ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠴᠠᠭ ᠪᠠᠶᠢᠵᠤ᠂ ᠮᠠᠯᠴᠢᠨ ᠲᠠᠷᠢᠶᠠᠴᠢᠳ ᠰᠢᠨ᠎ᠡ ᠨᠢᠭᠡ | ᠡᠭᠡᠯᠵᠢ ᠶᠢᠨ ᠰᠦᠯᠢᠶᠥᠦ ᠪᠦᠷᠬᠦᠪᠴᠢ ᠶᠢ ᠬᠤᠳᠠᠯᠳᠤᠨ ᠠᠪᠬᠤ ᠠᠵᠢᠯ ᠢᠶᠠᠨ ᠡᠬᠢᠯᠡᠭᠦᠯᠵᠦ᠂ ᠲᠠᠷᠢᠶᠠᠨ ᠭᠠᠵᠠᠷ ᠤᠨ | ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠵᠠᠩᠭᠢᠯᠠᠭ᠎ᠠ ᠶᠢᠨ ᠬᠤᠭᠤᠴᠠᠭᠠᠨ ᠳᠤ | ᠣᠷᠣᠪᠠ᠃ ᠲᠠᠨ ᠢ ᠬᠠᠪᠰᠤᠷᠴᠤ ᠬᠢᠷᠢ ᠲᠡᠩᠴᠡᠭᠰᠡᠨ ᠰᠦᠯᠢᠶᠥᠦ ᠪᠦᠷᠬᠦᠪᠴᠢ ᠶᠢ ᠰᠣᠩᠭᠤᠨ ᠬᠤᠳᠠᠯᠳᠤᠨ | ᠠᠪᠤᠭᠤᠯᠵᠤ᠂ ᠰᠦᠯᠢᠶᠥᠦ ᠪᠦᠷᠬᠦᠪᠴᠢ ᠶᠢ ᠵᠣᠬᠢᠰᠲᠠᠢ ᠬᠡᠷᠡᠭᠯᠡᠨ᠂ ᠦᠯᠡᠳᠡᠭᠳᠡᠯ ᠪᠦᠷᠬᠦᠪᠴᠢ ᠶᠢ ᠴᠠᠭ ᠲᠤᠬᠠᠢ ᠳᠤᠨᠢ | ᠬᠤᠷᠢᠶᠠᠨ ᠠᠪᠬᠤ ᠶᠢᠨ ᠲᠥᠯᠥᠭᠡ ᠳᠣᠣᠷᠠᠬᠢ ᠮᠡᠲᠦ ᠬᠠᠯᠠᠭᠤᠨ ᠰᠠᠨᠠᠭᠤᠯᠤᠶ᠎ᠠ᠄ | ᠨᠢᠭᠡ᠂ ᠦᠯᠡᠳᠡᠭᠳᠡᠯ ᠰᠦᠯᠢᠶᠥᠦ ᠪᠦᠷᠬᠦᠪᠴᠢ ᠨᠢ ᠲᠤᠶᠢᠯ ᠤᠨ ᠶᠡᠭᠡ ᠬᠤᠣᠷ ᠬᠥᠨᠥᠭᠡᠯ ᠲᠠᠢ᠂ ᠰᠢᠨᠵᠢᠯᠡᠬᠦ | ᠤᠬᠠᠭᠠᠨᠴᠢ ᠪᠠᠷ ᠬᠤᠷᠢᠶᠠᠨ ᠠᠪᠬᠤ ᠠᠵᠢᠯ ᠢ ᠵᠠᠪᠠᠯ ᠬᠢᠬᠦ ᠬᠡᠷᠡᠭᠲᠡᠢ | ᠬᠠᠶᠠᠭᠳᠠᠮᠠᠯ ᠪᠦᠷᠬᠦᠪᠴᠢ ᠨᠢ ᠬᠦᠷᠦᠰᠦᠨ ᠳᠤ ᠦᠯᠡᠳᠡᠭᠳᠡᠵᠦ᠂ ᠲᠠᠷᠢᠮᠠᠯ ᠤᠨ ᠦᠨᠳᠦᠰᠦ ᠶᠢᠨ ᠰᠢᠰᠲ᠋ᠧᠮ ᠤᠨ | ᠥᠰᠦᠯᠲᠡ ᠶᠢ ᠬᠠᠷᠰᠢᠯᠠᠵᠤ᠂ ᠴᠢᠬᠢ ᠳᠤᠲᠠᠭᠳᠠᠨ ᠳᠠᠯᠠᠩ ᠢ ᠲᠠᠰᠤᠯᠬᠤ ᠪᠠ ᠥᠰᠦᠯᠲᠡ ᠶᠢ ᠬᠠᠷᠰᠢᠯᠠᠵᠤ᠂ ᠤᠨᠠᠯᠲᠠ ᠶᠢ | ᠬᠠᠰᠤᠭᠳᠠᠭᠤᠯᠳᠠᠭ᠃ ᠡᠰᠢ ᠰᠦᠷᠡᠯ ᠳᠤ ᠦᠯᠡᠳᠡᠭᠳᠡᠯ ᠪᠦᠷᠬᠦᠪᠴᠢ ᠬᠤᠯᠢᠯᠳᠤᠵᠤ᠂ ᠡᠰᠢ ᠰᠦᠷᠡᠯ ᠤᠨ ᠲᠡᠵᠢᠭᠡᠯ | ᠪᠣᠷᠳᠣᠭᠠᠨ ᠤ ᠦᠨ᠎ᠡ ᠥᠷᠲᠡᠭ ᠢ ᠨᠥᠯᠥᠭᠡᠯᠡᠨ᠂ ᠡᠰᠢ ᠰᠦᠷᠡᠯ ᠤᠨ ᠲᠡᠵᠢᠭᠡᠯ ᠪᠣᠷᠳᠣᠭᠠᠨ ᠤ ᠠᠰᠢᠭ ᠣᠷᠣᠯᠭ᠎ᠠ ᠶᠢ | ᠪᠠᠭᠤᠷᠠᠭᠤᠯᠵᠤ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠪᠠ ᠠᠮᠤᠷ ᠲᠦᠪᠰᠢᠨ ᠤ ᠠᠶᠤᠯ ᠲᠦᠭᠰᠢᠭᠦᠷᠢ ᠶᠢ | ᠨᠡᠮᠡᠭᠳᠡᠭᠦᠯᠳᠡᠭ᠃ ᠦᠯᠡᠳᠡᠭᠳᠡᠯ ᠪᠦᠷᠬᠦᠪᠴᠢ ᠨᠢ ᠲᠠᠷᠢᠶᠠᠨ ᠳᠤ ᠪᠣᠲᠠᠷᠠᠵᠤ᠂ ᠲᠠᠷᠢᠶᠠᠯᠠᠩ ᠤᠨ ᠮᠠᠰᠢᠨ ᠪᠠᠭᠠᠵᠢ ᠶᠢ | ᠣᠷᠢᠶᠠᠵᠤ᠂ ᠲᠠᠷᠢᠶᠠᠯᠠᠩ ᠤᠨ ᠠᠵᠢᠯ ᠤᠨ ᠦᠷ᠎ᠡ ᠪᠦᠲᠦᠮᠵᠢ ᠶᠢ ᠨᠦᠯᠦᠭᠡᠯᠡᠳᠡᠭ᠃ ᠦᠯᠡᠳᠡᠭᠳᠡᠯ ᠪᠦᠷᠬᠦᠪᠴᠢ ᠶᠢ | ᠲᠠᠷᠢᠶᠠᠨ ᠦᠵᠦᠭᠦᠷ ᠲᠤ ᠬᠠᠶᠠᠵᠤ᠂ ᠰᠠᠯᠬᠢᠨ ᠤ ᠠᠶ᠎ᠠ ᠪᠠᠷ ᠰᠠᠷᠨᠢᠵᠤ ᠣᠷᠴᠢᠨ ᠲᠣᠭᠤᠷᠢᠨ ᠢ ᠪᠣᠬᠢᠷᠲᠤᠭᠤᠯᠵᠤ᠂ | ᠬᠦᠳᠡᠭᠡ ᠲᠣᠰᠬᠤᠨ ᠤ ᠳᠦᠷᠰᠦ ᠪᠠᠶᠢᠳᠠᠯ ᠢ ᠡᠪᠳᠡᠳᠡᠭ᠃ | ᠬᠤᠶᠠᠷ᠂ ᠰᠢᠯᠢᠳᠡᠭ ᠰᠦᠯᠢᠶᠥᠦ ᠪᠦᠷᠬᠦᠪᠴᠢ ᠶᠢ ᠰᠣᠩᠭᠤᠬᠤ ᠨᠢ ᠠᠯᠤᠰ ᠬᠡᠳᠤ ᠶᠢᠨ ᠠᠰᠢᠭᠲᠠᠢ᠂ ᠵᠦᠢ | ᠵᠣᠬᠢᠰᠲᠠᠢ ᠪᠠᠷ ᠬᠡᠷᠡᠭᠯᠡᠵᠦ ᠤᠨᠠᠯᠲᠠ ᠪᠠᠨ ᠨᠡᠮᠡᠭᠳᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠬᠡᠷᠡᠭᠲᠡᠢ | ᠲᠠᠷᠢᠶᠠᠯᠠᠩ ᠳᠤ ᠬᠡᠷᠡᠭᠯᠡᠬᠦ ᠰᠦᠯᠢᠶᠥᠦ ᠪᠦᠷᠬᠦᠪᠴᠢ ᠳᠤ ᠪᠠᠷᠢᠮᠵᠢᠶ᠎ᠠ ᠲᠠᠢ᠂ ᠲᠠᠷᠢᠶᠠᠯᠠᠩ ᠳᠤ ᠬᠡᠷᠡᠭᠯᠡᠬᠦ | ᠰᠦᠯᠢᠶᠥᠦ ᠪᠦᠷᠬᠦᠪᠴᠢ ᠶᠢ ᠰᠣᠩᠭᠤᠵᠤ ᠬᠤᠳᠠᠯᠳᠤᠨ ᠠᠪᠬᠤ ᠳᠠᠭᠠᠨ ᠵᠢᠩᠬᠢᠨᠢ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠳᠡᠯᠭᠡᠭᠦᠷ ᠵᠡᠷᠭᠡ ᠲᠠᠯᠠᠪᠤᠷ ᠲᠤ ᠬᠦᠷᠴᠦ᠂ ᠬᠢᠷᠢ ᠲᠡᠩᠴᠡᠭᠰᠡᠨ ᠦᠨᠡᠮᠯᠡᠯ ᠢ ᠨᠢ | ᠪᠠᠶᠢᠴᠠᠭᠠᠨ ᠦᠵᠡᠵᠦ᠂ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠰᠦᠯᠢᠶᠥᠦ ᠪᠦᠷᠬᠦᠪᠴᠢ ᠶᠢ ᠬᠤᠳᠠᠯᠳᠤᠨ ᠠᠪᠬᠤ | ᠶᠢ ᠠᠩᠬᠠᠷᠤᠭᠤᠰᠢᠳᠠᠢ᠂ ᠭᠡᠬᠦ ᠳᠡᠭᠡᠨ ᠵᠤᠵᠠᠭᠠᠨ ᠨᠢ 0.01 ᠮᠢᠯᠢᠮᠧᠲᠷ ᠬᠦᠷᠬᠦ ᠦᠭᠡᠢ ᠬᠡᠲᠦ ᠨᠢᠮᠭᠡᠨ ᠰᠦᠯᠢᠶᠥᠦ | ᠪᠦᠷᠬᠦᠪᠴᠢ ᠪᠠ ᠬᠡᠷᠡᠯ ᠬᠦᠴᠢᠯᠲᠥ᠋ᠷᠥᠭᠴᠢ ᠳᠤ ᠵᠠᠳᠠᠷᠮᠠᠬᠠᠢ ᠰᠦᠯᠢᠶᠥᠦ ᠪᠦᠷᠬᠦᠪᠴᠢ ᠶᠢ ᠬᠤᠳᠠᠯᠳᠤᠨ ᠠᠪᠴᠤ | ᠪᠤᠯᠬᠤ ᠦᠭᠡᠢ᠃ ᠬᠤᠳᠠᠯᠳᠤᠨ ᠠᠪᠤᠭᠰᠠᠨ ᠭᠡᠷᠡᠴᠢ ᠲᠡᠮᠳᠡᠭ ᠢᠶᠠᠨ ᠰᠠᠶᠢᠲᠤᠷ ᠬᠠᠳᠠᠭᠠᠯᠠᠬᠤ ᠬᠡᠷᠡᠭᠲᠡᠢ᠃ ᠰᠦᠯᠢᠶᠥᠦ | ᠪᠦᠷᠬᠦᠪᠴᠢ ᠶᠢ ᠬᠡᠷᠡᠭᠯᠡᠬᠦ ᠳᠤ ᠰᠢᠨᠵᠢᠯᠡᠬᠦ ᠤᠬᠠᠭᠠᠨᠴᠢ ᠪᠠᠶᠢᠬᠤ ᠬᠡᠷᠡᠭᠲᠡᠢ᠂ ᠴᠢᠬᠤᠯᠠ ᠦᠭᠡᠢ ᠪᠣᠯ ᠪᠦᠷᠬᠦᠬᠦ ᠦᠭᠡᠢ᠂ | ᠥᠩᠭᠡ ᠦᠭᠡᠢ ᠰᠦᠯᠢᠶᠥᠦ ᠪᠦᠷᠬᠦᠪᠴᠢ ᠨᠢ ᠳᠤᠯᠠᠭᠠᠨ ᠢ ᠨᠡᠮᠡᠭᠳᠡᠭᠦᠯᠬᠦ ᠦᠢᠯᠡᠳᠦᠯ ᠰᠠᠶᠢᠨ᠂ ᠬᠠᠷ᠎ᠠ ᠥᠩᠭᠡᠲᠦ | ᠰᠦᠯᠢᠶᠥᠦ ᠪᠦᠷᠬᠦᠪᠴᠢ ᠨᠢ ᠡᠪᠡᠰᠦ ᠶᠢ ᠳᠠᠷᠤᠬᠤ ᠦᠢᠯᠡᠳᠦᠯ ᠰᠠᠶᠢᠨ᠂ ᠪᠦᠬᠦ ᠠᠮᠢᠳᠤ ᠪᠣᠳᠠᠰ ᠤᠨ ᠵᠠᠳᠠᠷᠮᠠᠬᠠᠢ | ᠰᠦᠯᠢᠶᠥᠦ ᠪᠦᠷᠬᠦᠪᠴᠢ ᠶᠢ ᠲᠤᠰ ᠤᠯᠠᠷᠢᠯ ᠳᠤ ᠬᠤᠳᠠᠯᠳᠤᠨ ᠠᠪᠴᠤ ᠬᠡᠷᠡᠭᠯᠡᠬᠦ ᠬᠡᠷᠡᠭᠲᠡᠢ᠃ ᠴᠢᠨᠠᠷ ᠰᠠᠶᠢᠲᠠᠢ | ᠰᠦᠯᠢᠶᠥᠦ ᠪᠦᠷᠬᠦᠪᠴᠢ ᠳᠤ ᠨᠥᠬᠦᠪᠦᠷᠢ ᠲᠠᠢ᠂ ᠤᠯᠤᠰ ᠠᠴᠠ ᠥᠨᠳᠥᠷ ᠬᠦᠴᠦᠯᠡᠴᠡ ᠲᠠᠢ ᠰᠦᠯᠢᠶᠥᠦ ᠪᠦᠷᠬᠦᠪᠴᠢ | ᠪᠠ ᠪᠥᠬᠦ ᠠᠮᠢᠳᠤ ᠪᠣᠳᠠᠰ ᠤᠨ ᠵᠠᠳᠠᠷᠮᠠᠬᠠᠢ ᠰᠦᠯᠢᠶᠥᠦ ᠪᠦᠷᠬᠦᠪᠴᠢ ᠶᠢ ᠬᠡᠷᠡᠭᠯᠡᠬᠦ ᠪᠠᠷ ᠲᠠᠨᠢᠯᠴᠠᠭᠤᠯᠵᠤ᠂ | ᠬᠡᠷᠡᠭᠴᠡᠭᠡ ᠲᠠᠢ ᠮᠠᠯᠴᠢᠨ ᠲᠠᠷᠢᠶᠠᠴᠢᠨ ᠨᠠᠶᠢᠵᠠ ᠨᠠᠷ ᠲᠤᠬᠠᠢ ᠶᠢᠨ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ | ᠰᠠᠯᠠᠭ᠎ᠠ ᠮᠥᠴᠢᠷ ᠲᠠᠢ ᠪᠣᠳᠠᠲᠠᠢ ᠨᠥᠬᠦᠪᠦᠷᠢ ᠥᠭᠬᠦ ᠵᠦᠢᠯᠡᠰ ᠢ ᠬᠠᠷᠢᠯᠴᠠᠵᠤ ᠪᠣᠯᠣᠨ᠎ᠠ᠃ ᠠᠰᠠᠭᠤᠳᠠᠯ ᠲᠠᠢ | ᠰᠦᠯᠢᠶᠥᠦ ᠪᠦᠷᠬᠦᠪᠴᠢ ᠶᠢ ᠵᠠᠭᠠᠯᠳᠤᠬᠤ ᠬᠡᠷᠡᠭᠲᠡᠢ᠂ ᠲᠠᠷᠢᠶᠠᠯᠠᠩ ᠳᠤ ᠬᠡᠷᠡᠭᠯᠡᠬᠦ ᠰᠦᠯᠢᠶᠥᠦ ᠪᠦᠷᠬᠦᠪᠴᠢ ᠶᠢᠨ ᠶᠠᠰᠤ | ᠴᠢᠨᠠᠷ ᠤᠨ ᠠᠰᠠᠭᠤᠳᠠᠯ ᠲᠣᠬᠢᠶᠠᠯᠳᠤᠪᠠᠯ ᠭᠡᠷᠡᠴᠢ ᠪᠠᠷᠢᠮᠲᠠ ᠵᠡᠷᠭᠡ ᠶᠢ ᠰᠠᠶᠢᠲᠤᠷ ᠬᠠᠳᠠᠭᠠᠯᠠᠬᠤ ᠬᠡᠷᠡᠭᠲᠡᠢ᠂ ᠬᠡᠷᠪᠡ | ᠪᠠᠰᠠ ᠨᠡᠭᠡᠭᠡᠵᠦ ᠬᠡᠷᠡᠭᠯᠡᠭᠡᠳᠦᠢ ᠡᠪᠬᠡᠮᠡᠯ ᠰᠦᠯᠢᠶᠥᠦ ᠪᠦᠷᠬᠦᠪᠴᠢ ᠶᠢ ᠰᠠᠶᠢᠲᠤᠷ ᠬᠠᠳᠠᠭᠠᠯᠠᠵᠤ᠂ ᠦᠯᠢᠭᠡᠷ ᠡᠳ᠋ ᠠᠪᠴᠤ | ᠰᠢᠯᠭᠠᠨ ᠪᠠᠶᠢᠴᠠᠭᠠᠬᠤ ᠳᠤ ᠰᠠᠶᠢᠲᠤᠷ ᠪᠡᠯᠡᠳᠬᠡᠯ ᠬᠢᠵᠦ᠂ ᠴᠠᠭ ᠲᠤᠬᠠᠢ ᠳᠤᠨᠢ ᠵᠠᠭᠠᠯᠳᠤᠵᠤ ᠢᠯᠡᠴᠢᠯᠡᠨ ᠮᠡᠳᠡᠭᠦᠯᠬᠦ | 12315 ᠤᠲᠠᠰᠤ ᠶᠢ ᠤᠲᠠᠰᠤᠳᠠᠬᠤ ᠬᠡᠷᠡᠭᠲᠡᠢ᠃ | ᠭᠤᠷᠪᠠ᠂ ᠬᠠᠤᠯᠢ ᠶᠣᠰᠣᠭᠠᠷ ᠬᠤᠷᠢᠶᠠᠨ ᠠᠪᠬᠤ ᠳᠤ ᠬᠥᠮᠥᠨ ᠪᠦᠬᠦᠨ ᠬᠠᠷᠢᠭᠤᠴᠠᠯᠭ᠎ᠠ ᠲᠠᠢ᠂ ᠲᠦᠷᠦᠯ | ᠬᠤᠪᠢᠶᠠᠨ ᠰᠢᠢᠳᠪᠦᠷᠢᠯᠡᠭᠡᠳ ᠬᠠᠶᠠᠭᠳᠠᠮᠠᠯ ᠪᠣᠳᠠᠰ ᠢ ᠡᠷᠳᠡᠨᠢ ᠪᠣᠯᠭᠠᠬᠤ ᠬᠡᠷᠡᠭᠲᠡᠢ | ᠰᠦᠯᠢᠶᠥᠦ ᠪᠦᠷᠬᠦᠪᠴᠢ ᠶᠢ ᠬᠡᠷᠡᠭᠯᠡᠨ ᠦᠷ᠎ᠡ ᠠᠰᠢᠭ ᠢ ᠨᠡᠮᠡᠭᠳᠡᠭᠦᠯᠵᠦ᠂ ᠰᠦᠯᠢᠶᠥᠦ ᠪᠦᠷᠬᠦᠪᠴᠢ ᠶᠢ | ᠬᠤᠷᠢᠶᠠᠨ ᠠᠪᠬᠤ ᠨᠢ ᠠᠯᠪᠠᠨ ᠵᠢᠷᠤᠮ᠂ ᠨᠠᠮᠤᠷ ᠳᠠᠷᠢᠬᠤ ᠠᠴᠠ ᠡᠮᠦᠨ᠎ᠡ ᠴᠠᠭ ᠲᠤᠬᠠᠢ ᠳᠤᠨᠢ ᠬᠤᠷᠢᠶᠠᠨ ᠠᠪᠴᠤ᠂ | ᠲᠠᠷᠢᠶᠠᠨ ᠭᠠᠵᠠᠷ ᠢ ᠴᠡᠪᠡᠷ ᠪᠠᠶᠢᠯᠭᠠᠵᠤ ᠭᠠᠵᠠᠷ ᠤᠨ ᠰᠢᠮ᠎ᠡ ᠶᠢ ᠪᠠᠲᠤᠯᠠᠬᠤ ᠬᠡᠷᠡᠭᠲᠡᠢ᠃ ᠲᠠᠷᠢᠶᠠᠨ ᠭᠠᠵᠠᠷ ᠲᠤ | ᠲᠡᠭᠦᠵᠦ ᠴᠤᠭᠯᠠᠭᠤᠯᠬᠤ ᠳᠤ ᠳᠤᠷ᠎ᠠ ᠦᠭᠡᠶᠢᠴᠡᠵᠦ ᠪᠣᠯᠬᠤ ᠦᠭᠡᠢ᠂ ᠰᠠᠨᠠᠭᠠᠴᠢᠯᠠᠭ᠎ᠠ ᠠᠴᠠ ᠪᠠᠨ ᠲᠣᠣᠷ ᠴᠡᠭ ᠲᠤ | ᠬᠦᠷᠭᠡᠵᠦ᠂ ᠦᠯᠡᠳᠡᠭᠳᠡᠯ ᠪᠦᠷᠬᠦᠪᠴᠢ ᠪᠠᠷ ᠥᠩ ᠰᠢᠮᠡᠯᠢᠭ ᠬᠥᠷᠥᠰᠥ ᠶᠢ ᠪᠣᠬᠢᠷᠲᠤᠭᠤᠯᠵᠤ ᠪᠣᠯᠬᠤ ᠦᠭᠡᠢ᠂ ᠬᠥᠷᠥᠰᠥ | ᠰᠢᠷᠣᠢ ᠶᠢ ᠬᠠᠮᠠᠭᠠᠯᠠᠵᠤ ᠲᠠᠷᠢᠶᠠᠨ ᠭᠠᠵᠠᠷ ᠢ ᠬᠠᠮᠠᠭᠠᠯᠠᠬᠤ ᠳᠤ ᠴᠥᠮ ᠬᠠᠷᠢᠭᠤᠴᠠᠯᠭ᠎ᠠ ᠲᠠᠢ ᠪᠠᠶᠢᠳᠠᠭ᠃ ᠴᠡᠪᠡᠷ | ᠦᠯᠡᠳᠡᠭᠳᠡᠯ ᠪᠦᠷᠬᠦᠪᠴᠢ ᠨᠢ ᠵᠣᠭᠤᠰ ᠬᠤᠳᠠᠯᠳᠤᠵᠤ᠂ ᠳᠠᠬᠢᠨ ᠠᠮᠢᠯᠠᠭᠤᠯᠵᠤ ᠮᠥᠬᠦᠯᠢᠭᠵᠢᠭᠦᠯᠦᠨ ᠡᠷᠭᠢᠯᠳᠦᠭᠦᠯᠦᠨ | ᠬᠡᠷᠡᠭᠯᠡᠵᠦ᠂ ᠬᠠᠶᠠᠭᠳᠠᠮᠠᠯ ᠪᠣᠳᠠᠰ ᠢ ᠬᠤᠷᠢᠶᠠᠨ ᠠᠪᠴᠤ ᠠᠰᠢᠭᠯᠠᠨ ᠡᠷᠳᠡᠨᠢ ᠪᠣᠯᠭᠠᠨ ᠬᠤᠪᠢᠷᠠᠭᠤᠯᠵᠤ᠂ ᠣᠷᠣᠯᠭ᠎ᠠ ᠶᠢ | ᠨᠡᠮᠡᠭᠳᠡᠭᠦᠯᠦᠨ ᠣᠷᠴᠢᠨ ᠲᠣᠭᠤᠷᠢᠨ ᠢ ᠬᠠᠮᠠᠭᠠᠯᠠᠬᠤ ᠶᠢᠨ ᠬᠤᠶᠠᠷ ᠲᠠᠯ᠎ᠠ ᠨᠢ ᠰᠠᠶᠢᠨ ᠪᠠᠶᠢᠳᠠᠭ᠃ ᠬᠡᠮᠬᠡᠷᠡᠯ ᠳᠤ | ᠬᠤᠯᠢᠴᠠ ᠲᠠᠢ ᠠᠴᠠ ᠠᠰᠢᠭᠯᠠᠬᠤ ᠳᠤ ᠪᠡᠷᠬᠡ᠂ ᠬᠤᠭ ᠨᠣᠪᠰᠢ ᠶᠢ ᠬᠤᠷᠢᠶᠠᠨ ᠠᠪᠬᠤ ᠦᠷᠳᠡᠭᠡ ᠳᠤ ᠬᠦᠷᠭᠡᠵᠦ᠂ | ᠭᠠᠷ ᠤᠨ ᠠᠶ᠎ᠠ ᠪᠠᠷ ᠬᠥᠳᠡᠭᠡ ᠲᠤᠰᠬᠤᠨ ᠤ ᠰᠤᠷᠲᠠᠯ ᠢ ᠪᠣᠰᠬᠠᠵᠤ᠂ ᠣᠷᠴᠢᠨ ᠲᠣᠭᠤᠷᠢᠨ ᠢ ᠬᠠᠶᠢᠷᠠᠯᠠᠨ ᠬᠠᠮᠠᠭᠠᠯᠠᠬᠤ | ᠨᠢ ᠠᠶᠢᠯ ᠰᠠᠭᠠᠬᠠᠯᠲᠠ ᠶᠢᠨ ᠬᠢᠨ ᠤ ᠮᠠᠭᠲᠠᠭᠠᠯ ᠰᠠᠶᠢᠰᠢᠶᠠᠯ ᠢ ᠣᠯᠳᠠᠭ᠃ | ᠳᠥᠷᠪᠡ᠂ ᠲᠣᠭᠲᠠᠭᠠᠯ ᠠᠴᠠ ᠵᠥᠷᠢᠴᠡᠨ ᠳᠤᠷ᠎ᠠ ᠪᠠᠷ ᠬᠠᠶᠠᠬᠤ ᠶᠢ ᠴᠢᠩᠭ᠎ᠠ ᠴᠠᠭᠠᠵᠠᠯᠠᠵᠤ᠂ ᠴᠢᠩᠭ᠎ᠠ | ᠪᠠᠶᠢᠴᠠᠭᠠᠵᠤ ᠴᠢᠩᠭ᠎ᠠ ᠰᠢᠳᠬᠡᠬᠦ ᠰᠡᠷᠡᠮᠵᠢ ᠶᠢᠨ ᠬᠤᠩᠬᠤ ᠶᠢ ᠪᠠᠶᠢᠩᠭᠤ ᠬᠠᠩᠭᠢᠨᠠᠭᠤᠯᠤᠶ᠎ᠠ | ᠰᠦᠯᠢᠶᠥᠦ ᠪᠦᠷᠬᠦᠪᠴᠢ ᠶᠢ ᠴᠠᠭ ᠲᠤᠬᠠᠢ ᠳᠤᠨᠢ ᠬᠤᠷᠢᠶᠠᠨ ᠠᠪᠬᠤ ᠦᠭᠡᠢ ᠪᠣᠯ ᠬᠠᠤᠯᠢ ᠠᠴᠠ | ᠵᠥᠷᠢᠴᠡᠭᠰᠡᠨ ᠠᠵᠢᠯᠯᠠᠭ᠎ᠠ ᠪᠣᠯᠣᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠳᠤ | ᠬᠡᠷᠡᠭᠯᠡᠬᠦ ᠨᠢᠮᠭᠡᠨ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ︾ ᠤᠨ ᠬᠤᠷᠢᠨ ᠳᠣᠯᠣᠳᠤᠭᠠᠷ | ᠵᠦᠢᠯ ᠤᠨ ᠲᠣᠭᠲᠠᠭᠠᠯ ᠶᠣᠰᠣᠭᠠᠷ᠄ ᠲᠣᠰ ᠳᠦᠷᠢᠮ ᠤᠨ ᠲᠣᠭᠲᠠᠭᠠᠯ ᠠᠴᠠ ᠵᠥᠷᠢᠴᠡᠵᠦ᠂ ᠰᠦᠯᠢᠶᠥᠦ ᠪᠦᠷᠬᠦᠪᠴᠢ | ᠬᠡᠷᠡᠭᠯᠡᠭᠴᠢ ᠲᠣᠭᠲᠠᠭᠠᠯ ᠶᠣᠰᠣᠭᠠᠷ ᠪᠥᠬᠦ ᠠᠮᠢᠳᠤ ᠪᠣᠳᠠᠰ ᠤᠨ ᠵᠠᠳᠠᠷᠮᠠᠬᠠᠢ ᠬᠠᠶᠠᠭᠳᠠᠮᠠᠯ ᠬᠠᠭᠤᠴᠢᠨ ᠰᠦᠯᠢᠶᠥᠦ | ᠪᠦᠷᠬᠦᠪᠴᠢ ᠶᠢ ᠬᠤᠷᠢᠶᠠᠨ ᠠᠪᠤᠭᠰᠠᠨ ᠦᠭᠡᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ 1 ᠲᠦᠮᠡᠨ ᠲᠥᠭᠦᠷᠢᠭ ᠠᠴᠠ ᠳᠡᠭᠡᠭᠰᠢ 10 ᠲᠦᠮᠡᠨ | ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ︔ ᠰᠦᠯᠢᠶᠥᠦ ᠪᠦᠷᠬᠦᠪᠴᠢ ᠬᠡᠷᠡᠭᠯᠡᠭᠴᠢ ᠨᠢ | ᠬᠤᠪᠢ ᠬᠥᠮᠥᠨ ᠪᠠᠶᠢᠪᠠᠯ᠂ 200 ᠲᠥᠭᠦᠷᠢᠭ ᠠᠴᠠ ᠳᠡᠭᠡᠭᠰᠢ 2000 ᠲᠥᠭᠦᠷᠢᠭ ᠠᠴᠠ ᠳᠣᠷᠣᠭᠰᠢ ᠵᠣᠭᠤᠰ ᠢᠶᠠᠷ | ᠲᠣᠷᠭᠠᠬᠤ ᠪᠠᠷ ᠰᠢᠳᠭᠡᠵᠦ ᠪᠣᠯᠣᠨ᠎ᠠ᠃ | ᠥᠩ ᠰᠢᠮᠡᠯᠢᠭ ᠬᠦᠷᠦᠰᠦ ᠰᠢᠷᠤᠢ ᠨᠢ ᠠᠷᠠᠴᠢᠯᠠᠨ ᠬᠠᠮᠠᠭᠠᠯᠠᠬᠤ ᠳᠤ ᠲᠦᠰᠢᠭᠯᠡᠳᠡᠭ ᠂ ᠪᠣᠬᠢᠷᠲᠤᠯ ᠦᠭᠡᠢ | ᠬᠥᠭᠵᠢᠯᠲᠡ ᠨᠢ ᠮᠢᠩᠭᠠᠨ ᠣᠨ ᠤ ᠠᠰᠢᠭ ᠲᠤᠰᠠ ᠲᠠᠢ᠃ ᠪᠢᠳᠡ ᠭᠠᠷ ᠬᠤᠯᠪᠣᠨ ᠬᠠᠮᠲᠤᠪᠠᠷ ᠤᠷᠤᠭᠰᠢᠯᠠᠵᠤ᠂ | ᠰᠢᠨᠵᠢᠯᠡᠬᠦ ᠤᠬᠠᠭᠠᠨᠴᠢ ᠪᠠᠷ ᠪᠦᠷᠬᠦᠪᠴᠢ ᠰᠣᠩᠭᠤᠬᠤ ᠠᠴᠠ ᠡᠬᠢᠯᠡᠵᠦ᠂ ᠴᠠᠭ ᠲᠤᠬᠠᠢ ᠳᠤᠨᠢ ᠬᠤᠷᠢᠶᠠᠨ ᠠᠪᠬᠤ ᠠᠴᠠ | ᠡᠬᠢᠯᠡᠵᠦ᠂ ᠵᠦᠢ ᠵᠣᠬᠢᠰᠲᠠᠢ ᠰᠢᠢᠳᠪᠦᠷᠢᠯᠡᠬᠦ ᠠᠴᠠ ᠡᠬᠢᠯᠡᠵᠦ᠂ ᠤᠳᠤ ᠠᠴᠠ ᠡᠬᠢᠯᠡᠵᠦ᠂ ᠲᠠᠷᠢᠶᠠᠨ ᠭᠠᠵᠠᠷ ᠢᠶᠠᠨ | ᠬᠠᠮᠲᠤᠪᠠᠷ ᠰᠠᠬᠢᠨ ᠬᠠᠮᠠᠭᠠᠯᠠᠵᠤ᠂ ᠲᠡᠭᠷᠢ ᠨᠢ ᠴᠡᠯᠮᠡᠭ ᠭᠠᠵᠠᠷ ᠨᠢ ᠴᠡᠪᠡᠷ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ | ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠬᠤ ᠶᠢᠨ ᠲᠥᠯᠥᠭᠡ ᠬᠠᠮᠲᠤᠪᠠᠷ ᠴᠢᠷᠮᠠᠶᠢᠵᠠᠭᠠᠶ᠎ᠠ︕ | |