2025 ᠣᠨ ᠤ ︽ᠲᠦᠷᠦᠭᠦᠴᠢ ᠬᠤᠨ︾ ᠤ ᠰᠤᠳᠤᠯᠤᠨ ᠶᠠᠷᠢᠯᠴᠠᠬᠤ ᠬᠤᠷᠠᠯ ᠭᠤᠸᠠᠩᠵᠸᠦ ᠬᠤᠲᠠ ᠳᠤ ᠲᠡᠭᠦᠰ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2025/2/28
      ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠦᠷᠦᠭᠦᠴᠢ ᠬᠤᠨ︾ ᠤ ᠲᠥᠷᠥᠯ ᠵᠦᠢᠯ ᠢ ᠬᠡᠷᠡᠭᠵᠢᠭᠦᠯᠦᠭᠰᠡᠨ ᠲᠤᠷᠰᠢᠯᠭ᠎ᠠ ᠶᠢ ᠴᠠᠭ ᠲᠤᠬᠠᠢ ᠳᠤᠨᠢ ᠳ᠋ᠦᠩᠨᠡᠵᠦ᠂ ︽ᠲᠦᠷᠦᠭᠦᠴᠢ ᠬᠤᠨ︾ ᠤ ᠬᠥᠭᠵᠢᠯᠲᠡ ᠶᠢᠨ ᠥᠯᠢᠭᠡᠷ ᠢ ᠰᠠᠶᠢᠲᠤᠷ ᠶᠠᠷᠢᠵᠤ᠂ ︽ᠲᠦᠷᠦᠭᠦᠴᠢ ᠬᠤᠨ︾ ᠤ ᠰᠣᠯᠢᠯᠴᠠᠭᠠᠨ ᠤ ᠲᠠᠪᠴᠠᠩ ᠢ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠤᠨ ᠳᠠᠭᠠᠭᠤᠯᠤᠭᠴᠢ ᠶᠢ ᠲᠦᠷᠭᠡᠨ ᠬᠥᠮᠥᠵᠢᠭᠦᠯᠬᠦ ᠶᠢᠨ ᠲᠥᠯᠥᠭᠡ᠂ 2 ᠰᠠᠷ᠎ᠠ ᠶᠢᠨ 27 ᠤ ᠡᠳᠦᠷ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠥᠮᠥᠨ ᠤ ᠬᠦᠴᠦᠨ ᠤ ᠡᠬᠢ ᠪᠠᠶᠠᠯᠢᠭ ᠤᠨ ᠨᠡᠭᠡᠭᠡᠯᠲᠡ ᠶᠢᠨ ᠲᠥᠪ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠭᠡᠨ ᠤ ᠨᠡᠶᠢᠭᠡᠮᠯᠢᠭ ᠠᠴᠠ ᠡᠷᠭᠢᠯᠡᠭᠰᠡᠨ 2025 ᠣᠨ ᠤ ︽ᠲᠦᠷᠦᠭᠦᠴᠢ ᠬᠤᠨ︾ ᠤ ᠰᠤᠳᠤᠯᠤᠨ ᠶᠠᠷᠢᠯᠴᠠᠬᠤ ᠬᠤᠷᠠᠯ ᠭᠤᠸᠠᠩᠵᠸᠦ ᠬᠤᠲᠠ ᠶᠢᠨ ᠵᠦᠩᠱᠠᠨ ᠶᠡᠭᠡ ᠰᠤᠷᠭᠠᠭᠤᠯᠢ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠵᠦᠩᠱᠠᠨ ᠶᠡᠭᠡ ᠰᠤᠷᠭᠠᠭᠤᠯᠢ ᠶᠢᠨ ᠵᠠᠬᠢᠷᠤᠯ ᠭᠤᠸ ᠰᠥᠩ᠂ ᠭᠤᠸᠠᠩᠳᠦᠩ ᠮᠤᠵᠢ ᠶᠢᠨ ᠨᠠᠮ ᠤᠨ ᠬᠤᠷᠢᠶ᠎ᠠ ᠶᠢᠨ ᠲᠠᠷᠢᠶᠠᠯᠠᠩ ᠤᠨ ᠠᠵᠢᠯ ᠤᠨ ᠠᠯᠪᠠᠨ ᠭᠡᠷ ᠤᠨ ᠡᠷᠬᠢᠯᠡᠭᠴᠢ᠂ ᠭᠤᠸᠠᠩᠳᠦᠩ  ᠮᠤᠵᠢ ᠶᠢᠨ ᠲᠠᠷᠢᠶᠠᠯᠠᠩ ᠬᠥᠳᠡᠭᠡ ᠲᠣᠰᠬᠤᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠢᠦ ᠽᠥᠩ ᠬᠤᠶ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠥᠮᠥᠨ ᠤ ᠬᠦᠴᠦᠨ ᠤ ᠡᠬᠢ ᠪᠠᠶᠠᠯᠢᠭ ᠤᠨ ᠨᠡᠭᠡᠭᠡᠨ ᠬᠦᠭᠵᠢᠭᠦᠯᠦᠯᠲᠡ ᠶᠢᠨ ᠲᠥᠪ ᠤᠨ ᠨᠠᠮ ᠤᠨ ᠬᠤᠷᠢᠶ᠎ᠠ ᠶᠢᠨ ᠱᠦᠵᠢ ᠯᠢᠦ ᠷᠦᠢ ᠮᠢᠩ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠢ᠃ 
11.png
       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠪᠥᠬᠦ ᠤᠯᠤᠰ ᠤᠨ ᠮᠤᠵᠢ ᠣᠷᠣᠨ ᠤ ᠲᠥᠯᠥᠭᠡᠯᠡᠭᠴᠢ ᠶᠢᠨ ᠬᠤᠪᠢ ᠪᠠᠷ ︽ᠲᠦᠷᠦᠭᠦᠴᠢ ᠬᠤᠨ︾ ᠤ ᠣᠯᠠᠨ ᠢᠶᠠᠷ ᠢᠶᠠᠨ ᠶᠠᠷᠢᠯᠴᠠᠬᠤ ᠭᠤᠭᠴᠤᠭ᠎ᠠ ᠳᠤ ᠰᠠᠨᠠᠯ ᠢᠶᠠᠨ ᠰᠣᠯᠢᠯᠴᠠᠵᠤ᠂ ᠲᠡᠷᠡ ᠢᠯᠡᠷᠬᠡᠶᠢᠯᠡᠬᠦ ᠳᠡᠭᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ︽ᠲᠦᠷᠦᠭᠦᠴᠢ ᠬᠤᠨ︾ ᠤ ᠲᠥᠷᠥᠯ ᠵᠦᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠣᠰ ᠲᠥᠷᠥᠯ ᠵᠦᠢᠯ ᠢ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠵᠢᠴᠢ ᠠᠷᠠᠳ ᠤᠨ ᠲᠥᠯᠥᠭᠡ ᠪᠣᠳᠠᠲᠠᠢ ᠠᠵᠢᠯ ᠬᠢᠬᠦ ᠲᠥᠷᠥᠯ ᠵᠦᠢᠯ ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ︽ᠰᠣᠩᠭᠤᠬᠤ᠂ ᠪᠣᠶᠢᠵᠢᠭᠤᠯᠬᠤ᠂ ᠡᠭᠦᠳᠬᠦ᠂ ᠲᠡᠳᠬᠦᠬᠦ︾ ᠳᠥᠷᠪᠡᠨ ᠲᠠᠯ᠎ᠠ ᠪᠠᠷ ᠬᠦᠴᠦ ᠲᠠᠯᠪᠢᠵᠤ᠂ ᠣᠷᠣᠬᠤ ᠪᠣᠭᠤᠮᠲᠠ ᠶᠢ ᠴᠢᠩᠭ᠎ᠠ ᠠᠳᠬᠤᠵᠤ᠂ ᠰᠤᠷᠤᠭᠴᠢᠳ ᠤᠨ ᠶᠠᠰᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ︔ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠣᠶᠢᠵᠢᠭᠤᠯᠬᠤ ᠰᠢᠰᠲ᠋ᠧᠮᠵᠢ ᠶᠢ ᠰᠢᠯᠢᠳᠡᠭᠵᠢᠭᠦᠯᠬᠦ ᠬᠡᠷᠡᠭᠲᠡᠢ︔ ᠰᠢᠨ᠎ᠡ ᠶᠢ ᠡᠭᠦᠳᠬᠦ ᠰᠢᠲᠠᠷ᠎ᠠ ᠶᠢ ᠰᠠᠶᠢᠲᠤᠷ ᠲᠠᠯᠪᠢᠵᠤ᠂ ︽ᠲᠦᠷᠦᠭᠦᠴᠢ ᠬᠤᠨ︾ ᠤ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ︔ ᠲᠡᠳᠬᠦᠨ ᠳᠡᠮᠵᠢᠬᠦ ᠵᠠᠮ ᠢ ᠪᠠᠬᠢᠵᠢᠭᠦᠯᠵᠦ᠂ ᠦᠢᠯᠡᠴᠢᠯᠡᠭᠡ ᠶᠢ ᠰᠠᠶᠢᠲᠤᠷ ᠬᠢᠬᠦ ᠬᠡᠷᠡᠭᠲᠡᠢ᠃ ᠨᠢᠭᠡ ᠰᠢᠷᠢᠰ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠥᠪᠥᠷ ᠮᠣᠩᠭᠤᠯ ᠤᠨ ︽ᠲᠦᠷᠦᠭᠦᠴᠢ ᠬᠤᠨ︾ ᠶᠢ ᠲᠣᠰ ᠪᠡᠶ᠎ᠡ ᠶᠢᠨ ᠠᠵᠤ ᠦᠢᠯᠡᠰ ᠢᠶᠠᠨ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠪᠠᠷ ᠪᠠᠷᠠᠬᠤ ᠦᠭᠡᠢ ᠪᠠᠰᠠ ᠰᠠᠴᠤᠷᠠᠭ ᠤᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ ᠴᠢᠳᠠᠬᠤ ᠪᠣᠯᠭᠠᠬᠤ ᠬᠡᠷᠡᠭᠲᠡᠢ᠃ ᠳ᠋ᠧᠩᠺᠸᠦ ᠰᠢᠶᠠᠨ ᠤ ᠶᠤᠸᠠᠨ ᠲᠠᠢ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠳ᠋ᠦ᠋ ᠵᠦᠩ ᠶᠤᠸᠠᠨ ᠤ ︽ᠲᠦᠷᠦᠭᠦᠴᠢ ᠬᠤᠨ︾ ᠢ ᠪᠢ ᠶᠠᠷᠢᠬᠤ ᠭᠤᠭᠴᠤᠭ᠎ᠠ ᠪᠠᠷ ᠰᠤᠷᠤᠭᠴᠢᠳ ᠤᠨ ᠲᠥᠯᠥᠭᠡᠯᠡᠭᠴᠢ ᠶᠢᠨ ᠬᠤᠪᠢ ᠪᠠᠷ ᠥᠪᠡᠷ ᠤᠨ ᠠᠳᠠᠯ ᠦᠢᠯᠡᠰ ᠪᠣᠰᠬᠠᠬᠤ ᠶᠠᠪᠤᠴᠠ ᠳᠠᠬᠢ ᠬᠦᠴᠢᠷ ᠪᠡᠷᠬᠡᠰᠢᠶᠡᠯ ᠪᠣᠯᠣᠨ ᠣᠯᠣᠯᠲᠠ᠂ ᠬᠡᠷᠬᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠳᠠᠮᠵᠢᠭᠤᠯᠵᠤ᠂ ᠲᠡᠵᠢᠭᠡᠨ ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠬᠦ ᠵᠢᠴᠢ ︽ᠲᠦᠷᠦᠭᠦᠴᠢ ᠬᠤᠨ︾ ᠢ ᠪᠣᠶᠢᠵᠢᠭᠤᠯᠬᠤ ᠶᠠᠪᠤᠴᠠ ᠳᠤ ᠣᠯᠣᠭᠰᠠᠨ ᠰᠡᠩᠬᠡᠷᠡᠭᠦᠯᠦᠯ ᠢᠶᠠᠨ ᠬᠤᠪᠢᠶᠠᠯᠴᠠᠵᠠᠢ᠃ 
22.png
