︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠢᠲᠡᠭᠡᠮᠵᠢ ᠶᠢᠨ ᠦᠨᠡᠯᠡᠯᠲᠡ ᠶᠢᠨ ᠠᠷᠭ᠎ᠠ︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2025/2/22
      ᠨᠢᠭᠡ᠂ ︽ᠦᠨᠡᠯᠡᠯᠲᠡ ᠶᠢᠨ ᠠᠷᠭ᠎ᠠ︾ ᠶᠢ ᠲᠣᠭᠲᠠᠭᠠᠵᠤ ᠨᠡᠶᠢᠲᠡᠯᠡᠭᠰᠡᠨ ᠭᠤᠣᠯ ᠠᠬᠤᠢ ᠪᠠᠶᠢᠳᠠᠯ      ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠨᠢ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ᠂ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠪᠠ ᠮᠠᠲ᠋ᠧᠷᠢᠶᠠᠯ ᠲᠥᠬᠦᠭᠡᠷᠦᠮᠵᠢ ᠬᠠᠩᠭᠠᠬᠤ ᠵᠡᠷᠭᠡ ᠲᠤᠬᠠᠶᠢᠯᠠᠭᠰᠠᠨ ᠠᠵᠢᠯ ᠤᠨ ᠨᠢᠭᠡᠴᠡ ᠳᠤ ᠬᠤᠯᠪᠣᠭᠳᠠᠵᠤ᠂ ᠣᠷᠣᠯᠴᠠᠬᠤ ᠭᠤᠣᠯ ᠴᠣᠭᠴᠠ ᠨᠢ ᠣᠯᠠᠨ ᠡᠰᠢᠲᠦ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠥᠨᠳᠥᠷ᠂ ᠲᠠᠷᠢᠶᠠᠴᠢᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠨᠢᠭᠲᠠ ᠬᠤᠯᠪᠣᠭ᠎ᠠ ᠲᠠᠢ᠂ ᠲᠤᠰᠬᠠᠢ ᠮᠡᠷᠭᠡᠵᠢᠯ ᠤᠨ ᠬᠥᠮᠥᠨ ᠢᠶᠠᠷ ᠲᠤᠰᠬᠠᠢ ᠮᠡᠷᠭᠡᠵᠢᠯ ᠤᠨ ᠠᠵᠢᠯ ᠬᠢᠯᠭᠡᠬᠦ ᠴᠢᠬᠤᠯᠠᠲᠠᠢ᠂ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠠᠵᠢᠯ ᠤᠨ ᠶᠠᠰᠤᠴᠢᠨᠠᠷ ᠨᠢ ᠵᠢᠭᠳᠡ ᠪᠤᠰᠤ᠂ ᠲᠥᠷᠥᠯ ᠵᠦᠢᠯ ᠤᠨ ᠲᠥᠯᠦᠪᠵᠢᠭᠦᠯᠭᠡ ᠨᠢ ᠰᠢᠨᠵᠢᠯᠡᠬᠦ ᠤᠬᠠᠭᠠᠨᠴᠢ ᠪᠤᠰᠤ᠂ ᠲᠥᠷᠥᠯ ᠵᠦᠢᠯ ᠤᠨ ᠢᠨᠵᠧᠨᠧᠷᠢᠩ ᠨᠢ ᠵᠢᠷᠤᠮᠵᠢᠯ ᠦᠭᠡᠢ᠂ ᠢᠨᠵᠧᠨᠧᠷᠢᠩ ᠤᠨ ᠶᠠᠰᠤ ᠴᠢᠨᠠᠷ ᠨᠢ ᠬᠢᠷᠢ ᠲᠡᠩᠴᠡᠬᠦ ᠦᠭᠡᠢ᠂ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠨᠢ ᠪᠠᠷᠢᠮᠵᠢᠶ᠎ᠠ ᠳᠤ ᠬᠦᠷᠬᠦ ᠦᠭᠡᠢ ᠵᠡᠷᠭᠡ ᠠᠰᠠᠭᠤᠳᠠᠯ ᠢᠯᠡᠷᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠨᠢ ᠨᠢᠭᠡᠨᠲᠡ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠵᠢᠷᠤᠮᠵᠢᠭᠤᠯᠤᠨ ᠥᠷᠨᠢᠭᠦᠯᠬᠦ ᠶᠢᠨ ᠲᠤᠯᠭᠠᠮ᠎ᠠ ᠬᠡᠷᠡᠭᠴᠡᠭᠡ ᠪᠣᠯᠤᠭᠰᠠᠨ ᠪᠠᠶᠢᠨ᠎ᠠ᠃ ᠲᠣᠰ ︽ᠦᠨᠡᠯᠡᠯᠲᠡ ᠶᠢᠨ ᠠᠷᠭ᠎ᠠ︾ ᠪᠣᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠢᠲᠡᠭᠡᠮᠵᠢ ᠶᠢᠨ ᠦᠨᠡᠯᠡᠯᠲᠡ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠰᠠᠭᠤᠷᠢᠨ ᠳᠡᠭᠡᠷ᠎ᠡ᠂ ᠲᠤᠷᠰᠢᠨ ᠬᠡᠷᠡᠭᠵᠢᠭᠦᠯᠦᠭᠰᠡᠨ ᠦᠷ᠎ᠡ ᠪᠦᠲᠦᠮᠵᠢ ᠪᠠ ᠬᠠᠮᠢᠶ᠎ᠠ ᠪᠦᠬᠦᠢ ᠱᠠᠭᠠᠷᠳᠠᠯᠭ᠎ᠠ ᠲᠠᠢ ᠤᠶᠠᠯᠳᠤᠭᠤᠯᠤᠨ᠂ ᠢᠲᠡᠭᠡᠮᠵᠢ ᠶᠢᠨ ᠦᠨᠡᠯᠡᠯᠲᠡ ᠶᠢᠨ ᠠᠭᠤᠯᠭ᠎ᠠ ᠪᠠ ᠦᠨᠡᠯᠡᠬᠦ ᠪᠠᠷᠢᠮᠵᠢᠶ᠎ᠠ᠂ ᠵᠡᠷᠭᠡ ᠳᠡᠰ ᠵᠢᠴᠢ ᠬᠡᠷᠡᠭᠯᠡᠬᠦ ᠲᠠᠯ᠎ᠠ ᠶᠢᠨ ᠪᠣᠳᠠᠲᠠᠢ ᠱᠠᠭᠠᠷᠳᠠᠯᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ᠵᠠᠩᠭᠢᠯᠠᠭ᠎ᠠ ᠶᠢᠨ ᠭᠤᠭᠴᠤᠭ᠎ᠠ ᠶᠢᠨ ᠪᠣᠳᠠᠲᠠᠢ ᠦᠨᠡᠯᠡᠯᠲᠡ ᠶᠢᠨ ᠠᠷᠭ᠎ᠠ ᠪᠠ ᠱᠠᠭᠠᠷᠳᠠᠯᠭ᠎ᠠ ᠶᠢ ᠳᠤᠷᠠᠳᠤᠨ ᠭᠠᠷᠭᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠢᠲᠡᠭᠡᠮᠵᠢ ᠶᠢᠨ ᠦᠨᠡᠯᠡᠯᠲᠡ ᠶᠢ ᠵᠢᠷᠤᠮᠯᠠᠬᠤ ᠳᠦᠷᠢᠮ ᠲᠠᠢ᠂ ᠦᠨᠳᠦᠰᠦᠯᠡᠬᠦ ᠪᠠᠷᠢᠮᠲᠠ ᠲᠠᠢ ᠪᠣᠯᠭᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠬᠢᠷᠢ ᠲᠦᠪᠰᠢᠨ ᠢ ᠬᠦᠴᠦᠲᠡᠢ ᠳᠡᠭᠡᠭᠰᠢᠯᠡᠭᠦᠯᠦᠨ᠎ᠡ᠃       ᠬᠤᠶᠠᠷ᠂ ︽ᠦᠨᠡᠯᠡᠯᠲᠡ ᠶᠢᠨ ᠠᠷᠭ᠎ᠠ︾ ᠶᠢᠨ ᠪᠣᠷᠣ ᠲᠥᠯᠥᠪ ᠪᠠ ᠭᠤᠣᠯ ᠠᠭᠤᠯᠭ᠎ᠠ      ︽ᠦᠨᠡᠯᠡᠯᠲᠡ ᠶᠢᠨ ᠠᠷᠭ᠎ᠠ︾ ᠶᠢ ᠨᠡᠶᠢᠲᠡ ᠵᠢᠷᠭᠤᠭᠠᠨ ᠪᠦᠯᠦᠭ ᠭᠤᠴᠢᠨ ᠵᠦᠢᠯ ᠢᠶᠠᠷ ᠬᠤᠪᠢᠶᠠᠵᠠᠢ᠃ ᠭᠤᠣᠯ ᠠᠭᠤᠯᠭ᠎ᠠ ᠳᠤ᠄ ᠨᠢᠭᠡᠳᠦᠭᠡᠷ ᠪᠦᠯᠦᠭ ᠶᠡᠷᠦᠩᠬᠡᠢ ᠳᠦᠷᠢᠮ᠂ ᠨᠡᠶᠢᠳᠠ ᠲᠠᠪᠤᠨ ᠵᠦᠢᠯ︔ ᠬᠤᠶᠠᠳᠤᠭᠠᠷ ᠪᠦᠯᠦᠭ ᠦᠨᠡᠯᠡᠬᠦ ᠠᠭᠤᠯᠭ᠎ᠠ ᠵᠢᠴᠢ ᠵᠢᠷᠤᠮ᠂ ᠨᠡᠶᠢᠲᠡ ᠳᠥᠷᠪᠡᠨ ᠵᠦᠢᠯ︔ ᠭᠤᠷᠪᠠᠳᠤᠭᠠᠷ ᠪᠦᠯᠦᠭ ᠦᠨᠡᠯᠡᠬᠦ ᠪᠠᠷᠢᠮᠵᠢᠶ᠎ᠠ ᠵᠢᠴᠢ ᠵᠡᠷᠭᠡ ᠳᠡᠰ᠂ ᠨᠡᠶᠢᠲᠡ ᠳᠣᠯᠣᠭᠠᠨ ᠵᠦᠢᠯ︔ ᠳᠥᠷᠪᠡᠳᠦᠭᠡᠷ ᠪᠦᠯᠦᠭ ᠦᠨᠡᠯᠡᠯᠲᠡ ᠶᠢᠨ ᠦᠷ᠎ᠡ ᠳ᠋ᠦᠩ ᠤᠨ ᠬᠡᠷᠡᠭᠯᠡᠭᠡ᠂ ᠨᠡᠶᠢᠳᠡ ᠲᠤᠯᠤᠭᠠᠨ ᠵᠦᠢᠯ︔ ᠲᠠᠪᠤᠳᠤᠭᠠᠷ ᠪᠦᠯᠦᠭ ᠢᠲᠡᠭᠡᠮᠵᠢ ᠶᠢ ᠰᠡᠷᠭᠦᠭᠡᠬᠦ᠂ ᠨᠡᠶᠢᠲᠡ ᠭᠤᠷᠪᠠᠨ ᠵᠦᠢᠯ︔ ᠲᠠᠪᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ᠂ ᠨᠡᠶᠢᠳᠡ ᠲᠦᠷᠪᠡᠨ ᠵᠦᠢᠯ ᠵᠡᠷᠭᠡ ᠪᠤᠢ᠃       ᠨᠢᠭᠡᠳᠦᠭᠡᠷ ᠪᠦᠯᠦᠭ ᠶᠡᠷᠦᠩᠬᠡᠢ ᠳᠦᠷᠢᠮ ᠳᠤ᠂ ᠠᠷᠭ᠎ᠠ ᠶᠢ ᠨᠠᠶᠢᠷᠠᠭᠤᠯᠤᠨ ᠵᠣᠬᠢᠶᠠᠬᠤ ᠵᠣᠷᠢᠯᠭ᠎ᠠ ᠶᠢᠨ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠡᠯ᠎ᠡ ᠱᠠᠲᠤᠨ ᠤ ᠡᠭᠦᠷᠭᠡ ᠬᠠᠷᠢᠭᠤᠴᠠᠯᠭ᠎ᠠ ᠵᠡᠷᠭᠡ ᠠᠭᠤᠯᠭ᠎ᠠ ᠶᠢ ᠲᠣᠳᠣᠷᠬᠠᠶᠢᠯᠠᠪᠠ᠃       ᠬᠤᠶᠠᠳᠤᠭᠠᠷ ᠪᠦᠯᠦᠭ ᠦᠨᠡᠯᠡᠬᠦ ᠠᠭᠤᠯᠭ᠎ᠠ ᠵᠢᠴᠢ ᠵᠢᠷᠤᠮ ᠳᠤ᠂ ᠦᠨᠡᠯᠡᠯᠲᠡ ᠶᠢᠨ ᠠᠷᠭ᠎ᠠ ᠮᠠᠶ᠋ᠢᠭ᠂ ᠦᠨᠡᠯᠡᠬᠦ ᠠᠭᠤᠯᠭ᠎ᠠ᠂ ᠦᠨᠡᠯᠡᠬᠦ ᠵᠢᠷᠤᠮ ᠪᠠ ᠲᠤᠰᠢᠶᠠᠯ ᠬᠠᠷᠢᠭᠤᠴᠠᠯᠭ᠎ᠠ ᠵᠡᠷᠭᠡ ᠠᠭᠤᠯᠭ᠎ᠠ ᠶᠢ ᠪᠠᠭᠲᠠᠭᠠᠵᠠᠢ᠃       ᠭᠤᠷᠪᠠᠳᠤᠭᠠᠷ ᠪᠦᠯᠦᠭ ᠦᠨᠡᠯᠡᠬᠦ ᠪᠠᠷᠢᠮᠵᠢᠶ᠎ᠠ ᠵᠢᠴᠢ ᠵᠡᠷᠭᠡ ᠳᠡᠰ ᠲᠤ ᠢᠲᠡᠭᠡᠮᠵᠢ ᠶᠢᠨ ᠦᠨᠡᠯᠡᠯᠲᠡ ᠶᠢᠨ ᠵᠡᠷᠭᠡ ᠳᠡᠰ ᠤᠨ ᠬᠤᠪᠢᠶᠠᠷᠢᠯᠠᠯ᠂ ᠢᠲᠡᠭᠡᠮᠵᠢ ᠶᠢᠨ ᠵᠡᠷᠭᠡ ᠳᠡᠰ ᠨᠢ D ᠪᠣᠯᠬᠤ ᠡᠯ᠎ᠡ ᠵᠦᠢᠯ ᠤᠨ ᠪᠠᠶᠢᠳᠠᠯ᠂ ᠢᠲᠡᠭᠡᠮᠵᠢ ᠶᠢᠨ ᠵᠡᠷᠭᠡ ᠳᠡᠰ ᠤᠨ ᠬᠦᠴᠦᠨ ᠲᠠᠢ ᠬᠤᠭᠤᠴᠠᠭ᠎ᠠ ᠵᠡᠷᠭᠡ ᠠᠭᠤᠯᠭ᠎ᠠ ᠪᠠᠭᠲᠠᠵᠠᠢ᠃       ᠳᠥᠷᠪᠡᠳᠦᠭᠡᠷ ᠪᠦᠯᠦᠭ ᠦᠨᠡᠯᠡᠭᠰᠡᠨ ᠦᠷ᠎ᠡ ᠳ᠋ᠦᠩ ᠤᠨ ᠬᠡᠷᠡᠭᠯᠡᠭᠡ ᠳᠤ᠂ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠢᠲᠡᠭᠡᠮᠵᠢ ᠶᠢᠨ ᠦᠨᠡᠯᠡᠯᠲᠡ ᠶᠢᠨ A᠂ B᠂ C᠂ D ᠭᠡᠬᠦ 4 ᠵᠦᠢᠯ ᠤᠨ ᠲᠠᠰ ᠲᠣᠭᠲᠠᠭᠠᠭᠰᠠᠨ ᠦᠷ᠎ᠡ ᠳ᠋ᠦᠩ ᠢ ᠬᠡᠷᠡᠭᠯᠡᠭᠰᠡᠨ ᠪᠠᠶᠢᠳᠠᠯ ᠳᠤ ᠨᠠᠷᠢᠨ ᠲᠣᠳᠣᠷᠬᠠᠶᠢᠯᠠᠯᠲᠠ ᠬᠢᠵᠡᠢ᠃       ᠲᠠᠪᠤᠳᠤᠭᠠᠷ ᠪᠦᠯᠦᠭ ᠢᠲᠡᠭᠡᠮᠵᠢ ᠶᠢ ᠰᠡᠷᠭᠦᠭᠡᠬᠦ ᠳᠤ ᠭᠤᠣᠯᠳᠠᠭᠤ ᠢᠲᠡᠭᠡᠮᠵᠢ ᠶᠢᠨ ᠦᠨᠡᠯᠡᠯᠲᠡ ᠶᠢᠨ ᠲᠠᠰ ᠨᠢ D ᠪᠣᠯᠬᠤ ᠠᠵᠤ ᠠᠬᠤᠶᠢᠯᠠᠯ ᠤᠨ ᠢᠲᠡᠭᠡᠮᠵᠢ ᠶᠢ ᠰᠡᠷᠭᠦᠭᠡᠬᠦ ᠪᠠᠷ ᠭᠤᠶᠤᠴᠢᠯᠠᠬᠤ ᠪᠣᠳᠠᠲᠠᠢ ᠲᠠᠰ ᠳᠠᠷᠠᠭᠠᠯᠠᠯ ᠢ ᠲᠣᠳᠣᠷᠬᠠᠶᠢᠯᠠᠨ ᠲᠠᠶᠢᠯᠪᠤᠷᠢᠯᠠᠪᠠ᠃       ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ ᠳᠤ ᠬᠡᠷᠡᠭᠵᠢᠭᠦᠯᠬᠦ ᠴᠠᠭ ᠬᠤᠭᠤᠴᠠᠭ᠎ᠠ ᠪᠠ ᠲᠠᠶᠢᠯᠪᠤᠷᠢᠯᠠᠬᠤ ᠡᠷᠬᠡ ᠶᠢᠨ ᠬᠡᠪᠴᠢᠶ᠎ᠡ ᠶᠢ ᠲᠣᠭᠲᠠᠭᠠᠪᠠ᠃       ᠭᠤᠷᠪᠠ᠂ ︽ᠦᠨᠡᠯᠡᠯᠲᠡ ᠶᠢᠨ ᠠᠷᠭ᠎ᠠ︾ ᠶᠢᠨ ᠭᠤᠣᠯ ᠦᠢᠯᠡᠳᠦᠯ ᠪᠠ ᠣᠨᠴᠠᠯᠢᠭ      ︵ᠨᠢᠭᠡ︶ ᠢᠲᠡᠭᠡᠮᠵᠢ ᠶᠢᠨ ᠦᠨᠡᠯᠡᠯᠲᠡ ᠶᠢᠨ ᠬᠡᠷᠡᠭᠯᠡᠯᠲᠡ᠃ ᠠᠵᠤ ᠠᠬᠤᠶᠢᠯᠠᠯ ᠤᠨ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠤᠨ ᠬᠡᠷᠡᠭᠯᠡᠯᠲᠡ ᠳᠤ ᠣᠷᠣᠯᠴᠠᠬᠤ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠢᠲᠡᠭᠡᠮᠵᠢ ᠶᠢᠨ ᠦᠨᠡᠯᠡᠯᠲᠡ ᠶᠢᠨ ᠬᠠᠷ᠎ᠠ ᠲᠠᠩᠰᠠ ᠶᠢᠨ D ᠲᠠᠰ ᠲᠤ᠂ ᠭᠤᠷᠪᠠᠨ ᠵᠢᠯ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠳᠤ ᠣᠷᠣᠯᠴᠠᠬᠤ ᠶᠢ ᠴᠠᠭᠠᠵᠠᠯᠠᠨ᠎ᠠ᠃ ᠡᠭᠦᠨ ᠤ ᠬᠠᠮᠲᠤ᠂ ᠰᠠᠯᠠᠭ᠎ᠠ ᠮᠥᠴᠢᠷ ᠤᠨ ᠬᠠᠮᠲᠤᠷᠠᠨ ᠬᠢᠨᠠᠨ ᠬᠠᠮᠢᠶᠠᠷᠬᠤ᠂ ᠬᠠᠮᠲᠤᠷᠠᠨ ᠵᠠᠯᠬᠠᠭᠠᠨ ᠴᠡᠭᠡᠷᠯᠡᠭᠦᠯᠬᠦ ᠵᠦᠢᠯ ᠵᠤᠷᠪᠤᠰ ᠢ ᠴᠢᠩᠭᠠᠳᠬᠠᠪᠠ᠃       ︵ᠬᠤᠶᠠᠷ︶ ᠦᠨᠡᠯᠡᠬᠦ ᠠᠭᠤᠯᠭ᠎ᠠ ᠶᠢᠨ ᠬᠤᠪᠢᠷᠠᠭᠤᠯᠤᠯᠲᠠ᠃ ᠤᠤᠯ ᠤᠨ ᠦᠨᠡᠯᠡᠭᠰᠡᠨ ᠠᠭᠤᠯᠭ᠎ᠠ ᠶᠢᠨ ᠰᠠᠭᠤᠷᠢᠨ ᠳᠡᠭᠡᠷ᠎ᠡ᠂ ᠦᠨᠡᠯᠡᠬᠦ ᠠᠭᠤᠯᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠢᠲᠡᠭᠡᠯ ᠢᠶᠠᠨ ᠠᠯᠳᠠᠭᠰᠠᠨ ᠠᠵᠢᠯᠯᠠᠭ᠎ᠠ ᠶᠢ ᠮᠠᠭᠠᠳᠯᠠᠨ ᠲᠣᠭᠲᠠᠭᠠᠬᠤ ᠶᠢ ᠵᠢᠷᠤᠮᠵᠢᠭᠤᠯᠤᠨ᠂ ᠬᠦᠨᠳᠦ ᠨᠣᠴᠢᠲᠠᠢ ᠢᠲᠡᠭᠡᠯ ᠢᠶᠠᠨ ᠠᠯᠳᠠᠭᠰᠠᠨ ᠬᠡᠰᠡᠭ ᠤᠨ ᠡᠩ ᠤᠨ ᠵᠦᠢᠯ ᠵᠤᠷᠪᠤᠰ ᠢ ᠬᠠᠰᠤᠵᠤ᠂ ᠮᠠᠭᠠᠳᠯᠠᠨ ᠲᠣᠭᠲᠠᠭᠠᠭᠰᠠᠨ ᠢᠲᠡᠭᠡᠯ ᠢᠶᠠᠨ ᠠᠯᠳᠠᠭᠰᠠᠨ ᠠᠵᠢᠯᠯᠠᠭ᠎ᠠ ᠳᠤ ᠬᠠᠤᠯᠢ ᠴᠠᠭᠠᠵᠠ ᠶᠢᠨ ᠦᠨᠳᠦᠰᠦᠯᠡᠯ ᠲᠠᠢ ᠪᠠᠶᠢᠬᠤ ᠶᠢ ᠦᠨᠡᠨ ᠬᠦ ᠪᠠᠲᠤᠯᠠᠵᠤ᠂ ᠡᠩ ᠤᠨ ᠢᠲᠡᠭᠡᠯ ᠢᠶᠠᠨ ᠠᠯᠳᠠᠭᠰᠠᠨ ᠠᠵᠢᠯᠯᠠᠭ᠎ᠠ ᠶᠢᠨ ᠮᠡᠳᠡᠭᠡ ᠵᠠᠩᠭᠢ ᠶᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠳᠦᠷᠢᠮ ᠪᠠ ᠵᠢᠷᠤᠮ ᠢᠶᠠᠷ ᠮᠠᠭᠠᠳᠯᠠᠨ ᠲᠣᠭᠲᠠᠭᠠᠵᠠᠢ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠤᠯᠢ︾ ︽ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ︾ ᠢ ᠦᠨᠳᠦᠰᠦᠯᠡᠨ᠂ ᠤᠯᠤᠰ ᠪᠠ ᠮᠤᠵᠢ ᠶᠢᠨ ᠱᠠᠲᠤᠨ ᠤ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠳ᠋ ᠤᠨ ᠶᠠᠪᠤᠳᠠᠯ᠂ ᠬᠢᠨᠠᠨ ᠪᠣᠳᠣᠯᠲᠠ᠂ ᠲᠥᠷᠥᠯ ᠵᠦᠢᠯ ᠤᠨ ᠬᠠᠮᠢᠶᠠᠷᠤᠯᠲᠠ ᠶᠢᠨ ᠳᠦᠷᠢᠮ ᠳᠤ᠂ ᠪᠠᠶᠢᠭᠤᠯᠬᠤ ᠳᠤ ᠣᠷᠣᠯᠴᠠᠭᠰᠠᠨ ᠨᠢᠭᠡᠴᠡ ᠶᠢᠨ ᠢᠲᠡᠭᠡᠮᠵᠢ ᠶᠢᠨ ᠲᠤᠶᠢᠯ ᠤᠨ ᠠᠨᠠᠢ ︵D ᠲᠠᠰ︶ ᠭᠡᠵᠦ ᠰᠢᠭᠤᠳ ᠦᠨᠡᠯᠡᠨ ᠲᠣᠭᠲᠠᠭᠠᠭᠰᠠᠨ ᠪᠠᠶᠢᠳᠠᠯ ᠳᠤ ᠨᠠᠷᠢᠨ ᠲᠣᠳᠣᠷᠬᠠᠶᠢᠯᠠᠯᠲᠠ ᠬᠢᠪᠡ᠃       ︵ᠭᠤᠷᠪᠠ︶ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ᠃ ︽ᠦᠨᠡᠯᠡᠯᠲᠡ ᠶᠢᠨ ᠠᠷᠭ᠎ᠠ︾ ᠳᠤ ᠦᠨᠡᠯᠡᠭᠰᠡᠨ ᠦᠷ᠎ᠡ ᠳ᠋ᠦᠩ ᠢ ᠬᠡᠷᠡᠭᠯᠡᠬᠦ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠬᠤ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ ᠵᠠᠰᠠᠪᠤᠷᠢ ᠣᠷᠣᠭᠤᠯᠵᠤ᠂ ᠢᠲᠡᠭᠡᠮᠵᠢ ᠶᠢᠨ ᠦᠨᠡᠯᠡᠯᠲᠡ ᠶᠢᠨ ᠲᠠᠰ ᠢ D ᠲᠠᠰ ᠢᠶᠠᠷ ᠲᠣᠭᠲᠠᠭᠠᠭᠰᠠᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠭᠤᠷᠪᠠᠨ ᠵᠢᠯ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠬᠦᠯᠢᠶᠡᠬᠦ ᠳᠤ ᠣᠷᠣᠯᠴᠠᠬᠤ ᠶᠢ ᠴᠠᠭᠠᠵᠠᠯᠠᠨ᠎ᠠ ᠭᠡᠵᠦ ᠲᠣᠳᠣᠷᠬᠠᠢ ᠲᠣᠭᠲᠠᠭᠠᠵᠠᠢ᠃       ︵ᠳᠥᠷᠪᠡ︶ ᠳᠠᠭᠠᠯᠳᠤᠭᠤᠯᠤᠯ ᠮᠡᠳᠡᠭᠡ ᠵᠠᠩᠭᠢ ᠶᠢᠨ ᠲᠤᠬᠠᠢ ᠲᠣᠭᠲᠠᠭᠠᠯ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠩᠰᠠᠯᠠᠭᠤᠯᠬᠤ ᠬᠦᠰᠦᠨᠦᠭᠲᠦ ︵ᠳᠠᠭᠠᠯᠳᠤᠭᠤᠯᠤᠯ 1︶ ᠪᠣᠯ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠣᠨ ᠤ ᠢᠲᠡᠭᠡᠮᠵᠢ ᠶᠢᠨ ᠦᠨᠡᠯᠡᠯᠲᠡ ᠶᠢᠨ ᠰᠠᠭᠤᠷᠢ ᠬᠤᠪᠢ ᠶᠢ ᠣᠯᠬᠤ ᠶᠢᠨ ᠴᠢᠬᠤᠯᠠ ᠪᠦᠬᠦᠢ ᠪᠢᠴᠢᠭ ᠮᠠᠲ᠋ᠧᠷᠢᠶᠠᠯ ᠪᠠᠶᠢᠵᠤ᠂ ᠳᠠᠩᠰᠠᠯᠠᠭᠤᠯᠬᠤ ᠳᠤ ᠬᠡᠷᠡᠭᠰᠡᠬᠦ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠲᠣᠳᠣᠷᠬᠠᠶᠢᠯᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠢᠲᠡᠭᠡᠮᠵᠢ ᠶᠢᠨ ᠦᠶᠯᠡ ᠠᠵᠢᠯᠯᠠᠭ᠎ᠠ ᠶᠢᠨ ᠲᠡᠮᠳᠡᠭᠯᠡᠯ ᠤᠨ ᠬᠦᠰᠦᠨᠦᠭᠲᠦ ︵ᠳᠠᠭᠠᠯᠳᠤᠭᠤᠯᠤᠯ 2︶ ᠪᠣᠯ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠦᠶᠯᠡ ᠠᠵᠢᠯᠯᠠᠭ᠎ᠠ ᠶᠢᠨ ᠲᠡᠮᠳᠡᠭᠯᠡᠯ ᠤᠨ ᠴᠢᠬᠤᠯᠠ ᠪᠦᠬᠦᠢ ᠪᠢᠴᠢᠭ ᠮᠠᠲ᠋ᠧᠷᠢᠶᠠᠯ ᠪᠠᠶᠢᠵᠤ᠂ ᠢᠲᠡᠭᠡᠮᠵᠢ ᠶᠢᠨ ᠦᠨᠡᠯᠡᠯᠲᠡ ᠶᠢᠨ ᠠᠭᠤᠯᠭ᠎ᠠ ᠶᠢ ᠨᠠᠷᠢᠯᠢᠭᠵᠢᠭᠤᠯᠵᠤ᠂ ︽ᠦᠨᠡᠯᠡᠯᠲᠡ ᠶᠢᠨ ᠠᠷᠭ᠎ᠠ︾ ᠶᠢᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠪᠡ᠃ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠣᠨ ᠤ ᠠᠵᠢᠯ ᠤᠨ ᠠᠮᠵᠢᠯᠲᠠ ᠶᠢᠨ ᠢᠲᠡᠭᠡᠮᠵᠢ ᠶᠢᠨ ᠦᠨᠡᠯᠡᠯᠲᠡ ᠶᠢᠨ ᠬᠤᠷᠢᠶᠠᠩᠭᠤᠢ ᠬᠦᠰᠦᠨᠦᠭᠲᠦ ︵ᠳᠠᠭᠠᠯᠳᠤᠭᠤᠯᠤᠯ 3︶ ᠳᠤ᠂ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ ᠣᠨ ᠤ ᠣᠷᠣᠯᠴᠠᠭᠰᠠᠨ ᠲᠥᠷᠥᠯ ᠵᠦᠢᠯ ᠢ ᠪᠦᠷᠢᠳᠬᠡᠨ ᠬᠤᠷᠢᠶᠠᠩᠭᠤᠶᠢᠯᠠᠵᠤ᠂ ᠬᠠᠮᠤᠭ ᠡᠴᠦᠰ ᠤᠨ ᠢᠲᠡᠭᠡᠮᠵᠢ ᠶᠢᠨ ᠲᠠᠰ ᠢ ᠮᠠᠭᠠᠳᠯᠠᠨ ᠲᠣᠭᠲᠠᠭᠠᠬᠤ ᠳᠤ ᠲᠥᠬᠦᠮ ᠪᠣᠯᠭᠠᠵᠠᠢ᠃       ᠳᠥᠷᠪᠡ᠂ ︽ᠦᠨᠡᠯᠡᠯᠲᠡ ᠶᠢᠨ ᠠᠷᠭ᠎ᠠ︾ ᠶᠢ ᠬᠡᠷᠡᠭᠵᠢᠭᠦᠯᠦᠭᠰᠡᠨ ᠴᠠᠭ ᠬᠤᠭᠤᠴᠠᠭ᠎ᠠ ᠵᠢᠴᠢ ᠲᠤᠭᠤᠰᠢᠯᠠᠭᠤᠯᠬᠤ ᠠᠷᠭ᠎ᠠ ᠬᠡᠮᠵᠢᠶ᠎ᠡ      ︽ᠦᠨᠡᠯᠡᠯᠲᠡ ᠶᠢᠨ ᠠᠷᠭ᠎ᠠ︾ ᠶᠢ 2025 ᠣᠨ ᠤ 2 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃       ︽ᠦᠨᠡᠯᠡᠯᠲᠡ ᠶᠢᠨ ᠠᠷᠭ᠎ᠠ︾ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠢᠳᠡ ᠳᠣᠣᠷᠠᠬᠢ ᠠᠷᠭ᠎ᠠ ᠬᠡᠮᠵᠢᠶ᠎ᠡ ᠨᠦᠭᠦᠳ ᠢ ᠠᠪᠴᠤ ︽ᠦᠨᠡᠯᠡᠯᠲᠡ ᠶᠢᠨ ᠠᠷᠭ᠎ᠠ︾ ᠶᠢ ᠤᠬᠠᠭᠤᠯᠤᠨ ᠲᠤᠭᠤᠰᠢᠯᠠᠭᠤᠯᠤᠨ᠎ᠠ᠃ ᠨᠢᠭᠡ ᠳᠤ ︽ᠦᠨᠡᠯᠡᠯᠲᠡ ᠶᠢᠨ ᠠᠷᠭ᠎ᠠ︾ ᠶᠢᠨ ᠤᠬᠠᠭᠤᠯᠭ᠎ᠠ ᠶᠢᠨ ᠠᠵᠢᠯ ᠢ ᠥᠷᠭᠡᠨ ᠳᠡᠯᠭᠡᠷᠡᠩᠭᠦᠢ ᠪᠠᠷ ᠥᠷᠨᠢᠭᠦᠯᠦᠨ᠎ᠡ᠃ ᠮᠡᠳᠡᠭᠳᠡᠯ ᠤᠨ ᠪᠢᠴᠢᠭ ᠮᠠᠲ᠋ᠧᠷᠢᠶᠠᠯ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠰᠦᠯᠵᠢᠶ᠎ᠡ᠂ ᠸᠢᠴᠠᠲ ᠵᠡᠷᠭᠡ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ᠂ ︽ᠦᠨᠡᠯᠡᠯᠲᠡ ᠶᠢᠨ ᠠᠷᠭ᠎ᠠ︾ ᠶᠢ ᠥᠷᠭᠡᠨ ᠢᠶᠠᠷ ᠤᠬᠠᠭᠤᠯᠵᠤ᠂ ᠰᠠᠨᠠᠭᠠᠴᠢᠯᠠᠭ᠎ᠠ  ᠠᠴᠠ ᠪᠠᠨ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ᠎ᠠ᠃ ᠬᠤᠶᠠᠷ ᠲᠤ᠂ ︽ᠦᠨᠡᠯᠡᠯᠲᠡ ᠶᠢᠨᠠᠷᠭ᠎ᠠ︾ ᠶᠢᠨ ᠪᠣᠯᠪᠠᠰᠤᠷᠠᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ︽ᠦᠨᠡᠯᠡᠯᠲᠡ ᠶᠢᠨᠠᠷᠭ᠎ᠠ︾ ᠶᠢᠨ ᠪᠣᠯᠪᠠᠰᠤᠷᠠᠯ ᠤᠨ ᠠᠩᠭᠢ ᠡᠷᠭᠢᠯᠡᠵᠦ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯᠲᠠᠨ ᠳᠤ ᠰᠢᠰᠲ᠋ᠧᠮ ᠲᠠᠢ ᠪᠣᠯᠪᠠᠰᠤᠷᠠᠯ ᠬᠢᠵᠦ᠂ ︽ᠦᠨᠡᠯᠡᠯᠲᠡ ᠶᠢᠨ ᠠᠷᠭ᠎ᠠ︾ ᠶᠢᠨ ᠭᠤᠣᠯᠳᠠᠯᠭ᠎ᠠ ᠲᠠᠢ ᠠᠭᠤᠯᠭ᠎ᠠ ᠶᠢᠨ ᠲᠠᠯ᠎ᠠ ᠪᠠᠷ ᠨᠠᠷᠢᠨ ᠲᠠᠶᠢᠯᠤᠮᠵᠢ ᠪᠠ ᠲᠣᠳᠣᠷᠬᠠᠶᠢᠯᠠᠯᠲᠠ ᠬᠢᠵᠦ᠂ ᠬᠠᠮᠢᠶ᠎ᠠ ᠪᠦᠬᠦᠢ ᠠᠵᠢᠯᠲᠠᠨ ᠢ ᠬᠠᠪᠰᠤᠷᠤᠨ ︽ᠦᠨᠡᠯᠡᠯᠲᠡ ᠶᠢᠨ ᠠᠷᠭ᠎ᠠ︾ ᠶᠢᠨ ᠠᠭᠤᠯᠭ᠎ᠠ ᠪᠠ ᠱᠠᠭᠠᠷᠳᠠᠯᠭ᠎ᠠ ᠶᠢ ᠣᠨᠣᠪᠴᠢᠲᠠᠶ ᠣᠶᠢᠯᠠᠭᠠᠨ ᠡᠵᠡᠮᠰᠢᠭᠦᠯᠵᠦ᠂ ︽ᠦᠨᠡᠯᠡᠯᠲᠡ ᠶᠢᠨ ᠠᠷᠭ᠎ᠠ︾ ᠶᠢᠨ ᠤᠷᠤᠭᠰᠢᠲᠠᠢ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠨ᠎ᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号