ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ︽ᠴᠢᠬᠢ ᠦᠵᠡᠵᠦ ᠦᠷ᠎ᠡ ᠰᠣᠩᠭᠤᠬᠤ︾ ᠲᠠᠪᠴᠠᠩ ᠢ ᠡᠯᠰᠡᠵᠦ ᠵᠢᠱᠢᠶ᠎ᠡ ᠦᠵᠡᠭᠦᠯᠬᠦ ᠡᠭᠦᠯᠳᠡᠷ ᠢ ᠳᠡᠯᠭᠡᠨ ᠦᠵᠡᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2025/2/21
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠬᠠᠮᠢᠶ᠎ᠠ ᠪᠦᠬᠦᠢ ᠨᠢᠭᠡᠴᠡ᠂ ᠤᠯᠠᠭᠠᠨᠴᠠᠪ ᠬᠤᠲᠠ ᠶᠢᠨ ᠦᠷ᠎ᠡ ᠶᠢᠨ ᠦᠢᠯᠡᠰ ᠤᠨ ᠠᠵᠢᠯ ᠤᠨ ᠥᠷᠲᠡᠭᠡ᠂ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ᠂ ᠬᠠᠮᠢᠶ᠎ᠠ ᠪᠦᠬᠦᠢ ᠦᠷ᠎ᠡ ᠶᠢᠨ ᠠᠵᠤ ᠠᠬᠤᠶᠢᠯᠠᠯ ᠳᠤ᠄      2025 ᠣᠨ ᠤ ᠥᠪᠡᠷᠲᠡᠭᠡᠨ ᠵᠠᠰᠠᠬᠤ ᠣᠷᠣᠨ ᠤ ︽ᠴᠢᠬᠢ ᠦᠵᠡᠵᠦ ᠦᠷ᠎ᠡ ᠰᠣᠩᠭᠤᠬᠤ︾ ᠲᠠᠪᠴᠠᠩ ᠤᠨ ᠪᠠᠶᠢᠭᠤᠯᠤᠯᠲᠠ ᠶᠢᠨ ᠠᠵᠢᠯ ᠢ ᠡᠮᠬᠢ ᠵᠢᠷᠤᠮ ᠲᠠᠢ ᠥᠷᠨᠢᠭᠦᠯᠬᠦ ᠶᠢ ᠪᠠᠲᠤᠯᠠᠵᠤ᠂ ᠰᠢᠯᠢᠳᠡᠭ ᠡᠭᠦᠯᠳᠡᠷ ᠢ ᠰᠢᠯᠢᠨ ᠰᠣᠩᠭᠤᠵᠤ ᠳᠡᠯᠭᠡᠷᠡᠭᠦᠯᠬᠦ ᠳᠤ ᠬᠦᠴᠦ ᠨᠡᠮᠡᠷᠢᠯᠡᠬᠦ ᠶᠢᠨ ᠲᠤᠰᠠᠳᠠ᠂ ᠡᠳᠦᠭᠡ ᠨᠡᠶᠢᠭᠡᠮ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ︽ᠴᠢᠬᠢ ᠦᠵᠡᠵᠦ ᠦᠷ᠎ᠡ ᠰᠣᠩᠭᠤᠬᠤ︾ ᠲᠠᠪᠴᠠᠩ ᠤᠨ ᠦᠵᠡᠭᠦᠯᠭᠡ ᠶᠢᠨ ᠵᠢᠱᠢᠶ᠎ᠡ ᠦᠵᠡᠭᠦᠯᠬᠦ ᠡᠭᠦᠯᠳᠡᠷ ᠢ ᠡᠯᠰᠡᠨ ᠴᠤᠭᠯᠠᠭᠤᠯᠬᠤ ᠪᠠᠷ ᠪᠠᠶᠢᠨ᠎ᠠ᠃ ᠪᠣᠳᠠᠲᠠᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠃      ᠨᠢᠭᠡ᠂ ᠲᠠᠷᠢᠮᠠᠯ ᠤᠨ ᠲᠦᠷᠦᠯ ᠵᠦᠢᠯ      ᠡᠷᠳᠡᠨᠢ ᠰᠢᠰᠢ᠂ ᠰᠢᠷ᠎ᠠ ᠪᠤᠷᠴᠠᠭ᠂ ᠤᠰᠤᠨ ᠲᠤᠲᠤᠷᠭ᠎ᠠ᠂ ᠪᠤᠭᠤᠳᠠᠢ᠂ ᠲᠥᠮᠥᠰᠥ᠂ ᠨᠡᠷᠡᠨ ᠬᠤᠸᠠᠷ᠂ ᠪᠦᠳᠦᠭᠦᠯᠢᠭ ᠠᠮᠤ ᠪᠦᠳᠦᠭᠦᠯᠢᠭ ᠪᠤᠷᠴᠠᠭ᠂ ᠲᠥᠬᠦᠭᠡᠷᠥᠮᠵᠢᠲᠦ ᠢᠳᠡᠰᠢᠨ ᠨᠣᠭᠤᠭ᠎ᠠ᠃        ᠬᠤᠶᠠᠷ᠂ ᠲᠦᠷᠦᠯ ᠵᠦᠢᠯ ᠤᠨ ᠱᠠᠭᠠᠷᠳᠠᠯᠭ᠎ᠠ      ︵ᠨᠢᠭᠡ︶ ᠡᠭᠦᠯᠳᠡᠷ ᠤᠨ ᠲᠥᠷᠥᠯ ᠵᠦᠢᠯ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ︿ᠴᠢᠬᠢ ᠦᠵᠡᠵᠦ ᠦᠷ᠎ᠡ ᠰᠣᠩᠭᠤᠬᠤ﹀ ᠲᠠᠪᠴᠠᠩ ᠤᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠲᠤᠬᠠᠢ ᠶᠢᠨ ᠭᠠᠵᠠᠷ ᠤᠨ ᠳᠠᠪᠠᠭᠤᠯᠢᠭ ᠲᠠᠷᠢᠮᠠᠯ ᠲᠠᠢ ᠤᠶᠠᠯᠳᠤᠭᠤᠯᠤᠨ᠂ ᠴᠢᠨᠠᠷ ᠰᠠᠶᠢᠲᠠᠢ ᠥᠨᠳᠥᠷ ᠤᠨᠠᠯᠲᠠ ᠲᠠᠢ᠂ ᠨᠢᠭᠲᠠ ᠳᠠᠷᠢᠬᠤ ᠳᠤ ᠳᠠᠭᠠᠭᠠᠮᠠᠭᠠᠢ ︵ᠳᠠᠭᠠᠯᠳᠤᠭᠤᠯᠤᠯ 1 ᠶᠢ ᠦᠵᠡ︶᠂ ᠬᠤᠵᠢᠷ ᠲᠤ ᠳᠠᠭᠠᠭᠠᠮᠠᠭᠠᠢ ᠡᠭᠦᠯᠳᠡᠷ ᠪᠠ ᠡᠷᠳᠡᠨᠢ ᠰᠢᠰᠢ ᠰᠢᠷ᠎ᠠ ᠪᠤᠷᠴᠠᠭ ᠤᠨ ᠠᠮᠢᠳᠤ ᠪᠣᠳᠠᠰ ᠤᠨ ᠦᠷ᠎ᠡ ᠪᠣᠶᠢᠵᠢᠭᠤᠯᠬᠤ ᠰᠢᠨ᠎ᠡ ᠡᠭᠦᠯᠳᠡᠷ ᠢ ᠴᠤᠭᠯᠠᠭᠤᠯᠤᠨ᠎ᠠ᠃ ᠠᠳᠠᠯᠢ ᠪᠤᠰᠤ ᠠᠮᠢ ᠠᠬᠤᠢ ᠶᠢᠨ ᠲᠥᠷᠥᠯ ᠬᠡᠯᠪᠡᠷᠢ ᠶᠢᠨ ᠣᠷᠣᠨ ᠤ ᠰᠢᠨᠵᠢ ᠪᠠᠶᠢᠳᠠᠯ ᠢᠶᠠᠷ ᠰᠢᠯᠢᠳᠡᠭ ᠰᠠᠶᠢᠨ᠂ ᠡᠪᠡᠳᠴᠢᠨ ᠡᠮᠭᠡᠭ ᠢ ᠡᠰᠡᠷᠭᠦᠴᠡᠨ ᠰᠥᠷᠬᠦ ᠶᠢ ᠡᠰᠡᠷᠭᠦᠴᠡᠬᠦ᠂ ᠲᠦᠯᠬᠢᠨ ᠳᠡᠯᠭᠡᠷᠡᠭᠦᠯᠬᠦ ᠢᠷᠡᠭᠡᠳᠦᠢ ᠲᠠᠢ ᠡᠷᠳᠡᠨᠢ ᠰᠢᠰᠢ ᠰᠢᠷ᠎ᠠ ᠪᠤᠷᠴᠠᠭ ᠤᠨ ᠡᠭᠦᠯᠳᠡᠷ ᠢ ᠡᠯᠰᠡᠨ ᠴᠤᠭᠯᠠᠭᠤᠯᠵᠤ᠂ ᠠᠳᠠᠯᠢ ᠨᠢᠭᠡᠨ ᠲᠣᠬᠢᠷᠠᠮᠵᠢᠲᠠᠢ ᠠᠮᠢ ᠠᠬᠤᠢ ᠶᠢᠨ ᠣᠷᠣᠨ ᠤ ᠣᠯᠠᠨ ᠲᠠᠪᠴᠠᠩ ᠳᠤ ᠳᠡᠯᠭᠡᠨ ᠦᠵᠡᠭᠦᠯᠵᠦ ᠦᠨᠡᠯᠡᠬᠦ ᠠᠵᠢᠯ ᠢ ᠥᠷᠨᠢᠭᠦᠯᠦᠨ᠎ᠡ ︵ᠳᠠᠭᠠᠯᠳᠤᠭᠤᠯᠤᠯ 2 ᠢ ᠨᠠᠷᠢᠨ ᠦᠵᠡᠭᠡᠷᠡᠢ︶᠃ ᠡᠭᠦᠯᠳᠡᠷ ᠤᠨ ᠲᠦᠷᠦᠯ ᠵᠦᠢᠯ ᠳᠤ ᠭᠤᠣᠯᠯᠠᠬᠤ ᠬᠡᠯᠪᠡᠷᠢ᠂ ᠥᠰᠦᠯᠲᠡ ᠶᠢᠨ ᠬᠡᠯᠪᠡᠷᠢ ᠪᠠ ᠴᠤᠬᠤᠶᠢᠯᠲᠠ ᠶᠢᠨ ᠬᠡᠯᠪᠡᠷᠢ ᠶᠢᠨ ᠡᠭᠦᠯᠳᠡᠷ ᠪᠠᠭᠲᠠᠨ᠎ᠠ᠃      1. ᠭᠤᠣᠯᠯᠠᠬᠤ ᠬᠡᠯᠪᠡᠷᠢ ᠶᠢᠨ ᠡᠭᠦᠯᠳᠡᠷ᠃ ᠣᠶᠢᠷ᠎ᠠ ᠶᠢᠨ 10 ᠵᠢᠯ ᠳᠤ ᠤᠯᠤᠰ ᠤᠨ ᠬᠢᠨᠠᠨ ᠲᠣᠭᠲᠠᠭᠠᠯᠲᠠ ︵ᠳᠡᠩᠰᠡᠯᠡᠨ ᠲᠡᠮᠳᠡᠭᠯᠡᠬᠦ︶᠂ ᠥᠪᠡᠷᠲᠡᠭᠡᠨ ᠵᠠᠰᠠᠬᠤ ᠣᠷᠣᠨ ᠤ ᠬᠢᠨᠠᠨ ᠲᠣᠭᠲᠠᠭᠠᠯᠲᠠ ︵ᠡᠭᠦᠯᠳᠡᠷ ᠣᠷᠣᠭᠤᠯᠬᠤ ᠶᠢ ᠪᠦᠷᠢᠳᠬᠡᠨ ᠳᠠᠩᠰᠠᠯᠠᠬᠤ︶ ᠶᠢ ᠥᠩᠭᠡᠷᠡᠭᠦᠯᠵᠦ᠂ ᠣᠶᠢᠷ᠎ᠠ ᠶᠢᠨ 3 ᠵᠢᠯ ᠳᠤ ︽ᠴᠢᠬᠢ ᠦᠵᠡᠵᠦ ᠦᠷ᠎ᠡ ᠰᠣᠩᠭᠤᠬᠤ︾ ᠲᠠᠪᠴᠠᠩ ᠢᠶᠠᠷ ᠲᠠᠨᠢᠯᠴᠠᠭᠤᠯᠤᠭᠰᠠᠨ ᠪᠤᠶᠤ ᠣᠶᠢᠷ᠎ᠠ ᠶᠢᠨ ᠬᠤᠶᠠᠷ ᠵᠢᠯ ᠳᠤ ᠨᠡᠶᠢᠲᠡ ᠳᠡᠯᠭᠡᠷᠡᠭᠦᠯᠦᠭᠰᠡᠨ ᠲᠠᠯᠠᠪᠠᠶ ᠨᠢ 30 ᠲᠦᠮᠡᠨ ᠮᠦ ᠶᠢ ᠳᠠᠪᠠᠭᠰᠠᠨ ᠡᠭᠦᠯᠳᠡᠷ ᠪᠣᠯᠣᠨ᠎ᠠ᠃      2. ᠥᠰᠦᠯᠲᠡ ᠶᠢᠨ ᠬᠡᠯᠪᠡᠷᠢ ᠶᠢᠨ ᠡᠭᠦᠯᠳᠡᠷ᠃ ᠣᠶᠢᠷ᠎ᠠ ᠶᠢᠨ 5 ᠵᠢᠯ ᠳᠤ ᠤᠯᠤᠰ ᠤᠨ ᠬᠢᠨᠠᠨ ᠲᠣᠭᠲᠠᠭᠠᠯᠲᠠ ︵ᠳᠡᠩᠰᠡᠯᠡᠨ ᠲᠡᠮᠳᠡᠭᠯᠡᠬᠦ︶᠂ ᠥᠪᠡᠷᠲᠡᠭᠡᠨ ᠵᠠᠰᠠᠬᠤ ᠣᠷᠣᠨ ᠤ ᠬᠢᠨᠠᠨ ᠲᠣᠭᠲᠠᠭᠠᠯᠲᠠ ︵ᠡᠭᠦᠯᠳᠡᠷ ᠣᠷᠣᠭᠤᠯᠬᠤ ᠶᠢ ᠪᠦᠷᠢᠳᠬᠡᠨ ᠳᠠᠩᠰᠠᠯᠠᠬᠤ︶ ᠶᠢ ᠥᠩᠭᠡᠷᠡᠭᠦᠯᠵᠦ᠂ ᠳᠡᠯᠭᠡᠷᠡᠭᠦᠯᠬᠦ ᠲᠠᠯᠠᠪᠠᠶ ᠨᠢ ᠨᠡᠯᠢᠶᠡᠳ ᠲᠦᠷᠭᠡᠨ ᠳᠡᠭᠡᠭᠰᠢᠯᠡᠭᠰᠡᠨ ᠡᠭᠦᠯᠳᠡᠷ ᠪᠣᠯᠣᠨ᠎ᠠ᠃      3. ᠴᠤᠬᠤᠶᠢᠯᠲᠠ ᠶᠢᠨ ᠬᠡᠯᠪᠡᠷᠢ ᠶᠢᠨ ᠡᠭᠦᠯᠳᠡᠷ᠃ ᠣᠶᠢᠷ᠎ᠠ ᠶᠢᠨ 3 ᠵᠢᠯ ᠳᠤ ᠤᠯᠤᠰ ᠤᠨ ᠬᠢᠨᠠᠨ ᠲᠣᠭᠲᠠᠭᠠᠯᠲᠠ ︵ᠳᠡᠩᠰᠡᠯᠡᠨ ᠲᠡᠮᠳᠡᠭᠯᠡᠬᠦ︶᠂ ᠥᠪᠡᠷᠲᠡᠭᠡᠨ ᠵᠠᠰᠠᠬᠤ ᠣᠷᠣᠨ ᠤ ᠬᠢᠨᠠᠨ ᠲᠣᠭᠲᠠᠭᠠᠯᠲᠠ ︵ᠡᠭᠦᠯᠳᠡᠷ ᠣᠷᠣᠭᠤᠯᠬᠤ ᠶᠢ ᠪᠦᠷᠢᠳᠬᠡᠨ ᠳᠠᠩᠰᠠᠯᠠᠬᠤ︶  ᠶᠢ ᠥᠩᠭᠡᠷᠡᠭᠦᠯᠵᠦ᠂ ᠶᠡᠷᠦᠩᠬᠡᠶᠢᠯᠡᠭᠰᠡᠨ ᠴᠢᠨᠠᠷᠲᠠᠢ ᠰᠢᠯᠢᠳᠡᠭ ᠰᠠᠶᠢᠨ ᠡᠭᠦᠯᠳᠡᠷ ᠪᠣᠯᠣᠨ᠎ᠠ᠃      ︵ᠬᠤᠶᠠᠷ︶ ᠭᠠᠷᠤᠯᠲᠠ ᠶᠢᠨ ᠬᠡᠮᠵᠢᠶ᠎ᠡ ᠶᠢᠨ ᠪᠡᠷᠬᠡ ᠰᠡᠳᠦᠪ ᠢ ᠰᠢᠢᠳᠪᠦᠷᠢᠯᠡᠬᠦ᠃ ᠡᠯ᠎ᠡ ᠠᠶᠢᠮᠠᠭ ᠬᠤᠳᠠ ᠳᠠᠪᠠᠭᠤᠯᠢᠭ ᠦᠷ᠎ᠡ ᠶᠢᠨ ᠦᠢᠯᠡᠰ ᠤᠨ ᠠᠵᠤ ᠠᠬᠤᠶᠢᠯᠠᠯ᠂ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠯᠤᠭ᠎ᠠ ᠬᠤᠷᠰᠢᠯᠴᠠᠭ᠎ᠠ ᠪᠠᠨ ᠴᠢᠩᠭᠠᠳᠬᠠᠨ᠂ ᠠᠮᠤ ᠪᠤᠳᠠᠭᠠᠨ ᠤ ᠲᠠᠷᠢᠮᠠᠯ ᠤᠨ 2—3 ᠭᠤᠣᠯ ᠪᠣᠯᠬᠤ ᠰᠢᠯᠢᠳᠡᠭ ᠡᠭᠦᠯᠳᠡᠷ ᠢ ᠰᠢᠯᠢᠨ ᠰᠣᠩᠭᠤᠵᠤ᠂ ᠲᠣᠬᠢᠷᠠᠮᠵᠢᠲᠠᠢ ᠮᠡᠷᠭᠡᠵᠢᠯ ᠤᠨ ᠵᠠᠭᠪᠤᠷ ᠪᠣᠯᠣᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠢᠵᠢ ᠪᠦᠷᠢᠳᠦᠭᠦᠯᠦᠨ᠂ ᠭᠠᠷᠤᠯᠲᠠ ᠶᠢᠨ ᠪᠣᠭᠤᠮᠲᠠ ᠰᠢᠪᠲᠤᠯᠬᠤ ᠶᠢ ᠥᠷᠨᠢᠭᠦᠯᠵᠦ᠂ ᠡᠭᠦᠯᠳᠡᠷ ᠤᠨ ᠭᠠᠷᠤᠯᠲᠠ ᠨᠡᠮᠡᠭᠳᠡᠭᠦᠯᠬᠦ ᠳᠠᠯᠳᠠ ᠬᠦᠴᠦᠨ ᠢ ᠤᠯᠠᠮ ᠨᠢᠭᠡ ᠠᠯᠬᠤᠮ ᠠᠭᠤᠳᠠᠯᠯᠠᠨ᠂ ᠡᠭᠦᠯᠳᠡᠷ ᠨᠢᠭᠡᠪᠦᠷᠢ ᠶᠢᠨ ᠳᠡᠯᠭᠡᠨ ᠦᠵᠡᠭᠦᠯᠬᠦ ᠲᠠᠯᠠᠪᠠᠢ ᠶᠢ 100 ᠮᠦ ᠠᠴᠠ ᠳᠤᠲᠠᠭᠤ ᠦᠭᠡᠢ ᠪᠠᠶᠢᠯᠭᠠᠬᠤ ᠬᠡᠷᠡᠭᠲᠡᠢ᠃ ᠡᠯ᠎ᠡ ᠠᠶᠢᠮᠠᠭ ᠬᠤᠳᠠ ᠶᠢᠨ ᠦᠷ᠎ᠡ ᠶᠢᠨ ᠦᠢᠯᠡᠰ ᠤᠨ ᠰᠠᠯᠠᠭ᠎ᠠ ᠮᠥᠴᠢᠷ ᠠᠴᠠ ᠪᠣᠭᠤᠮᠲᠠ ᠰᠢᠪᠲᠤᠯᠤᠭᠰᠠᠨ ᠦᠷ᠎ᠡ ᠳ᠋ᠦᠩ ᠢ ᠤᠬᠠᠭᠤᠯᠬᠤ ᠶᠢᠨ ᠬᠠᠮᠲᠤ ᠪᠣᠭᠤᠮᠲᠠ ᠰᠢᠪᠲᠤᠯᠤᠭᠰᠠᠨ ᠦᠷ᠎ᠡ ᠳ᠋ᠦᠩ ᠢ ᠥᠪᠡᠷᠲᠡᠭᠡᠨ ᠵᠠᠰᠠᠬᠤ ᠣᠷᠣᠨ ᠤ ᠭᠤᠣᠯᠯᠠᠬᠤ ᠡᠭᠦᠯᠳᠡᠷ ᠲᠠᠨᠢᠯᠴᠠᠭᠤᠯᠬᠤ ᠪᠠ ᠴᠢᠬᠤᠯᠠ ᠶᠡᠭᠡ ᠡᠭᠦᠯᠳᠡᠷ ᠤᠨ ᠲᠤᠰᠠᠯᠠᠮᠵᠢ ᠶᠢᠨ ᠯᠠᠪᠯᠠᠯᠲᠠ ᠶᠢᠨ ᠦᠨᠳᠦᠰᠦᠯᠡᠯ ᠪᠣᠯᠭᠠᠬᠤ ᠬᠡᠷᠡᠭᠲᠡᠢ᠃      ᠭᠤᠷᠪᠠ᠂ ᠬᠤᠯᠪᠣᠭᠳᠠᠯ ᠪᠦᠬᠦᠢ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠢ᠃ ᠡᠯ᠎ᠡ ᠠᠶᠢᠮᠠᠭ ᠬᠤᠲᠠ ᠶᠢᠨ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠨᠢᠭᠡᠴᠡ ᠨᠢ ᠡᠭᠦᠯᠳᠡᠷ ᠴᠤᠭᠯᠠᠭᠤᠯᠬᠤ ᠶᠢ ᠵᠣᠬᠢᠶᠠᠨ ᠪᠠᠶᠢᠭᠤᠯᠬᠤ ᠠᠵᠢᠯ ᠢ ᠬᠠᠪᠰᠤᠷᠤᠨ ᠰᠠᠶᠢᠲᠤᠷ ᠬᠢᠵᠦ᠂ ᠲᠣᠣᠷ ᠰᠦᠯᠵᠢᠶ᠎ᠡ᠂ ᠲᠧᠯᠸᠢᠰ᠂ ᠲᠤᠬᠠᠢ ᠶᠢᠨ ᠲᠠᠯᠠᠪᠤᠷ ᠤᠨ ᠪᠣᠯᠪᠠᠰᠤᠷᠠᠯ ᠵᠡᠷᠭᠡ ᠣᠯᠠᠨ ᠵᠦᠢᠯ ᠤᠨ ᠠᠷᠭ᠎ᠠ ᠵᠠᠮ ᠢ ᠭᠦᠢᠴᠡᠳ ᠠᠰᠢᠭᠯᠠᠨ ᠥᠷᠭᠡᠨ ᠳᠡᠯᠭᠡᠷ ᠤᠬᠠᠭᠤᠯᠭ᠎ᠠ ᠶᠢ ᠥᠷᠨᠢᠭᠦᠯᠵᠦ᠂ ᠬᠤᠯᠪᠣᠭᠳᠠᠯ ᠪᠦᠬᠦᠢ ᠦᠷ᠎ᠡ ᠶᠢᠨ ᠠᠵᠤ ᠠᠬᠤᠶᠢᠯᠠᠯ᠂ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠢ ᠢᠳᠡᠪᠬᠢᠲᠡᠢ ᠪᠠᠷ ᠵᠣᠬᠢᠶᠠᠨ ᠪᠠᠶᠢᠭᠤᠯᠤᠨ ᠲᠠᠷᠢᠶᠠᠨ ᠦᠷ᠎ᠡ ᠰᠣᠩᠭᠤᠬᠤ ᠳᠤ ᠣᠷᠣᠯᠴᠠᠭᠤᠯᠤᠨ᠎ᠠ᠃      ︵ᠬᠤᠶᠠᠷ︶ ᠡᠭᠦᠯᠳᠡᠷ ᠢ ᠥᠷᠭᠡᠨ ᠢᠶᠠᠷ ᠴᠤᠭᠯᠠᠭᠤᠯᠬᠤ ᠬᠡᠷᠡᠭᠲᠡᠢ᠃ ᠰᠠᠶᠢᠨ ᠳᠤᠷ᠎ᠠ ᠶᠢᠨ ᠵᠠᠷᠴᠢᠮ ᠶᠣᠰᠣᠭᠠᠷ ᠨᠡᠶᠢᠭᠡᠮ ᠳᠤ ᠬᠠᠨᠳᠤᠭᠤᠯᠤᠨ ᠡᠭᠦᠯᠳᠡᠷ ᠢ ᠡᠯᠰᠡᠨ ᠴᠤᠭᠯᠠᠭᠤᠯᠬᠤ ᠠᠵᠢᠯ ᠢ ᠥᠷᠨᠢᠭᠦᠯᠵᠦ᠂ ᠡᠭᠦᠯᠳᠡᠷ ᠢ ᠳᠡᠯᠭᠡᠨ ᠦᠵᠡᠭᠦᠯᠵᠦ ᠵᠢᠱᠢᠶ᠎ᠡ ᠦᠵᠡᠭᠦᠯᠬᠦ ᠳᠤ ᠶᠠᠮᠠᠷ ᠴᠤ ᠰᠦᠢᠳᠬᠡᠯ ᠬᠤᠷᠢᠶᠠᠬᠤ ᠦᠭᠡᠢ᠃ ᠦᠵᠡᠰᠬᠦᠯᠡᠩ ᠳᠤ ᠣᠷᠣᠯᠴᠠᠬᠤ ᠰᠠᠨᠠᠮᠵᠢ ᠲᠠᠢ ᠨᠢᠭᠡᠴᠡ ᠪᠤᠶᠤ ᠠᠵᠤ ᠠᠬᠤᠶᠢᠯᠠᠯ ᠤᠳ ᠦᠵᠡᠰᠬᠦᠯᠡᠩ ᠳᠤ ᠣᠷᠣᠯᠴᠠᠬᠤ ᠡᠭᠦᠯᠳᠡᠷ ᠤᠨ ᠦᠵᠡᠭᠦᠯᠭᠡ ᠶᠢᠨ ᠰᠠᠨᠠᠮᠵᠢ ᠶᠢᠨ ᠬᠠᠷᠢᠭᠤ ᠪᠠᠷᠢᠮᠲᠠ ᠶᠢᠨ ᠬᠦᠰᠦᠨᠦᠭᠲᠦ ︵ᠳᠠᠭᠠᠯᠳᠤᠭᠤᠯᠤᠯ 3︶ ᠶᠢ ᠲᠠᠭᠯᠠᠵᠤ᠂ 3 ᠰᠠᠷ᠎ᠠ ᠶᠢᠨ 15 ᠤ ᠡᠳᠦᠷ ᠠᠴᠠ ᠡᠮᠦᠨ᠎ᠡ ᠬᠠᠷᠢᠭᠤ ᠪᠠᠷᠢᠮᠲᠠ ᠶᠢᠨ ᠬᠦᠰᠦᠨᠦᠭᠲᠦ ᠶᠢ ᠠᠶᠢᠮᠠᠭ ᠬᠤᠲᠠ ᠶᠢᠨ ᠬᠠᠷᠢᠯᠴᠠᠬᠤ ᠬᠥᠮᠥᠨ ᠤ ᠢᠮᠧᠯ ᠳᠤ ︵ᠳᠠᠭᠠᠯᠳᠤᠭᠤᠯᠤᠯ 4︶ ᠲᠤ ᠶᠠᠪᠤᠭᠤᠯᠤᠭᠠᠷᠠᠢ᠃ ᠡᠯ᠎ᠡ ᠠᠶᠢᠮᠠᠭ ᠬᠤᠲᠠ ᠶᠢᠨ ᠬᠠᠷᠢᠯᠴᠠᠬᠤ ᠬᠥᠮᠥᠨ ᠬᠤᠷᠢᠶᠠᠩᠭᠤᠶᠢᠯᠠᠭᠰᠠᠨ ᠤ ᠳᠠᠷᠠᠭ᠎ᠠ 3 ᠰᠠᠷ᠎ᠠ ᠶᠢᠨ 25 ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠭᠠᠵᠠᠷ ᠲᠤ ᠮᠡᠳᠡᠭᠦᠯᠦᠨ ᠬᠦᠷᠭᠡᠬᠦ ᠬᠡᠷᠡᠭᠲᠡᠢ᠃      ︵ᠭᠤᠷᠪᠠ︶ ᠦᠷ᠎ᠡ ᠶᠢ ᠴᠠᠭ ᠲᠤᠬᠠᠢ ᠳᠤᠨᠢ ᠢᠯᠡᠭᠡᠵᠦ ᠬᠦᠷᠭᠡᠬᠦ ᠬᠡᠷᠡᠭᠲᠡᠢ᠃ ᠡᠯ᠎ᠡ ᠠᠶᠢᠮᠠᠭ ᠬᠤᠳᠠ ᠶᠢᠨ ᠬᠤᠯᠪᠣᠭᠳᠠᠯ ᠪᠦᠬᠦᠢ ᠨᠢᠭᠡᠴᠡ ᠠᠴᠠ ᠦᠵᠡᠭᠦᠯᠭᠡ ᠳᠤ ᠣᠷᠣᠯᠴᠠᠬᠤ ᠨᠢᠭᠡᠴᠡ ᠪᠤᠶᠤ ᠠᠵᠤ ᠠᠬᠤᠶᠢᠯᠠᠯ ᠤᠨ ᠦᠷ᠎ᠡ ᠪᠠᠨ ᠢᠯᠡᠭᠡᠵᠦ ᠬᠦᠷᠭᠡᠬᠦ ᠪᠣᠳᠠᠲᠠᠢ ᠴᠠᠭ ᠬᠤᠭᠤᠴᠠᠭ᠎ᠠ ᠬᠢᠭᠡᠳ ᠦᠷ᠎ᠡ ᠪᠠᠨ ᠢᠯᠡᠭᠡᠵᠦ ᠬᠦᠷᠭᠡᠬᠦ ᠬᠡᠮᠵᠢᠶ᠎ᠡ ᠵᠡᠷᠭᠡ ᠬᠠᠮᠢᠶ᠎ᠠ ᠪᠦᠬᠦᠢ ᠱᠠᠭᠠᠷᠳᠠᠯᠭ᠎ᠠ ᠶᠢ ᠬᠠᠷᠢᠭᠤᠴᠠᠨ ᠮᠡᠳᠡᠭᠳᠡᠵᠦ᠂ ᠦᠵᠡᠭᠦᠯᠭᠡ ᠳᠤ ᠣᠷᠣᠯᠴᠠᠬᠤ ᠲᠠᠯ᠎ᠠ ᠶᠢᠨ  ᠬᠢᠨ ᠭᠦᠢᠴᠡᠳ ᠬᠡᠮᠵᠢᠶᠡᠨ ᠤ ᠦᠷ᠎ᠡ ᠪᠠᠨ ᠵᠢᠭᠠᠨ ᠲᠣᠭᠲᠠᠭᠠᠭᠰᠠᠨ ᠭᠠᠵᠠᠷ ᠲᠤ ᠴᠠᠭ ᠲᠤᠬᠠᠢ ᠳᠤᠨᠢ ᠢᠯᠡᠭᠡᠬᠦ ᠶᠢᠨ ᠬᠠᠮᠲᠤ ᠦᠷ᠎ᠡ ᠶᠢᠨ ᠦᠨᠡᠨ ᠪᠣᠳᠠᠲᠤ ᠴᠢᠨᠠᠷ ᠪᠣᠯᠣᠨ ᠦᠷ᠎ᠡ ᠶᠢᠨ ᠶᠠᠰᠤ ᠴᠢᠨᠠᠷ ᠢ ᠪᠠᠲᠤᠯᠠᠬᠤ ᠬᠡᠷᠡᠭᠲᠡᠢ᠃      ᠳᠥᠷᠪᠡ᠂ ᠬᠠᠷᠢᠯᠴᠠᠬᠤ ᠠᠷᠭ᠎ᠠ ᠮᠠᠶ᠋ᠢᠭ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠭᠠᠵᠠᠷ       ᠬᠠᠷᠢᠯᠴᠠᠬᠤ ᠬᠥᠮᠥᠨ᠄ ᠵᠠᠩ ᠫᠧᠩ ᠢᠦᠢ      ᠯᠠᠪᠯᠠᠬᠤ ᠤᠲᠠᠰᠤ᠄ 0471—6286603      ᠳᠠᠭᠠᠯᠳᠤᠭᠤᠯᠤᠯ᠄ 1. 