ᠰᠦ ᠰᠢᠷᠭᠢᠬᠦ ᠡᠬᠢᠨ ᠤ ᠬᠤᠭᠤᠴᠠᠭᠠᠨ ᠤ ᠲᠡᠵᠢᠭᠡᠯ᠃ ᠳᠠᠩ ᠭᠠᠭᠴᠠ ᠡᠷᠳᠡᠨᠢ ᠰᠢᠰᠢ ᠶᠢᠨ ᠨᠣᠭᠤᠭᠠᠨ | ᠳᠠᠷᠤᠰᠢ ᠶᠢᠨ ᠡᠨᠧᠷᠭᠢ ᠨᠢ ᠬᠡᠲᠦᠷᠬᠡᠢ ᠥᠨᠳᠥᠷ ᠤᠴᠢᠷ ᠠᠴᠠ ᠰᠦ ᠰᠢᠷᠭᠢᠬᠦ ᠡᠬᠢᠨ ᠤ ᠬᠤᠭᠤᠴᠠᠭᠠᠨ ᠤ ᠰᠠᠭᠠᠯᠢ ᠶᠢᠨ | ᠦᠨᠢᠶᠡᠨ ᠳᠤ ᠲᠡᠶᠢᠮᠦ ᠴᠦ ᠲᠣᠬᠢᠷᠠᠬᠤ ᠡᠪᠡᠰᠦ ᠲᠡᠵᠢᠭᠡᠯ ᠪᠢᠰᠢ ᠶᠤᠮ᠃ ᠬᠡᠷᠪᠡ ᠡᠷᠳᠡᠨᠢ ᠰᠢᠰᠢ ᠶᠢᠨ ᠨᠣᠭᠤᠭᠠᠨ | ᠳᠠᠷᠤᠰᠢ ︵35% ᠶᠢᠨ ᠬᠠᠭᠤᠷᠠᠢ ᠪᠣᠳᠠᠰ ᠪᠠᠭᠲᠠᠨ᠎ᠠ︶ ᠪᠠᠷ ᠡᠷᠬᠡᠪᠰᠢ ᠲᠡᠵᠢᠭᠡᠬᠦ ᠴᠢᠬᠤᠯᠠᠳᠠᠢ ᠪᠤᠯ᠂ ᠲᠡᠵᠢᠭᠡᠬᠦ | ᠬᠡᠮᠵᠢᠶ᠎ᠡ ᠶᠢ ᠨᠣᠶᠢᠲᠠᠨ ᠬᠦᠨᠳᠦ ᠨᠢ 5—7 ᠺᠢᠯᠣᠭ᠍ᠷᠠᠮ ︵ᠪᠠᠷᠤᠭ 2—2.5 ᠺᠢᠯᠣᠭ᠍ᠷᠠᠮ ᠤᠨ ᠬᠠᠭᠤᠷᠠᠢ | ᠬᠦᠨᠳᠦ︶ ᠢᠶᠠᠷ ᠬᠢᠵᠠᠭᠠᠷᠯᠠᠵᠤ᠂ ᠡᠷᠳᠡᠨᠢ ᠰᠢᠰᠢ ᠶᠢᠨ ᠨᠣᠭᠤᠭᠠᠨ ᠳᠠᠷᠤᠰᠢ ᠢᠳᠡᠭᠦᠯᠦᠭᠰᠡᠨ ᠰᠠᠭᠠᠯᠢ ᠶᠢᠨ ᠦᠨᠢᠶᠡᠨ ᠳᠤ | ᠲᠠᠷᠭᠤᠯᠠᠬᠤ ᠨᠡᠶᠢᠯᠡᠭ ᠭᠡᠮ ᠡᠭᠦᠰᠬᠦ ᠶᠢ ᠰᠡᠷᠭᠡᠶᠢᠯᠡᠬᠦ ᠴᠢᠬᠤᠯᠠᠳᠠᠢ᠃ ᠰᠠᠭᠠᠯᠢ ᠶᠢᠨ ᠦᠨᠢᠶᠡᠨ ᠳᠤ ᠶᠡᠭᠡ ᠬᠡᠮᠵᠢᠶᠡᠨ ᠤ | ᠨᠠᠷᠢᠯᠢᠭ ᠪᠣᠷᠳᠤᠭ᠎ᠠ ᠵᠢᠴᠢ ︵ᠪᠤᠶᠤ︶ ᠡᠷᠳᠡᠨᠢ ᠰᠢᠰᠢ ᠶᠢᠨ ᠨᠣᠭᠤᠭᠠᠨ ᠳᠠᠷᠤᠰᠢ ᠪᠠᠷ ᠲᠡᠵᠢᠭᠡᠪᠡᠯ ᠬᠤᠳᠣᠭᠤᠳᠤᠨ ᠤ | ᠰᠢᠯᠵᠢᠯᠲᠡ ᠶᠢ ᠡᠭᠦᠰᠬᠡᠵᠦ ᠮᠡᠳᠡᠨ᠎ᠡ᠃ ᠡᠭᠦᠨ ᠠᠴᠠ ᠭᠠᠳᠠᠨ᠎ᠠ᠂ ᠡᠷᠳᠡᠨᠢ ᠰᠢᠰᠢ ᠶᠢᠨ ᠨᠣᠭᠤᠭᠠᠨ ᠳᠠᠷᠤᠰᠢ ᠶᠢᠨ | ᠬᠡᠮᠵᠢᠶ᠎ᠡ ᠶᠢ ᠬᠢᠵᠠᠭᠠᠷᠯᠠᠬᠤ ᠨᠢ ᠰᠠᠭᠠᠯᠢ ᠶᠢᠨ ᠦᠨᠢᠶᠡᠨ ᠤ ᠡᠳᠦᠷ ᠤᠨ ᠲᠡᠵᠢᠭᠡᠯ ᠳᠠᠬᠢ ᠺᠠᠯᠼ᠂ ᠺᠠᠯᠢ ᠵᠢᠴᠢ | ᠤᠭᠤᠷᠠᠭ ᠤᠨ ᠬᠡᠮᠵᠢᠶ᠎ᠡ ᠶᠢ ᠲᠣᠬᠢᠷᠠᠭᠤᠯᠬᠤ ᠳᠤ ᠠᠰᠢᠭᠲᠠᠢ ᠪᠠᠶᠢᠳᠠᠭ᠃ ᠪᠤᠷᠴᠠᠭ ᠤᠨ ᠢᠵᠠᠭᠤᠷ ᠤᠨ ᠤᠰᠤ ᠪᠠᠭ᠎ᠠ | ᠨᠣᠭᠤᠭᠠᠨ ᠳᠠᠷᠤᠰᠢ ᠨᠢ ᠴᠦ ᠰᠦ ᠰᠢᠷᠭᠢᠬᠦ ᠡᠬᠢᠨ ᠤ ᠬᠤᠭᠤᠴᠠᠭᠠᠨ ᠤ ᠰᠠᠭᠠᠯᠢ ᠶᠢᠨ ᠦᠨᠢᠶᠡᠨ ᠳᠤ ᠲᠡᠶᠢᠮᠦ ᠴᠦ | ᠲᠣᠬᠢᠷᠠᠬᠤ ᠡᠪᠡᠰᠦ ᠲᠡᠵᠢᠭᠡᠯ ᠪᠢᠰᠢ ᠶᠤᠮ᠃ ᠬᠡᠷᠪᠡ ᠡᠷᠬᠡᠪᠰᠢ ᠤᠰᠤ ᠪᠠᠭ᠎ᠠ ᠨᠣᠭᠤᠭᠠᠨ ᠳᠠᠷᠤᠰᠢ ︵ᠬᠠᠭᠤᠷᠠᠢ ᠪᠣᠳᠠᠰ | 45%︶ ᠪᠠᠷ ᠲᠡᠵᠢᠭᠡᠬᠦ ᠳᠤ ᠬᠦᠷᠪᠡᠯ᠂ ᠲᠡᠵᠢᠭᠡᠬᠦ ᠬᠡᠮᠵᠢᠶ᠎ᠡ ᠶᠢ 3 ᠠᠴᠠ 5 ᠺᠢᠯᠣᠭ᠍ᠷᠠᠮ ᠤᠨ ᠴᠢᠭᠢᠭᠯᠢᠭ ᠤᠨ ᠬᠦᠨᠳᠦ | ︵ᠪᠠᠷᠤᠭ 1.5 ᠠᠴᠠ 2.0 ᠺᠢᠯᠣᠭ᠍ᠷᠠᠮ ᠤᠨ ᠬᠠᠭᠤᠷᠠᠢ ᠬᠦᠨᠳᠦ︶ ᠪᠠᠷ ᠬᠢᠵᠠᠭᠠᠷᠯᠠᠨ᠎ᠠ᠃ | ᠰᠦ ᠰᠢᠷᠭᠢᠬᠦ ᠰᠡᠭᠦᠯᠴᠢ ᠶᠢᠨ ᠬᠤᠭᠤᠴᠠᠭᠠᠨ ᠤ ᠲᠡᠵᠢᠭᠡᠯ᠃ ᠰᠦ ᠰᠢᠷᠭᠢᠬᠦ ᠰᠡᠭᠦᠯᠴᠢ ᠶᠢᠨ ᠬᠤᠭᠤᠴᠠᠭᠠᠨ ᠤ | ᠰᠠᠭᠠᠯᠢ ᠶᠢᠨ ᠦᠨᠢᠶ᠎ᠡ ᠭᠡᠳᠡᠭ ᠨᠢ ᠲᠤᠭᠤᠯᠯᠠᠬᠤ ᠠᠴᠠ ᠡᠮᠦᠨᠡᠬᠢ 21 ᠡᠳᠦᠷ ᠤᠨ ᠳᠣᠲᠣᠷᠠᠬᠢ ᠦᠨᠢᠶ᠎ᠡ ᠶᠢ ᠬᠡᠯᠡᠨ᠎ᠡ᠃ | ᠰᠦ ᠰᠢᠷᠭᠢᠬᠦ ᠡᠬᠢᠨ ᠤ ᠬᠤᠭᠤᠴᠠᠭᠠᠨ ᠤ ᠰᠠᠭᠠᠯᠢ ᠶᠢᠨ ᠦᠨᠢᠶ᠎ᠡ ᠲᠠᠢ ᠬᠠᠷᠢᠴᠠᠭᠤᠯᠪᠠᠯ᠂ ᠰᠦ ᠰᠢᠷᠭᠢᠬᠦ ᠰᠡᠭᠦᠯᠴᠢ ᠶᠢᠨ | ᠬᠤᠭᠤᠴᠠᠭᠠᠨ ᠤ ᠰᠠᠭᠠᠯᠢ ᠶᠢᠨ ᠦᠨᠢᠶ᠎ᠡ ᠶᠢᠨ ᠢᠳᠡᠰᠢᠯᠡᠬᠦ ᠶᠡᠷᠦᠩᠬᠡᠢ ᠬᠡᠮᠵᠢᠶ᠎ᠡ ᠶᠢ 15% ᠪᠠᠷ ᠪᠠᠭᠤᠷᠠᠭᠤᠯᠤᠨ᠎ᠠ | ︵ᠳᠠᠷᠤᠢ ᠨᠢᠭᠡ ᠲᠣᠯᠣᠭᠠᠢ 650 ᠺᠢᠯᠣᠭ᠍ᠷᠠᠮ ᠰᠠᠭᠠᠯᠢ ᠶᠢᠨ ᠦᠨᠢᠶ᠎ᠡ ᠶᠢᠨ ᠢᠳᠡᠰᠢᠯᠡᠬᠦ ᠬᠡᠮᠵᠢᠶ᠎ᠡ ᠶᠢ 10 ᠠᠴᠠ 11 | ᠺᠢᠯᠣᠭ᠍ᠷᠠᠮ ᠪᠠᠭᠠᠰᠬᠠᠨ᠎ᠠ︶᠂ ᠰᠦ ᠰᠢᠷᠭᠢᠬᠦ ᠰᠡᠭᠦᠯᠴᠢ ᠶᠢᠨ ᠬᠤᠭᠤᠴᠠᠭᠠᠨ ᠤ ᠰᠠᠭᠠᠯᠢ ᠶᠢᠨ ᠦᠨᠢᠶ᠎ᠡ ᠶᠢᠨ ᠢᠳᠡᠰᠢᠯᠡᠬᠦ | ᠳᠤᠮᠳᠠᠴᠢ ᠬᠡᠮᠵᠢᠶ᠎ᠡ ᠶᠢ ᠪᠡᠶ᠎ᠡ ᠶᠢᠨ ᠬᠦᠨᠳᠦ ᠶᠢᠨ 1.5% ᠠᠴᠠ 1.7% ᠪᠠᠷ ᠪᠠᠭᠤᠷᠠᠭᠤᠯᠤᠨ᠎ᠠ᠃ ᠰᠦ ᠰᠢᠷᠭᠢᠬᠦ | ᠰᠠᠭᠠᠯᠢ ᠶᠢᠨ ᠦᠨᠢᠶᠡᠨ ᠤ ᠲᠤᠭᠤᠯᠯᠠᠬᠤ ᠠᠴᠠ ᠡᠮᠦᠨᠡᠬᠢ 2 ᠭᠠᠷᠠᠭ ᠠᠴᠠ 3 ᠭᠠᠷᠠᠭ ᠤᠨ ᠬᠠᠭᠤᠷᠠᠢ ᠪᠣᠳᠠᠰ ᠢ | ᠰᠢᠩᠭᠡᠬᠡᠨ ᠠᠪᠬᠤ ᠬᠡᠮᠵᠢᠶ᠎ᠡ ᠶᠢ ᠭᠠᠷᠠᠭ ᠪᠦᠷᠢ 5% ᠪᠠᠷ ᠪᠠᠭᠤᠷᠠᠭᠤᠯᠵᠤ᠂ ᠬᠥᠩᠭᠡᠵᠢᠬᠦ ᠠᠴᠠ ᠡᠮᠦᠨᠡᠬᠢ 3 ᠠᠴᠠ 5 | ᠡᠳᠦᠷ ᠤᠨ ᠳᠣᠲᠣᠷ᠎ᠠ ᠬᠠᠮᠤᠭ ᠠᠷᠪᠢᠨ ᠳᠠᠭᠠᠨ 30% ᠪᠠᠷ ᠪᠠᠭᠤᠷᠠᠭᠤᠯᠤᠨ᠎ᠠ᠃ ᠰᠤᠳᠤᠯᠭᠠᠨ ᠠᠴᠠ ᠦᠵᠡᠪᠡᠯ᠂ | ᠬᠥᠩᠭᠡᠵᠢᠬᠦ ᠠᠴᠠ ᠡᠮᠦᠨᠡᠬᠢ 2 ᠭᠠᠷᠠᠭ ᠠᠴᠠ 3 ᠭᠠᠷᠠᠭ ᠲᠤ ᠰᠠᠭᠠᠯᠢ ᠶᠢᠨ ᠦᠨᠢᠶᠡᠨ ᠤ ᠢᠳᠡᠰᠢᠯᠡᠬᠦ ᠬᠡᠮᠵᠢᠶ᠎ᠡ | 30% ᠪᠠᠷ ᠪᠠᠭᠤᠷᠠᠵᠤ᠂ ᠡᠳᠦᠷ ᠪᠦᠷᠢ ᠲᠣᠯᠣᠭᠠᠢ ᠪᠦᠷᠢ ᠳᠤ 8 ᠠᠴᠠ 9 ᠺᠢᠯᠣᠭ᠍ᠷᠠᠮ ᠨᠣᠭᠳᠠᠵᠤ ᠮᠡᠳᠡᠨ᠎ᠡ᠃ | ᠦᠢᠯᠡᠳᠦᠯᠭᠡ ᠶᠢᠨ ᠳᠤᠮᠳᠠ᠂ ᠬᠥᠩᠭᠡᠵᠢᠬᠦ ᠠᠴᠠ ᠡᠮᠦᠨᠡᠬᠢ 3—5 ᠡᠳᠦᠷ ᠲᠤ᠂ ᠰᠠᠭᠠᠯᠢ ᠶᠢᠨ ᠦᠨᠢᠶᠡᠨ ᠤ | ᠬᠠᠭᠤᠷᠠᠢ ᠪᠣᠳᠠᠰ ᠢ ᠰᠢᠩᠭᠡᠬᠡᠨ ᠠᠪᠬᠤ ᠬᠡᠮᠵᠢᠶ᠎ᠡ ᠶᠢᠨ ᠪᠠᠭᠤᠷᠠᠯᠲᠠ ᠶᠢᠨ ᠨᠣᠷᠮ᠎ᠠ ᠨᠢ ᠨᠠᠩ ᠴᠤ 10% ᠠᠴᠠ | 20% ᠪᠠᠶᠢᠵᠤ ᠮᠡᠳᠡᠨ᠎ᠡ᠃ | ᠰᠦ ᠰᠢᠷᠭᠢᠬᠦ ᠰᠡᠭᠦᠯᠴᠢ ᠶᠢᠨ ᠬᠤᠭᠤᠴᠠᠭᠠᠨ ᠤ ᠰᠠᠭᠠᠯᠢ ᠶᠢᠨ ᠦᠨᠢᠶ᠎ᠡ ᠶᠢ ᠲᠡᠵᠢᠭᠡᠬᠦ ᠳᠤ ᠳᠣᠣᠷᠠᠬᠢ ᠬᠡᠳᠦᠨ | ᠲᠠᠯ᠎ᠠ ᠶᠢ ᠣᠨᠴᠠᠭᠠᠶᠢᠯᠠᠨ ᠠᠩᠬᠠᠷᠬᠤ ᠬᠡᠷᠡᠭᠲᠡᠢ᠄ 1.ᠰᠦ ᠰᠢᠷᠭᠢᠬᠦ ᠰᠡᠭᠦᠯᠴᠢ ᠶᠢᠨ ᠬᠤᠭᠤᠴᠠᠭᠠᠨ ᠤ ᠰᠠᠭᠠᠯᠢ ᠶᠢᠨ | ᠦᠨᠢᠶ᠎ᠡ ᠶᠢᠨ ᠺᠠᠯᠼ ᠤᠨ ᠬᠡᠮᠵᠢᠶ᠎ᠡ ᠶᠢ ᠨᠠᠷᠢᠨ ᠨᠢᠭᠲᠠ ᠪᠣᠳᠣᠵᠤ᠂ ᠲᠤᠭᠤᠯᠯᠠᠭᠰᠠᠨ ᠤ ᠳᠠᠷᠠᠭ᠎ᠠ ᠲᠠᠮᠪᠠᠷᠠᠬᠤ ᠠᠴᠠ | ᠰᠡᠷᠭᠡᠶᠢᠯᠡᠨ᠎ᠡ᠃ 2.ᠰᠦ ᠰᠢᠷᠭᠢᠬᠦ ᠰᠡᠭᠦᠯᠴᠢ ᠶᠢᠨ ᠬᠤᠭᠤᠴᠠᠭᠠᠨ ᠤ ᠰᠠᠭᠠᠯᠢ ᠶᠢᠨ ᠦᠨᠢᠶ᠎ᠡ ᠶᠢ ᠰᠦ ᠰᠢᠭᠦᠷᠡᠭᠦᠯᠬᠦ | ᠡᠳᠦᠷ ᠤᠨ ᠲᠡᠵᠢᠭᠡᠯ ᠤᠨ ᠦᠨᠳᠦᠰᠦᠨ ᠡᠪᠡᠰᠦ ᠪᠣᠷᠳᠤᠭ᠎ᠠ ᠳᠤ ᠵᠣᠬᠢᠴᠠᠭᠤᠯᠤᠨ᠎ᠠ᠃ 3.ᠥᠨᠳᠥᠷ ᠺᠠᠯᠼ ᠥᠨᠳᠥᠷ | ᠺᠠᠯᠢ ᠶᠢᠨ ᠡᠳᠦᠷ ᠤᠨ ᠲᠡᠵᠢᠭᠡᠯ ᠲᠡᠵᠢᠭᠡᠬᠦ ᠶᠢᠨ ᠬᠠᠮᠲᠤ ᠪᠢᠯᠢᠭ ᠢᠶᠤᠨ ᠳᠠᠪᠤᠰᠤ ᠲᠡᠵᠢᠭᠡᠨ᠎ᠡ᠃ 4.ᠰᠦ ᠰᠢᠷᠭᠢᠬᠦ | ᠰᠡᠭᠦᠯᠴᠢ ᠶᠢᠨ ᠬᠤᠭᠤᠴᠠᠭᠠᠨ ᠤ ᠰᠠᠭᠠᠯᠢ ᠶᠢᠨ ᠦᠨᠢᠶ᠎ᠡ ᠳᠤ ᠡᠳᠦᠷ ᠤᠨ ᠪᠦᠳᠦᠭᠦᠯᠢᠭ ᠠᠮᠤ ᠪᠠᠷ ᠲᠡᠵᠢᠭᠡᠵᠦ᠂ ᠰᠢᠨ᠎ᠡ | ᠲᠤᠭᠤᠯᠯᠠᠭᠰᠠᠨ ᠦᠨᠢᠶᠡᠨ ᠳᠤ ᠨᠠᠷᠢᠯᠢᠭ ᠪᠣᠷᠳᠤᠭ᠎ᠠ ᠲᠡᠵᠢᠭᠡᠨ᠎ᠡ᠃ 5.ᠪᠡᠶ᠎ᠡ ᠶᠢᠨ ᠪᠠᠶᠢᠳᠠᠯ ᠢᠶᠠᠷ ᠰᠠᠶᠢᠨ ᠰᠠᠭᠠᠯᠢ ᠶᠢᠨ | ᠦᠨᠢᠶ᠎ᠡ ᠳᠤ ᠪᠣᠯ ᠪᠦᠳᠦᠭᠦᠯᠢᠭ ᠠᠮᠤ ᠲᠡᠵᠢᠭᠡᠬᠦ ᠬᠡᠮᠵᠢᠶ᠎ᠡ ᠨᠢ ᠬᠠᠮᠤᠭ ᠠᠷᠪᠢᠨ ᠳᠤ ᠪᠠᠨ ᠪᠡᠶ᠎ᠡ ᠶᠢᠨ ᠬᠦᠨᠳᠦ ᠶᠢᠨ | 0.5% ︵ᠲᠣᠯᠣᠭᠠᠢ ᠪᠦᠷᠢ ᠳᠤ ᠡᠳᠦᠷ ᠲᠤ 3—3.5kg︶ ᠳᠤ ᠬᠦᠷᠴᠦ᠂ ᠪᠡᠶ᠎ᠡ ᠶᠢᠨ ᠪᠠᠶᠢᠳᠠᠯ ᠢᠶᠠᠷ ᠲᠡᠶᠢᠮᠦ | ᠰᠠᠶᠢᠨ ᠪᠢᠰᠢ ᠰᠠᠭᠠᠯᠢ ᠶᠢᠨ ᠦᠨᠢᠶ᠎ᠡ ᠳᠤ ᠪᠣᠯ ᠪᠦᠳᠦᠭᠦᠯᠢᠭ ᠠᠮᠤ ᠲᠡᠵᠢᠭᠡᠬᠦ ᠬᠡᠮᠵᠢᠶ᠎ᠡ ᠨᠢ ᠬᠠᠮᠤᠭ ᠠᠷᠪᠢᠨ ᠳᠤ ᠪᠠᠨ | ᠪᠡᠶ᠎ᠡ ᠶᠢᠨ ᠬᠦᠨᠳᠦ ᠶᠢᠨ 0.75% ᠶᠢ ᠡᠵᠡᠯᠡᠨ᠎ᠡ᠃ 6.