ᠮᠡᠭᠡᠵᠢ ᠶᠢ ᠲᠡᠵᠢᠭᠡᠬᠦ ᠵᠠᠩᠭᠢᠯᠠᠭ᠎ᠠ ᠶᠢᠨ ᠮᠡᠷᠭᠡᠵᠢᠯ
ᠨᠡᠶᠢᠲᠡᠯᠡᠭᠰᠡᠨ ᠴᠠᠭ᠄
2025/2/24
      ᠨᠢᠭᠡ᠂ ᠠᠳᠠᠯᠢ ᠬᠤᠭᠤᠴᠠᠭᠠᠨ ᠳᠤ ᠣᠷᠤᠭ᠎ᠠ ᠣᠷᠣᠭᠤᠯᠬᠤ       ᠭᠠᠭ᠋ᠠᠢ ᠶᠢᠨ ᠰᠦᠷᠦᠭ ᠢ ᠨᠢᠭᠡ ᠭᠠᠷᠠᠭ ᠤᠨ ᠳᠣᠲᠣᠷ᠎ᠠ ᠲᠥᠪᠯᠡᠷᠡᠭᠦᠯᠦᠨ ᠲᠥᠷᠥᠭᠦᠯᠵᠦ᠂ ᠪᠦᠬᠦᠨ ᠢ ᠣᠷᠣᠭᠤᠯᠵᠤ ᠪᠦᠬᠦᠨ ᠢ ᠭᠠᠷᠭᠠᠬᠤ ᠶᠢᠨ ᠲᠥᠯᠥᠭᠡ᠂ ᠵᠣᠬᠢᠬᠤ ᠲᠣᠭᠠᠨ ᠤ ᠬᠡᠭᠡᠯᠲᠦᠭᠦᠯᠬᠦ ᠪᠠᠷ ᠪᠠᠶᠢᠭ᠎ᠠ ᠮᠡᠭᠡᠵᠢ ᠶᠢ ᠣᠷᠤᠭ᠎ᠠ ᠣᠷᠣᠭᠤᠯᠤᠨ ᠬᠡᠭᠡᠯᠲᠦᠭᠦᠯᠬᠦ ᠬᠡᠷᠡᠭᠲᠡᠢ᠃ ᠮᠡᠭᠡᠵᠢ ᠶᠢᠨ ᠠᠳᠠᠯᠢ ᠬᠤᠭᠤᠴᠠᠭᠠᠨ ᠤ ᠣᠷᠤᠭ᠎ᠠ ᠣᠷᠣᠬᠤ ᠶᠢ ᠡᠵᠡᠮᠳᠡᠬᠦ ᠳᠤ ᠭᠤᠣᠯᠳᠠᠭᠤ ᠮᠡᠭᠡᠵᠢ ᠶᠢᠨ ᠰᠦ ᠲᠠᠰᠤᠯᠬᠤ ᠴᠠᠭ ᠢ ᠬᠢᠵᠠᠭᠠᠷᠯᠠᠬᠤ ᠪᠠᠷ ᠲᠠᠮᠵᠢᠨ ᠪᠡᠶᠡᠯᠡᠭᠳᠡᠳᠡᠭ᠂ ᠮᠡᠭᠡᠵᠢ ᠶᠢᠨ ᠰᠦ ᠲᠠᠰᠤᠯᠬᠤ ᠴᠠᠭ ᠨᠢ ᠨᠡᠯᠢᠶᠡᠳ ᠶᠡᠭᠡ ᠬᠤᠪᠢᠷᠠᠯᠲᠠ ᠲᠠᠢ ᠲᠤᠯᠠ ᠲᠦᠷᠦᠭᠡᠳ 3~15 ᠭᠠᠷᠠᠭ ᠪᠤᠯᠵᠤ ᠪᠠᠶᠢᠭ᠎ᠠ ᠲᠣᠷᠣᠢ ᠶᠢ ᠰᠦ ᠠᠴᠠ ᠨᠢ ᠰᠠᠯᠭᠠᠵᠤ ᠪᠤᠯᠤᠨ᠎ᠠ᠂ ᠡᠶᠢᠮᠦ ᠠᠴᠠ ᠨᠢᠭᠡ ᠪᠦᠯᠦᠭ ᠲᠥᠷᠥᠬᠦ ᠬᠤᠭᠤᠴᠠᠭ᠎ᠠ ᠨᠢ 1~12 ᠭᠠᠷᠠᠭ ᠤᠨ ᠵᠥᠷᠢᠶ᠎ᠡ ᠲᠠᠢ ᠮᠡᠭᠡᠵᠢ ᠶᠢ ᠠᠳᠠᠯᠢᠬᠠᠨ ᠬᠤᠭᠤᠴᠠᠭᠠᠨ ᠳᠤ ᠰᠦ ᠲᠠᠰᠤᠯᠬᠤ ᠪᠣᠯᠣᠯᠴᠠᠭ᠎ᠠ ᠲᠠᠢ ᠪᠠᠶᠢᠳᠠᠭ᠃ ᠰᠦ ᠶᠢ ᠨᠢ ᠵᠤᠭᠰᠤᠭᠠᠭᠰᠠᠨ ᠤ ᠳᠠᠷᠠᠭᠠᠬᠢ ᠮᠡᠭᠡᠵᠢ ᠶᠡᠷᠦ ᠳᠡᠭᠡᠨ 3~17 ᠡᠳᠦᠷ ᠲᠤ ᠬᠤᠶᠢᠨ᠎ᠠ ᠬᠤᠶᠢᠨ᠎ᠠ ᠠᠴᠠ ᠪᠠᠨ ᠣᠷᠤᠭ᠎ᠠ ᠣᠷᠣᠳᠠᠭ᠃ ᠡᠭᠦᠨ ᠠᠴᠠ ᠭᠠᠳᠠᠨ᠎ᠠ᠂ ᠬᠤᠷᠮᠣᠨ ᠤ ᠰᠢᠢᠳᠪᠦᠷᠢᠯᠡᠯᠲᠡ ᠪᠠᠷ ᠳᠡᠮᠵᠢᠨ ᠮᠡᠭᠡᠵᠢ ᠶᠢᠨ ᠠᠳᠠᠯᠢ ᠬᠤᠭᠤᠴᠠᠭᠠᠨ ᠳᠤ ᠣᠷᠤᠭ᠎ᠠ ᠣᠷᠣᠭᠤᠯᠬᠤ ᠵᠣᠷᠢᠯᠭ᠎ᠠ ᠳᠤ ᠬᠦᠷᠴᠦ ᠪᠣᠯᠣᠨ᠎ᠠ᠃      ᠬᠤᠶᠠᠷ᠂ ᠵᠤᠬᠢᠶᠠᠮᠠᠯ ᠬᠡᠭᠡᠯᠳᠦᠭᠦᠯᠭᠡ ᠪᠠᠷ ᠦᠷ᠎ᠡ ᠲᠣᠭᠲᠠᠭᠠᠬᠤ      ᠵᠤᠬᠢᠶᠠᠮᠠᠯ ᠬᠡᠭᠡᠯᠳᠦᠭᠦᠯᠭᠡ ᠪᠠᠷ ᠦᠷ᠎ᠡ ᠲᠣᠭᠲᠠᠭᠠᠬᠤ ᠮᠡᠷᠭᠡᠵᠢᠯ ᠨᠢ ᠨᠢᠭᠡ ᠲᠠᠯ᠎ᠠ ᠪᠠᠷ ᠮᠡᠭᠡᠵᠢ ᠶᠢᠨ ᠣᠷᠤᠭ᠎ᠠ ᠣᠷᠣᠬᠤ ᠲᠥᠪᠯᠡᠷᠡᠯ ᠤᠨ ᠦᠶ᠎ᠡ ᠶᠢᠨ ᠬᠡᠭᠡᠯᠲᠦᠭᠦᠯᠭᠡ ᠶᠢᠨ ᠠᠵᠢᠯ ᠤᠨ ᠬᠡᠮᠵᠢᠶ᠎ᠡ ᠶᠢ ᠪᠠᠭᠠᠰᠬᠠᠵᠤ᠂ ᠠᠳᠠᠯᠢ ᠬᠤᠭᠤᠴᠠᠭᠠᠨ  ᠳᠤ ᠣᠷᠤᠭ᠎ᠠ ᠣᠷᠣᠭᠰᠠᠨ ᠮᠡᠭᠡᠵᠢ ᠶᠢ ᠴᠠᠭ ᠲᠤᠨᠢ ᠲᠣᠬᠢᠷᠠᠭᠤᠯᠤᠨ ᠬᠡᠭᠡᠯᠲᠦᠭᠦᠯᠬᠦ ᠶᠢ ᠦᠨᠡᠨ ᠬᠦ ᠪᠠᠲᠤᠯᠠᠵᠤ᠂ ᠨᠥᠭᠦᠭᠡ ᠲᠠᠯ᠎ᠠ ᠪᠠᠷ᠂ ᠵᠤᠬᠢᠶᠠᠮᠠᠯ ᠬᠡᠭᠡᠯᠳᠦᠭᠦᠯᠭᠡ ᠪᠠᠷ ᠦᠷ᠎ᠡ ᠲᠣᠭᠲᠠᠭᠠᠬᠤ ᠮᠡᠷᠭᠡᠵᠢᠯ ᠨᠢ ᠪᠠᠰᠠ ᠠᠵᠢᠷᠭᠠᠨ ᠭᠠᠭ᠋ᠠᠢ ᠲᠡᠵᠢᠭᠡᠬᠦ ᠲᠤᠭ᠎ᠠ ᠬᠡᠮᠵᠢᠶ᠎ᠡ ᠶᠢ ᠪᠠᠭᠠᠰᠬᠠᠵᠤ᠂ ᠡᠪᠡᠳᠴᠢᠨ ᠡᠮᠭᠡᠭ ᠤᠨ ᠲᠠᠷᠬᠠᠯᠲᠠ ᠶᠢ ᠪᠠᠭᠠᠰᠬᠠᠨ᠂ ᠬᠡᠭᠡᠯᠲᠦᠭᠦᠯᠬᠦ ᠨᠣᠷᠮ᠎ᠠ ᠶᠢ ᠳᠡᠭᠡᠭᠰᠢᠯᠡᠭᠦᠯᠵᠦ ᠪᠣᠯᠣᠨ᠎ᠠ᠃ ᠣᠳᠣᠬᠠᠨ ᠳᠤ ᠭᠠᠭ᠋ᠠᠢ ᠶᠢᠨ ᠲᠠᠯᠠᠪᠠᠶ ᠳᠤ ᠣᠯᠠᠩᠬᠢ ᠳᠠᠭᠠᠨ ᠰᠢᠨ᠎ᠡ ᠰᠣᠷᠭᠤᠭ ᠦᠷ᠎ᠡ ᠳᠠᠮᠵᠢᠭᠤᠯᠬᠤ ᠠᠷᠭ᠎ᠠ ᠶᠢ ᠬᠡᠷᠡᠭᠯᠡᠵᠦ᠂ ᠦᠢᠯᠡᠳᠪᠦᠷᠢᠯᠡᠯ ᠤᠨ ᠮᠡᠷᠭᠡᠰᠢᠯ ᠳᠤ ᠲᠣᠭᠲᠠᠭᠠᠭᠰᠠᠨ ᠦᠷᠡᠵᠢᠯ ᠤᠨ ᠬᠡᠮᠯᠡᠯ ᠨᠢᠭᠡᠪᠦᠷᠢ ᠶᠢᠨ ᠬᠡᠭᠡᠯᠲᠦᠭᠦᠯᠬᠦ ᠲᠥᠯᠥᠪᠯᠡᠭᠡ ᠶᠢ ᠦᠨᠳᠦᠰᠦᠯᠡᠨ᠂ ᠠᠵᠢᠷᠭᠠᠨ ᠭᠠᠭ᠋ᠠᠢ ᠶᠢᠨ ᠦᠷ᠎ᠡ ᠶᠢᠨ ᠰᠢᠩᠭᠡᠨ ᠢ ᠴᠤᠭᠯᠠᠭᠤᠯᠬᠤ ᠶᠢᠨ ᠬᠠᠮᠲᠤ ᠦᠷ᠎ᠡ ᠶᠢᠨ ᠨᠢᠭᠲᠠᠴᠠ ᠶᠢ ᠦᠨᠳᠦᠰᠦᠯᠡᠨ ᠰᠢᠩᠭᠡᠷᠡᠭᠦᠯᠦᠭᠰᠡᠨ ᠳᠠᠬᠢᠨ ᠲᠤᠭ᠎ᠠ ᠶᠢ ᠪᠤᠳᠤᠵᠤ᠂ ᠰᠢᠩᠭᠡᠷᠡᠭᠦᠯᠦᠭᠰᠡᠨ ᠤ ᠳᠠᠷᠠᠭ᠎ᠠ ᠵᠤᠬᠢᠶᠠᠮᠠᠯ ᠬᠡᠭᠡᠯᠳᠦᠭᠦᠯᠭᠡ ᠪᠠᠷ ᠦᠷ᠎ᠡ ᠲᠣᠭᠲᠠᠭᠠᠵᠤ ᠪᠠᠶᠢᠨ᠎ᠠ᠃ ᠵᠤᠬᠢᠶᠠᠮᠠᠯ ᠬᠡᠭᠡᠯᠳᠦᠭᠦᠯᠭᠡ ᠪᠠᠷ ᠦᠷ᠎ᠡ ᠲᠣᠭᠲᠠᠭᠠᠬᠤ ᠳᠤ ᠬᠡᠷᠡᠭᠯᠡᠬᠦ ᠦᠷ᠎ᠡ ᠶᠢᠨ ᠰᠢᠩᠭᠡᠨ ᠤ ᠬᠡᠮᠵᠢᠶ᠎ᠡ ᠶᠢ 80~100 ᠮᠢᠯᠢᠯᠢᠲᠷ ᠪᠠᠶᠢᠯᠭᠠᠬᠤ ᠮᠥᠷᠲᠡᠭᠡᠨ ᠰᠢᠩᠭᠡᠷᠡᠭᠦᠯᠦᠭᠰᠡᠨ ᠤ ᠳᠠᠷᠠᠭ᠎ᠠ ᠬᠡᠮᠵᠢᠶ᠎ᠡ ᠪᠦᠷᠢ ᠶᠢᠨ ᠦᠷ᠎ᠡ ᠶᠢᠨ ᠰᠢᠩᠭᠡᠨ ᠳᠤ ᠠᠭᠤᠯᠬᠤ ᠠᠰ ᠱᠤᠭᠤᠮ ᠤᠨ ᠬᠥᠳᠡᠯᠭᠡᠭᠡᠨ  ᠲᠠᠢ ᠦᠷ᠎ᠡ ᠶᠢᠨ ᠲᠤᠭ᠎ᠠ ᠨᠢ 25 ᠳ᠋ᠦᠩᠰᠢᠭᠤᠷ ᠠᠴᠠ ᠶᠡᠭᠡ ︵ᠣᠷᠣᠨ ᠨᠤᠲᠤᠭ ᠤᠨ ᠡᠭᠦᠯᠳᠡᠷ ᠨᠢ 10 ᠳ᠋ᠦᠩᠰᠢᠭᠤᠷ ᠠᠴᠠ ᠶᠡᠭᠡ︶ ᠪᠠᠶᠢᠵᠤ᠂ ᠦᠷ᠎ᠡ ᠶᠢᠨ ᠰᠢᠩᠭᠡᠨ ᠢ ᠰᠢᠩᠭᠡᠷᠡᠭᠦᠯᠬᠦ ᠠᠮᠢᠵᠢᠷᠠᠯ ᠤᠨ ᠬᠦᠴᠦᠨ ᠨᠢ 60% ᠠᠴᠠ ᠶᠡᠭᠡ᠂ ᠦᠷ᠎ᠡ ᠶᠢᠨ ᠵᠡᠷᠡᠮᠳᠡᠭ ᠤᠨ ᠨᠣᠷᠮ᠎ᠠ ᠨᠢ 20% ᠠᠴᠠ ᠪᠠᠭ᠎ᠠ ᠪᠠᠶᠢᠳᠠᠭ᠃
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号