2025 ᠣᠨ ᠤ ︽ᠴᠢᠬᠢ ᠦᠵᠡᠵᠦ ᠦᠷ᠎ᠡ ᠰᠣᠩᠭᠤᠬᠤ︾ ᠨᠢᠭᠲᠠ ᠲᠠᠷᠢᠬᠤ ᠳᠤ ᠲᠡᠰᠪᠦᠷᠢᠲᠡᠢ ᠡᠭᠦᠯᠳᠡᠷ ᠢ ᠰᠢᠯᠢᠨ ᠰᠣᠩᠭᠤᠬᠤ ᠪᠦᠲᠦᠭᠡᠨ ᠪᠠᠶᠢᠭᠤᠯᠤᠯᠲᠠ ᠶᠢᠨ ᠬᠦᠰᠦᠨᠦᠭᠲᠦ᠃        2. 2025 ᠣᠨ ᠳᠤ ︽ᠴᠢᠬᠢ ᠦᠵᠡᠵᠦ ᠦᠷ᠎ᠡ ᠰᠣᠩᠭᠤᠬᠤ︾ ᠣᠯᠠᠨ ᠴᠡᠭ ᠤᠨ ᠳᠡᠯᠭᠡᠨ ᠦᠵᠡᠭᠦᠯᠬᠦ ᠡᠭᠦᠷᠭᠡ  ᠶᠢᠨ ᠪᠦᠲᠦᠭᠡᠨ ᠪᠠᠶᠢᠭᠤᠯᠤᠯᠲᠠ ᠶᠢᠨ ᠬᠦᠰᠦᠨᠦᠭᠲᠦ᠃       3. ᠦᠵᠡᠰᠬᠦᠯᠡᠩ ᠳᠤ ᠣᠷᠣᠯᠴᠠᠬᠤ ᠡᠭᠦᠯᠳᠡᠷ ᠢ ᠳᠡᠯᠭᠡᠨ ᠦᠵᠡᠭᠦᠯᠬᠦ ᠰᠠᠨᠠᠮᠵᠢ ᠶᠢᠨ ᠬᠠᠷᠢᠭᠤ ᠪᠠᠷᠢᠮᠲᠠ ᠶᠢᠨ ᠬᠦᠰᠦᠨᠦᠭᠲᠦ᠃       4. ᠡᠯ᠎ᠡ ᠠᠶᠢᠮᠠᠭ ᠬᠤᠳᠠ ᠶᠢᠨ ᠬᠠᠷᠢᠯᠴᠠᠬᠤ ᠬᠥᠮᠥᠨ ᠤ ᠮᠡᠳᠡᠭᠡ ᠵᠠᠩᠭᠢ ᠶᠢᠨ ᠬᠦᠰᠦᠨᠦᠭᠲᠦ᠃                                  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                                 ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ                                              2025 ᠣᠨ ᠤ 2 ᠰᠠᠷ᠎ᠠ ᠶᠢᠨ 20 ᠤ ᠡᠳᠦᠷ 
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号