2 ᠰᠠᠷ᠎ᠠ ᠶᠢᠨ 24 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠪᠥᠬᠦ ᠣᠷᠣᠨ ᠤ ᠲᠠᠷᠢᠶᠠᠯᠠᠩ ᠤᠨ ᠣᠯᠠᠨ | ᠡᠬᠢᠲᠦ ᠪᠣᠬᠢᠷᠲᠤᠯ ᠢ ᠵᠠᠰᠠᠬᠤ ᠠᠵᠢᠯ ᠤᠨ ᠸᠢᠳᠢᠤ᠋ ᠪᠣᠯᠪᠠᠰᠤᠷᠠᠯ ᠤᠨ ᠠᠩᠭᠢ ᠡᠷᠭᠢᠯᠡᠵᠦ᠂ ᠪᠥᠬᠦ ᠣᠷᠣᠨ ᠤ | ᠲᠠᠷᠢᠶᠠᠯᠠᠩ ᠤᠨ ᠪᠣᠬᠢᠷᠲᠤᠯ ᠦᠭᠡᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ ᠥᠪᠡᠷᠲᠡᠭᠡᠨ | ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ | ᠲᠣᠪᠴᠢᠶ᠎ᠠ ᠶᠢᠨ ᠳᠡᠳ᠋ ᠳᠠᠷᠤᠭ᠎ᠠ ᠸᠠᠩ ᡁᠢ ᠭᠠᠩ ᠲᠤᠬᠠᠢ ᠶᠢᠨ ᠲᠠᠯᠠᠪᠠᠢ ᠳᠤ ᠬᠢᠴᠢᠶᠡᠯ ᠣᠷᠣᠵᠤ᠂ ᠲᠠᠷᠢᠶᠠᠯᠠᠩ ᠮᠠᠯ | ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠠᠩ ᠢᠦᠢ ᠬᠤᠷᠠᠯ ᠳᠤ | ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠠᠢ᠃ ᠦᠬᠠᠢ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ ᠶᠢᠨ ᠳᠡᠳ᠋ ᠳᠠᠷᠤᠭ᠎ᠠ ᠴᠧᠨ ᠬᠠᠢ ᠰᠢᠶᠣᠣ᠂ ᠦᠬᠠᠢ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ ᠶᠢᠨ ᠬᠠᠮᠢᠶ᠎ᠠ ᠪᠦᠬᠦᠢ ᠰᠠᠯᠠᠭ᠎ᠠ ᠲᠠᠰᠤᠭ᠂ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠲᠣᠭᠤᠷᠢᠭ ᠤᠨ | ᠲᠠᠷᠢᠶᠠᠯᠠᠩ ᠮᠠᠯ ᠠᠵᠤ ᠠᠬᠤᠢ ᠤᠰᠤᠨ ᠤ ᠶᠠᠪᠤᠳᠠᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ | ᠦᠬᠠᠢ ᠶᠢᠨ ᠬᠤᠪᠢᠶᠠᠷᠢ ᠬᠤᠷᠠᠯ ᠤᠨ ᠲᠠᠯᠠᠪᠠᠶ ᠳᠤ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃ | | | | | ᠬᠤᠷᠠᠯ ᠳᠡᠭᠡᠷ᠎ᠡ᠂ ᠲᠢᠩᠬᠢᠮ ᠤᠨ ᠳᠡᠳ᠋ ᠳᠠᠷᠤᠭ᠎ᠠ ᠵᠠᠩ ᠢᠦᠢ ᠠᠴᠠ ᠭᠤᠷᠪᠠᠳᠤᠭᠠᠷ ᠤᠳᠠᠭ᠎ᠠ ᠶᠢᠨ ᠲᠥᠪ ᠤᠨ | ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠪᠠᠶᠢᠴᠠᠭᠠᠯᠲᠠ ᠶᠢ | ᠤᠭᠲᠤᠬᠤ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠠᠳᠤᠨ ᠭᠤᠣᠯ ᠤᠨ ᠲᠠᠩ ᠤᠨ ᠣᠷᠣᠨ ᠤ | ᠥᠨᠳᠥᠷ ᠡᠰᠢᠲᠦ ᠲᠠᠷᠢᠮᠠᠯ ᠲᠠᠷᠢᠬᠤ ᠶᠢ ᠴᠠᠭᠠᠵᠠᠯᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠠᠲᠠᠷᠰᠢᠭᠤᠯᠤᠭᠰᠠᠨ ᠭᠠᠵᠠᠷ ᠢ ᠳᠠᠬᠢᠨ ᠬᠠᠭᠠᠯᠪᠤᠷᠢᠯᠠᠵᠤ ᠳᠠᠬᠢᠨ ᠲᠠᠷᠢᠬᠤ ᠠᠵᠢᠯ ᠢ ᠢᠳᠡᠪᠬᠢᠲᠡᠢ ᠠᠬᠢᠭᠤᠯᠵᠤ᠂ | ᠲᠠᠷᠢᠶᠠᠯᠠᠩ ᠤᠨ ᠪᠣᠬᠢᠷᠲᠤᠯ ᠦᠭᠡᠢ ᠬᠥᠭᠵᠢᠯᠲᠡ ᠪᠣᠯᠣᠨ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠠᠮᠵᠢᠯᠴᠠᠨ ᠬᠥᠭᠵᠢᠬᠦ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠲᠣᠰ ᠤᠳᠠᠭ᠎ᠠ ᠶᠢᠨ ᠪᠣᠯᠪᠠᠰᠤᠷᠠᠯ ᠨᠢ ᠦᠬᠠᠢ ᠬᠤᠲᠠ ᠶᠢᠨ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ | ᠵᠠᠰᠠᠬᠤ ᠠᠵᠢᠯ ᠤᠨ ᠴᠢᠭᠯᠡᠯ ᠢ ᠲᠣᠳᠣᠷᠬᠠᠢ ᠵᠢᠭᠠᠨ ᠥᠭᠴᠦ᠂ ᠬᠦᠴᠦᠲᠡᠢ ᠵᠢᠯᠣᠭᠤᠳᠤᠯᠭ᠎ᠠ ᠬᠠᠩᠭᠠᠭᠰᠠᠨ ᠪᠠᠶᠢᠨ᠎ᠠ᠃ | ᠦᠬᠠᠢ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠢᠨ ᠲᠤᠰ ᠤᠳᠠᠭ᠎ᠠ ᠶᠢᠨ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠬᠤᠷᠠᠯ ᠤᠨ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠢᠳᠡᠪᠬᠢᠲᠡᠢ ᠬᠥᠳᠡᠯᠦᠯᠴᠡᠵᠦ᠂ ᠲᠤᠰ ᠭᠠᠵᠠᠷ ᠤᠨ ᠪᠣᠳᠠᠲᠠᠢ ᠳᠤ | ᠨᠡᠶᠢᠴᠡᠭᠰᠡᠨ ᠠᠵᠢᠯ ᠤᠨ ᠲᠥᠯᠥᠪᠯᠡᠭᠡ ᠶᠢ ᠲᠣᠭᠲᠠᠭᠠᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠵᠢᠯ ᠤᠨ | ᠠᠷᠭ᠎ᠠ ᠶᠢᠨ ᠰᠢᠨ᠎ᠡ ᠶᠢ ᠡᠭᠦᠳᠴᠦ᠂ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠵᠠᠰᠠᠬᠤ ᠬᠢᠷᠢ ᠲᠦᠪᠰᠢᠨ ᠢ ᠪᠦᠬᠦ | ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠲᠠᠷᠢᠶᠠᠯᠠᠩ ᠤᠨ ᠠᠮᠢ ᠠᠬᠤᠢ ᠣᠷᠴᠢᠨ ᠲᠣᠭᠤᠷᠢᠨ ᠢ ᠦᠷᠭᠦᠯᠵᠢᠯᠡᠨ | ᠰᠠᠶᠢᠵᠢᠷᠠᠭᠤᠯᠬᠤ ᠶᠢ ᠪᠠᠲᠤᠯᠠᠵᠤ᠂ ᠦᠬᠠᠢ ᠬᠤᠳᠠ ᠶᠢᠨ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃ |