ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ︽ᠬᠥᠳᠡᠭᠡ ᠠᠵᠤ ᠠᠬᠤᠢ ᠬᠥᠳᠡᠭᠡ | ᠲᠣᠰᠬᠤᠨ ᠲᠠᠷᠢᠶᠠᠴᠢᠨ︾ ᠤ ᠠᠵᠢᠯ ᠢ ᠵᠢᠯᠤᠭᠤᠳᠬᠤ 13 ᠳ᠋ᠤᠭᠠᠷ ᠲᠥᠪ ᠤᠨ ᠨᠢᠭᠡᠳᠦᠭᠡᠷ ᠲᠣᠭᠠᠲᠤ ᠪᠢᠴᠢᠭ | ᠮᠠᠲ᠋ᠧᠷᠢᠶᠠᠯ︱︽ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠥᠳᠡᠭᠡ | ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠢᠶᠠᠷ ᠠᠬᠢᠭᠤᠯᠬᠤ ᠲᠤᠬᠠᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠢ 23 ᠤ | ᠡᠳᠦᠷ ᠰᠢᠨᠬᠤᠸᠠ ᠬᠤᠷᠢᠶ᠎ᠠ ᠠᠴᠠ ᠡᠷᠬᠡ ᠣᠯᠭᠤᠯᠲᠠ ᠪᠠᠷ ᠨᠡᠶᠢᠲᠡᠯᠡᠪᠡ᠃ | ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ | ᠪᠣᠯᠣᠨ᠎ᠠ᠂ ᠮᠥᠨ ᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ | ᠵᠣᠯᠭᠠᠭᠤᠯᠬᠤ 5 ᠵᠢᠯ ᠤᠨ ᠰᠢᠯᠵᠢᠯᠲᠡ ᠶᠢᠨ ᠬᠤᠭᠤᠴᠠᠭ᠎ᠠ ᠶᠢᠨ ᠬᠠᠮᠤᠭ ᠤᠨ ᠰᠡᠭᠦᠯᠴᠢ ᠶᠢᠨ ᠨᠢᠭᠡ ᠵᠢᠯ ᠪᠣᠯᠣᠨ᠎ᠠ᠃ | ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠠᠯᠢ ᠲᠠᠯ᠎ᠠ ᠪᠠᠷ | ᠬᠦᠴᠦᠯᠡᠬᠦ ᠪᠤᠢ︖ ᠡᠨᠡ ᠲᠤᠬᠠᠢ ᠰᠤᠷᠪᠤᠯᠵᠢᠯᠠᠬᠴᠢ ᠲᠤᠰᠬᠠᠢ ᠮᠡᠷᠭᠡᠵᠢᠯᠲᠡᠳ ᠡᠷᠳᠡᠮᠲᠡᠳ ᠢ ᠰᠤᠷᠪᠤᠯᠵᠢᠯᠠᠪᠠ᠃ | ︽ᠳᠤᠮᠳᠠᠳᠤ ᠤᠯᠤᠰ ᠤᠨ ᠪᠤᠳᠠᠭᠠᠨ ᠠᠶᠠᠭ᠎ᠠ︾ ᠶᠢ ᠴᠢᠩᠭ᠎ᠠ ᠠᠳᠬᠤᠵᠤ᠂ ᠠᠮᠤ ᠪᠤᠳᠠᠭᠠᠨ ᠤ ᠲᠣᠭᠲᠠᠭᠤᠨ | ᠤᠨᠠᠯᠲᠠ ᠡᠯᠪᠡᠭ ᠬᠤᠷᠢᠶᠠᠯᠲᠠ ᠣᠯᠬᠤ ᠶᠢ ᠦᠨᠡᠨ ᠬᠦ ᠪᠠᠲᠤᠯᠠᠨ᠎ᠠ | 2024 ᠣᠨ ᠳᠤ᠂ ᠮᠠᠨ ᠤ ᠤᠯᠤᠰ ᠤᠨ ᠠᠮᠤ ᠪᠤᠳᠠᠭᠠᠨ ᠤ ᠤᠨᠠᠯᠲᠠ ᠠᠩᠬ᠎ᠠ ᠤᠳᠠᠭ᠎ᠠ 1.4 ᠲᠦᠮᠡᠨ | ᠳ᠋ᠦᠩᠰᠢᠭᠤᠷ ᠵᠢᠩ ᠢ ᠳᠠᠪᠠᠵᠤ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠨᠡᠩ ᠪᠠᠲᠤ ᠪᠠᠬᠢ ᠪᠣᠯᠪᠠ᠃ | ᠬᠡᠷᠬᠢᠨ ᠨᠡᠯᠢᠶᠡᠳ ᠥᠨᠳᠥᠷ ᠰᠠᠭᠤᠷᠢ ᠲᠤᠭ᠎ᠠ ᠳᠡᠭᠡᠷ᠎ᠡ ᠠᠮᠤ ᠪᠤᠳᠠᠭᠠᠨ ᠤ ᠬᠤᠷᠢᠶᠠᠯᠲᠠ ᠶᠢ ᠲᠣᠭᠲᠠᠪᠤᠷᠢᠵᠢᠭᠤᠯᠵᠤ | ᠡᠯᠪᠡᠭ ᠬᠤᠷᠢᠶᠠᠯᠲᠠ ᠶᠢ ᠪᠡᠶᠡᠯᠡᠭᠦᠯᠬᠦ ᠪᠤᠢ︖ | ᠡᠨᠡ ᠵᠢᠯ ᠤᠨ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ︽ᠠᠮᠤ ᠪᠤᠳᠠᠭ᠎ᠠ ᠵᠡᠷᠭᠡ ᠴᠢᠬᠤᠯᠠ | ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠦᠷᠭᠦᠯᠵᠢᠯᠡᠨ ᠴᠢᠩᠭᠠᠳᠬᠠᠨ᠎ᠠ︾ | ᠭᠡᠵᠦ ᠲᠣᠳᠣᠷᠬᠠᠢ ᠱᠠᠭᠠᠷᠳᠠᠵᠠᠢ᠃ | ︽ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠣᠯ ᠨᠢᠭᠡᠨ ᠮᠥᠩᠬᠡ ᠶᠢᠨ ᠰᠡᠳᠦᠪ ᠮᠥᠨ᠂ | ᠠᠮᠤ ᠪᠤᠳᠠᠭᠠᠨ ᠤ ᠤᠨᠠᠯᠲᠠ ᠰᠢᠨ᠎ᠡ ᠳᠡᠭᠲᠡᠷ ᠲᠤ ᠭᠠᠷᠤᠭᠰᠠᠨ ᠤ ᠳᠠᠷᠠᠭ᠎ᠠ ᠴᠤ ᠠᠮᠤ ᠪᠤᠳᠠᠭᠠᠨ ᠤ ᠦᠢᠯᠡᠳᠪᠦᠷᠢᠯᠡᠯ ᠢ | ᠥᠴᠥᠬᠡᠨ ᠴᠦ ᠰᠤᠯᠠᠷᠠᠭᠤᠯᠵᠤ ᠪᠤᠯᠬᠤ ᠦᠭᠡᠢ︾᠃ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠬᠥᠳᠡᠭᠡ ᠲᠣᠰᠬᠤᠨ ᠤ ᠬᠥᠭᠵᠢᠯᠲᠡ ᠶᠢᠨ ᠰᠤᠳᠤᠯᠭᠠᠨ ᠤ ᠭᠠᠵᠠᠷ ᠤᠨ ᠰᠤᠳᠤᠯᠤᠭᠴᠢ ᠯᠢ ᠭᠦᠸᠧ | ᠰᠢᠶᠠᠩ᠂ ᠨᠢᠳᠤᠨᠤᠨ ᠲᠠᠯᠠᠪᠠᠢ ᠨᠢᠭᠡᠴᠢ ᠶᠢᠨ ᠤᠨᠠᠯᠲᠠ ᠶᠢᠨ ᠳᠡᠭᠡᠭᠰᠢᠯᠡᠯᠲᠡ ᠶᠢᠨ ᠭᠠᠷᠤᠯᠲᠠ ᠶᠢᠨ ᠨᠡᠮᠡᠭᠳᠡᠯ ᠳᠤ | ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ ᠨᠢ ᠨᠠᠢᠮᠠᠨ ᠬᠤᠪᠢ ᠳᠤ ᠬᠦᠷᠴᠡᠢ᠂ ᠲᠤᠰ ᠤᠳᠠᠭ᠎ᠠ ᠶᠢᠨ ᠪᠢᠴᠢᠭ | ᠮᠠᠲ᠋ᠧᠷᠢᠶᠠᠯ ᠳᠤ ᠠᠮᠤ ᠪᠤᠳᠠᠭ᠎ᠠ ᠳᠤᠰᠤᠨ ᠤ ᠲᠠᠷᠢᠮᠠᠯ ᠤᠨ ᠲᠠᠯᠠᠪᠠᠢ ᠨᠢᠭᠡᠴᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ | ᠳᠡᠭᠡᠭᠰᠢᠯᠡᠭᠦᠯᠭᠦ ᠠᠵᠢᠯᠯᠠᠭ᠎ᠠ ᠶᠢ ᠭᠦᠨᠵᠡᠭᠡᠶᠢᠷᠡᠭᠦᠯᠬᠦ ᠲᠤᠬᠠᠢ ᠪᠠᠶᠢᠷᠢᠯᠠᠭᠤᠯᠤᠯᠲᠠ ᠬᠢᠪᠡ᠃ ᠡᠨᠡ ᠨᠢ ᠳᠠᠷᠤᠢ ᠪᠢᠳᠡᠨ ᠤ | ᠭᠤᠣᠯᠳᠠᠯᠭ᠎ᠠ ᠪᠠᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠳᠡᠭᠡᠷ᠎ᠡ ᠲᠠᠯᠪᠢᠵᠤ᠂ ᠰᠢᠯᠢᠳᠡᠭ ᠡᠭᠦᠯᠳᠡᠷ᠂ | ᠲᠠᠷᠢᠶᠠᠯᠠᠩ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠡᠷᠡᠭᠯᠡᠭᠡ ᠵᠡᠷᠭᠡ ᠪᠠᠷ ᠳᠠᠮᠵᠢᠭᠤᠯᠤᠨ | ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠶᠢ ᠱᠠᠭᠠᠷᠳᠠᠵᠤ ᠪᠠᠶᠢᠨ᠎ᠠ᠃ ᠡᠭᠦᠨ ᠤ ᠬᠠᠮᠲᠤ᠂ ᠠᠷᠠᠳ | ᠤᠯᠠᠨ ᠤ ᠬᠡᠷᠡᠭᠯᠡᠭᠡᠨ ᠤ ᠬᠠᠨᠳᠤᠰᠢ ᠶᠢᠨ ᠬᠤᠪᠢᠷᠠᠯᠲᠠ ᠳᠤ ᠵᠣᠬᠢᠴᠠᠭᠤᠯᠤᠨ᠂ ᠲᠠᠷᠢᠶᠠᠯᠠᠩ ᠤᠨ ᠪᠦᠲᠦᠭᠡᠭᠳᠡᠬᠦᠨ ᠤ | ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠭᠦ ᠬᠡᠷᠡᠭᠲᠡᠢ ᠭᠡᠵᠦ ᠬᠡᠯᠡᠪᠡ᠃ | ᠲᠡᠷᠡ᠂ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠦᠭᠰᠡᠨ ᠴᠦ ᠲᠡᠷᠡ᠂ ᠶᠠᠰᠤ ᠴᠢᠨᠠᠷ ᠢ | ᠳᠡᠭᠡᠭᠰᠢᠯᠡᠭᠦᠯᠦᠭᠰᠡᠨ ᠴᠦ ᠲᠡᠷᠡ᠂ ᠡᠭᠦᠯᠳᠡᠷ ᠨᠢ ᠴᠥᠮ ᠲᠤᠶᠢᠯ ᠤᠨ ᠴᠢᠬᠤᠯᠠ ᠶᠤᠮ᠂ ᠦᠷ᠎ᠡ ᠶᠢᠨ ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠨᠡᠩ ᠤᠯᠠᠨ | ᠥᠨᠳᠥᠷ ᠤᠨᠠᠯᠲᠠ ᠲᠠᠢ ᠰᠢᠯᠢᠳᠡᠭ ᠡᠭᠦᠯᠳᠡᠷ ᠢ ᠪᠣᠶᠢᠵᠢᠭᠤᠯᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠤᠨ ᠮᠠᠰᠢᠨ ᠵᠡᠷᠭᠡ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠲᠣᠨᠤᠭ ᠲᠥᠬᠦᠭᠡᠷᠦᠮᠵᠢ ᠶᠢ ᠳᠡᠭᠡᠭᠰᠢᠯᠡᠭᠦᠯᠦᠨ ᠰᠠᠶᠢᠵᠢᠷᠠᠭᠤᠯᠬᠤ ᠵᠢᠴᠢ ᠦᠢᠯᠡᠳᠪᠦᠷᠢᠯᠡᠭᠰᠡᠨ ᠤ | ᠳᠠᠷᠠᠭᠠᠬᠢ ᠬᠠᠳᠤᠵᠤ ᠬᠤᠷᠢᠶᠠᠬᠤ᠂ ᠲᠡᠭᠡᠭᠡᠪᠦᠷᠢᠯᠡᠬᠦ᠂ ᠬᠠᠳᠠᠭᠠᠯᠠᠬᠤ ᠵᠡᠷᠭᠡ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ | ᠴᠢᠨᠠᠷ ᠰᠠᠶᠢᠲᠠᠢ ᠠᠬᠢᠭᠤᠯᠬᠤ ᠪᠠᠷ ᠳᠠᠮᠵᠢᠭᠤᠯᠤᠨ ᠬᠠᠮᠵᠢᠯᠴᠠᠨ ᠬᠦᠴᠦᠯᠡᠵᠦ᠂ ᠠᠮᠤ ᠪᠤᠳᠠᠭᠠᠨ ᠤ ᠲᠣᠭᠲᠠᠭᠤᠨ | ᠤᠨᠠᠯᠲᠠ ᠡᠯᠪᠡᠭ ᠬᠤᠷᠢᠶᠠᠯᠲᠠ ᠶᠢ ᠠᠬᠢᠭᠤᠯᠬᠤ ᠬᠡᠷᠡᠭᠲᠡᠢ ᠭᠡᠵᠦ ᠦᠵᠡᠪᠡ᠃ | ᠲᠠᠷᠢᠶᠠᠨ ᠭᠠᠵᠠᠷ ᠪᠣᠯ ᠠᠮᠤ ᠪᠤᠳᠠᠭᠠᠨ ᠤ ᠦᠢᠯᠡᠳᠪᠦᠷᠢᠯᠡᠯ ᠤᠨ ᠠᠮᠢᠨ ᠰᠤᠳᠠᠰᠤ ᠮᠥᠨ᠃ ᠪᠢᠴᠢᠭ | ᠮᠠᠲ᠋ᠧᠷᠢᠶᠠᠯ ᠳᠤ᠂ ᠡᠯ᠎ᠡ ᠲᠥᠷᠥᠯ ᠤᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠶᠢ ᠡᠵᠡᠯᠡᠬᠦ ᠨᠥᠬᠦᠪᠦᠷᠢᠯᠡᠬᠦ ᠶᠢ | ᠲᠡᠩᠴᠡᠭᠦᠷᠢᠲᠡᠢ ᠪᠠᠶᠢᠯᠭᠠᠬᠤ ᠨᠢᠭᠡᠳᠦᠯᠲᠡᠢ ᠬᠠᠮᠢᠶᠠᠷᠤᠯᠲᠠ ᠳᠤ ᠣᠷᠣᠭᠤᠯᠵᠤ᠂ ︽︿ᠬᠦᠯᠡᠮᠵᠢ ᠶᠢᠨ ᠨᠡᠷ᠎ᠡ ᠪᠠᠷ | ᠪᠠᠶᠢᠭᠤᠯᠤᠭᠰᠠᠨ ᠬᠠᠤᠯᠢ ᠪᠤᠰᠤ ᠪᠠᠷᠢᠯᠭ᠎ᠠ﹀ ᠶᠢ ᠦᠷᠭᠦᠯᠵᠢᠯᠡᠨ ᠴᠡᠭᠴᠡᠯᠡᠨ ᠵᠠᠰᠠᠬᠤ᠂ ᠲᠠᠷᠢᠶᠠᠨ ᠭᠠᠵᠠᠷ ᠢ ᠡᠵᠡᠯᠡᠨ | ︿ᠨᠠᠭᠤᠷ ᠮᠠᠯᠲᠠᠵᠤ ᠦᠵᠡᠮᠵᠢ ᠪᠠᠶᠢᠭᠤᠯᠬᠤ﹀᠂ ᠲᠠᠷᠢᠶᠠᠨ ᠭᠠᠵᠠᠷ ᠢ ᠳᠤᠷ᠎ᠠ ᠪᠠᠷ ᠡᠵᠡᠯᠡᠨ ᠭᠡᠷ ᠪᠠᠶᠢᠰᠢᠩ ᠪᠠᠷᠢᠬᠤ ᠵᠡᠷᠭᠡ | ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠬᠤ ᠬᠡᠷᠡᠭᠲᠡᠢ︾ ᠭᠡᠵᠦ ᠲᠣᠳᠣᠷᠬᠠᠢ ᠱᠠᠭᠠᠷᠳᠠᠭᠰᠠᠨ ᠪᠠᠶᠢᠨ᠎ᠠ᠃ | ᠰᠣᠷᠪᠤᠯᠵᠢᠯᠠᠭ᠎ᠠ ᠬᠦᠯᠢᠶᠡᠭᠰᠡᠨ ᠲᠤᠰᠬᠠᠢ ᠮᠡᠷᠭᠡᠵᠢᠯᠲᠡᠨ᠂ ᠲᠠᠷᠢᠶᠠᠨ ᠭᠠᠵᠠᠷ ᠬᠦᠨᠳᠦ ᠨᠣᠴᠢᠲᠠᠢ ᠡᠪᠳᠡᠯᠡᠭᠡ ᠳᠤ | ᠤᠴᠠᠷᠠᠭᠰᠠᠨ ᠤ ᠳᠠᠷᠠᠭ᠎ᠠ᠂ ᠰᠡᠷᠭᠦᠭᠡᠬᠦ ᠳᠤ ᠬᠦᠴᠢᠷᠲᠡᠢ ᠪᠥᠭᠡᠳ ᠥᠪᠡᠷ ᠤᠨ ᠥᠷᠲᠡᠭ ᠨᠢ ᠥᠨᠳᠥᠷ ᠪᠠᠶᠢᠳᠠᠭ᠂ ᠡᠯ᠎ᠡ | ᠭᠠᠵᠠᠷ ᠤᠨ ᠬᠢᠨ ᠲᠤᠷᠰᠢᠯᠭ᠎ᠠ ᠰᠤᠷᠭᠠᠮᠵᠢ ᠪᠠᠨ ᠳ᠋ᠦᠩᠨᠡᠵᠦ᠂ ᠲᠠᠷᠢᠶᠠᠨ ᠭᠠᠵᠠᠷ ᠤᠨ ᠶᠡᠷᠦᠩᠬᠡᠢ ᠬᠡᠮᠵᠢᠶ᠎ᠡ ᠶᠢ | ᠬᠠᠮᠢᠶᠠᠷᠤᠨ ᠡᠵᠡᠮᠳᠡᠬᠦ ᠪᠠ ︽ᠨᠥᠬᠦᠪᠦᠷᠢᠯᠡᠬᠦ ᠪᠠᠷ ᠡᠵᠡᠯᠡᠯᠲᠡ ᠶᠢ ᠲᠣᠭᠲᠠᠭᠠᠬᠤ︾ ᠶᠢ ᠴᠢᠩᠭᠠᠳᠬᠠᠵᠤ᠂ ᠲᠠᠷᠢᠶᠠᠨ | ᠭᠠᠵᠠᠷ ᠢ ︽ᠠᠮᠤ ᠪᠤᠳᠠᠭᠠᠨ ᠤ ᠪᠤᠰᠤ ᠪᠤᠯᠭᠠᠬᠤ︾ ᠴᠡᠭᠴᠡᠯᠡᠨ ᠰᠠᠶᠢᠵᠢᠷᠠᠭᠤᠯᠬᠤ ᠠᠵᠢᠯ ᠢ ᠲᠥᠷᠥᠯ ᠬᠤᠪᠢᠶᠠᠨ ᠡᠮᠬᠢ | ᠵᠢᠷᠤᠮ ᠲᠠᠢ ᠰᠠᠶᠢᠲᠤᠷ ᠬᠢᠬᠦ ᠬᠡᠷᠡᠭᠲᠡᠢ ᠭᠡᠵᠦ ᠢᠯᠡᠳᠬᠡᠪᠡ᠃ | ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠡᠬᠢ ᠪᠠᠶᠠᠯᠢᠭ ᠬᠢᠭᠡᠳ ᠣᠷᠴᠢᠨ | ᠲᠣᠭᠤᠷᠢᠨ ᠤ ᠳᠡᠭᠡᠳᠦ ᠰᠤᠷᠭᠠᠭᠤᠯᠢ ᠶᠢᠨ ᠫᠷᠤᠹᠧᠰᠰᠤᠷ ᠬᠤ᠋ ᠱᠤ᠋ ᠸᠧᠨ ᠣᠷᠳᠣ ᠬᠤᠭᠤᠴᠠᠭ᠎ᠠ ᠪᠠᠷ ᠬᠤᠵᠢᠷᠯᠢᠭ | ᠭᠠᠵᠠᠷ ᠤᠨ ︽ᠳᠠᠪᠤᠰᠤ︾ ᠶᠢ ᠬᠥᠭᠡᠭᠡᠵᠦ ︽ᠬᠤᠵᠢᠷ︾ ᠢ ᠠᠷᠢᠯᠭᠠᠬᠤ ᠪᠠᠷ ᠴᠢᠷᠮᠠᠶᠢᠭᠰᠠᠭᠠᠷ ᠢᠷᠡᠵᠡᠶ᠃ ᠲᠡᠷᠡ᠂ ᠪᠢᠴᠢᠭ | ᠮᠠᠲ᠋ᠧᠷᠢᠶᠠᠯ ᠳᠤ ᠳᠤᠷᠠᠳᠤᠭᠰᠠᠨ︽ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠲᠤᠷᠰᠢᠯᠲᠠ ᠶᠢ | ᠲᠣᠭᠲᠠᠭᠤᠨ ᠢᠶᠠᠷ ᠠᠬᠢᠭᠤᠯᠬᠤ︾ ᠶᠢ ᠨᠠᠶᠢᠳᠠᠪᠤᠷᠢᠵᠢᠭᠤᠯᠬᠤ ᠳᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ | ᠤᠯᠠᠨ ᠲᠠᠯ᠎ᠠ ᠶᠢᠨ ᠠᠷᠭ᠎ᠠ ᠶᠢ ᠵᠡᠷᠭᠡ ᠪᠠᠷ ᠬᠡᠷᠡᠭᠯᠡᠵᠦ᠂ ᠲᠠᠷᠢᠶᠠᠯᠠᠩ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠬᠦᠴᠦᠨ ᠲᠠᠢ ᠬᠠᠮᠵᠢᠯᠴᠠᠨ ᠪᠣᠭᠤᠮᠲᠠ ᠰᠢᠪᠲᠤᠯᠬᠤ ᠶᠢ ᠠᠬᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠦᠷ᠎ᠡ ᠪᠦᠲᠦᠭᠡᠯ ᠢ ᠶᠡᠭᠡ ᠬᠡᠪᠴᠢᠶ᠎ᠡ ᠪᠠᠷ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠬᠤᠵᠢᠷᠯᠢᠭ ᠭᠠᠵᠠᠷ ᠢ | ᠥᠭᠡᠷᠡᠴᠢᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠨᠡᠩ ᠤᠯᠠᠨ ᠬᠤᠵᠢᠷᠯᠢᠭ ᠭᠠᠵᠠᠷ ᠢ ᠥᠨᠳᠥᠷ | ᠤᠨᠠᠯᠲᠠ ᠲᠠᠢ ᠲᠠᠷᠢᠶᠠᠨ ᠭᠠᠵᠠᠷ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠦᠵᠡᠪᠡ᠃ | ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠫᠷᠤᠹᠧᠰᠰᠤᠷ᠂ ᠤᠯᠤᠰ ᠤᠨ ᠠᠮᠤ ᠪᠤᠳᠠᠭᠠᠨ ᠤ | ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠴᠧᠩ ᠭᠦᠸᠧ | ᠴᠢᠶᠠᠩ᠂ ᠪᠢᠴᠢᠭ ᠮᠠᠲ᠋ᠧᠷᠢᠶᠠᠯ ᠳᠤ ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠬᠦ ᠲᠦᠷᠦ ᠶᠢᠨ ᠪᠣᠳᠣᠯᠭ᠎ᠠ ᠶᠢᠨ | ᠰᠢᠰᠲ᠋ᠧᠮ ᠢ ᠪᠦᠷᠢᠨᠰᠢᠭᠦᠯᠵᠦ᠂ ᠡᠯ᠎ᠡ ᠭᠠᠵᠠᠷ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠳᠠᠶᠢᠴᠢᠯᠠᠭᠰᠠᠨ ᠢᠶᠠᠷ | ᠪᠠᠷᠠᠬᠤ ᠦᠭᠡᠢ ᠪᠠᠰᠠ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶ᠎ᠠ ᠪᠣᠯᠣᠨ ᠦᠢᠯᠡᠳᠪᠦᠷᠢᠯᠡᠯ ᠢ ᠵᠣᠬᠢᠴᠠᠭᠤᠯᠬᠤ | ᠲᠣᠭᠲᠠᠴᠠ ᠶᠢ ᠪᠦᠷᠢᠨᠰᠢᠭᠦᠯᠦᠨ᠎ᠡ ᠲᠣᠳᠣᠷᠬᠠᠢ ᠲᠣᠭᠲᠠᠭᠠᠭᠰᠠᠨ ᠢ ᠠᠩᠬᠠᠷᠴᠤ ᠣᠯᠵᠠᠢ᠃ | ᠲᠡᠷᠡ᠂ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶ᠎ᠠ ᠬᠢᠭᠡᠳ ᠦᠢᠯᠡᠳᠪᠦᠷᠢᠯᠡᠯ ᠢ ᠵᠣᠬᠢᠴᠠᠭᠤᠯᠬᠤ | ᠲᠣᠭᠲᠠᠴᠠ ᠶᠢ ᠲᠡᠭᠦᠯᠳᠡᠷᠵᠢᠭᠦᠯᠬᠦ ᠳᠤ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠢ ᠲᠣᠭᠲᠠᠪᠤᠷᠢᠵᠢᠭᠤᠯᠵᠤ | ᠬᠠᠩᠭᠠᠯᠭ᠎ᠠ ᠶᠢ ᠪᠠᠲᠤᠯᠠᠬᠤ ᠪᠠᠷ ᠰᠠᠭᠤᠷᠢ ᠪᠤᠯᠭᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠬᠡᠷᠡᠭᠴᠡᠭᠡ ᠶᠢ | ᠲᠡᠩᠴᠡᠭᠦᠷᠢᠲᠡᠢ ᠪᠠᠶᠢᠯᠭᠠᠬᠤ ᠪᠠ ᠪᠦᠭᠦ ᠬᠡᠯᠬᠢᠶ᠎ᠡ ᠪᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠶᠢ | ᠴᠢᠩᠭᠠᠳᠬᠠᠵᠤ᠂ ᠬᠠᠩᠭᠠᠯᠭ᠎ᠠ ᠬᠡᠷᠡᠭᠴᠡᠭᠡᠨ ᠤ ᠳᠤᠲᠠᠭᠤᠳᠠᠯ ᠪᠠ ᠲᠣᠬᠢᠷᠠᠭᠤᠯᠤᠯ ᠡᠵᠡᠮᠳᠡᠯ ᠤᠨ ᠬᠦᠴᠦᠯᠡᠬᠦ ᠴᠡᠭ ᠢ | ᠨᠠᠷᠢᠯᠢᠭ ᠣᠨᠣᠴᠠᠲᠠᠢ ᠪᠠᠷ ᠢᠯᠭᠠᠨ ᠲᠠᠨᠢᠵᠤ᠂ ᠭᠠᠳᠠᠭᠠᠳᠤ ᠠᠴᠠ ᠣᠷᠣᠭᠤᠯᠬᠤ ᠢᠷᠡᠯᠲᠡ ᠶᠢᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠬᠦ ᠶᠢᠨ ᠬᠠᠮᠲᠤ ᠭᠠᠳᠠᠭᠠᠳᠤ ᠠᠴᠠ ᠣᠷᠣᠭᠤᠯᠬᠤ ᠬᠡᠪᠴᠢᠶ᠎ᠡ ᠪᠠ ᠠᠶᠢᠵᠠᠮ ᠢ ᠬᠥᠳᠡᠯᠦᠩᠭᠦᠢ ᠪᠠᠷ | ᠲᠣᠬᠢᠷᠠᠭᠤᠯᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠪᠠ ᠦᠨ᠎ᠡ ᠬᠠᠩᠰᠢ ᠶᠢᠨ ᠲᠣᠭᠲᠠᠭᠤᠨ ᠪᠠᠶᠢᠳᠠᠯ ᠢ | ᠲᠡᠩᠴᠡᠭᠦᠷᠢᠰᠢᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠨᠡᠩ ᠥᠨᠳᠥᠷ | ᠲᠦᠪᠰᠢᠨ ᠢᠶᠠᠷ ᠨᠢᠭᠡᠳᠦᠯᠲᠡᠢ ᠲᠥᠯᠥᠪᠯᠡᠨ ᠰᠠᠭᠠᠳ ᠦᠭᠡᠢ ᠨᠠᠪᠲᠠᠷᠡᠭᠦᠯᠵᠦ᠂ ᠲᠠᠷᠢᠶᠠᠴᠢᠳ ᠤᠨ ᠠᠰᠢᠭ ᠲᠤᠰᠠ ᠪᠠ | ᠠᠮᠤ ᠪᠤᠳᠠᠭ᠎ᠠ ᠲᠠᠷᠢᠬᠤ ᠢᠳᠡᠪᠬᠢᠵᠢᠯ ᠢ ᠬᠠᠮᠠᠭᠠᠯᠠᠵᠤ᠂ ᠨᠡᠭᠡᠭᠡᠯᠲᠡ ᠬᠢᠬᠦ ᠳᠤᠮᠳᠠ ᠠᠮᠤ ᠪᠤᠳᠠᠭᠠᠨ ᠤ ᠠᠮᠤᠷ | ᠲᠦᠪᠰᠢᠨ ᠤ ᠬᠢᠵᠠᠭᠠᠷ ᠱᠤᠭᠤᠮ ᠢ ᠪᠠᠬᠢᠵᠢᠭᠦᠯᠬᠦ ᠬᠡᠷᠡᠭᠲᠡᠢ ᠭᠡᠵᠦ ᠢᠯᠡᠳᠬᠡᠪᠡ᠃ | ᠤᠯᠠᠨ ᠠᠷᠭ᠎ᠠ ᠬᠡᠮᠵᠢᠶ᠎ᠡ ᠪᠠᠷ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠨ᠎ᠡ | ᠬᠡᠪᠴᠢᠶᠡᠵᠢᠯ ᠤᠨ ᠴᠢᠨᠠᠷᠲᠠᠢ ᠲᠠᠭᠢᠨ ᠶᠠᠳᠠᠭᠤᠷᠠᠬᠤ ᠪᠠᠶᠢᠳᠠᠯ ᠭᠠᠷᠬᠤ ᠦᠭᠡᠢ ᠪᠠᠶᠢᠬᠤ ᠶᠢ ᠦᠨᠡᠨ ᠬᠦ | ᠪᠠᠲᠤᠯᠠᠬᠤ ᠪᠣᠯ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ | ᠠᠳᠬᠤᠬᠤ ᠶᠢᠨ ᠬᠤᠷᠢᠭ᠎ᠠ ᠱᠤᠭᠤᠮ ᠤᠨ ᠡᠭᠦᠷᠭᠡ ᠮᠥᠨ᠃ | ︽ᠲᠠᠭᠢᠨ ᠶᠠᠳᠠᠭᠤᠷᠠᠬᠤ ᠪᠠ ᠶᠠᠳᠠᠭᠤᠷᠠᠬᠤ ᠲᠦᠭᠰᠢᠭᠦᠷᠢ ᠲᠠᠢ ᠲᠠᠷᠢᠶᠠᠴᠢᠨ ᠡᠷᠦᠭᠡ ᠶᠢ ᠴᠠᠭ ᠲᠤᠬᠠᠢ ᠳᠤᠨᠢ | ᠬᠠᠪᠰᠤᠷᠤᠨ ᠲᠡᠳᠬᠦᠬᠦ ᠳᠤ ᠣᠷᠣᠭᠤᠯᠤᠨ᠎ᠠ︾᠂ ︽ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠵᠢᠴᠢ | ᠲᠠᠭᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ ᠡᠲᠡᠭᠡᠳ ᠢ ᠢᠯᠭᠠᠨ ᠲᠠᠨᠢᠵᠤ ᠮᠠᠭᠠᠳᠯᠠᠨ ᠲᠣᠭᠲᠠᠭᠠᠬᠤ ᠶᠢ | ᠨᠢᠭᠡᠳᠦᠯᠲᠡᠢ ᠲᠥᠯᠥᠪᠯᠡᠵᠦ ᠥᠷᠨᠢᠭᠦᠯᠦᠨ᠎ᠡ︾᠂ ︽ᠱᠠᠲᠤ ᠬᠤᠪᠢᠶᠠᠨ ᠲᠦᠷᠦᠯ ᠬᠤᠪᠢᠶᠠᠨ ᠬᠠᠪᠰᠤᠷᠤᠨ ᠲᠡᠳᠬᠦᠬᠦ | ᠳᠦᠷᠢᠮ ᠢ ᠪᠠᠶᠢᠭᠤᠯᠤᠨ᠎ᠠ︾᠁ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ | ᠵᠣᠯᠭᠠᠭᠤᠯᠬᠤ 5 ᠵᠢᠯ ᠤᠨ ᠰᠢᠯᠵᠢᠯᠲᠡ ᠶᠢᠨ ᠬᠤᠭᠤᠴᠠᠭ᠎ᠠ ᠶᠢᠨ ᠬᠠᠮᠤᠭ ᠤᠨ ᠰᠡᠭᠦᠯᠴᠢ ᠶᠢᠨ ᠨᠢᠭᠡ ᠵᠢᠯ ᠬᠦᠷᠴᠦ | ᠢᠷᠡᠬᠦ ᠳᠤ᠂ ᠪᠢᠴᠢᠭ ᠮᠠᠲ᠋ᠧᠷᠢᠶᠠᠯ ᠳᠤ ᠲᠤᠰ ᠠᠵᠢᠯ ᠳᠤ ᠬᠠᠨᠳᠤᠯᠭᠠᠲᠤ ᠴᠢᠨᠠᠷᠲᠠᠢ ᠪᠠᠶᠢᠷᠢᠯᠠᠭᠤᠯᠤᠯᠲᠠ ᠬᠢᠵᠡᠢ᠃ | ᠠᠨᠾᠦ᠋ᠢ ᠮᠤᠵᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠡᠳ᠋ ᠳᠠᠷᠤᠭ᠎ᠠ ᠵᠣᠣ ᠸᠠᠨ | ᠫᠢᠩ᠂ ᠡᠲᠡᠭᠡᠷ ᠪᠠᠶᠢᠷᠢᠯᠠᠭᠤᠯᠤᠯᠲᠠ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠶᠢ | ᠬᠠᠪᠰᠤᠷᠤᠨ ᠲᠡᠳᠬᠦᠬᠦ ᠰᠢᠰᠲ᠋ᠧᠮ ᠢ ᠪᠦᠷᠢᠨᠰᠢᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠬᠠᠪᠰᠤᠷᠤᠨ | ᠲᠡᠳᠬᠦᠬᠦ ᠲᠥᠷᠥ ᠶᠢᠨ ᠪᠣᠳᠣᠯᠭ᠎ᠠ ᠶᠢ ᠨᠠᠩ ᠨᠠᠷᠢᠯᠢᠭ ᠣᠨᠣᠴᠠᠲᠠᠢ᠂ ᠨᠠᠩ ᠬᠠᠨᠳᠤᠯᠭᠠᠲᠤ ᠴᠢᠨᠠᠷᠲᠠᠢ ᠬᠡᠷᠡᠭᠵᠢᠭᠦᠯᠬᠦ ᠶᠢ | ᠠᠬᠢᠭᠤᠯᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ᠂ ᠰᠢᠯᠵᠢᠯᠲᠡ ᠶᠢᠨ | ᠬᠤᠭᠤᠴᠠᠭᠠᠨ ᠤ ᠳᠠᠷᠠᠭᠠᠬᠢ ᠪᠠᠶᠢᠩᠭᠤᠵᠢᠭᠰᠠᠨ ᠬᠠᠪᠰᠤᠷᠤᠨ ᠲᠡᠳᠬᠦᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠳᠤ ᠠᠰᠢᠭᠲᠠᠢ ᠶᠤᠮ ᠭᠡᠵᠦ ᠢᠯᠡᠳᠬᠡᠪᠡ᠃ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ | ᠪᠠᠲᠤᠯᠠᠭᠰᠠᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠶᠢᠨ ᠲᠣᠭᠲᠠᠭᠠᠯ︾ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠳᠠᠬᠢ | ᠤᠯᠤᠰ ᠤᠨ ᠣᠷᠣᠭᠤᠯᠤᠯᠲᠠ ᠠᠴᠠ ᠪᠦᠷᠢᠯᠳᠦᠭᠰᠡᠨ ᠡᠳ᠋ ᠬᠥᠷᠥᠩᠭᠡ ᠶᠢᠨ ᠣᠷᠳᠣ ᠬᠤᠭᠤᠴᠠᠭᠠᠨ ᠤ ᠪᠦᠲᠦᠮᠵᠢᠲᠡᠶ | ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ ᠭᠡᠵᠦ ᠳᠤᠷᠠᠳᠴᠠᠢ᠃ ᠡᠨᠡ ᠵᠢᠯ ᠤᠨ ᠲᠥᠪ ᠤᠨ ᠨᠢᠭᠡᠳᠦᠭᠡᠷ | ᠲᠣᠭᠠᠲᠤ ᠪᠢᠴᠢᠭ ᠮᠠᠲ᠋ᠧᠷᠢᠶᠠᠯ ᠳᠤ ᠡᠨᠡ ᠬᠦ ᠠᠵᠢᠯ ᠳᠤ ᠪᠣᠳᠠᠲᠠᠢ ᠲᠣᠬᠢᠷᠠᠭᠤᠯᠤᠯᠲᠠ ᠬᠢᠵᠦ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠳᠠᠬᠢ ᠤᠯᠤᠰ ᠤᠨ ᠣᠷᠣᠭᠤᠯᠤᠯᠲᠠ ᠠᠴᠠ ᠪᠦᠷᠢᠯᠳᠦᠭᠰᠡᠨ ᠡᠳ᠋ | ᠬᠥᠷᠥᠩᠭᠡ ᠶᠢ ᠪᠦᠭᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠵᠤ᠂ ᠡᠳ᠋ ᠬᠥᠷᠥᠩᠭᠡ ᠶᠢ ᠳᠡᠩᠰᠡᠯᠡᠨ ᠬᠠᠮᠢᠶᠠᠷᠬᠤ | ᠨᠢᠭᠡᠳᠦᠯᠲᠡᠢ ᠡᠬᠡ ᠲᠠᠩᠰᠠ ᠶᠢ ᠪᠠᠶᠢᠭᠤᠯᠤᠨ᠎ᠠ ᠭᠡᠵᠦ ᠳᠤᠷᠠᠳᠤᠨ ᠭᠠᠷᠭᠠᠪᠠ᠃ | ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠥᠳᠡᠭᠡ ᠠᠵᠤ ᠠᠬᠤᠢ | ᠬᠢᠭᠡᠳ ᠬᠥᠭᠵᠢᠯᠲᠡ ᠶᠢᠨ ᠰᠤᠳᠤᠯᠭᠠᠨ ᠤ ᠭᠠᠵᠠᠷ ᠤᠨ ᠳᠡᠳ᠋ ᠰᠤᠳᠤᠯᠤᠭᠴᠢ ᠵᠠᠩ ᠱᠤ᠋᠂ ᠡᠨᠡ ᠬᠡᠰᠡᠭ ᠡᠳ᠋ | ᠬᠥᠷᠥᠩᠭᠡ ᠶᠢᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠨᠢ | ᠴᠢᠬᠤᠯᠠᠲᠠᠢ ᠪᠥᠭᠡᠳ ᠪᠠᠴᠢᠮ ᠲᠤᠯᠭᠠᠮ ᠪᠠᠶᠢᠵᠤ᠂ ᠬᠤᠶᠢᠰᠢᠳᠠ ᠶᠢᠨ ᠬᠠᠪᠰᠤᠷᠤᠨ ᠲᠡᠳᠬᠦᠬᠦ ᠲᠥᠷᠥ ᠶᠢᠨ | ᠪᠣᠳᠣᠯᠭ᠎ᠠ ᠶᠢ ︽ᠱᠠᠲᠤ ᠦᠶᠡᠴᠢ ᠴᠢᠨᠠᠷᠲᠠᠢ ᠰᠢᠯᠵᠢᠯᠲᠡ︾ ᠠᠴᠠ ︽ᠣᠷᠳᠣ ᠬᠤᠭᠤᠴᠠᠭᠠᠨ ᠤ ᠪᠦᠲᠦᠮᠵᠢᠲᠡᠶ | ᠬᠠᠪᠰᠤᠷᠤᠨ ᠲᠡᠳᠬᠦᠬᠦ︾ ᠲᠡᠶᠢᠰᠢ ᠬᠤᠪᠢᠷᠠᠭᠤᠯᠬᠤ ᠶᠢ ᠠᠬᠢᠭᠤᠯᠬᠤ ᠳᠤ ᠴᠢᠬᠤᠯᠠ ᠲᠤᠯᠭᠠᠭᠤᠷᠢᠯᠠᠯ ᠬᠠᠩᠭᠠᠵᠤ᠂ ᠨᠠᠩ | ᠴᠢᠨᠠᠷ ᠰᠠᠶᠢᠲᠠᠢ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠠᠬᠢᠭᠤᠯᠬᠤ ᠪᠣᠯᠣᠨ᠎ᠠ ᠭᠡᠵᠦ ᠦᠵᠡᠪᠡ᠃ | ᠲᠠᠷᠢᠶᠠᠴᠢᠨ ᠤ ᠤᠷᠤᠯᠭ᠎ᠠ ᠨᠡᠮᠡᠭᠳᠡᠭᠰᠡᠨ ᠡᠰᠡᠬᠦ ᠶᠢ ᠦᠵᠡᠬᠦ ᠪᠣᠯ ᠬᠥᠳᠡᠭᠡ ᠲᠣᠰᠬᠤᠨ ᠤ ᠠᠵᠢᠯ ᠤᠨ ᠪᠣᠳᠠᠲᠤ | ᠦᠷ᠎ᠡ ᠪᠦᠲᠦᠮᠵᠢ ᠶᠢ ᠰᠢᠯᠭᠠᠬᠤ ᠨᠢᠭᠡᠨ ᠴᠢᠬᠤᠯᠠ ᠬᠡᠮᠵᠢᠭᠦᠷ ᠮᠥᠨ᠃ ᠲᠤᠰᠬᠠᠢ ᠮᠡᠷᠭᠡᠵᠢᠯᠲᠡᠨ᠂ ᠪᠢᠴᠢᠭ ᠮᠠᠲ᠋ᠧᠷᠢᠶᠠᠯ | ᠨᠢ ︽ᠨᠤᠲᠤᠭ ᠤᠨ ᠣᠨᠴᠠ ᠭᠠᠷᠤᠯᠲᠠ︾ ᠶᠢᠨ ᠠᠵᠢᠯ᠂ ︽ᠬᠠᠮᠲᠤ ᠶᠢᠨ ᠴᠣᠭᠴᠠ︾ ᠶᠢᠨ ᠠᠵᠢᠯ ᠢ ᠰᠠᠶᠢᠲᠤᠷ ᠬᠢᠬᠦ | ᠵᠡᠷᠭᠡ ᠲᠠᠯ᠎ᠠ ᠠᠴᠠ ᠭᠠᠷᠳᠠᠵᠤ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠴᠢᠳᠠᠪᠤᠷᠢ ᠶᠢ | ᠬᠦᠴᠦᠯᠡᠨ ᠳᠡᠭᠡᠭᠰᠢᠯᠡᠭᠦᠯᠭᠦ ᠪᠠᠷ ᠪᠠᠶᠢᠨ᠎ᠠ ᠭᠡᠵᠦ ᠦᠵᠡᠪᠡ᠃ | ︽ᠨᠤᠲᠤᠭ ᠤᠨ ᠣᠨᠴᠠ ᠭᠠᠷᠤᠯᠲᠠ︾ ᠶᠢᠨ ᠠᠵᠢᠯ ᠢ ᠬᠡᠷᠬᠢᠨ ᠰᠠᠶᠢᠲᠤᠷ ᠬᠢᠬᠦ ᠪᠤᠢ︖ ᠵᠠᠩ ᠱᠤ᠋᠂ ᠡᠯ᠎ᠡ | ᠭᠠᠵᠠᠷ ᠤᠨ ᠬᠢᠨ ᠲᠤᠰ ᠪᠡᠶ᠎ᠡ ᠶᠢᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠣᠨᠴᠠᠯᠢᠭᠲᠤ | ᠲᠠᠷᠢᠶᠠᠯᠠᠩ ᠤᠨ ᠪᠦᠲᠦᠭᠡᠭᠳᠡᠬᠦᠨ ᠤ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠶᠢ | ᠪᠠᠷᠢᠮᠲᠠᠯᠠᠵᠤ᠂ ᠠᠵᠤ ᠦᠢᠯᠡᠰ ᠤᠨ ᠪᠦᠯᠦᠭᠵᠢᠯ ᠢ ᠪᠣᠶᠢᠵᠢᠭᠤᠯᠤᠨ ᠪᠤᠵᠠᠭᠠᠶᠢᠷᠠᠭᠤᠯᠵᠤ᠂ ᠠᠵᠤ ᠦᠢᠯᠡᠰ ᠤᠨ ᠨᠡᠮᠡᠯᠲᠡ | ᠦᠷᠳᠡᠭ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠵᠤ ᠦᠢᠯᠡᠰ ᠤᠨ ᠢᠷᠡᠭᠡᠳᠦᠢ ᠳᠤ ᠠᠰᠢᠭ ᠣᠯᠬᠤ ᠶᠢ | ᠠᠬᠢᠭᠤᠯᠬᠤ ᠬᠡᠷᠡᠭᠲᠡᠢ ᠭᠡᠵᠦ ᠢᠯᠡᠳᠬᠡᠪᠡ᠃ | ᠲᠣᠮᠣ ᠪᠤᠭᠤᠷᠰᠤᠭ ᠬᠢᠬᠦ ᠪᠠᠷ ᠪᠠᠷᠠᠬᠤ ᠦᠭᠡᠢ᠂ ᠪᠠᠰᠠ ᠪᠤᠭᠤᠷᠰᠤᠭ ᠢᠶᠠᠨ ᠰᠠᠶᠢᠲᠤᠷ ᠬᠤᠪᠢᠶᠠᠬᠤ ᠬᠡᠷᠡᠭᠲᠡᠢ᠃ | ᠪᠢᠴᠢᠭ ᠮᠠᠲ᠋ᠧᠷᠢᠶᠠᠯ ᠳᠤ᠂ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢ ᠲᠡᠳᠬᠦᠨ | ᠳᠡᠮᠵᠢᠬᠦ ᠲᠥᠷᠥ ᠶᠢᠨ ᠪᠣᠳᠣᠯᠭ᠎ᠠ ᠶᠢ ᠲᠠᠷᠢᠶᠠᠴᠢᠨ ᠡᠷᠦᠭᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠬᠦ ᠲᠠᠢ | ᠬᠤᠯᠪᠣᠭᠳᠠᠭᠤᠯᠬᠤ ᠲᠣᠭᠲᠠᠴᠠ ᠶᠢ ᠪᠦᠷᠢᠨᠰᠢᠭᠦᠯᠵᠦ᠂ ᠬᠥᠳᠡᠭᠡ ᠳᠤᠰᠬᠤᠨ ᠲᠠᠢ ᠬᠤᠯᠪᠤᠭᠠᠯᠠᠨ ᠲᠠᠷᠢᠶᠠᠴᠢᠳ ᠢ | ᠳᠠᠶᠢᠴᠢᠯᠠᠬᠤ ᠶᠢ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠬᠡᠯᠪᠡᠶᠢᠯᠭᠡᠬᠦ ᠶᠢᠨ ᠴᠢᠬᠤᠯᠠ ᠦᠨᠳᠦᠰᠦᠯᠡᠯ ᠪᠣᠯᠭᠠᠨ᠎ᠠ | ᠭᠡᠵᠦ ᠲᠣᠳᠣᠷᠬᠠᠢ ᠲᠣᠭᠲᠠᠭᠠᠪᠠ᠃ ᠵᠤᠤ ᠸᠠᠨ ᠫᠢᠩ᠂ ᠡᠨᠡ ᠨᠢ ᠰᠢᠨ᠎ᠡ ᠭᠡᠯᠪᠡᠷᠢ ᠶᠢᠨ ᠬᠥᠳᠡᠭᠡ ᠠᠵᠤ ᠠᠬᠤᠢ ᠶᠢᠨ | ᠡᠵᠡᠩᠨᠡᠯᠲᠡ ᠶᠢᠨ ᠭᠤᠣᠯ ᠴᠣᠭᠴᠠ ᠪᠣᠯᠣᠨ ᠲᠠᠷᠢᠶᠠᠴᠢᠨ ᠡᠷᠦᠭᠡ ᠶᠢᠨ ᠠᠵᠤ ᠦᠢᠯᠡᠰ ᠤᠨ ᠬᠡᠯᠬᠢᠶ᠎ᠡ ᠶᠢᠨ ᠲᠠᠯ᠎ᠠ ᠪᠠᠷ | ᠬᠢ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠠᠵᠢᠯ ᠬᠤᠪᠢᠶᠠᠷᠢᠯᠠᠨ ᠬᠠᠮᠲᠤᠷᠠᠯᠴᠠᠬᠤ ᠰᠠᠶᠢᠨ ᠰᠠᠶᠢᠬᠠᠨ | ᠪᠠᠶᠢᠷᠢᠰᠢᠯ ᠢ ᠪᠦᠷᠢᠯᠳᠦᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ︽ᠠᠯᠳᠠᠨ ᠳᠠᠮᠨᠠᠭᠤᠷ︾ | ᠢ ᠯᠠᠪᠳᠠᠭᠤᠨ ᠢᠶᠠᠷ ᠡᠭᠦᠷᠭᠡᠯᠡᠬᠦ ᠳᠤ ᠠᠰᠢᠭᠲᠠᠢ ᠶᠤᠮ ᠭᠡᠪᠡ᠃ | ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ᠂ ᠬᠠᠲᠠᠭᠤ | ᠲᠥᠬᠦᠭᠡᠷᠦᠮᠵᠢ ᠵᠥᠭᠡᠯᠡᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ | ᠥᠷᠭᠡᠨ ᠠᠭᠤᠳᠠᠮ ᠬᠥᠳᠡᠭᠡ ᠲᠣᠰᠬᠤᠨ ᠪᠣᠯ ᠲᠠᠷᠢᠶᠠᠴᠢᠨ ᠲᠦᠮᠡᠨ ᠤ ᠭᠡᠷ ᠣᠷᠣᠨ ᠮᠥᠨ᠃ ᠬᠥᠳᠡᠭᠡ | ᠲᠣᠰᠬᠤᠨ ᠤ ︽ᠬᠠᠲᠠᠭᠤ ᠲᠥᠬᠦᠭᠡᠷᠦᠮᠵᠢ︾ ᠪᠠ ︽ᠵᠥᠭᠡᠯᠡᠨ ᠣᠷᠴᠢᠨ ᠲᠣᠭᠤᠷᠢᠨ︾ ᠤ ᠪᠦᠲᠦᠭᠡᠨ | ᠪᠠᠶᠢᠭᠤᠯᠤᠯᠲᠠ ᠶᠢᠨ ᠲᠣᠭᠤᠷᠢᠨ ᠳᠤ᠂ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠪᠣᠳᠠᠲᠠᠢ | ᠪᠠᠶᠢᠷᠢᠯᠠᠭᠤᠯᠤᠯᠲᠠ ᠬᠢᠪᠡ᠄ | ᠬᠤᠲᠠ ᠬᠥᠳᠡᠭᠡ ᠶᠢᠨ ᠤᠰᠤ ᠬᠠᠩᠭᠠᠬᠤ ᠶᠢ ᠨᠢᠭᠡ ᠴᠣᠭᠴᠠᠵᠢᠭᠤᠯᠬᠤ᠂ ᠲᠥᠪᠯᠡᠷᠡᠭᠦᠯᠦᠨ ᠤᠰᠤ | ᠬᠠᠩᠭᠠᠬᠤ ᠶᠢ ᠬᠡᠪᠴᠢᠶᠡᠵᠢᠭᠦᠯᠬᠦ᠂ ᠵᠢᠵᠢᠭ ᠭᠡᠯᠪᠡᠷᠢ ᠶᠢᠨ ᠤᠰᠤ ᠬᠠᠩᠭᠠᠬᠤ ᠶᠢ ᠵᠢᠷᠤᠮᠵᠢᠭᠤᠯᠬᠤ ᠪᠦᠲᠦᠭᠡᠨ | ᠪᠠᠶᠢᠭᠤᠯᠤᠯᠲᠠ ᠶᠢ ᠲᠥᠷᠥᠯ ᠬᠤᠪᠢᠶᠠᠨ ᠠᠭᠢᠭᠤᠯᠤᠨ᠎ᠠ︔ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ | ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠭᠢᠭᠤᠯᠤᠨ᠎ᠠ︔ ᠬᠥᠳᠡᠭᠡ ᠲᠣᠰᠬᠤᠨ ᠤ ᠠᠶᠠᠨᠴᠢᠳ ᠪᠠ | ᠪᠠᠷᠠᠭ᠎ᠠ ᠶᠢᠨ ᠰᠢᠤᠳᠠᠨ ᠢ ᠠᠭᠤᠰᠤᠯᠴᠠᠭᠤᠯᠤᠨ ᠬᠥᠭᠵᠢᠭᠦᠯᠬᠦ ᠶᠢ ᠠᠭᠢᠭᠤᠯᠤᠨ᠎ᠠ︔ ᠲᠣᠰᠬᠤᠨ ᠤ ᠱᠠᠲᠤᠨ ᠤ ᠢᠯᠡᠭᠡᠨ | ᠬᠦᠷᠭᠡᠬᠦ ᠪᠠᠷᠠᠭ᠎ᠠ ᠶᠢᠨ ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠎ᠠ ᠁ | ︽ᠡᠨᠡ ᠪᠣᠯ ᠬᠤᠲᠠ ᠬᠥᠳᠡᠭᠡ ᠶᠢ ᠠᠭᠤᠰᠤᠯᠴᠠᠭᠤᠯᠬᠤ ᠶᠡᠭᠡ ᠠᠬᠤᠢ ᠪᠠᠶᠢᠳᠠᠯ ᠶᠡᠭᠡ ᠬᠠᠨᠳᠤᠰᠢ ᠳᠣᠣᠷ᠎ᠠ | ᠠᠪᠤᠭᠰᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠣᠯᠣᠨ᠎ᠠ︾᠃ ᠳᠤᠮᠳᠠᠳᠤ ᠤᠯᠤᠰ ᠤᠨ ᠠᠷᠠᠳ ᠤᠨ ᠶᠡᠭᠡ | ᠰᠤᠷᠭᠠᠭᠤᠯᠢ ᠶᠢᠨ ᠫᠷᠤᠹᠧᠰᠰᠤᠷ ᠺᠦᠩ ᠰᠢᠶᠠᠩ ᡁᠢ᠂ ᠰᠢᠶᠠᠨ ᠤ ᠬᠡᠪᠴᠢᠶᠡᠨ ᠤ ᠬᠤᠲᠠ ᠬᠥᠳᠡᠭᠡ ᠶᠢᠨ | ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠬᠥᠳᠡᠭᠡ ᠲᠣᠰᠬᠤᠨ ᠢ ᠪᠦᠭᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠲᠠᠢ ᠣᠷᠭᠠᠨᠢᠭ ᠢᠶᠠᠷ | ᠤᠶᠠᠯᠳᠤᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ | ᠨᠥᠬᠦᠪᠦᠷᠢᠯᠡᠵᠦ᠂ ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ | ᠢᠳᠡᠪᠬᠢᠲᠡᠢ ᠠᠬᠢᠭᠤᠯᠪᠠᠯ ᠵᠣᠬᠢᠨ᠎ᠠ ᠭᠡᠪᠡ᠃ | ᠬᠥᠳᠡᠭᠡ ᠲᠣᠰᠬᠤᠨ ᠣᠷᠣᠰᠢᠨ ᠰᠠᠭᠤᠬᠤ ᠳᠤ ᠲᠣᠬᠢᠷᠠᠮᠵᠢᠲᠠᠢ ᠪᠠᠶᠢᠬᠤ ᠪᠠᠷ ᠪᠠᠷᠠᠬᠤ ᠦᠭᠡᠢ ᠪᠠᠰᠠ ᠡᠶ᠎ᠡ | ᠵᠣᠬᠢᠴᠠᠩᠭᠤᠢ ᠪᠠᠶᠢᠬᠤ ᠬᠡᠷᠡᠭᠲᠡᠢ᠂ ᠡᠨᠡ ᠨᠢ ᠬᠥᠳᠡᠭᠡ ᠲᠣᠰᠬᠤᠨ ᠤ ᠬᠥᠭᠵᠢᠯᠲᠡ ᠶᠢᠨ ︽ᠵᠥᠭᠡᠯᠡᠨ ᠣᠷᠴᠢᠨ | ᠲᠣᠭᠤᠷᠢᠨ︾ ᠢ ᠴᠣᠭᠴᠠᠯᠠᠬᠤ ᠠᠴᠠ ᠰᠠᠯᠵᠤ ᠴᠢᠳᠠᠬᠤ ᠦᠭᠡᠢ ᠶᠤᠮ᠃ | ᠪᠢᠴᠢᠭ ᠮᠠᠲ᠋ᠧᠷᠢᠶᠠᠯ ᠳᠤ᠂ ᠪᠣᠯᠪᠠᠰᠤᠨ ᠬᠥᠳᠡᠭᠡ ᠲᠣᠰᠬᠤᠨ ᠤ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠨ᠎ᠠ᠂ ᠤᠯᠠᠮᠵᠢᠯᠠᠯᠲᠤ ᠠᠶᠢᠯ ᠲᠣᠰᠬᠤᠨ ᠤ ᠣᠨᠴᠠᠯᠢᠭᠲᠤ ᠬᠠᠮᠠᠭᠠᠯᠠᠯᠲᠠ ᠶᠢᠨ ᠣᠷᠣᠨ ᠤ ᠪᠠᠶᠢᠭᠤᠯᠤᠯᠲᠠ ᠶᠢ | ᠠᠬᠢᠭᠤᠯᠵᠤ᠂ ᠬᠥᠳᠡᠭᠡ ᠲᠣᠰᠬᠤᠨ ᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠪᠠ ᠠᠮᠢᠳᠤᠯᠢᠭᠵᠢᠭᠤᠯᠤᠨ | ᠠᠰᠢᠭᠯᠠᠬᠤ ᠶᠢ ᠴᠢᠩᠭᠠᠳᠬᠠᠵᠤ᠂ ᠬᠥᠳᠡᠭᠡ ᠲᠣᠰᠬᠤᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ | ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠎ᠡ ᠭᠡᠵᠦ ᠳᠤᠷᠠᠳᠪᠠ᠃ ᠨᠠᠨᠵᠢᠩ ᠤᠨ ᠲᠠᠷᠢᠶᠠᠯᠠᠩ ᠤᠨ ᠶᠡᠭᠡ | ᠰᠤᠷᠭᠠᠭᠤᠯᠢ ᠶᠢᠨ ᠳᠡᠳ᠋ ᠫᠷᠤᠹᠧᠰᠰᠤᠷ ᠴᠢᠦ ᠲᠦᠩ ᠸᠧᠢ᠂ ᠪᠣᠯᠪᠠᠰᠤᠨ ᠬᠥᠳᠡᠭᠡ ᠲᠣᠰᠬᠤᠨ ᠤ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠨᠢ ᠬᠥᠳᠡᠭᠡ ᠲᠣᠰᠬᠤᠨ ᠤ ᠬᠥᠭᠵᠢᠯᠲᠡ ᠳᠤ ᠠᠯᠢ ᠤᠯᠠᠨ ᠢᠳᠡᠪᠬᠢᠲᠡᠢ ᠨᠥᠯᠥᠭᠡ | ᠦᠵᠡᠭᠦᠯᠵᠦ᠂ ᠲᠠᠷᠢᠶᠠᠯᠠᠬᠤ ᠪᠣᠯᠪᠠᠰᠤᠨ ᠢ ᠤᠯᠠᠮᠵᠢᠯᠠᠬᠤ᠂ ᠲᠠᠷᠢᠶᠠᠴᠢᠨ ᠲᠦᠮᠡᠨ ᠤ ᠴᠤᠭ ᠰᠦᠯᠳᠡ ᠶᠢ ᠪᠠᠳᠠᠷᠠᠭᠤᠯᠬᠤ᠂ | ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠰᠦᠭ ᠰᠦᠨᠡᠰᠦ ᠶᠢ ᠴᠣᠭᠴᠠᠯᠠᠬᠤ ᠳᠤ | ᠠᠰᠢᠭᠲᠠᠢ ᠶᠤᠮ ᠭᠡᠵᠦ ᠦᠵᠡᠪᠡ᠃ | ᠡᠭᠦᠨ ᠤ ᠬᠠᠮᠲᠤ᠂ ᠪᠢᠴᠢᠭ ᠮᠠᠲ᠋ᠧᠷᠢᠶᠠᠯ ᠳᠤ ᠪᠠᠰᠠ ᠬᠥᠳᠡᠭᠡ ᠲᠣᠰᠬᠤᠨ ᠤ ᠬᠡᠪ ᠵᠠᠩᠰᠢᠯ ᠢ ᠥᠭᠡᠷᠡᠴᠢᠯᠡᠬᠦ ᠶᠢ | ᠠᠬᠢᠭᠤᠯᠤᠨ᠎ᠠ ᠭᠡᠵᠦ ᠳᠤᠷᠠᠳᠪᠠ᠃ ᠲᠤᠰᠬᠠᠢ ᠮᠡᠷᠭᠡᠵᠢᠯᠲᠡᠨ ᠡᠷᠳᠡᠮᠲᠡᠳ᠂ ᠪᠣᠭᠲᠣᠯᠠᠬᠤ ᠪᠡᠯᠡᠭ ᠥᠭᠬᠦ᠂ ᠨᠠᠶᠢᠷ ᠲᠠᠯ᠎ᠠ | ᠬᠠᠷᠠᠵᠤ ᠠᠲᠠᠭᠠᠷᠬᠠᠬᠤ ᠵᠡᠷᠭᠡ ᠬᠠᠭᠤᠴᠢᠨ ᠶᠣᠰᠣ ᠪᠦᠳᠦᠭᠦᠯᠢᠭ ᠳᠠᠳᠬᠠᠯ ᠨᠢ ᠨᠡᠶᠢᠭᠡᠮ ᠤᠨ ᠬᠡᠪ ᠰᠤᠷᠲᠠᠯ ᠢ | ᠨᠥᠯᠥᠭᠡᠯᠡᠵᠦ᠂ ᠲᠠᠷᠢᠶᠠᠴᠢᠳ ᠤᠨ ᠳᠠᠷᠤᠭᠠᠰᠤ ᠶᠢ ᠬᠦᠨᠳᠦᠷᠡᠭᠦᠯᠵᠦ᠂ ᠴᠢᠨᠠᠭᠰᠢᠯᠠᠪᠠᠯ ᠨᠡᠶᠢᠭᠡᠮ ᠤᠨ ᠲᠣᠭᠲᠠᠭᠤᠨ ᠪᠤᠰᠤ | ᠡᠶ᠎ᠡ ᠵᠣᠬᠢᠴᠠᠩᠭᠤᠢ ᠦᠭᠡᠢ ᠠᠯᠢ ᠣᠯᠠᠨ ᠬᠦᠴᠦᠨ ᠵᠦᠢᠯ ᠢ ᠪᠤᠶ ᠪᠤᠯᠭᠠᠵᠤ ᠪᠠᠶᠢᠨ᠎ᠠ᠃ ᠡᠯ᠎ᠡ ᠭᠠᠵᠠᠷ ᠤᠨ ᠬᠢᠨ | ᠬᠥᠳᠡᠭᠡ ᠲᠣᠰᠬᠤᠨ ᠤ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠵᠤ᠂ ᠪᠣᠯᠪᠠᠰᠤᠨ ᠣᠷᠣᠨ ᠨᠤᠲᠤᠭ ᠤᠨ ᠰᠤᠷᠲᠠᠯ᠂ | ᠰᠠᠶᠢᠨ ᠰᠠᠶᠢᠬᠠᠨ ᠭᠡᠷ ᠤᠨ ᠰᠤᠷᠲᠠᠯ᠂ ᠪᠣᠷᠣᠭᠵᠢᠭᠤᠨ ᠠᠷᠠᠳ ᠤᠨ ᠰᠤᠷᠲᠠᠯ ᠢ ᠪᠠᠳᠠᠷᠠᠭᠤᠯᠬᠤ ᠬᠡᠷᠡᠭᠲᠡᠢ ᠭᠡᠵᠦ | ᠢᠯᠡᠳᠬᠡᠪᠡ᠃ | ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠲᠦᠷᠦ ᠶᠢᠨ | ᠪᠣᠳᠣᠯᠭ᠎ᠠ ᠶᠢ ᠡᠴᠦᠰ ᠲᠡᠭᠡᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠳᠤ ᠲᠦᠰᠢᠭᠯᠡᠨ ᠨᠠᠶᠢᠳᠠᠪᠤᠷᠢᠵᠢᠭᠤᠯᠬᠤ ᠬᠡᠷᠡᠭᠲᠡᠢ᠃ ᠪᠢᠴᠢᠭ ᠮᠠᠲ᠋ᠧᠷᠢᠶᠠᠯ ᠳᠤ ᠬᠥᠳᠡᠭᠡ ᠲᠣᠰᠬᠤᠨ ᠤ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠬᠤ ᠬᠡᠷᠡᠭᠲᠡᠢ ᠭᠡᠵᠦ | ᠲᠣᠳᠣᠷᠬᠠᠢ ᠲᠣᠭᠲᠠᠭᠠᠭᠰᠠᠨ ᠪᠥᠭᠡᠳ ︽ᠰᠢᠶᠠᠨ ᠤ ᠱᠠᠲᠤᠨ ᠤ ᠨᠠᠮ ᠵᠠᠰᠠᠭ ᠤᠨ ᠤᠳᠤᠷᠢᠳᠬᠤ ᠪᠠᠭ ᠤᠨ | ᠪᠦᠷᠢᠯᠳᠦᠭᠦᠨ ᠤ ᠲᠤᠰᠢᠶᠠᠯ ᠤᠨ ᠬᠤᠭᠤᠴᠠᠭ᠎ᠠ ᠲᠣᠭᠲᠠᠭᠤᠨ ᠪᠠᠶᠢᠬᠤ ᠶᠢ ᠪᠠᠲᠤᠯᠠᠬᠤ︾ ︽ᠬᠡᠰᠡᠭ ᠵᠠᠯᠠᠭᠤ ᠺᠠᠳ᠋ᠷᠴᠤᠳ | ᠬᠥᠳᠡᠭᠡ ᠲᠣᠰᠬᠤᠨ ᠤ ᠦᠨᠳᠦᠰᠦᠨ ᠱᠠᠲᠤᠨ ᠳᠤ ︿ᠨᠤᠲᠤᠭ ᠤᠰᠤᠨ ᠳᠤ ᠳᠠᠰᠬᠤ ᠦᠭᠡᠢ﹀ ᠪᠠᠶᠢᠬᠤ ᠠᠰᠠᠭᠤᠳᠠᠯ ᠢ | ᠬᠦᠴᠦᠯᠡᠨ ᠰᠢᠢᠳᠪᠦᠷᠢᠯᠡᠬᠦ︾ ᠵᠡᠷᠭᠡ ᠶᠢ ᠳᠤᠷᠠᠳᠤᠨ ᠭᠠᠷᠭᠠᠵᠠᠢ᠃ ᠲᠤᠰᠬᠠᠢ ᠮᠡᠷᠭᠡᠵᠢᠯᠲᠡᠨ᠂ ᠡᠨᠡ ᠨᠢ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠪᠠᠨ ᠨᠠᠩ ᠰᠠᠶᠢᠲᠤᠷ | ᠡᠭᠦᠷᠭᠡᠯᠡᠵᠦ᠂ ᠨᠠᠩ ᠴᠢᠩᠭ᠎ᠠ ᠬᠠᠷᠢᠭᠤᠴᠠᠯᠭᠠᠲᠤ ᠰᠡᠳᠬᠢᠯᠭᠡ᠂ ᠨᠠᠩ ᠶᠡᠭᠡ ᠡᠷᠴᠢᠮ ᠢᠶᠠᠷ ᠬᠥᠳᠡᠭᠡ ᠲᠣᠰᠬᠤᠨ ᠢ ᠪᠦᠭᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠠᠰᠢᠭᠲᠠᠢ ᠶᠤᠮ ᠭᠡᠵᠦ ᠦᠵᠡᠪᠡ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠭᠢᠯᠭᠠᠨ ᠮᠡᠳᠡᠭᠡ︶ |