ᠰᠠᠭᠠᠯᠢ ᠶᠢᠨ ᠦᠨᠢᠶ᠎ᠡ ᠶᠢ ᠨᠢᠭᠲᠠ ᠲᠡᠵᠢᠭᠡᠵᠦ ᠪᠠᠶᠢᠭ᠎ᠠ | ᠦᠶ᠎ᠡ ᠶᠢᠨ ᠡᠳᠦᠷ ᠤᠨ ᠠᠮᠤ ᠪᠤᠳᠠᠭᠠᠨ ᠤ ᠡᠨᠧᠷᠭᠢ ᠶᠢᠨ ᠨᠢᠭᠲᠠᠴᠠ ᠨᠢ ᠺᠢᠯᠣᠭ᠍ᠷᠠᠮ ᠪᠦᠷᠢ ᠶᠢᠨ ᠰᠦ ᠰᠢᠭᠦᠷᠡᠭᠦᠯᠬᠦ | ᠴᠡᠪᠡᠷ ᠡᠨᠧᠷᠭᠢ ᠶᠢᠨ 5.06 ᠮᠧᠭ᠎ᠠ ᠬᠡᠦᠷᠡᠰᠦ ᠪᠠᠶᠢᠬᠤ ᠬᠡᠷᠡᠭᠲᠡᠢ᠂ ᠭᠡᠪᠡᠴᠦ ᠡᠪᠦᠯ ᠤᠨ ᠤᠯᠠᠷᠢᠯ ᠳᠤ ᠭᠠᠳᠠᠨ᠎ᠠ | ᠪᠠᠶᠢᠭ᠎ᠠ ᠰᠠᠭᠠᠯᠢ ᠶᠢᠨ ᠦᠨᠢᠶ᠎ᠡ ᠶᠢᠨ ᠡᠳᠦᠷ ᠤᠨ ᠠᠮᠤ ᠪᠤᠳᠠᠭᠠᠨ ᠤ ᠡᠨᠧᠷᠭᠢ ᠶᠢᠨ ᠨᠢᠭᠲᠠᠴᠠ ᠨᠢ ᠺᠢᠯᠣᠭ᠍ᠷᠠᠮ | ᠪᠦᠷᠢ ᠶᠢᠨ ᠰᠦ ᠰᠢᠭᠦᠷᠡᠭᠦᠯᠬᠦ ᠴᠡᠪᠡᠷ ᠡᠨᠧᠷᠭᠢ ᠶᠢᠨ 5.98 ᠮᠧᠭ᠎ᠠ ᠬᠡᠦᠷᠡᠰᠦ ᠪᠣᠯᠣᠨ᠎ᠠ᠃ 7.ᠰᠠᠭᠠᠯᠢ ᠶᠢᠨ | ᠦᠨᠢᠶ᠎ᠡ ᠶᠢ ᠲᠠᠭᠠᠯᠠᠮᠵᠢᠲᠠᠢ ᠪᠠᠶᠢᠯᠭᠠᠬᠤ ᠶᠢ ᠠᠩᠬᠠᠷᠴᠤ᠂ ᠰᠦ ᠰᠢᠷᠭᠢᠬᠦ ᠰᠡᠭᠦᠯᠴᠢ ᠶᠢᠨ ᠬᠤᠭᠤᠴᠠᠭᠠᠨ ᠤ ᠰᠠᠭᠠᠯᠢ ᠶᠢᠨ | ᠦᠨᠢᠶ᠎ᠡ ᠶᠢᠨ ᠬᠦᠷᠢᠶ᠎ᠡ ᠬᠠᠰᠢᠶᠠᠨ ᠤ ᠰᠠᠯᠬᠢ ᠨᠡᠪᠲᠡᠷᠡᠬᠦ ᠪᠠ ᠪᠣᠷᠳᠣᠭᠠᠨ ᠤ ᠣᠩᠭᠤᠴᠠ ᠶᠢᠨ ᠬᠠᠮᠢᠶᠠᠷᠤᠯᠲᠠ ᠶᠢ | ᠠᠩᠬᠠᠷᠬᠤ ᠬᠡᠷᠡᠭᠲᠡᠢ᠃ |