ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠶᠠᠷᠢᠯᠴᠠᠬᠤ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ᠵᠢᠷᠭᠤᠭᠠᠨ ᠠᠵᠢᠯᠯᠠᠭ᠎ᠠ ᠶᠢ ᠲᠦᠷᠭᠡᠳᠬᠡᠨ ᠠᠬᠢᠭᠤᠯᠵᠤ᠂ ᠴᠢᠬᠤᠯᠠ ᠶᠡᠭᠡ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠥᠷᠥᠯ ᠵᠦᠢᠯ ᠤᠨ ᠨᠥᠭᠡᠴᠡᠯᠡᠬᠦ ᠠᠵᠢᠯ ᠢ ᠭᠦᠨᠵᠡᠭᠡᠢ ᠥᠷᠨᠢᠭᠦᠯᠦᠨ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠠᠵᠢᠯ ᠢ ᠲᠦᠷᠭᠡᠳᠬᠡᠨ ᠠᠬᠢᠭᠤᠯᠬᠤ ᠶᠢᠨ ᠲᠥᠯᠥᠭᠡ᠂ 2 ᠰᠠᠷ᠎ᠠ ᠶᠢᠨ 21 ᠤ ᠡᠳᠦᠷ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ᠶᠠᠷᠢᠯᠴᠠᠬᠤ ᠬᠤᠷᠠᠯ ᠬᠤᠷᠠᠯᠳᠤᠭᠤᠯᠵᠤ᠂ ᠲᠠᠷᠢᠶᠠᠯᠠᠩ ᠳᠤ ᠬᠤᠯᠪᠣᠭᠳᠠᠬᠤ ᠡᠯ᠎ᠡ ᠳᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠪᠣᠯᠣᠨ ᠲᠠᠷᠢᠶᠠᠯᠠᠩ ᠮᠠᠯ ᠠᠵᠤ ᠠᠬᠤᠢ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠪᠥᠬᠦ ᠲᠠᠯ᠎ᠠ ᠪᠠᠷ | ᠣᠶᠢᠯᠠᠭᠠᠨ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠵᠢᠴᠢ ᠠᠵᠤ | ᠠᠬᠤᠶᠢᠯᠠᠯ ᠤᠨ ᠬᠤᠭᠤᠷᠣᠨᠳᠣᠬᠢ ᠨᠡᠪᠲᠡᠷᠡᠯᠴᠡᠭᠡ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠴᠢᠩᠭᠠᠳᠬᠠᠵᠠᠢ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠨᠥᠬᠦᠷ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ᠲᠠᠷᠢᠶᠠᠯᠠᠩ ᠳᠤ | ᠬᠤᠯᠪᠣᠭᠳᠠᠬᠤ ᠡᠯ᠎ᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠳ ᠣᠶᠢᠷ᠎ᠠ ᠶᠢᠨ ᠵᠢᠯ ᠤᠨ ᠲᠤᠷᠰᠢᠬᠢ ᠲᠠᠷᠢᠶᠠᠯᠠᠩ ᠮᠠᠯ ᠠᠵᠤ | ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠥᠷᠨᠢᠭᠦᠯᠦᠭᠰᠡᠨ ᠪᠠᠶᠢᠳᠠᠯ᠂ | ᠣᠷᠣᠰᠢᠵᠤ ᠪᠠᠶᠢᠭ᠎ᠠ ᠠᠰᠠᠭᠤᠳᠠᠯ ᠪᠠ ᠲᠠᠷᠠᠭᠠᠴᠢ ᠶᠢᠨ ᠠᠯᠬᠤᠮ ᠤᠨ ᠬᠡᠷᠡᠭᠴᠡᠭᠡ ᠱᠠᠭᠠᠷᠳᠠᠯᠭ᠎ᠠ ᠶᠢᠨ ᠲᠤᠬᠠᠢ ᠲᠣᠰ | ᠲᠣᠰ ᠶᠠᠷᠢᠯᠴᠠᠨ ᠰᠣᠯᠢᠯᠴᠠᠪᠠ᠃ ᠲᠢᠩᠬᠢᠮ ᠤᠨ ᠬᠤᠯᠪᠣᠭᠳᠠᠯ ᠪᠦᠬᠦᠢ ᠭᠠᠵᠠᠷ ᠲᠠᠰᠤᠭ ᠲᠣᠪᠴᠢᠶ᠎ᠠ ᠶᠢᠨ | ᠬᠠᠷᠢᠭᠤᠴᠠᠯᠭᠠᠲᠠᠨ ᠲᠣᠰ ᠲᠣᠰ ᠬᠡᠷᠡᠭᠴᠡᠭᠡ ᠱᠠᠭᠠᠷᠳᠠᠯᠭ᠎ᠠ ᠳᠤ ᠬᠠᠷᠢᠭᠤ ᠲᠤᠰᠬᠠᠯ ᠬᠢᠪᠡ᠃ | ᠬᠤᠷᠠᠯ ᠠᠴᠠ᠂ ᠣᠶᠢᠷ᠎ᠠ ᠶᠢᠨ ᠵᠢᠯ ᠤᠳ ᠲᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠳᠡᠭᠡ ᠠᠵᠤ ᠠᠬᠤᠢ ᠶᠢ ᠬᠥᠭᠵᠢᠭᠦᠯᠬᠦ ᠦᠵᠡᠯ | ᠰᠠᠨᠠᠭ᠎ᠠ ᠶᠢ ᠠᠵᠢᠯᠯᠠᠭ᠎ᠠ ᠳᠡᠭᠡᠷ᠎ᠡ ᠪᠠᠨ ᠦᠨᠡᠨᠬᠦ ᠨᠢᠭᠡᠳᠬᠡᠵᠦ᠂ ᠦᠵᠡᠯᠲᠡ ᠪᠠᠨ ᠬᠤᠪᠢᠷᠠᠭᠤᠯᠵᠤ᠂ ᠦᠢᠯᠡᠴᠢᠯᠡᠭᠡᠨ ᠤ | ᠲᠦᠪᠰᠢᠨ ᠢᠶᠠᠨ ᠳᠡᠭᠡᠭᠰᠢᠯᠡᠭᠦᠯᠵᠦ᠂ ᠡᠯ᠎ᠡ ᠭᠠᠵᠠᠷ ᠲᠠᠰᠤᠭ ᠲᠣᠪᠴᠢᠶ᠎ᠠ ᠶᠢᠨ ᠬᠢᠨ ᠤᠤᠯ ᠤᠨ ︽ᠴᠢ ᠨᠠᠳᠠ ᠪᠠᠷ ᠶᠠᠭᠤ | ᠬᠢᠯᠭᠡᠬᠦ ᠴᠢᠬᠤᠯᠠᠲᠠᠢ︾ ᠪᠠᠶᠢᠭᠰᠠᠨ ᠢ ︽ᠪᠢ ᠴᠢᠨᠦ ᠲᠥᠯᠥᠭᠡ ᠶᠠᠭᠤ ᠬᠢᠬᠦ ᠴᠢᠬᠤᠯᠠᠲᠠᠢ︾ ᠪᠣᠯᠭᠠᠨ ᠬᠤᠪᠢᠷᠠᠭᠤᠯᠵᠤ᠂ | ᠪᠡᠯᠡ ᠮᠥᠩᠭᠦ᠂ ᠲᠦᠷᠦᠯ ᠵᠦᠢᠯ ᠤᠨ ᠣᠷᠣᠭᠤᠯᠤᠯᠲᠠ ᠶᠢ ᠣᠷᠣᠭᠤᠯᠵᠤ᠂ ᠬᠡᠯᠬᠢᠶ᠎ᠡ ᠶᠢᠨ ᠭᠤᠣᠯ ᠠᠵᠤ ᠠᠬᠤᠶᠢᠯᠠᠯ᠂ | ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠪᠣᠯᠣᠨ ᠡᠯ᠎ᠡ ᠲᠤᠰᠬᠠᠢ ᠮᠡᠷᠭᠡᠵᠢᠯᠲᠡᠨ ᠤ ᠰᠡᠳᠬᠢᠴᠡ ᠶᠢ ᠳᠠᠭᠠᠵᠦ | ᠠᠮᠵᠢᠬᠤ ᠬᠡᠷᠡᠭᠲᠡᠢ᠃ ᠬᠠᠮᠵᠢᠯᠴᠠᠨ ᠰᠢᠨ᠎ᠡ ᠶᠢ ᠡᠭᠦᠳᠬᠦ ᠠᠵᠢᠯ ᠤᠨ ᠠᠷᠭ᠎ᠠ ᠬᠡᠯᠪᠡᠷᠢ ᠶᠢ ᠭᠦᠨᠵᠡᠭᠡᠶᠢᠷᠡᠭᠦᠯᠵᠦ᠂ ᠡᠯ᠎ᠡ | ᠲᠠᠯ᠎ᠠ ᠶᠢᠨ ᠬᠦᠴᠦᠨ ᠢ ᠨᠢᠭᠡᠳᠦᠯᠲᠡᠢ ᠲᠥᠯᠥᠪᠵᠢᠭᠦᠯᠵᠦ᠂ ᠬᠦᠴᠦ ᠪᠠᠨ ᠬᠠᠮᠲᠤᠳᠬᠠᠨ᠂ ᠵᠠᠰᠠᠭ ᠵᠠᠬᠢᠷᠭ᠎ᠠ᠂ ᠠᠵᠤ | ᠠᠬᠤᠶᠢᠯᠠᠯ᠂ ᠰᠤᠷᠭᠠᠭᠤᠯᠢ᠂ ᠭᠠᠵᠠᠷ ᠤᠨ ᠬᠢᠨ ᠳᠤᠲᠠᠭᠤᠳᠠᠯ ᠢᠶᠠᠨ ᠬᠠᠷᠢᠯᠴᠠᠨ ᠨᠥᠬᠦᠪᠦᠷᠢᠯᠡᠵᠦ᠂ ᠬᠠᠮᠲᠤᠷᠠᠯ ᠤᠨ | ᠬᠦᠴᠦᠨ ᠢ ᠪᠦᠷᠢᠯᠳᠦᠭᠦᠯᠬᠦ ᠬᠡᠷᠡᠭᠲᠡᠢ᠃ ᠦᠷ᠎ᠡ ᠪᠦᠲᠦᠭᠡᠯ ᠢ ᠬᠡᠷᠡᠭᠯᠡᠭᠡ ᠪᠣᠯᠭᠠᠬᠤ ᠶᠢ ᠴᠢᠩᠭᠠᠳᠬᠠᠵᠤ᠂ ᠪᠠᠭ᠎ᠠ ᠲᠦᠷᠦᠯ | ᠵᠦᠢᠯ ᠢ ᠪᠣᠳᠠᠲᠠᠶᠢᠵᠢᠭᠤᠯᠵᠤ᠂ ᠶᠡᠭᠡ ᠲᠦᠷᠦᠯ ᠵᠦᠢᠯ ᠢ ᠲᠥᠯᠥᠪᠵᠢᠭᠦᠯᠵᠦ᠂ ᠥᠪᠥᠷ ᠮᠣᠩᠭᠤᠯ ᠤᠨ | ᠬᠠᠷᠢᠭᠤᠴᠠᠯᠭ᠎ᠠ ᠶᠢ ᠢᠯᠡᠷᠡᠭᠦᠯᠬᠦ ᠪᠠᠷ ᠴᠢᠷᠮᠠᠶᠢᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ︽ᠰᠢᠨ᠎ᠡ ᠵᠠᠮ ᠨᠡᠭᠡᠭᠡᠵᠦ᠂ ᠳᠤᠮᠳᠠ ᠤᠷᠤᠰᠬᠠᠯ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ | ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠴᠢᠷᠮᠠᠶᠢᠨ ᠨᠡᠮᠡᠷᠢᠯᠡᠬᠦ | ᠬᠡᠷᠡᠭᠲᠡᠢ᠃ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ ᠬᠠᠷᠢᠶ᠎ᠠ ᠭᠠᠵᠠᠷ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠪᠠᠰᠠ ᠦᠷᠭᠦᠯᠵᠢᠯᠡᠨ ᠣᠷᠣᠨ ᠤ ᠲᠥᠪ ᠲᠤ | ᠪᠠᠶᠢᠭ᠎ᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠡᠯ᠎ᠡ ᠲᠠᠷᠢᠶᠠᠯᠠᠩ ᠳᠤ ᠬᠤᠯᠪᠣᠭᠳᠠᠬᠤ ᠳᠡᠭᠡᠳᠦ ᠰᠤᠷᠭᠠᠭᠤᠯᠢ ᠶᠢᠨ ᠬᠦᠷᠢᠶᠡᠯᠡᠩ ᠭᠠᠵᠠᠷ᠂ ᠲᠠᠷᠢᠶᠠᠯᠠᠩ ᠮᠠᠯ | ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ᠂ ᠲᠢᠩᠬᠢᠮ ᠤᠨ ᠬᠠᠮᠢᠶ᠎ᠠ ᠪᠦᠬᠦᠢ | ᠭᠠᠵᠠᠷ ᠭᠡᠷ ︵ᠲᠣᠪᠴᠢᠶ᠎ᠠ︶᠂ ᠬᠠᠮᠢᠶ᠎ᠠ ᠪᠦᠬᠦᠢ ᠨᠢᠭᠡᠴᠡ᠂ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ |