2025 ᠣᠨ ᠤ ᠪᠥᠬᠦ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠴᠢᠳᠠᠪᠤᠷᠢ ᠶᠢ ᠰᠢᠯᠭᠠᠨ ᠭᠡᠷᠡᠴᠢᠯᠡᠬᠦ ᠪᠠ ᠲᠤᠬᠠᠢ ᠶᠢᠨ ᠲᠠᠯᠠᠪᠤᠷ ᠲᠤᠨᠢ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2025/2/21
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠮᠠᠨᠵᠤᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠲᠣᠪᠴᠢᠶ᠎ᠠ᠂ ᠡᠷᠢᠶᠡᠨ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠤᠰᠤᠨ ᠤ ᠶᠠᠪᠤᠳᠠᠯ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ᠂ ᠬᠤᠯᠪᠣᠭᠳᠠᠯ ᠪᠦᠬᠦᠢ ᠪᠠᠶᠢᠴᠠᠭᠠᠨ ᠰᠢᠯᠭᠠᠬᠤ ᠪᠠᠶᠢᠭᠤᠯᠤᠮᠵᠢ ᠳᠤ᠄      ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠴᠢᠳᠠᠪᠤᠷᠢ ᠶᠢᠨ ᠳᠡᠭᠡᠭᠰᠢᠯᠡᠯᠲᠡ ᠶᠢ ᠦᠷᠭᠦᠯᠵᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠴᠢᠳᠠᠪᠤᠷᠢ ᠶᠢ ᠰᠢᠯᠭᠠᠨ ᠪᠠᠲᠤᠯᠠᠬᠤ ᠪᠠ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠶᠢᠨ ᠪᠠᠶᠢᠭᠤᠯᠤᠮᠵᠢ ᠶᠢᠨ ᠶᠠᠰᠤ ᠴᠢᠨᠠᠷ ᠢ ᠡᠵᠡᠮᠳᠡᠬᠦ ᠪᠠ ᠰᠢᠰᠲ᠋ᠧᠮ ᠤᠨ ᠠᠵᠢᠯᠯᠠᠭᠠᠨ ᠤ ᠳᠤᠮᠳᠠᠬᠢ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠤᠯᠪᠣᠭᠳᠠᠯ ᠪᠦᠬᠦᠢ ᠱᠠᠭᠠᠷᠳᠠᠯᠭ᠎ᠠ ᠪᠠ ᠪᠦᠬᠦ ᠵᠢᠯ ᠤᠨ ᠠᠵᠢᠯ ᠤᠨ ᠲᠣᠬᠢᠷᠠᠭᠤᠯᠤᠯᠲᠠ ᠶᠣᠰᠣᠭᠠᠷ᠂ ︽ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢ ᠰᠢᠯᠭᠠᠨ ᠬᠢᠨᠠᠬᠤ ᠠᠷᠭ᠎ᠠ︾ ᠵᠡᠷᠭᠡ ᠲᠣᠭᠲᠠᠭᠠᠯ ᠢ ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠲᠥᠰᠥᠯ︾ ︵ᠥᠪᠥᠷ ᠲᠠᠷᠢᠶᠠᠯᠠᠩ ᠮᠠᠯ ᠠᠵᠤ ᠠᠬᠤᠢ ᠶᠠᠰᠤ ᠴᠢᠨᠠᠷ ᠲᠠᠷᠬᠠᠭᠠᠭᠰᠠᠨ ﹇2025﹈ 32 ᠳ᠋ᠤᠭᠠᠷ ᠲᠣᠭᠠᠲᠤ︶ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ 2025 ᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠴᠢᠳᠠᠪᠤᠷᠢ ᠶᠢ ᠰᠢᠯᠭᠠᠨ ᠭᠡᠷᠡᠴᠢᠯᠡᠬᠦ ᠪᠠ ᠲᠤᠬᠠᠢ ᠶᠢᠨ ᠲᠠᠯᠠᠪᠤᠷ ᠲᠤᠨᠢ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠪᠣᠶ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠃       ᠨᠢᠭᠡ᠂ ᠪᠣᠳᠠᠲᠠᠢ ᠠᠭᠤᠯᠭ᠎ᠠ      ︵ᠨᠢᠭᠡ︶ ᠴᠢᠳᠠᠪᠤᠷᠢ ᠶᠢ ᠰᠢᠯᠭᠠᠨ ᠭᠡᠷᠡᠴᠢᠯᠡᠬᠦ        ︽2025 ᠣᠨ ᠤ ᠪᠥᠬᠦ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠴᠢᠳᠠᠪᠤᠷᠢ ᠶᠢ ᠰᠢᠯᠭᠠᠨ ᠭᠡᠷᠡᠴᠢᠯᠡᠬᠦ ᠲᠥᠰᠥᠯ︾ ︵ᠳᠠᠭᠠᠯᠳᠤᠭᠤᠯᠤᠯ 1︶ ᠤᠨ ᠶᠣᠰᠣᠭᠠᠷ᠂ ᠴᠢᠳᠠᠪᠤᠷᠢ ᠶᠢ ᠰᠢᠯᠭᠠᠨ ᠭᠡᠷᠡᠴᠢᠯᠡᠬᠦ ᠬᠤᠯᠪᠣᠭᠳᠠᠯ ᠪᠦᠬᠦᠢ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠬᠤᠶᠠᠷ︶ ᠲᠤᠬᠠᠢ ᠶᠢᠨ ᠲᠠᠯᠠᠪᠤᠷ ᠤᠨ ᠪᠠᠶᠢᠴᠠᠭᠠᠯᠲᠠ      ︽2025 ᠣᠨ ᠤ ᠪᠥᠬᠦ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠶᠢᠨ ᠲᠥᠰᠥᠯ︾ ︵ᠳᠠᠭᠠᠯᠳᠤᠭᠤᠯᠤᠯ 2︶ ᠤᠨ ᠶᠣᠰᠣᠭᠠᠷ᠂ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠶᠢᠨ ᠬᠤᠯᠪᠣᠭᠳᠠᠯ ᠪᠦᠬᠦᠢ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ᠬᠤᠶᠠᠷ᠂ ᠦᠷ᠎ᠡ ᠳ᠋ᠦᠩ ᠤᠨ ᠬᠡᠷᠡᠭᠯᠡᠯᠲᠡ      ︵ᠨᠢᠭᠡ︶ 2025 ᠣᠨ ᠤ ᠴᠢᠳᠠᠪᠤᠷᠢ ᠶᠢᠨ ᠰᠢᠯᠭᠠᠨ ᠭᠡᠷᠡᠴᠢᠯᠡᠬᠦ ᠳᠤ ᠣᠷᠣᠯᠴᠠᠭᠰᠠᠨ ᠪᠥᠭᠡᠳ ᠦᠷ᠎ᠡᠳ᠋ᠦᠩ ᠨᠢ ᠬᠢᠷᠢ ᠲᠡᠩᠴᠡᠭᠰᠡᠨ ᠪᠠᠶᠢᠴᠠᠭᠠᠨ ᠰᠢᠯᠭᠠᠬᠤ ᠪᠠᠶᠢᠭᠤᠯᠤᠮᠵᠢ ᠶᠢ ᠳᠠᠷᠠᠭ᠎ᠠ ᠨᠢᠭᠡ ᠵᠢᠯ ᠤᠨ ᠲᠤᠬᠠᠢ ᠶᠢᠨ ᠲᠠᠯᠠᠪᠤᠷ ᠤᠨ ᠪᠠᠶᠢᠴᠠᠭᠠᠯᠲᠠ  ᠠᠴᠠ ᠬᠡᠯᠲᠦᠷᠢᠭᠦᠯᠵᠦ ᠪᠣᠯᠣᠨ᠎ᠠ︔ ᠳᠠᠷᠠᠭ᠎ᠠ ᠵᠢᠯ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ  ᠤ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠨᠠᠨ ᠰᠢᠯᠭᠠᠵᠤ ᠬᠢᠨᠠᠨ ᠲᠣᠭᠲᠠᠭᠠᠬᠤ ᠶᠠᠪᠤᠴᠠ ᠳᠤ᠂ ᠵᠣᠬᠢᠴᠠᠩᠭᠤᠢ ᠵᠦᠢᠯᠡᠰ ᠤᠨ ᠲᠤᠬᠠᠢ ᠶᠢᠨ ᠲᠠᠯᠠᠪᠤᠷ ᠤᠨ ᠬᠢᠨᠠᠨ ᠰᠢᠯᠭᠠᠯᠲᠠ ᠠᠴᠠ ᠬᠡᠯᠲᠦᠷᠢᠭᠦᠯᠦᠨ᠎ᠡ᠃       ︵ᠬᠤᠶᠠᠷ︶ 2025 ᠣᠨ ᠤ ᠴᠢᠳᠠᠪᠤᠷᠢ ᠶᠢ ᠰᠢᠯᠭᠠᠨ ᠭᠡᠷᠡᠴᠢᠯᠡᠭᠰᠡᠨ ᠦᠷ᠎ᠡ ᠳ᠋ᠦᠩ ᠨᠢ ᠬᠢᠷᠢ ᠲᠡᠩᠴᠡᠬᠦ ᠦᠭᠡᠢ ᠪᠠᠶᠢᠴᠠᠭᠠᠨ ᠰᠢᠯᠭᠠᠬᠤ ᠪᠠᠶᠢᠭᠤᠯᠤᠮᠵᠢ ᠨᠢ ᠴᠢᠳᠠᠪᠤᠷᠢ ᠶᠢ ᠰᠢᠯᠭᠠᠨ ᠭᠡᠷᠡᠴᠢᠯᠡᠭᠰᠡᠨ ᠦᠷ᠎ᠡ ᠳ᠋ᠦᠩ ᠢ ᠨᠡᠶᠢᠳᠡᠯᠡᠭᠰᠡᠨ ᠤ ᠳᠠᠷᠠᠭ᠎ᠠ ᠨᠢᠭᠡ ᠰᠠᠷ᠎ᠠ ᠶᠢᠨ ᠳᠣᠲᠣᠷ᠎ᠠ ᠴᠡᠭᠴᠡᠯᠡᠨ ᠰᠠᠶᠢᠵᠢᠷᠠᠭᠤᠯᠬᠤ ᠠᠵᠢᠯ ᠢ ᠪᠡᠶᠡᠯᠡᠭᠦᠯᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠴᠡᠭᠴᠡᠯᠡᠨ ᠰᠠᠶᠢᠵᠢᠷᠠᠭᠤᠯᠤᠭᠰᠠᠨ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠢ᠃      ︵ᠭᠤᠷᠪᠠ︶ 2025 ᠣᠨ ᠤ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠳᠤ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠴᠠᠭᠠᠨ ᠰᠢᠯᠭᠠᠬᠤ ᠪᠠᠶᠢᠭᠤᠯᠤᠮᠵᠢ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠶᠢᠨ ᠦᠷ᠎ᠡ ᠳ᠋ᠦᠩ ᠢ ᠨᠡᠶᠢᠳᠡᠯᠡᠭᠰᠡᠨ ᠤ ᠳᠠᠷᠠᠭ᠎ᠠ ᠨᠢᠭᠡ ᠰᠠᠷ᠎ᠠ ᠶᠢᠨ ᠳᠣᠲᠣᠷ᠎ᠠ ᠴᠡᠭᠴᠡᠯᠡᠨ ᠰᠠᠶᠢᠵᠢᠷᠠᠭᠤᠯᠬᠤ ᠠᠵᠢᠯ  ᠢᠶᠠᠨ ᠪᠡᠶᠡᠯᠡᠭᠦᠯᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠴᠡᠭᠴᠡᠯᠡᠨ ᠰᠠᠶᠢᠵᠢᠷᠠᠭᠤᠯᠤᠭᠰᠠᠨ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠢ᠃ ᠬᠤᠭᠤᠴᠠᠭ᠎ᠠ ᠬᠡᠲᠦᠷᠡᠭᠰᠡᠨ ᠪᠠᠶᠢᠭᠤᠯᠤᠮᠵᠢ ᠶᠢ ᠴᠡᠭᠴᠡᠯᠡᠨ ᠰᠠᠶᠢᠵᠢᠷᠠᠭᠤᠯᠬᠤ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠲᠣᠭᠲᠠᠭᠠᠯ ᠶᠣᠰᠣᠭᠠᠷ ᠲᠡᠭᠦᠨ ᠤ ᠬᠠᠮᠢᠶ᠎ᠠ ᠪᠦᠬᠦᠢ ᠬᠢᠷᠢ ᠬᠡᠮ ᠢ ᠬᠦᠴᠦᠨ ᠦᠭᠡᠢ ᠪᠣᠯᠭᠠᠨ᠎ᠠ᠃      ︵ᠳᠥᠷᠪᠡ︶ ᠲᠣᠰ ᠵᠢᠯ ᠤᠨ ᠴᠢᠳᠠᠪᠤᠷᠢ ᠶᠢ ᠰᠢᠯᠭᠠᠨ ᠭᠡᠷᠡᠴᠢᠯᠡᠭᠰᠡᠨ ᠪᠠ ᠲᠤᠬᠠᠢ ᠶᠢᠨ ᠲᠠᠯᠠᠪᠤᠷ ᠲᠤᠨᠢ ᠪᠠᠶᠢᠴᠠᠭᠠᠭᠰᠠᠨ ᠦᠷ᠎ᠡ ᠳ᠋ᠦᠩ ᠢ ᠳᠠᠷᠠᠭ᠎ᠠ ᠨᠢᠭᠡ ᠵᠢᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠪᠠᠶᠢᠴᠠᠭᠠᠨ ᠰᠢᠯᠭᠠᠬᠤ ᠡᠭᠦᠷᠭᠡ ᠶᠢᠨ ᠠᠮᠵᠢᠯᠲᠠ ᠪᠦᠲᠦᠮᠵᠢ ᠶᠢᠨ ᠭᠦᠢᠴᠡᠳᠬᠡᠯ ᠲᠤᠭ᠎ᠠ ᠪᠣᠯᠭᠠᠨ᠎ᠠ᠃      ᠭᠤᠷᠪᠠ᠂ ᠬᠤᠯᠪᠣᠭᠳᠠᠯ ᠪᠦᠬᠦᠢ ᠱᠠᠭᠠᠷᠳᠠᠯᠭ᠎ᠠ      ︵ᠨᠢᠭᠡ︶ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ᠃ ᠡᠯ᠎ᠡ ᠠᠶᠢᠮᠠᠭ ᠬᠤᠲᠠ ᠴᠢᠳᠠᠪᠤᠷᠢ ᠶᠢ ᠰᠢᠯᠭᠠᠨ ᠭᠡᠷᠡᠴᠢᠯᠡᠬᠦ ᠪᠠ ᠲᠤᠬᠠᠢ ᠶᠢᠨ ᠭᠠᠵᠠᠷ ᠲᠤᠨᠢ ᠪᠠᠶᠢᠴᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠶ᠎ᠠ ᠣᠷᠣᠨ ᠤ ᠳᠣᠲᠣᠷᠠᠬᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠴᠢᠳᠠᠪᠤᠷᠢ ᠶᠢ ᠰᠢᠯᠭᠠᠨ ᠭᠡᠷᠡᠴᠢᠯᠡᠬᠦ ᠳᠤ ᠢᠳᠡᠪᠬᠢᠲᠡᠢ ᠣᠷᠣᠯᠴᠠᠭᠤᠯᠬᠤ ᠶᠢᠨ ᠬᠠᠮᠲᠤ ᠠᠵᠢᠯᠲᠠᠨ ᠲᠣᠬᠢᠷᠠᠭᠤᠯᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠲᠤᠬᠠᠢ ᠶᠢᠨ ᠭᠠᠵᠠᠷ ᠲᠤᠨᠢ ᠪᠠᠶᠢᠴᠠᠭᠠᠬᠤ ᠵᠡᠷᠭᠡ ᠬᠤᠯᠪᠣᠭᠳᠠᠯ ᠪᠦᠬᠦᠢ ᠠᠵᠢᠯ ᠢ ᠬᠠᠮᠵᠢᠯᠴᠠᠨ ᠪᠡᠶᠡᠯᠡᠭᠦᠯᠬᠦ ᠬᠡᠷᠡᠭᠲᠡᠢ᠃      ︵ᠬᠤᠶᠠᠷ︶ ᠨᠠᠷᠢᠨ ᠨᠢᠮᠪᠠᠢ ᠰᠠᠶᠢᠲᠤᠷ ᠪᠡᠯᠡᠳᠬᠡᠬᠦ ᠬᠡᠷᠡᠭᠲᠡᠢ᠃ ᠴᠢᠳᠠᠪᠤᠷᠢ ᠶᠢ ᠰᠢᠯᠭᠠᠨ ᠭᠡᠷᠡᠴᠢᠯᠡᠬᠦ ᠳᠤ ᠣᠷᠣᠯᠴᠠᠭᠰᠠᠨ ᠪᠠᠶᠢᠴᠠᠭᠠᠨ ᠰᠢᠯᠭᠠᠬᠤ ᠪᠠᠶᠢᠭᠤᠯᠤᠮᠵᠢ ᠨᠢ ︽ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ᠂ ᠦᠷᠭᠦᠯᠵᠢᠯᠡᠨ ᠳᠡᠭᠡᠭᠰᠢᠯᠡᠭᠦᠯᠬᠦ︾ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠰᠢᠯᠭᠠᠨ ᠬᠢᠨᠠᠬᠤ ᠲᠥᠷᠥᠯ ᠵᠦᠢᠯ ᠳᠤ ᠴᠢᠩᠭ᠎ᠠ ᠬᠢᠨᠠᠮᠠᠭᠠᠢ ᠬᠠᠨᠳᠤᠵᠤ᠂ ᠪᠡᠶ᠎ᠡ ᠪᠠᠨ ᠳᠠᠭᠠᠭᠠᠨ ᠪᠡᠶᠡᠯᠡᠭᠦᠯᠵᠦ᠂ ᠲᠣᠭᠲᠠᠭᠰᠠᠨ ᠴᠠᠭ ᠬᠤᠭᠤᠴᠠᠭ᠎ᠠ ᠶᠢᠨ ᠳᠣᠲᠣᠷ᠎ᠠ ᠪᠠᠶᠢᠴᠠᠭᠠᠨ ᠰᠢᠯᠭᠠᠭᠰᠠᠨ ᠦᠷ᠎ᠡ ᠳ᠋ᠦᠩ᠂ ᠠᠩᠬᠠᠨ ᠤ ᠲᠡᠮᠳᠡᠭᠯᠡᠯ ᠵᠡᠷᠭᠡ ᠮᠠᠲ᠋ᠧᠷᠢᠶᠠᠯ ᠢ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠲᠤ ᠦᠨᠡᠨ ᠪᠣᠳᠠᠲᠠᠢ ᠪᠠᠷ ᠮᠡᠳᠡᠭᠦᠯᠦᠨ ᠬᠦᠷᠭᠡᠵᠦ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠬᠠᠭᠤᠷᠮᠠᠭᠯᠠᠨ ᠵᠣᠬᠢᠶᠠᠭᠰᠠᠨ ᠪᠠ ᠰᠥᠯᠪᠡᠭᠡᠯᠳᠦᠭᠰᠡᠨ ᠪᠠᠶᠢᠪᠠᠯ ᠰᠢᠯᠭᠠᠨ ᠬᠢᠨᠠᠭᠠᠳ ᠬᠢᠷᠢ ᠲᠡᠩᠴᠡᠭᠰᠡᠨ ᠦᠭᠡᠢ ᠪᠠᠷ ᠦᠵᠡᠨ᠎ᠡ᠃ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠶᠢ ᠬᠦᠯᠢᠶᠡᠭᠰᠡᠨ ᠪᠠᠶᠢᠴᠠᠭᠠᠨ ᠰᠢᠯᠭᠠᠬᠤ ᠪᠠᠶᠢᠭᠤᠯᠤᠮᠵᠢ ᠨᠢ ᠪᠠᠶᠢᠭᠤᠯᠤᠮᠵᠢ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠪᠠᠶᠢᠴᠠᠭᠠᠨ ᠰᠢᠯᠭᠠᠬᠤ ᠴᠢᠳᠠᠪᠤᠷᠢ ᠪᠠᠨ ᠳᠡᠭᠡᠭᠰᠢᠯᠡᠭᠦᠯᠦᠨ᠂ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠶᠢ ᠬᠦᠯᠢᠶᠡᠬᠦ ᠪᠡᠯᠡᠳᠬᠡᠯ ᠢ ᠴᠠᠭ ᠲᠤᠬᠠᠢ ᠳᠤᠨᠢ ᠰᠠᠶᠢᠲᠤᠷ ᠬᠢᠬᠦ ᠬᠡᠷᠡᠭᠲᠡᠢ᠃      ᠬᠠᠷᠢᠯᠴᠠᠬᠤ ᠬᠥᠮᠥᠨ᠄ ᠾᠧᠦ ᠱᠤᠸᠠᠢ᠂ 0471— 6652285︔ ᠵᠠᠩ ᠰᠢᠨ ᠰᠢᠨ 0471 — 2947306᠃       ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠢᠩᠭᠠᠨ ᠡᠮᠦᠨ᠎ᠡ ᠵᠠᠮ ᠤᠨ 32 ᠳ᠋ᠤᠭᠠᠷ ᠨᠣᠮᠧᠷ      ᠢᠮᠧᠯ᠄ 459909192@qq.com      ᠰᠢᠤᠳᠠᠨ ᠳ᠋ᠤᠭᠠᠷ᠄ 010010      ᠳᠠᠭᠠᠯᠳᠤᠭᠤᠯᠤᠯ᠄ 1. 2025 ᠣᠨ ᠤ ᠪᠥᠬᠦ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠴᠢᠳᠠᠪᠤᠷᠢ ᠶᠢ ᠰᠢᠯᠭᠠᠨ ᠭᠡᠷᠡᠴᠢᠯᠡᠬᠦ ᠲᠥᠰᠥᠯ       2. 2025 ᠣᠨ ᠤ ᠪᠥᠬᠦ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠶᠢᠨ ᠲᠥᠰᠦᠯ                                 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                                ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ                                                 2025 ᠣᠨ ᠤ 2 ᠰᠠᠷ᠎ᠠ ᠶᠢᠨ 20 ᠤ ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号