ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ | ︽2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ︾ ᠳᠤ᠂ ᠡᠨᠡ ᠵᠢᠯ ᠮᠠᠨ ᠤ ᠣᠷᠣᠨ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠶᠢᠨ ᠬᠡᠷᠡᠭᠵᠢᠭᠦᠯᠦᠯᠲᠡ ᠶᠢ ᠴᠢᠩᠭᠠᠳᠬᠠᠨ᠂ ᠣᠷᠣᠨ ᠪᠦᠰᠡ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ | ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠪᠡᠭᠡᠵᠢᠩ ᠳᠤ ᠪᠣᠷᠣᠯᠠᠭᠤᠯᠬᠤ ᠪᠠ ᠰᠦᠯᠵᠢᠶᠡᠨ ᠳᠡᠭᠡᠷᠡᠬᠢ ᠪᠣᠷᠤᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠪᠦᠭᠦ | ᠵᠢᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠬᠡᠮᠵᠢᠶ᠎ᠡ ᠶᠢ 320 | ᠳ᠋ᠦᠩᠰᠢᠭᠤᠷ ᠭᠠᠷᠤᠢ ᠲᠥᠭᠦᠷᠢᠭ ᠲᠤ ᠬᠦᠷᠭᠡᠨ᠎ᠡ ᠭᠡᠵᠦ ᠳᠤᠷᠠᠳᠴᠠᠢ᠃ | ᠲᠤᠰ ︽ᠲᠥᠯᠥᠪᠯᠡᠭᠡ︾ ᠳᠤ ᠲᠣᠳᠣᠷᠠᠭᠤᠯᠤᠭᠰᠠᠨ ᠢᠶᠠᠷ᠂ ᠮᠠᠨ ᠤ ᠣᠷᠣᠨ ᠡᠨᠡ ᠵᠢᠯ ᠣᠷᠣᠨ ᠪᠦᠰᠡ ᠶᠢᠨ | ᠬᠤᠭᠤᠷᠣᠨᠳᠣᠭᠢ ᠠᠭᠤᠰᠤᠯᠴᠠᠯ ᠪᠠ ᠬᠤᠯᠪᠤᠭᠠᠯᠠᠨ ᠬᠥᠭᠵᠢᠬᠦ ᠶᠢ ᠦᠷᠭᠦᠯᠵᠢᠯᠡᠨ ᠲᠦᠷᠭᠡᠳᠬᠡᠵᠦ᠂ ᠪᠡᠭᠡᠵᠢᠩ | ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠳᠤ ᠭᠦᠨᠵᠡᠭᠡᠢ ᠠᠭᠤᠰᠤᠯᠴᠠᠨ᠂ ᠪᠡᠭᠡᠵᠢᠩ ᠲᠢᠶᠠᠨᠵᠢᠨ ᠾᠧᠪᠧᠢ | ᠭᠤᠷᠪᠠᠨ ᠮᠤᠵᠢ ᠬᠤᠲᠠ ᠯᠤᠭ᠎ᠠ ᠬᠠᠮᠵᠢᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠪᠡᠭᠡᠵᠢᠩ ᠥᠪᠥᠷ ᠮᠣᠩᠭᠤᠯ | ᠤᠨ ᠪᠦᠭᠦ ᠲᠠᠯ᠎ᠠ ᠶᠢᠨ ᠬᠠᠮᠵᠢᠯᠴᠠᠭᠠᠨ ᠤ ᠠᠵᠢᠯ ᠤᠨ ᠲᠣᠭᠲᠠᠴᠠ ᠶᠢ ᠪᠠᠶᠢᠭᠤᠯᠤᠨ᠂ ᠪᠡᠭᠡᠵᠢᠩ ᠥᠪᠥᠷ ᠮᠣᠩᠭᠤᠯ ᠤᠨ | ᠬᠠᠮᠵᠢᠯᠴᠠᠭᠠᠨ ᠤ ︽ᠵᠢᠷᠭᠤᠭᠠᠨ ᠳᠠᠭᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠶᠡᠭᠡ ᠪᠠᠷ ᠬᠡᠷᠡᠭᠵᠢᠭᠦᠯᠵᠦ᠂ ᠮᠠᠯ ᠠᠵᠤ | ᠠᠬᠤᠢ ᠲᠠᠷᠢᠶᠠᠯᠠᠩ ᠤᠨ ᠣᠨᠴᠠᠯᠢᠭᠲᠤ ᠠᠵᠤ ᠦᠢᠯᠡᠰ ᠢ ᠳᠡᠰ ᠳᠡᠪᠰᠢᠭᠦᠯᠬᠦ᠂ ᠠᠵᠤ ᠦᠢᠯᠡᠰ ᠤᠨ ᠪᠦᠯᠦᠭᠵᠢᠯ ᠢ | ᠪᠠᠶᠢᠭᠤᠯᠬᠤ᠂ ᠬᠡᠷᠡᠭᠯᠡᠭᠡ ᠪᠠᠷ ᠬᠠᠪᠰᠤᠷᠤᠨ ᠲᠡᠳᠬᠦᠵᠦ ᠣᠷᠣᠯᠭ᠎ᠠ ᠶᠢ ᠨᠡᠮᠡᠭᠳᠡᠭᠦᠯᠬᠦ ᠵᠢᠴᠢ ᠭᠦᠳᠡᠯᠮᠦᠷᠢ ᠦᠢᠯᠡᠴᠢᠯᠡᠭᠡᠨ | ᠤ ᠬᠠᠮᠵᠢᠯᠴᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠳᠥᠷᠪᠡᠨ ᠠᠵᠢᠯᠯᠠᠭ᠎ᠠ ᠶᠢ ᠭᠦᠨᠵᠡᠭᠡᠢ ᠠᠬᠢᠭᠤᠯᠤᠨ᠎ᠠ᠃ | ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ᠂ ᠵᠡᠭᠦᠨ ᠬᠤᠶᠢᠲᠤ ᠶᠢᠨ ᠭᠤᠷᠪᠠᠨ ᠮᠤᠵᠢ᠂ | ᠬᠥᠬᠡᠮᠥ᠋ᠷᠡᠨ ᠤ ᠭᠤᠷᠪᠠᠯᠵᠢᠨ ᠬᠤᠶᠢᠭ᠂ ᠴᠧᠩᠳᠦ᠋ ᠴᠦᠩᠴᠢᠩ᠂ ᠬᠠᠳᠤᠨ ᠭᠤᠣᠯ ᠤᠨ ᠰᠠᠪᠠ ᠭᠠᠵᠠᠷ᠂ ᠬᠥᠷᠰᠢ | ᠵᠡᠷᠭᠡᠯᠡᠳᠡᠭᠡ ᠮᠤᠵᠢ ᠣᠷᠣᠨ ᠯᠤᠭ᠎ᠠ ᠶᠢᠨ ᠪᠣᠳᠠᠲᠠᠢ ᠶᠢ ᠡᠷᠭᠢᠮᠯᠡᠭᠦ ᠬᠠᠮᠵᠢᠯᠴᠠᠭ᠎ᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠱᠠᠨᠳᠦ᠋ᠩ᠂ ᠭᠢᠷᠢᠨ᠂ ᠱᠠᠨᠰᠢ᠂ ᠨᠢᠩᠰᠢᠶᠠ ᠯᠤᠭ᠎ᠠ ᠬᠤᠯᠪᠣᠭᠳᠠᠯ ᠪᠦᠬᠦᠢ ᠬᠦᠷᠢᠶᠡᠨ ᠤ | ᠬᠠᠮᠵᠢᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠭᠲᠠᠬᠤ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠠᠬᠢᠭᠤᠯᠬᠤ ᠪᠣᠯᠣᠨ᠎ᠠ᠃ |