ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠰᠢᠷ᠎ᠠ ᠪᠤᠷᠴᠠᠭ ᠤᠨ ᠲᠥᠷᠥᠯ ᠵᠦᠢᠯ ᠤᠨ ᠲᠤᠷᠰᠢᠯᠲᠠ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2025/2/20
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ︵ᠲᠠᠷᠢᠶᠠᠯᠠᠩ︶ ᠶᠢᠨ ᠮᠡᠷᠭᠡᠵᠢᠯ ᠳᠡᠯᠭᠡᠷᠡᠭᠦᠯᠬᠦ ︵ᠬᠥᠭᠵᠢᠯᠲᠡ ᠶᠢᠨ︶ ᠲᠥᠪ᠂ ᠪᠠᠶᠠᠨᠨᠠᠭᠤᠷ ᠬᠤᠲᠠ ᠶᠢᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠤᠨ ᠬᠥᠭᠵᠢᠯᠲᠡ ᠶᠢᠨ ᠲᠥᠪ᠂ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠭᠠᠵᠠᠷ᠂ ᠤᠯᠠᠭᠠᠨᠴᠠᠪ ᠬᠤᠲᠠ ᠶᠢᠨ ᠦᠷ᠎ᠡ ᠶᠢᠨ ᠦᠢᠯᠡᠰ ᠤᠨ ᠠᠵᠢᠯ ᠤᠨ ᠥᠷᠲᠡᠭᠡ᠂ ᠰᠢᠷ᠎ᠠ ᠪᠤᠷᠴᠠᠭ ᠤᠨ ᠲᠥᠷᠥᠯ ᠵᠦᠢᠯ ᠤᠨ ᠲᠤᠷᠰᠢᠯᠲᠠ ᠶᠢ ᠡᠷᠭᠢᠯᠡᠬᠦ ᠨᠢᠭᠡᠴᠡ᠂ ᠳᠠᠭᠠᠭᠠᠨ ᠲᠤᠷᠰᠢᠬᠤ ᠨᠢᠭᠡᠴᠡ ᠳᠤ᠄      2025 ᠣᠨ ᠤ 1 ᠰᠠᠷ᠎ᠠ ᠶᠢᠨ 10 ᠤ ᠡᠳᠦᠷ᠂ ᠮᠠᠨ ᠤ ᠲᠥᠪ ᠥᠪᠡᠷᠲᠡᠭᠡᠨ ᠵᠠᠰᠠᠬᠤ ᠣᠷᠣᠨ ᠤ ᠭᠤᠣᠯ ᠪᠣᠯᠬᠤ ᠲᠠᠷᠢᠮᠠᠯ ᠤᠨ ᠡᠭᠦᠯᠳᠡᠷ ᠤᠨ ᠲᠤᠷᠰᠢᠯᠲᠠ ᠶᠢᠨ ᠳ᠋ᠦᠩᠨᠡᠯᠲᠡ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠷᠠᠯ  ᠠᠴᠠ 2024 ᠣᠨ ᠤ ᠪᠥᠬᠦ ᠣᠷᠣᠨ ᠤ ᠰᠢᠷ᠎ᠠ ᠪᠤᠷᠴᠠᠭ ᠤᠨ ᠡᠭᠦᠯᠳᠡᠷ ᠤᠨ ᠲᠤᠷᠰᠢᠯᠲᠠ ᠶᠢᠨ ᠠᠵᠢᠯ ᠢ ᠳ᠋ᠦᠩᠨᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠰᠢᠷ᠎ᠠ ᠪᠤᠷᠴᠠᠭ ᠤᠨ ᠡᠭᠦᠯᠳᠡᠷ ᠤᠨ ᠲᠤᠷᠰᠢᠯᠲᠠ ᠶᠢᠨ ᠬᠡᠷᠡᠭᠵᠢᠭᠦᠯᠬᠦ ᠲᠥᠰᠥᠯ︾ ᠢ ᠲᠣᠭᠲᠠᠭᠠᠪᠠ᠃ ᠡᠳᠦᠭᠡ ᠲᠥᠰᠥᠯ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠵᠢᠷᠤᠮᠯᠠᠨ ᠬᠡᠷᠡᠭᠵᠢᠭᠦᠯᠲᠦᠭᠡᠢ᠃      ᠳᠠᠭᠠᠯᠳᠤᠭᠤᠯᠤᠯ᠄ 2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠷ᠎ᠠ ᠪᠤᠷᠴᠠᠭ ᠤᠨ ᠲᠥᠷᠥᠯ ᠵᠦᠢᠯ ᠤᠨ ᠲᠤᠷᠰᠢᠯᠲᠠ ᠶᠢᠨ ᠬᠡᠷᠡᠭᠵᠢᠭᠦᠯᠬᠦ ᠲᠥᠰᠥᠯ᠃                                 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                                 ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ                                              2025 ᠣᠨ ᠤ 2 ᠰᠠᠷ᠎ᠠ ᠶᠢᠨ 19 ᠤ ᠡᠳᠦᠷ 
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号