ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠤᠷᠭᠤᠮᠠᠯ ᠤᠨ ᠬᠠᠮᠠᠭᠠᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠶ᠎ᠠ — ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ ᠤᠷᠭᠤᠮᠠᠯ ᠤᠨ ᠬᠠᠮᠠᠭᠠᠯᠠᠯᠲᠠ ᠶᠢᠨ ᠢᠨᠵᠧᠨᠧᠷᠢᠩ ᠤᠨ ᠲᠥᠷᠥᠯ ᠵᠦᠢᠯ ᠢ ᠠᠬᠢᠭᠤᠯᠬᠤ ᠸᠢᠳᠢᠤ᠋ ᠬᠤᠷᠠᠯ ᠬᠤᠷᠠᠯᠳᠤᠭᠤᠯᠪᠠ 
ᠨᠡᠶᠢᠲᠡᠯᠡᠭᠰᠡᠨ ᠴᠠᠭ᠄
2025/2/21
      ᠤᠷᠭᠤᠮᠠᠯ ᠤᠨ ᠬᠠᠮᠠᠭᠠᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠪᠡᠳᠴᠢᠨ ᠬᠤᠷᠣᠬᠠᠢ ᠶᠢᠨ ᠬᠥᠨᠥᠭᠡᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ ᠪᠠ ᠢᠳᠡᠭᠡᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ᠃ ᠤᠷᠭᠤᠮᠠᠯ ᠤᠨ ᠬᠠᠮᠠᠭᠠᠯᠠᠯᠲᠠ ᠶᠢᠨ ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠷᠭᠡᠳᠬᠡᠨ ᠠᠬᠢᠭᠤᠯᠬᠤ ᠶᠢᠨ ᠲᠤᠰᠠᠳᠠ᠂ 2 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ ᠠᠴᠠ ᠪᠥᠬᠦ ᠣᠷᠣᠨ ᠤ ᠤᠷᠭᠤᠮᠠᠯ ᠤᠨ ᠬᠠᠮᠠᠭᠠᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠬᠢᠭᠤᠯᠬᠤ ᠸᠢᠳᠢᠤ᠋ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠲᠥᠪ ᠤᠨ ᠡᠷᠬᠢᠯᠡᠭᠴᠢ ᠬᠤᠸᠠᠩ ᠵᠢᠶᠦ᠋ᠨ ᠰᠢᠶᠠ ᠲᠦᠷᠦᠯ ᠵᠦᠢᠯ ᠤᠨ ᠠᠵᠢᠯ ᠤᠨ ᠠᠬᠢᠴᠠ ᠶᠢ ᠵᠠᠷᠯᠠᠨ ᠮᠡᠳᠡᠭᠳᠡᠭᠰᠡᠨ ᠪᠥᠭᠡᠳ 2025 ᠣᠨ ᠤ ᠠᠵᠢᠯ ᠤᠨ ᠡᠭᠦᠷᠭᠡ ᠶᠢ ᠪᠠᠶᠢᠷᠢᠯᠠᠭᠤᠯᠵᠠᠢ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠲᠠᠷᠢᠮᠠᠯ ᠤᠨ ᠦᠢᠯᠡᠰ ᠤᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠤᠷᠭᠤᠮᠠᠯ  ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯᠲᠠᠨ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ ᠲᠥᠷᠥᠯ ᠵᠦᠢᠯ ᠤᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
1.jpg 
      ᠬᠤᠷᠠᠯ ᠠᠴᠠ ︽ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠥᠪ ᠤᠨ ᠲᠥᠰᠥᠪ ᠤᠨ ᠳᠣᠲᠣᠷᠠᠬᠢ ᠰᠢᠭᠤᠳ ᠪᠡᠯᠡ ᠣᠷᠣᠭᠤᠯᠤᠯᠲᠠ ᠶᠢᠨ ᠬᠥᠳᠡᠭᠡ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠠᠮᠢᠶᠠᠷᠤᠯᠲᠠ ᠶᠢᠨ ᠠᠷᠭ᠎ᠠ︾᠂ ︽ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠬᠥᠳᠡᠭᠡ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠬᠠᠮᠢᠶᠠᠷᠤᠯᠲᠠ ᠶᠢᠨ ᠠᠷᠭ᠎ᠠ︾ ᠵᠡᠷᠭᠡ ᠲᠦᠷᠦᠯ ᠵᠦᠢᠯ ᠤᠨ ᠬᠠᠮᠢᠶᠠᠷᠤᠯᠲᠠ ᠵᠢᠴᠢ ᠰᠢᠯᠭᠠᠨ ᠠᠪᠬᠤ ᠳᠦᠷᠢᠮ ᠳᠤ ᠨᠠᠷᠢᠨ ᠲᠠᠶᠢᠯᠪᠤᠷᠢ ᠬᠢᠭᠰᠡᠨ ᠪᠥᠭᠡᠳ ᠡᠯ᠎ᠡ ᠭᠠᠵᠠᠷ ᠤᠨ ᠳᠤᠷᠠᠳᠤᠭᠰᠠᠨ ᠮᠠᠳᠠᠭ ᠲᠠᠢ ᠠᠰᠠᠭᠤᠳᠠᠯ ᠳᠤ ᠲᠤᠬᠠᠢ ᠶᠢᠨ ᠲᠠᠯᠠᠪᠤᠷ ᠲᠤ ᠬᠠᠷᠢᠭᠤᠯᠲᠠ ᠥᠭᠪᠡ᠃
2.jpg 
      ᠬᠤᠷᠠᠯ ᠠᠴᠠ᠂ ᠤᠷᠭᠤᠮᠠᠯ ᠤᠨ ᠬᠠᠮᠠᠭᠠᠯᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠨᠢ ᠠᠮᠤ ᠪᠤᠳᠠᠭᠠᠨ ᠤ ᠠᠮᠤᠷ ᠲᠦᠪᠰᠢᠨ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠪᠣᠯᠣᠨ ᠲᠠᠷᠢᠶᠠᠯᠠᠩ ᠤᠨ ᠠᠮᠢ ᠠᠬᠤᠢ ᠣᠷᠴᠢᠨ ᠲᠣᠭᠤᠷᠢᠨ ᠤ ᠠᠮᠤᠷ ᠲᠦᠪᠰᠢᠨ ᠳᠤ ᠬᠤᠯᠪᠣᠭᠳᠠᠵᠤ᠂ ᠬᠠᠷᠢᠭᠤᠴᠠᠯᠭ᠎ᠠ ᠬᠦᠨᠳᠦ ᠶᠤᠮ᠃ ᠡᠯ᠎ᠡ ᠭᠠᠵᠠᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠰᠠᠶᠢᠲᠤᠷ ᠠᠳᠬᠤᠬᠤ ᠬᠡᠷᠡᠭᠲᠡᠢ᠃ 2023 ᠣᠨ ᠳᠤ ᠴᠣᠬᠤᠯᠠᠪᠤᠷᠢᠯᠠᠨ ᠬᠠᠷᠢᠭᠤᠯᠤᠭᠰᠠᠨ ᠤᠷᠭᠤᠮᠠᠯ ᠤᠨ ᠬᠠᠮᠠᠭᠠᠯᠠᠯᠲᠠ ᠶᠢᠨ ᠢᠨᠵᠧᠨᠧᠷᠢᠩ ᠤᠨ ᠲᠦᠷᠦᠯ ᠵᠦᠢᠯ ᠢ ᠠᠬᠢᠭᠤᠯᠬᠤ ᠨᠢ ᠤᠳᠠᠭᠠᠨ᠂ ᠰᠢᠯᠭᠠᠨ ᠠᠪᠬᠤ ᠪᠡᠯᠡᠳᠬᠡᠯ ᠭᠦᠢᠴᠡᠳ ᠪᠤᠰᠤ ᠵᠡᠷᠭᠡ ᠠᠰᠠᠭᠤᠳᠠᠯ ᠳᠤ ᠴᠢᠭᠯᠡᠭᠦᠯᠦᠨ᠂ ᠪᠦᠲᠦᠭᠡᠨ ᠪᠠᠶᠢᠭᠤᠯᠤᠯᠲᠠ ᠶᠢᠨ ᠨᠢᠭᠡᠴᠡ ᠠᠴᠠ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠ ᠪᠡᠯᠡ ᠮᠥᠩᠭᠦ ᠰᠢᠯᠵᠢᠭᠦᠯᠦᠨ ᠥᠭᠬᠦ ᠠᠬᠢᠴᠠ ᠶᠢ ᠲᠦᠷᠭᠡᠳᠬᠡᠨ ᠠᠬᠢᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠦᠷ᠎ᠡ ᠠᠰᠢᠭ ᠢ ᠨᠡᠮᠡᠭᠳᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ 2024 ᠣᠨ ᠳᠤ ᠴᠣᠬᠤᠯᠠᠪᠤᠷᠢᠯᠠᠭᠰᠠᠨ ᠲᠦᠷᠦᠯ ᠵᠦᠢᠯ ᠳᠤ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠴᠢᠩᠭ᠎ᠠ ᠨᠠᠶᠢᠳᠠᠪᠤᠷᠢᠵᠢᠭᠤᠯᠵᠤ᠂ ᠲᠤᠰᠬᠠᠢ ᠬᠥᠮᠥᠨ ᠲᠣᠬᠢᠷᠠᠭᠤᠯᠵᠤ ᠪᠦᠬᠦ ᠶᠠᠪᠤᠴᠠ ᠳᠤ ᠲᠦᠷᠦᠯ ᠵᠦᠢᠯ ᠤᠨ ᠠᠬᠢᠴᠠ ᠶᠢ ᠮᠥᠷᠳᠡᠵᠦ᠂ ᠪᠠᠶᠢᠩᠭᠤᠵᠢᠭᠰᠠᠨ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠲᠦᠷᠦᠯ ᠵᠦᠢᠯ ᠢ ᠲᠣᠭᠲᠠᠭᠰᠠᠨ ᠴᠠᠭ ᠤᠨ ᠵᠠᠩᠭᠢᠯᠠᠭ᠎ᠠ ᠶᠢᠨ ᠴᠡᠭ ᠢᠶᠠᠷ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠩᠭᠠᠳᠬᠠᠵᠠᠢ᠃ 
 
ᠢᠷᠡᠯᠲᠡ᠄ ᠥᠪᠥᠷ ᠮᠣᠩᠭᠤᠯ ᠤᠨ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号