ᠣᠶᠢᠷ᠎ᠠ ᠶᠢᠨ ᠵᠢᠯ ᠳᠤ᠂ ᠣᠷᠳᠣᠰ ᠬᠤᠲᠠ ᠳᠡᠭᠡᠷ᠎ᠡ ᠱᠠᠲᠤᠨ ᠤ ᠲᠥᠷᠥᠯ ᠵᠦᠢᠯ ᠪᠠ ᠪᠡᠯᠡ ᠮᠥᠩᠭᠦ ᠶᠢ | ᠢᠳᠡᠪᠬᠢᠲᠡᠢ ᠭᠤᠶᠤᠴᠢᠯᠠᠨ ᠣᠯᠣᠭᠰᠠᠨ ᠰᠠᠭᠤᠷᠢᠨ ᠳᠡᠭᠡᠷ᠎ᠡ᠂ ᠡᠯ᠎ᠡ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ | ᠢᠳᠡᠪᠬᠢᠲᠡᠢ ᠬᠥᠳᠡᠯᠦᠯᠴᠡᠵᠦ ᠪᠡᠯᠡ ᠮᠥᠩᠭᠦ ᠴᠤᠭᠯᠠᠭᠤᠯᠤᠨ᠂ ᠤᠷᠢᠳ ᠬᠤᠵᠢᠳ 8 ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠰᠢᠯᠭᠠᠨ ᠬᠡᠮᠵᠢᠵᠦ ᠪᠠᠶᠢᠴᠠᠭᠠᠬᠤ | ᠲᠤᠷᠰᠢᠯᠲᠠ ᠶᠢᠨ ᠲᠠᠰᠤᠭ ᠪᠠᠶᠢᠭᠤᠯᠵᠤ᠂ 51 ᠰᠢᠶᠠᠩ ᠪᠠᠯᠭᠠᠰᠤᠨ ᠤ ᠬᠢᠨᠠᠨ ᠬᠠᠮᠢᠶᠠᠷᠬᠤ ᠪᠠᠶᠢᠭᠤᠯᠤᠮᠵᠢ ᠳᠤ ᠴᠥᠮ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠲᠦᠷᠭᠡᠨ | ᠰᠢᠯᠭᠠᠨ ᠬᠡᠮᠵᠢᠵᠦ ᠪᠠᠶᠢᠴᠠᠭᠠᠬᠤ ᠲᠠᠰᠤᠭ ᠭᠠᠷᠭᠠᠵᠤ᠂ ᠬᠤᠲᠠ᠂ ᠬᠤᠰᠢᠭᠤ᠂ ᠰᠢᠶᠠᠩ ᠭᠤᠷᠪᠠᠨ ᠱᠠᠲᠤᠨ ᠤ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠮᠤᠷ ᠲᠦᠪᠰᠢᠨ ᠢ ᠰᠢᠯᠭᠠᠨ ᠪᠠᠶᠢᠴᠠᠭᠠᠬᠤ ᠰᠢᠰᠲ᠋ᠧᠮ ᠢ | ᠠᠩᠬ᠎ᠠ ᠠᠯᠬᠤᠮ ᠪᠦᠷᠢᠯᠳᠦᠭᠦᠯᠵᠡᠢ᠃ 2025 ᠣᠨ ᠤ 1 ᠰᠠᠷ᠎ᠠ ᠶᠢᠨ ᠰᠡᠭᠦᠯᠴᠢ ᠪᠤᠯᠲᠠᠯ᠎ᠠ᠂ ᠭᠤᠶᠤᠴᠢᠯᠠᠬᠤ᠂ | ᠮᠠᠲ᠋ᠧᠷᠢᠶᠠᠯ ᠤᠨ ᠬᠢᠨᠠᠨ ᠪᠠᠶᠢᠴᠠᠭᠠᠯᠲᠠ᠂ ᠲᠤᠰᠬᠠᠢ ᠮᠡᠷᠭᠡᠵᠢᠯᠲᠡᠨ ᠤ ᠲᠤᠬᠠᠢ ᠶᠢᠨ ᠲᠠᠯᠠᠪᠤᠷ ᠤᠨ ᠬᠢᠨᠠᠨ ᠲᠣᠭᠲᠠᠭᠠᠯᠲᠠ᠂ | ᠬᠢᠨᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠦᠨᠡᠮᠯᠡᠯ ᠣᠯᠭᠤᠬᠤ ᠵᠡᠷᠭᠡ ᠭᠤᠭᠴᠤᠭ᠎ᠠ ᠪᠠᠷ ᠳᠡᠮᠵᠢᠨ᠂ ᠲᠣᠰ | ᠬᠤᠲᠠ ᠶᠢᠨ ᠬᠠᠷᠢᠶ᠎ᠠ ᠣᠷᠣᠨ ᠳᠠᠬᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ | ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠨᠢ 100% ᠪᠠᠷ ︽ᠬᠤᠣᠰ ᠭᠡᠷᠡᠴᠢᠯᠡᠯ︾ ᠢ ᠣᠯᠵᠤ᠂ | CATL ᠭᠡᠷᠡᠴᠢᠯᠡᠯ ᠢ ᠣᠯᠣᠭᠰᠠᠨ ᠵᠦᠢᠯ 190 ᠭᠠᠷᠤᠢ ᠪᠤᠢ᠃ | ᠣᠶᠢᠯᠠᠭᠠᠭᠰᠠᠨ ᠢᠶᠠᠷ᠂ 2017 ᠣᠨ ᠳᠤ CMA ︵ᠰᠢᠯᠭᠠᠨ ᠬᠡᠮᠵᠢᠵᠦ ᠪᠠᠶᠢᠴᠠᠭᠠᠬᠤ ᠪᠠᠶᠢᠭᠤᠯᠤᠮᠵᠢ ᠶᠢᠨ | ᠬᠢᠷᠢ ᠭᠡᠮ ᠢ ᠮᠠᠭᠠᠳᠯᠠᠨ ᠲᠣᠭᠲᠠᠭᠠᠬᠤ︶ ᠪᠠ CATL ︵ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ | ᠠᠮᠤᠷ ᠲᠦᠪᠰᠢᠨ ᠢ ᠪᠠᠶᠢᠴᠠᠭᠠᠨ ᠬᠡᠮᠵᠢᠬᠦ ᠪᠠᠶᠢᠭᠤᠯᠤᠮᠵᠢ ᠶᠢ ᠬᠢᠨᠠᠨ ᠰᠢᠯᠭᠠᠬᠤ︶ ︽ᠬᠤᠣᠰ ᠭᠡᠷᠡᠴᠢᠯᠡᠯ︾ ᠤᠨ ᠠᠵᠢᠯ ᠢ | ᠡᠬᠢᠯᠡᠭᠦᠯᠦᠭᠰᠡᠨ ᠠᠴᠠ ᠨᠠᠭᠠᠰᠢ᠂ ᠲᠣᠰ ᠬᠤᠲᠠ ᠶᠢᠨ ᠡᠯ᠎ᠡ ᠬᠥᠳᠡᠭᠡ ᠲᠣᠰᠬᠤᠨ ᠤ ᠪᠠᠶᠢᠴᠠᠭᠠᠯᠲᠠ ᠶᠢᠨ | ᠪᠠᠶᠢᠭᠤᠯᠤᠮᠵᠢ ︽ᠰᠢᠯᠭᠠᠨ ᠬᠡᠮᠵᠢᠵᠦ ᠪᠠᠶᠢᠴᠠᠭᠠᠬᠤ ᠪᠠᠶᠢᠭᠤᠯᠤᠮᠵᠢ ᠶᠢᠨ ᠬᠢᠷᠢ ᠭᠡᠮ ᠢ ᠮᠠᠭᠠᠳᠯᠠᠨ ᠲᠣᠭᠲᠠᠭᠠᠬᠤ | ᠬᠠᠮᠢᠶᠠᠷᠤᠯᠲᠠ ᠶᠢᠨ ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ ︽ᠰᠢᠯᠭᠠᠨ ᠬᠡᠮᠵᠢᠵᠦ ᠪᠠᠶᠢᠴᠠᠭᠠᠬᠤ ᠪᠠᠶᠢᠭᠤᠯᠤᠮᠵᠢ ᠶᠢᠨ | ᠬᠢᠷᠢ ᠭᠡᠮ ᠢ ᠮᠠᠭᠠᠳᠯᠠᠨ ᠲᠣᠭᠲᠠᠭᠠᠵᠤ ᠬᠢᠨᠠᠨ ᠲᠣᠭᠲᠠᠭᠠᠬᠤ ᠪᠠᠷᠢᠮᠵᠢᠶ᠎ᠠ︾᠂ ︽ᠲᠠᠷᠢᠶᠠᠯᠠᠩ ᠤᠨ ᠪᠦᠲᠦᠭᠡᠭᠳᠡᠬᠦᠨ ᠤ | ᠶᠠᠰᠤ ᠴᠢᠨᠠᠷ ᠤᠨ ᠠᠶᠤᠯᠭᠦᠢ ᠶᠢ ᠰᠢᠯᠭᠠᠨ ᠪᠠᠶᠢᠴᠠᠭᠠᠬᠤ ᠪᠠᠶᠢᠭᠤᠯᠤᠮᠵᠢ ᠶᠢ ᠬᠢᠨᠠᠨ ᠰᠢᠯᠭᠠᠬᠤ ᠠᠷᠭ᠎ᠠ︾᠂ ︽ᠲᠠᠷᠢᠶᠠᠯᠠᠩ | ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢ ᠰᠢᠯᠭᠠᠨ ᠪᠠᠶᠢᠴᠠᠭᠠᠬᠤ ᠪᠠᠶᠢᠭᠤᠯᠤᠮᠵᠢ ᠶᠢ ᠬᠢᠨᠠᠨ ᠰᠢᠯᠭᠠᠵᠤ | ᠬᠢᠨᠠᠨ ᠲᠣᠭᠲᠠᠭᠠᠬᠤ ᠨᠠᠷᠢᠨ ᠳᠦᠷᠢᠮ︾ ᠵᠡᠷᠭᠡ ᠬᠢᠨᠠᠨ ᠰᠢᠯᠭᠠᠬᠤ ᠨᠠᠷᠢᠨ ᠳᠦᠷᠢᠮ ᠲᠠᠢ ᠨᠢᠭᠲᠠ ᠬᠠᠷᠭᠤᠭᠤᠯᠵᠤ᠂ | ᠲᠤᠷᠰᠢᠯᠲᠠ ᠶᠢᠨ ᠲᠠᠰᠤᠭ ᠤᠨ ᠣᠷᠴᠢᠨ ᠨᠥᠬᠦᠴᠡᠯ ᠢ ᠲᠠᠰᠤᠷᠠᠯᠳᠠ ᠦᠭᠡᠢ ᠰᠢᠯᠢᠳᠡᠭᠵᠢᠭᠦᠯᠦᠨ᠂ ᠲᠤᠷᠰᠢᠯᠲᠠ ᠶᠢᠨ | ᠲᠠᠰᠤᠭ ᠤᠨ ᠳᠤᠨᠤᠭ ᠲᠥᠬᠦᠭᠡᠷᠦᠮᠵᠢ ᠶᠢ ᠪᠦᠷᠢᠨ ᠲᠦᠭᠦᠷᠵᠢᠭᠦᠯᠵᠤ᠂ ᠰᠢᠯᠭᠠᠨ ᠪᠠᠶᠢᠴᠠᠭᠠᠬᠤ ᠲᠥᠪ ᠤᠨ | ᠬᠠᠮᠢᠶᠠᠷᠤᠯᠲᠠ ᠶᠢᠨ ᠳᠦᠷᠢᠮ ᠢ ᠲᠣᠭᠲᠠᠭᠠᠨ ᠲᠡᠭᠦᠯᠳᠡᠷᠵᠢᠭᠦᠯᠵᠦ᠂ ᠶᠠᠰᠤ ᠴᠢᠨᠠᠷ ᠢ ᠰᠢᠯᠭᠠᠨ ᠪᠠᠶᠢᠴᠠᠭᠠᠬᠤ | ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠲᠤᠰᠬᠠᠢ ᠮᠡᠷᠭᠡᠵᠢᠯ ᠤᠨ ᠪᠣᠯᠪᠠᠰᠤᠷᠠᠯ ᠢ ᠶᠡᠭᠡ ᠪᠠᠷ | ᠥᠷᠨᠢᠭᠦᠯᠵᠦ᠂ ᠰᠢᠯᠭᠠᠨ ᠪᠠᠶᠢᠴᠠᠭᠠᠬᠤ ᠠᠵᠢᠯᠲᠠᠨ ᠢ ᠵᠣᠬᠢᠶᠠᠨ ᠪᠠᠶᠢᠭᠤᠯᠵᠤ ᠪᠠᠶᠢᠭᠠᠳ ᠥᠪᠡᠷᠲᠡᠭᠡᠨ ᠵᠠᠰᠠᠬᠤ ᠣᠷᠣᠨ | ᠤ ᠰᠢᠯᠭᠠᠨ ᠪᠠᠶᠢᠴᠠᠭᠠᠬᠤ ᠮᠡᠷᠭᠡᠵᠢᠯ ᠤᠨ ᠰᠢᠯᠭᠠᠯᠲᠠ ᠳᠤ ᠣᠷᠣᠯᠴᠠᠭᠤᠯᠵᠤ᠂ ᠰᠢᠯᠭᠠᠨ ᠪᠠᠶᠢᠴᠠᠭᠠᠬᠤ ᠠᠵᠢᠯᠲᠠᠳ ᠤᠨ | ᠲᠤᠰᠬᠠᠢ ᠮᠡᠷᠭᠡᠵᠢᠯ ᠤᠨ ᠲᠦᠪᠰᠢᠨ ᠢ ᠳᠡᠭᠡᠭᠰᠢᠯᠡᠭᠦᠯᠵᠤ᠂ ᠲᠤᠷᠰᠢᠯᠲᠠ ᠶᠢᠨ ᠲᠠᠰᠤᠭ ᠤᠨ ︽ᠬᠤᠣᠰ ᠭᠡᠷᠡᠴᠢᠯᠡᠯ︾ | ᠤᠨ ᠡᠯ᠎ᠡ ᠵᠦᠢᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠬᠤᠣᠰ ᠭᠡᠷᠡᠴᠢᠯᠡᠯ︾ ᠢ | ᠤᠷᠤᠭᠰᠢᠲᠠᠢ ᠣᠯᠬᠤ ᠳᠤ ᠪᠠᠲᠤ ᠪᠠᠬᠢ ᠰᠠᠭᠤᠷᠢ ᠲᠠᠯᠪᠢᠵᠠᠢ᠃ |