ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢᠶᠠᠷ ᠲᠠᠷᠢᠮᠠᠯ ᠤᠨ ᠡᠷᠦᠭᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2025/2/27
6387616049395453149815588.png
      ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠬᠢᠵᠦ ᠪᠠᠶᠢᠭ᠎ᠠ ᠡᠨᠡ ᠦᠶ᠎ᠡ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠢᠳᠡᠰᠢᠨ ᠨᠣᠭᠤᠭ᠎ᠠ ᠬᠤᠸᠠᠷ ᠴᠡᠴᠡᠭ ᠰᠤᠳᠤᠯᠬᠤ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠠᠷᠢᠶᠠᠨ ᠭᠠᠵᠠᠷ ᠲᠤ ᠬᠦᠷᠴᠦ᠂ ᠲᠥᠬᠦᠭᠡᠷᠦᠮᠵᠢᠲᠦ ᠲᠠᠷᠢᠶᠠᠯᠠᠩ ᠤᠨ ᠲᠠᠷᠢᠮᠠᠯ ᠤᠨ ᠡᠷᠦᠭᠡ ᠳᠤ ᠴᠢᠬᠢ ᠪᠣᠶᠢᠵᠢᠭᠤᠯᠬᠤ᠂ ᠳᠠᠷᠢᠬᠤ ᠲᠠᠯ᠎ᠠ ᠪᠠᠷ ᠵᠢᠯᠤᠭᠤᠳᠴᠤ᠂ ᠴᠢᠨᠠᠷ ᠰᠠᠶᠢᠲᠠᠢ ᠦᠷ᠎ᠡ ᠴᠢᠬᠢ ᠶᠢ ᠳᠡᠯᠭᠡᠷᠡᠭᠦᠯᠦᠨ᠂ ᠲᠡᠷᠢᠭᠦᠨ ᠤ ᠲᠠᠷᠢᠮᠠᠯ ᠤᠨ ᠮᠡᠷᠭᠡᠵᠢᠯ ᠢ ᠤᠯᠠᠮᠵᠢᠯᠠᠵᠤ᠂ ᠨᠠᠩ ᠣᠯᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠢ ︽ᠬᠥᠳᠡᠭᠡ ᠪᠠᠭᠤᠯᠭᠠᠵᠤ︾᠂ ᠢᠳᠡᠰᠢᠨ ᠨᠣᠭᠤᠭ᠎ᠠ ᠶᠢᠨ ᠭᠠᠷᠤᠯᠲᠠ ᠪᠠ ᠶᠠᠰᠤ ᠴᠢᠨᠠᠷ ᠢ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢᠶᠠᠷ ᠲᠠᠷᠢᠮᠠᠯ ᠤᠨ ᠡᠷᠦᠭᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠬᠦ ᠶᠢ ᠵᠣᠷᠢᠵᠤ ᠪᠠᠶᠢᠨ᠎ᠠ᠃ ᠵᠢᠷᠤᠭ ᠪᠣᠯ᠂ 2 ᠰᠠᠷ᠎ᠠ ᠶᠢᠨ 25 ᠤ ᠡᠳᠦᠷ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠲᠠᠷᠢᠮᠠᠯ ᠤᠨ ᠡᠷᠦᠭᠡ ᠳᠤ ᠴᠢᠬᠢ ᠪᠣᠶᠢᠵᠢᠭᠤᠯᠬᠤ ᠲᠠᠯ᠎ᠠ ᠪᠠᠷ ᠵᠢᠯᠤᠭᠤᠳᠴᠤ ᠪᠠᠶᠢᠭ᠎ᠠ ᠨᠢ᠃      ᠰᠤᠷᠪᠤᠯᠵᠢᠯᠠᠬᠴᠢ ᠮᠥᠩᠬᠡᠴᠢᠯᠠᠭᠤ ᠰᠡᠭᠦᠳᠡᠷᠯᠡᠪᠡ 
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号