ᠰᠢᠯᠭᠠᠨ ᠪᠠᠶᠢᠴᠠᠭᠠᠭᠰᠠᠨ ᠦᠷ᠎ᠡ ᠳ᠋ᠦᠩ ᠤᠨ ᠪᠤᠰᠤᠳᠴᠢ ᠴᠢᠨᠠᠷ᠂ ᠦᠨᠡᠨ ᠪᠣᠳᠠᠲᠤ ᠴᠢᠨᠠᠷ ᠪᠠ ᠣᠨᠣᠪᠴᠢᠲᠤ | ᠴᠢᠨᠠᠷ ᠢ ᠦᠨᠡᠨ ᠬᠦ ᠪᠠᠲᠤᠯᠠᠵᠤ᠂ ᠴᠢᠩᠭ᠎ᠠ ᠨᠢᠮᠪᠠᠢ ᠳᠦᠷᠢᠮᠵᠢᠭᠰᠡᠨ ᠦᠯᠢᠭᠡᠷ ᠡᠳ᠋ ᠢ ᠰᠤᠭᠤᠴᠢᠨ ᠠᠪᠬᠤ ᠪᠠ | ᠦᠢᠯᠡᠳᠬᠦ ᠶᠠᠪᠤᠴᠠ ᠨᠢ ᠲᠤᠶᠢᠯ ᠤᠨ ᠴᠢᠬᠤᠯᠠ ᠪᠠᠶᠢᠳᠠᠭ᠃ ᠰᠢᠯᠭᠠᠨ ᠪᠠᠶᠢᠴᠠᠭᠠᠵᠤ ᠬᠡᠮᠵᠢᠬᠦ ᠠᠵᠢᠯ ᠤᠨ ᠣᠨᠣᠪᠴᠢᠲᠤ | ᠴᠢᠨᠠᠷ ᠪᠠ ᠲᠥᠪ ᠭᠤᠣᠯᠴᠢ ᠴᠢᠨᠠᠷ ᠢ ᠳᠡᠭᠡᠭᠰᠢᠯᠡᠭᠦᠯᠬᠦ ᠶᠢᠨ ᠬᠠᠮᠲᠤ ᠦᠯᠢᠭᠡᠷ ᠡᠳ᠋ ᠠᠪᠬᠤ ᠠᠵᠢᠯᠲᠠᠨ ᠤ ᠲᠤᠰᠬᠠᠢ | ᠮᠡᠷᠭᠡᠵᠢᠯ ᠤᠨ ᠬᠡᠪ ᠪᠣᠯᠪᠠᠰᠤᠷᠠᠯ ᠪᠠ ᠠᠵᠢᠯᠯᠠᠭᠠᠨ ᠤ ᠳᠦᠷᠢᠮᠵᠢᠯᠲᠦ ᠴᠢᠨᠠᠷ ᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠶᠢᠨ ᠲᠥᠯᠥᠭᠡ᠂ ᠲᠦᠩᠯᠢᠶᠣᠣ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ ᠬᠢᠨ 2025 ᠣᠨ ᠤ 2 ᠰᠠᠷ᠎ᠠ ᠶᠢᠨ 15 ᠤ | ᠡᠳᠦᠷ ᠲᠤᠷᠰᠢᠯᠲᠠ ᠶᠢᠨ ᠲᠠᠰᠤᠭ ᠤᠨ ᠪᠦᠬᠦ ᠭᠡᠰᠢᠭᠦᠳ ᠢ ᠵᠣᠬᠢᠶᠠᠨ ᠪᠠᠶᠢᠭᠤᠯᠵᠤ᠂ ᠦᠯᠢᠭᠡᠷ ᠡᠳ᠋ ᠠᠪᠬᠤ ᠪᠠ | ᠦᠯᠢᠭᠡᠷ ᠦᠢᠯᠡᠳᠬᠦ ᠲᠤᠬᠠᠶᠢᠯᠠᠭᠰᠠᠨ ᠠᠵᠢᠯ ᠤᠨ ᠲᠤᠰᠬᠠᠢ ᠪᠣᠯᠪᠠᠰᠤᠷᠠᠯ ᠤᠨ ᠠᠵᠢᠯᠯᠠᠭ᠎ᠠ ᠶᠢ ᠥᠷᠨᠢᠭᠦᠯᠪᠡ᠃ | | | | | ᠲᠣᠰ ᠤᠳᠠᠭ᠎ᠠ ᠶᠢᠨ ᠪᠣᠯᠪᠠᠰᠤᠷᠠᠯ ᠳᠤ ᠥᠯᠢᠭᠡᠷ ᠡᠳ᠋ ᠠᠪᠬᠤ ᠦᠨᠳᠦᠰᠦᠨ ᠵᠠᠷᠴᠢᠮ᠂ ᠥᠯᠢᠭᠡᠷ ᠡᠳ᠋ ᠠᠪᠬᠤ | ᠠᠷᠭ᠎ᠠ ᠪᠠ ᠮᠡᠷᠭᠡᠵᠢᠯ᠂ ᠥᠯᠢᠭᠡᠷ ᠡᠳ᠋ ᠠᠪᠬᠤ ᠪᠠᠭᠠᠵᠢ ᠪᠠ ᠲᠥᠬᠦᠭᠡᠷᠦᠮᠵᠢ ᠶᠢ ᠵᠥᠪ ᠬᠡᠷᠡᠭᠯᠡᠬᠦ᠂ ᠥᠯᠢᠭᠡᠷ ᠡᠳ᠋ | ᠠᠪᠬᠤ ᠶᠠᠪᠤᠴᠠ ᠳᠠᠬᠢ ᠠᠩᠬᠠᠷᠬᠤ ᠵᠦᠢᠯᠡᠰ᠂ ᠥᠯᠢᠭᠡᠷ ᠡᠳ᠋ ᠦᠢᠯᠡᠳᠬᠦ ᠶᠠᠪᠤᠴᠠ ᠵᠢᠴᠢ ᠥᠯᠢᠭᠡᠷ ᠡᠳ᠋ ᠠᠪᠬᠤ | ᠪᠢᠴᠢᠭ ᠬᠠᠷ᠎ᠠ ᠶᠢ ᠵᠢᠷᠤᠮᠵᠢᠭᠤᠯᠤᠨ ᠪᠢᠴᠢᠬᠦ ᠵᠡᠷᠭᠡ ᠭᠤᠣᠯ ᠠᠭᠤᠯᠭ᠎ᠠ ᠶᠢᠨ ᠲᠣᠭᠤᠷᠢᠨ ᠳᠤ ᠭᠤᠣᠯᠳᠠᠯᠭ᠎ᠠ ᠲᠠᠢ ᠪᠠᠷ | ᠨᠠᠷᠢᠨ ᠲᠠᠶᠢᠯᠪᠤᠷᠢᠯᠠᠯᠲᠠ ᠬᠢᠪᠡ᠃ ᠰᠢᠰᠲ᠋ᠧᠮᠵᠢᠭᠦᠯᠦᠭᠰᠡᠨ ᠪᠣᠯᠪᠠᠰᠤᠷᠠᠯ ᠢᠶᠠᠷ ᠳᠡᠮᠵᠢᠨ᠂ ᠥᠯᠢᠭᠡᠷ ᠡᠳ᠋ ᠠᠪᠬᠤ | ᠠᠵᠢᠯᠲᠠᠨ ᠤ ᠥᠯᠢᠭᠡᠷ ᠡᠳ᠋ ᠠᠪᠬᠤ ᠠᠵᠢᠯ ᠤᠨ ᠣᠨᠣᠯ ᠤᠨ ᠲᠠᠨᠢᠯᠲᠠ ᠪᠠ ᠪᠣᠳᠠᠲᠠᠢ ᠠᠵᠢᠯᠯᠠᠬᠤ ᠴᠢᠳᠠᠪᠤᠷᠢ ᠶᠢ | ᠴᠥᠮ ᠢᠯᠡᠳᠲᠡ ᠳᠡᠭᠡᠭᠰᠢᠯᠡᠭᠦᠯᠵᠦ᠂ ᠪᠣᠯᠪᠠᠰᠤᠷᠠᠯ ᠤᠨ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠪᠡ᠃ | ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠲᠦᠩᠯᠢᠶᠣᠣ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠠᠴᠠ ᠴᠢᠩᠭ᠎ᠠ ᠨᠢᠮᠪᠠᠢ ᠰᠢᠯᠭᠠᠯᠲᠠ ᠶᠢ ᠵᠣᠬᠢᠶᠠᠨ | ᠪᠠᠶᠢᠭᠤᠯᠵᠤ᠂ ᠰᠢᠯᠭᠠᠯᠲᠠ ᠳᠤ ᠬᠢᠷᠢ ᠲᠡᠩᠴᠡᠭᠰᠡᠨ ᠨᠣᠷᠮ᠎ᠠ 100% ᠳᠤ ᠬᠦᠷᠴᠦ᠂ ᠪᠣᠯᠪᠠᠰᠤᠷᠠᠯ ᠤᠨ ᠪᠦᠲᠦᠮᠵᠢ ᠳᠤ | ᠴᠢᠨᠠᠷ ᠢ ᠭᠦᠢᠴᠡᠳ ᠰᠢᠯᠭᠠᠨ ᠪᠠᠲᠤᠯᠠᠭᠰᠠᠨ ᠪᠠᠶᠢᠨ᠎ᠠ᠃ | ᠪᠣᠯᠪᠠᠰᠤᠷᠠᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠶᠢᠨ ᠲᠥᠯᠥᠭᠡ᠂ ᠲᠦᠩᠯᠢᠶᠣᠣ | ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ | ᠲᠥᠪ ᠤᠨ ᠬᠢᠨ ᠥᠯᠢᠭᠡᠷ ᠡᠳ᠋ ᠠᠪᠬᠤ ᠠᠵᠢᠯ ᠤᠨ ᠶᠠᠰᠤ ᠴᠢᠨᠠᠷ ᠪᠠ ᠦᠷ᠎ᠡ ᠪᠦᠲᠦᠮᠵᠢ ᠶᠢ ᠲᠠᠰᠤᠷᠠᠯᠲᠠ ᠦᠭᠡᠢ | ᠳᠡᠭᠡᠭᠰᠢᠯᠡᠭᠦᠯᠬᠦ ᠪᠣᠯᠣᠨ᠎ᠠ᠃ ᠥᠯᠢᠭᠡᠷ ᠡᠳ᠋ ᠠᠪᠬᠤ ᠶᠠᠪᠤᠴᠠ ᠶᠢ ᠦᠷᠭᠦᠯᠵᠢᠯᠡᠨ ᠰᠢᠯᠢᠳᠡᠭᠵᠢᠭᠦᠯᠬᠦ ᠪᠠ ᠠᠵᠢᠯᠲᠠᠨ ᠤ | ᠪᠣᠯᠪᠠᠰᠤᠷᠠᠯ ᠢ ᠴᠢᠩᠭᠠᠳᠬᠠᠵᠤ᠂ ᠲᠦᠩᠯᠢᠶᠣᠣ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠪᠠᠶᠢᠴᠠᠭᠠᠨ ᠰᠢᠯᠭᠠᠬᠤ ᠠᠵᠢᠯ ᠳᠤ ᠨᠠᠩ | ᠨᠠᠶᠢᠳᠠᠪᠤᠷᠢᠲᠠᠢ ᠮᠡᠷᠭᠡᠵᠢᠯ ᠤᠨ ᠪᠠᠲᠤᠯᠠᠭ᠎ᠠ ᠬᠠᠩᠭᠠᠬᠤ ᠪᠠᠷ ᠴᠢᠷᠮᠠᠶᠢᠵᠤ ᠪᠠᠶᠢᠨ᠎ᠠ᠃ |