       ᠲᠣᠰ ᠤᠳᠠᠭ᠎ᠠ ᠶᠢᠨ ︽ᠲᠦᠷᠦᠭᠦᠴᠢ ᠬᠤᠨ︾ ᠤ ᠣᠯᠠᠨ ᠢᠶᠠᠷ ᠢᠶᠠᠨ ᠰᠤᠳᠤᠯᠤᠨ ᠶᠠᠷᠢᠯᠴᠠᠬᠤ ᠬᠤᠷᠠᠯ ᠨᠢ ᠪᠥᠬᠦ ᠤᠯᠤᠰ ᠤᠨ ᠡᠯ᠎ᠡ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠᠶᠢᠭᠤᠯᠤᠮᠵᠢ᠂ ᠬᠦᠮᠦᠵᠢᠭᠦᠯᠦᠨ ᠪᠣᠶᠢᠵᠢᠭᠤᠯᠬᠤ ᠪᠠᠶᠢᠭᠤᠯᠤᠮᠵᠢ ᠵᠢᠴᠢ ︽ᠲᠦᠷᠦᠭᠦᠴᠢ ᠬᠤᠨ︾ ᠤ ᠰᠤᠷᠤᠭᠴᠢᠳ ᠢ ᠨᠢᠭᠡ ᠲᠠᠩᠬᠢᠮ ᠳᠤ ᠴᠤᠭᠯᠠᠷᠠᠭᠤᠯᠵᠤ᠂ ︽ᠲᠦᠷᠦᠭᠦᠴᠢ ᠬᠤᠨ︾ ᠤ ᠲᠥᠷᠥᠯ ᠵᠦᠢᠯ ᠤᠨ ᠪᠦᠲᠦᠮᠵᠢᠲᠡᠶ ᠠᠷᠭ᠎ᠠ ᠬᠡᠮᠵᠢᠶ᠎ᠡ ᠪᠠ ᠢᠷᠡᠭᠡᠳᠦᠢ ᠶᠢᠨ ᠬᠥᠭᠵᠢᠯᠲᠡ ᠶᠢᠨ ᠴᠢᠭᠯᠡᠯ ᠢ ᠬᠠᠮᠲᠤ ᠪᠠᠷ ᠰᠤᠳᠤᠯᠤᠨ ᠶᠠᠷᠢᠯᠴᠠᠭᠰᠠᠨ ᠪᠥᠭᠡᠳ ᠪᠠᠰᠠ ᠥᠪᠡᠷᠲᠡᠭᠡᠨ ᠵᠠᠰᠠᠬᠤ ᠣᠷᠣᠨ ᠤ ︽ᠲᠦᠷᠦᠭᠦᠴᠢ ᠬᠤᠨ︾ ᠤ ᠲᠥᠷᠥᠯ ᠵᠦᠢᠯ ᠢ ᠬᠡᠷᠡᠭᠵᠢᠭᠦᠯᠬᠦ ᠳᠤ ᠰᠢᠨ᠎ᠡ ᠰᠡᠳᠬᠢᠴᠡ᠂ ᠰᠢᠨ᠎ᠡ ᠠᠷᠭ᠎ᠠ ᠬᠠᠩᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠡᠯ᠎ᠡ ᠰᠠᠯᠠᠭ᠎ᠠ ᠮᠥᠴᠢᠷ ᠯᠦᠭᠡ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠲᠡᠳᠬᠦᠨ ᠳᠡᠮᠵᠢᠬᠦ ᠠᠷᠭ᠎ᠠ ᠵᠠᠮ ᠢᠶᠠᠨ ᠥᠷᠭᠡᠳᠬᠡᠨ᠂ ᠦᠢᠯᠡᠴᠢᠯᠡᠭᠡᠨ ᠤ ᠦᠷ᠎ᠡ ᠪᠦᠲᠦᠮᠵᠢ ᠪᠠᠨ ᠴᠢᠩᠭᠠᠷᠠᠭᠤᠯᠵᠤ᠂ ᠦᠷᠭᠦᠯᠵᠢᠯᠡᠨ ᠰᠢᠨ᠎ᠡ ᠶᠢ ᠡᠭᠦᠳᠬᠦ ᠠᠵᠢᠯᠯᠠᠭ᠎ᠠ ᠥᠷᠨᠢᠭᠦᠯᠵᠦ᠂ ᠨᠢᠭᠡ ᠪᠦᠯᠦᠭ ︽ᠨᠢᠭᠡ ᠲᠠᠯ᠎ᠠ ᠶᠢ ᠬᠥᠲᠥᠯᠥᠨ ᠳᠠᠭᠠᠭᠤᠯᠬᠤ᠂ ᠨᠢᠭᠡ ᠲᠠᠯ᠎ᠠ ᠶᠢ ᠳᠠᠶᠢᠴᠢᠯᠠᠬᠤ︾ ᠰᠢᠨ᠎ᠡ ᠬᠤᠨ ᠤ ᠵᠢᠭᠰᠠᠭᠠᠯ ᠢ ᠦᠨᠡᠨᠬᠦ ᠬᠥᠮᠥᠵᠢᠭᠦᠯᠦᠨ ᠭᠠᠷᠭᠠᠬᠤ ᠶᠢ ᠪᠠᠲᠤᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠣᠶᠤᠨ ᠤ ᠲᠤᠯᠭᠠᠭᠤᠷᠢᠯᠠᠯ ᠪᠠ ᠴᠢᠳᠠᠪᠤᠷᠢᠲᠠᠨ ᠤ ᠪᠠᠲᠤᠯᠠᠭ᠎ᠠ ᠬᠠᠩᠭᠠᠨ᠎ᠠ︕
33.png
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号