ᠠᠭᠤᠷ ᠠᠮᠢᠰᠬᠤᠯ ᠡᠳᠦᠷ ᠢᠷᠡᠬᠦᠶ᠎ᠡ ᠳᠤᠯᠠᠭᠠᠷᠠᠬᠤ ᠶᠢ ᠳᠠᠭᠠᠯᠳᠤᠨ᠂ ᠮᠠᠨ ᠤ ᠣᠷᠣᠨ ᠤ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠠᠵᠢᠯ ᠪᠦᠭᠦ ᠲᠠᠯ᠎ᠠ ᠪᠠᠷ ᠡᠬᠢᠯᠡᠵᠦ᠂ ᠡᠯ᠎ᠡ ᠭᠠᠵᠠᠷ ᠤᠨ ᠬᠢᠨ ᠴᠠᠭ ᠢ ᠠᠮᠵᠢᠨ ᠲᠠᠷᠢᠶᠠᠨ | ᠦᠷ᠎ᠡ ᠰᠣᠩᠭᠤᠨ ᠪᠣᠷᠳᠣᠭᠤᠷ ᠣᠷᠣᠭᠤᠯᠵᠤ᠂ ᠮᠠᠰᠢᠨ ᠲᠥᠬᠦᠭᠡᠷᠦᠮᠵᠢ ᠪᠠᠨ ᠰᠡᠯᠪᠢᠨ ᠵᠠᠰᠠᠵᠤ ᠪᠤᠢ᠃ | ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ ᠰᠤᠪᠤᠷᠭ᠎ᠠ ᠪᠠᠯᠭᠠᠰᠤ ᠶᠢᠨ ᠠᠷᠬᠤᠳ ᠤᠨ ᠰᠢᠯᠢ | ᠲᠣᠰᠬᠤᠨ ᠳᠤ ᠲᠠᠢ ᠷᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠤᠰᠬᠠᠢ ᠬᠤᠷᠰᠢᠶ᠎ᠠ ᠶᠢᠨ ᠠᠵᠢᠯᠴᠢᠳ | ᠲᠠᠷᠢᠶᠠᠯᠠᠩ ᠤᠨ ᠮᠠᠰᠢᠨ ᠲᠥᠬᠦᠭᠡᠷᠦᠮᠵᠢ ᠪᠠᠨ ᠰᠡᠯᠪᠢᠨ ᠵᠠᠰᠠᠵᠤ ᠶᠠᠭᠠᠷᠠᠨ᠎ᠠ᠃ ᠨᠢᠳᠤᠨᠤᠨ ᠲᠤᠰ ᠬᠤᠷᠰᠢᠶ᠎ᠠ ᠶᠢᠨ ᠬᠢᠨ | 5000 ᠮᠦ ᠡᠷᠳᠡᠨᠢ ᠰᠢᠰᠢ ᠪᠠ ᠰᠢᠷ᠎ᠠ ᠪᠤᠷᠴᠠᠭ ᠢ ᠠᠯᠠᠭᠯᠠᠨ ᠳᠠᠷᠢᠬᠤ ᠲᠤᠷᠰᠢᠯᠲᠠ ᠶᠢᠨ ᠡᠭᠦᠷᠭᠡ ᠶᠢ ᠪᠡᠶᠡᠯᠡᠭᠦᠯᠵᠦ᠂ | ᠤᠷᠤᠯᠭ᠎ᠠ ᠪᠠᠨ 300 ᠲᠦᠮᠡᠨ ᠲᠥᠭᠦᠷᠢᠭ ᠨᠡᠮᠡᠭᠳᠡᠭᠦᠯᠵᠡᠢ᠃ ᠡᠨᠡ ᠵᠢᠯ ᠡᠵᠡᠨ ᠬᠤᠷᠤᠭ᠎ᠠ ᠬᠤᠰᠢᠭᠤᠨ ᠤ ᠬᠠᠪᠤᠷ | ᠤᠨ ᠲᠠᠷᠢᠶᠠᠯᠠᠭ᠎ᠠ ᠶᠢᠨ ᠲᠠᠯᠠᠪᠠᠶ ᠵᠢᠱᠢᠯᠲᠡ ᠪᠠᠷ 38.2 ᠲᠦᠮᠡᠨ ᠮᠦ ᠶᠢ ᠳᠠᠪᠠᠵᠤ᠂ ᠣᠳᠣᠬᠠᠨ ᠳᠤ ᠨᠢᠭᠡᠨᠲᠡ | ᠲᠠᠷᠢᠶᠠᠯᠠᠩ ᠤᠨ ᠬᠡᠷᠡᠭᠰᠡᠯ ᠢ ᠭᠦᠢᠴᠡᠳ ᠬᠡᠮᠵᠢᠶ᠎ᠡ ᠪᠠᠷ ᠨᠥᠭᠡᠴᠡᠯᠡᠵᠦ᠂ ᠰᠢᠨ᠎ᠡ ᠨᠢᠭᠡ ᠵᠢᠯ ᠤᠨ ᠠᠮᠤ ᠪᠤᠳᠠᠭᠠᠨ ᠤ | ᠦᠢᠯᠡᠳᠪᠦᠷᠢᠯᠡᠯ ᠤᠨ ᠤᠷᠤᠭᠰᠢᠲᠠᠢ ᠡᠬᠢᠯᠡᠬᠦ ᠶᠢ ᠪᠠᠲᠤᠯᠠᠵᠤ ᠪᠤᠢ᠃ | ᠣᠶᠢᠯᠠᠭᠠᠭᠰᠠᠨ ᠢᠶᠠᠷ᠂ ᠮᠠᠨ ᠤ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠠᠵᠢᠯ 3 ᠰᠠᠷ᠎ᠠ ᠶᠢᠨ ᠡᠬᠢ ᠪᠠᠷ | ᠡᠬᠢᠯᠡᠵᠦ᠂ ᠪᠣᠷᠣᠳᠣᠬᠤᠢ ᠶᠢᠨ ᠣᠷᠣᠨ ᠠᠴᠠ ᠡᠬᠢᠯᠡᠨ ᠪᠤᠭᠤᠳᠠᠢ ᠳᠠᠷᠢᠵᠤ᠂ 4 ᠰᠠᠷ᠎ᠠ ᠶᠢᠨ ᠳᠤᠮᠳᠠᠴᠢ ᠪᠠᠷ ᠪᠦᠭᠦ | ᠣᠷᠣᠨ ᠤ ᠬᠠᠪᠤᠷ ᠤᠨ ᠲᠠᠷᠢᠶᠠᠯᠠᠭ᠎ᠠ ᠶᠢᠨ ᠠᠵᠢᠯ ᠣᠷᠭᠢᠯ ᠤᠨ ᠬᠤᠭᠤᠴᠠᠭᠠᠨ ᠳᠤ ᠣᠷᠣᠬᠤ ᠪᠣᠯᠣᠨ᠎ᠠ᠃ ᠡᠨᠡ ᠵᠢᠯ | ᠮᠠᠨ ᠤ ᠣᠷᠣᠨ ᠤ ᠲᠠᠷᠢᠮᠠᠯ ᠤᠨ ᠶᠡᠷᠦᠩᠬᠡᠢ ᠲᠠᠯᠠᠪᠠᠢ᠂ ᠠᠮᠤ ᠪᠤᠳᠠᠭᠠᠨ ᠤ ᠲᠠᠷᠢᠮᠠᠯ ᠤᠨ ᠲᠠᠯᠠᠪᠠᠢ ᠪᠠ ᠠᠵᠤ ᠠᠬᠤᠢ | ᠶᠢᠨ ᠲᠠᠷᠢᠮᠠᠯ ᠤᠨ ᠲᠠᠯᠠᠪᠠᠢ ᠶᠡᠷᠦᠩᠬᠡᠢ ᠳᠡᠭᠡᠨ ᠨᠡᠮᠡᠭᠳᠡᠬᠦ ᠪᠠᠶᠢᠳᠠᠯ ᠲᠠᠢ ᠪᠠᠶᠢᠵᠤ᠂ ᠵᠢᠱᠢᠯᠲᠡ ᠪᠠᠷ ᠪᠦᠭᠦ ᠣᠷᠣᠨ ᠤ | ᠲᠠᠷᠢᠮᠠᠯ ᠤᠨ ᠶᠡᠷᠦᠩᠬᠡᠢ ᠲᠠᠯᠠᠪᠠᠢ 1.4 ᠳ᠋ᠦᠩᠰᠢᠭᠤᠷ ᠮᠦ ᠳᠤ ᠬᠦᠷᠴᠦ᠂ ᠡᠭᠦᠨ ᠳᠤ ᠠᠮᠤ ᠪᠤᠳᠠᠭᠠᠨ ᠤ ᠲᠠᠷᠢᠮᠠᠯ ᠤᠨ | ᠲᠠᠯᠠᠪᠠᠢ 1.1 ᠳ᠋ᠦᠩᠰᠢᠭᠤᠷ ᠮᠦ ᠳᠤ ᠬᠦᠷᠬᠦ ᠪᠣᠯᠣᠨ᠎ᠠ᠃ ᠬᠠᠮᠤᠭ ᠤᠨ ᠰᠢᠨ᠎ᠡ ᠲᠠᠷᠢᠶᠠᠯᠠᠩ ᠤᠨ ᠪᠠᠶᠢᠳᠠᠯ ᠤᠨ | ᠲᠣᠬᠢᠷᠠᠭᠤᠯᠤᠯᠲᠠ ᠶᠢ ᠦᠨᠳᠦᠰᠦᠯᠡᠪᠡᠯ᠂ ᠪᠦᠭᠦ ᠣᠷᠣᠨ ᠤ ᠲᠠᠷᠢᠶᠠᠯᠠᠩ ᠤᠨ ᠬᠡᠷᠡᠭᠰᠡᠯ ᠢ ᠪᠣᠳᠠᠲᠠᠶᠢᠵᠢᠭᠤᠯᠤᠭᠰᠠᠨ | ᠨᠣᠷᠮ᠎ᠠ ᠶᠢ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ ︽ᠲᠣᠭᠲᠠᠭᠤᠨ ᠤ ᠳᠤᠮᠳᠠ | ᠳᠡᠭᠡᠭᠰᠢᠯᠡᠬᠦ︾ ᠪᠠᠶᠢᠳᠠᠯ ᠢᠯᠡᠷᠡᠵᠦ᠂ ᠬᠠᠪᠤᠷ ᠤᠨ ᠲᠠᠷᠢᠶᠠᠯᠠᠭ᠎ᠠ ᠠᠴᠠ ᠡᠮᠦᠨ᠎ᠡ ᠭᠤᠣᠯ ᠪᠤᠯᠬᠤ ᠲᠠᠷᠢᠶᠠᠯᠠᠩ ᠤᠨ | ᠬᠡᠷᠡᠭᠰᠡᠯ ᠢ ᠪᠦᠭᠦᠨ ᠢ ᠪᠣᠳᠠᠲᠠᠶᠢᠵᠢᠭᠤᠯᠬᠤ ᠪᠣᠯᠣᠨ᠎ᠠ᠃ ᠣᠳᠣᠬᠠᠨ ᠳᠤ ᠪᠦᠭᠦ ᠣᠷᠣᠨ ᠳᠤ ᠬᠠᠪᠤᠷ ᠤᠨ ᠲᠠᠷᠢᠶᠠᠯᠠᠭ᠎ᠠ | ᠳᠤ ᠠᠰᠢᠭᠯᠠᠵᠤ ᠪᠤᠯᠬᠤ ᠲᠷᠠᠺᠲ᠋ᠣᠷ 106 ᠲᠦᠮᠡᠨ ᠰᠠᠭᠤᠷᠢ ᠶᠢ ᠳᠠᠪᠠᠨ᠂ ᠢᠵᠢ ᠪᠦᠷᠢᠳᠦᠭᠰᠡᠨ ᠲᠠᠷᠢᠶᠠᠯᠠᠩ ᠤᠨ | ᠮᠠᠰᠢᠨ ᠲᠥᠬᠦᠭᠡᠷᠦᠮᠵᠢ 143 ᠲᠦᠮᠡᠨ ᠰᠠᠭᠤᠷᠢ ᠶᠢ ᠳᠠᠪᠠᠵᠤ᠂ ᠨᠢᠭᠡᠨᠲᠡ 16.5 ᠲᠦᠮᠡᠨ ᠰᠠᠭᠤᠷᠢ ᠮᠠᠰᠢᠨ | ᠲᠥᠬᠦᠭᠡᠷᠦᠮᠵᠢ ᠶᠢ ᠵᠠᠰᠠᠵᠤ ᠰᠡᠯᠪᠢᠪᠡ᠃ |