᠭᠠᠳᠬᠠᠯ ᠤᠨ ᠲᠥᠯᠥᠪᠦᠷᠢ ᠲᠠᠷᠬᠠᠭᠠᠵᠠᠢ
ᠨᠡᠶᠢᠲᠡᠯᠡᠭᠰᠡᠨ ᠴᠠᠭ᠄
2025/2/18
      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ  ᠤ ᠲᠢᠩᠬᠢᠮ ᠠᠴᠠ ᠣᠶᠢᠯᠠᠭᠠᠭᠰᠠᠨ ᠢᠶᠠᠷ᠂ ᠨᠢᠳᠤᠨᠤᠨ ᠮᠠᠨ ᠤ ᠣᠷᠣᠨ ᠲᠥᠷᠥ ᠶᠢᠨ ᠪᠣᠳᠣᠯᠭ᠎ᠠ ᠶᠢᠨ ᠴᠢᠨᠠᠷᠲᠠᠢ ᠲᠠᠷᠢᠶᠠᠯᠠᠩ ᠤᠨ ᠳᠠᠭᠠᠳᠬᠠᠯ ᠤᠨ ᠲᠥᠯᠥᠪᠦᠷᠢ ᠶᠢᠨ ᠬᠡᠷᠡᠭ ᠢ ᠨᠡᠶᠢᠲᠡ 30.67 ᠲᠦᠮᠡᠨ ᠬᠤᠪᠢ ᠭᠥᠯᠢᠶᠡᠨ ᠠᠪᠴᠤ᠂ ᠨᠢᠭᠡᠨᠲᠡ 29.81 ᠲᠦᠮᠡᠨ ᠬᠤᠪᠢ ᠶᠢ ᠰᠢᠢᠳᠪᠦᠷᠢᠯᠡᠵᠦ ᠳᠠᠭᠤᠰᠬᠠᠨ᠂ ᠲᠥᠯᠥᠪᠦᠷᠢ ᠥᠭᠭᠦᠭᠰᠡᠨ ᠵᠣᠭᠤᠰ  ᠤᠨ ᠬᠡᠮᠵᠢᠶ᠎ᠡ 51.51 ᠳ᠋ᠦᠩᠰᠢᠭᠤᠷ ᠲᠥᠭᠦᠷᠢᠭ ᠲᠤ ᠬᠦᠷᠴᠡᠢ᠃      ᠦᠴᠦᠸᠠᠨ ᠰᠢᠶᠠᠨ᠂ ᠮᠣᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠵᠡᠷᠭᠡ 31 ᠤᠯᠤᠰ ᠤᠨ ᠲᠠᠰ ᠤᠨ ᠶᠠᠳᠠᠭᠤ ᠠᠴᠠ ᠠᠩᠭᠢᠵᠢᠷᠠᠭᠰᠠᠨ ᠬᠤᠰᠢᠭᠤ ᠰᠢᠶᠠᠨ ᠳᠤ 26.95 ᠳ᠋ᠦᠩᠰᠢᠭᠤᠷ ᠲᠥᠭᠦᠷᠢᠭ ᠤᠨ ᠲᠥᠯᠥᠪᠦᠷᠢ ᠥᠭᠴᠦ᠂ ᠪᠦᠭᠦ ᠣᠷᠣᠨ ᠤ ᠲᠠᠷᠢᠶᠠᠯᠠᠩ ᠤᠨ ᠳᠠᠭᠠᠳᠬᠠᠯ ᠤᠨ ᠭᠠᠮᠰᠢᠭ ᠢ ᠰᠡᠷᠭᠡᠶᠢᠯᠡᠬᠦ᠂ ᠭᠠᠮᠰᠢᠭ ᠢ ᠪᠠᠭᠠᠰᠬᠠᠬᠤ᠂ ᠭᠠᠮᠰᠢᠭ ᠠᠴᠠ ᠠᠪᠤᠷᠠᠬᠤ ᠦᠢᠯᠡᠳᠦᠯ ᠤᠯᠠᠮ ᠲᠣᠪᠣᠶᠢᠮ᠎ᠠ ᠪᠣᠯᠵᠤ᠂ ᠭᠠᠮᠰᠢᠭᠳᠠᠭᠰᠠᠨ ᠮᠠᠯᠵᠢᠬᠤ ᠲᠠᠷᠢᠶᠠᠯᠠᠬᠤ ᠡᠷᠦᠭᠡ ᠪᠣᠯᠣᠨ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠭᠠᠮᠰᠢᠭ ᠤᠨ ᠳᠠᠷᠠᠭᠠᠬᠢ ᠦᠢᠯᠡᠳᠪᠦᠷᠢᠯᠡᠯ ᠢᠶᠠᠨ ᠰᠡᠷᠭᠦᠭᠡᠬᠦ ᠳᠤ ᠪᠠᠲᠤᠯᠠᠭ᠎ᠠ ᠬᠠᠩᠭᠠᠪᠠ᠃      ᠲᠠᠷᠢᠶᠠᠯᠠᠩ ᠤᠨ ᠳᠠᠭᠠᠳᠬᠠᠯ ᠤᠨ ᠭᠠᠮᠰᠢᠭ ᠢ ᠰᠡᠷᠭᠡᠶᠢᠯᠡᠬᠦ᠂ ᠭᠠᠮᠰᠢᠭ ᠠᠴᠠ ᠠᠪᠤᠷᠠᠬᠤ ᠴᠢᠳᠠᠮᠵᠢ ᠶᠢ ᠭᠦᠢᠴᠡᠳ ᠪᠠᠳᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠲᠠᠷᠢᠶᠠᠯᠠᠩ ᠤᠨ ᠳᠠᠭᠠᠳᠬᠠᠯ ᠤᠨ ᠲᠥᠯᠥᠪᠦᠷᠢ  ᠶᠢᠨ ᠠᠬᠢᠴᠠ ᠶᠢ ᠲᠦᠷᠭᠡᠳᠬᠡᠨ᠂ ᠭᠠᠮᠰᠢᠭᠳᠠᠭᠰᠠᠨ ᠮᠠᠯᠵᠢᠬᠤ ᠲᠠᠷᠢᠶᠠᠯᠠᠬᠤ ᠡᠷᠦᠭᠡ ᠪᠣᠯᠣᠨ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠳᠤ ᠲᠥᠯᠥᠪᠦᠷᠢ ᠶᠢᠨ ᠮᠥᠩᠭᠦ ᠶᠢ ᠴᠠᠭ ᠲᠤᠬᠠᠢ ᠳᠤᠨᠢ ᠣᠯᠭᠤᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ 2024 ᠣᠨ ᠤ 12 ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠲᠠᠷᠢᠶᠠᠯᠠᠬᠤ ᠣᠷᠣᠨ ᠤ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠤᠯᠪᠤᠭᠠᠯᠠᠨ ᠡᠯ᠎ᠡ ᠠᠶᠢᠮᠠᠭ ᠬᠤᠲᠠ ᠶᠢᠨ ᠮᠠᠯ ᠠᠵᠤ ᠠᠬᠤᠢ ᠲᠠᠷᠢᠶᠠᠯᠠᠩ ᠤᠨ ᠰᠠᠯᠠᠭ᠎ᠠ ᠮᠥᠴᠢᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠯᠣᠨ ᠳᠠᠭᠠᠳᠬᠠᠯ ᠤᠨ ᠪᠠᠶᠢᠭᠤᠯᠤᠮᠵᠢ ᠶᠢ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠲᠠᠷᠢᠶᠠᠯᠠᠩ ᠤᠨ ᠳᠠᠭᠠᠳᠬᠠᠯ ᠤᠨ ᠲᠥᠯᠥᠪᠦᠷᠢ ᠶᠢᠨ ᠠᠬᠢᠴᠠ ᠶᠢ ᠲᠦᠷᠭᠡᠳᠬᠡᠬᠦ ᠶᠢ ᠭᠤᠣᠯᠳᠠᠯᠭ᠎ᠠ ᠲᠠᠢ ᠡᠭᠦᠷᠭᠡ ᠪᠣᠯᠭᠠᠨ ᠠᠳᠬᠤᠵᠤ᠂ ᠮᠠᠯ ᠠᠵᠤ ᠠᠬᠤᠢ ᠲᠠᠷᠢᠶᠠᠯᠠᠩ ᠤᠨ ᠭᠠᠮᠰᠢᠭ ᠠᠴᠠ ᠪᠣᠯᠤᠭᠰᠠᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠮᠠᠯᠴᠢᠨ ᠲᠠᠷᠢᠶᠠᠴᠢᠨ ᠤ ᠠᠰᠢᠭ ᠣᠷᠣᠯᠭ᠎ᠠ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号