ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠠᠵᠢᠯ ᠤᠨ ᠪᠣᠯᠪᠠᠰᠤᠷᠠᠯ ᠤᠨ ᠠᠩᠭᠢ ᠶᠢ ᠬᠥᠬᠡᠬᠤᠲᠠ ᠳᠤ ᠲᠡᠭᠦᠰ ᠠᠮᠵᠢᠯᠲᠠ ᠲᠠᠢ ᠡᠷᠬᠢᠯᠡᠪᠡ
ᠨᠡᠶᠢᠲᠡᠯᠡᠭᠰᠡᠨ ᠴᠠᠭ᠄
2025/2/28
      ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠢ ᠤᠯᠠᠷᠢᠭᠤᠯᠬᠤ ᠶᠢ ᠲᠦᠷᠭᠡᠳᠬᠡᠨ ᠠᠬᠢᠭᠤᠯᠵᠤ᠂ ᠲᠡᠷᠢᠭᠦᠨ ᠤ ᠬᠡᠷᠡᠭᠯᠡᠭᠡᠨ ᠤ ᠮᠡᠷᠭᠡᠵᠢᠯ ᠤᠨ ᠬᠡᠷᠡᠭᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ 2025 ᠣᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠶᠢᠨ ᠲᠤᠰᠠᠳᠠ᠂ 2 ᠰᠠᠷ᠎ᠠ ᠶᠢᠨ 26 ᠤ ᠡᠳᠦᠷ ᠠᠴᠠ 27 ᠤ ᠡᠳᠦᠷ ᠪᠣᠯᠲᠠᠯ᠎ᠠ᠂ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠠᠵᠢᠯ ᠤᠨ ᠪᠣᠯᠪᠠᠰᠤᠷᠠᠯ ᠤᠨ ᠠᠩᠭᠢ ᠶᠢ ᠬᠥᠬᠡᠬᠤᠲᠠ ᠳᠤ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠨᠠᠮ ᠤᠨ ᠬᠤᠷᠢᠶ᠎ᠠ ᠶᠢᠨ ᠱᠦᠵᠢ᠂ ᠡᠷᠬᠢᠯᠡᠭᠴᠢ ᠬᠤ᠋ ᠢᠦ ᠯᠢᠨ ᠪᠣᠯᠪᠠᠰᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠲᠥᠪ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠳᠡᠳ᠋ ᠡᠷᠬᠢᠯᠡᠭᠴᠢ ᠸᠠᠩ ᠬᠠᠢ ᠵᠢᠶᠦ᠋ᠨ ᠪᠣᠯᠪᠠᠰᠤᠷᠠᠯ ᠢ ᠡᠷᠭᠢᠯᠡᠪᠡ᠃ 
1.jpg
      ᠪᠣᠯᠪᠠᠰᠤᠷᠠᠯ ᠳᠤ᠂ 28 ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠬᠠᠮᠢᠶ᠎ᠠ ᠪᠦᠬᠦᠢ ᠨᠢᠭᠡᠴᠡ ᠶᠢᠨ ᠭᠤᠣᠯ ᠬᠠᠷᠢᠭᠤᠴᠠᠯᠭᠠᠲᠠᠨ ᠲᠣᠰ ᠲᠣᠰ 2024 ᠣᠨ ᠤ ᠠᠵᠢᠯ ᠤᠨ ᠳ᠋ᠦᠩᠨᠡᠯᠲᠡ᠂ ᠠᠵᠢᠯ ᠤᠨ ᠬᠢᠯᠠᠰ ᠴᠡᠭ᠂ ᠣᠷᠣᠰᠢᠵᠤ ᠪᠠᠶᠢᠭ᠎ᠠ ᠠᠰᠠᠭᠤᠳᠠᠯ ᠵᠢᠴᠢ 2025 ᠣᠨ ᠤ ᠠᠵᠢᠯ ᠤᠨ ᠲᠣᠬᠢᠷᠠᠭᠤᠯᠤᠯᠲᠠ ᠵᠡᠷᠭᠡ ᠲᠠᠯ᠎ᠠ ᠪᠠᠷ ᠨᠡᠶᠢᠲᠡᠯᠢᠭ ᠲᠤᠷᠰᠢᠯᠭ᠎ᠠ ᠪᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠲᠥᠪ ᠤᠨ ᠡᠯ᠎ᠡ ᠬᠤᠪᠢᠳᠠᠨ ᠬᠠᠮᠢᠶᠠᠷᠬᠤ ᠡᠷᠬᠢᠯᠡᠭᠴᠢ ᠬᠦᠷᠢᠶ᠎ᠡ ᠬᠡᠪᠴᠢᠶ᠎ᠡ ᠬᠤᠪᠢᠶᠠᠨ 2025 ᠣᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃       ᠬᠤ᠋ ᠢᠦ ᠯᠢᠨ᠂ ᠣᠶᠢᠷ᠎ᠠ ᠶᠢᠨ ᠵᠢᠯ ᠠᠴᠠ ᠨᠠᠭᠠᠰᠢ᠂ ᠲᠥᠪ᠂ ᠥᠪᠡᠷᠲᠡᠭᠡᠨ ᠵᠠᠰᠠᠬᠤ ᠣᠷᠣᠨ ᠲᠠᠷᠢᠶᠠᠯᠠᠩ ᠤᠨ ᠮᠡᠷᠭᠡᠵᠢᠯ ᠤᠨ ᠳᠡᠯᠭᠡᠷᠡᠭᠦᠯᠦᠯᠲᠡ ᠶᠢ ᠤᠯᠠᠮ ᠠᠴᠠ ᠤᠯᠠᠮ ᠴᠢᠬᠤᠯᠠᠴᠢᠯᠠᠵᠤ᠂ ᠳᠤᠷᠠᠳᠤᠭᠰᠠᠨ ᠬᠠᠷᠠᠯᠲᠠ ᠨᠢ ᠤᠯᠠᠮ ᠠᠴᠠ ᠤᠯᠠᠮ ᠲᠣᠳᠣᠷᠬᠠᠢ ᠪᠣᠯᠵᠤ᠂ ᠱᠠᠭᠠᠷᠳᠠᠯᠭ᠎ᠠ ᠨᠢ ᠤᠯᠠᠮ ᠠᠴᠠ ᠤᠯᠠᠮ ᠪᠣᠳᠠᠲᠠᠢ ᠪᠣᠯᠵᠤ᠂ ᠡᠯ᠎ᠡ ᠱᠠᠲᠤᠨ ᠤ ᠲᠠᠷᠢᠶᠠᠯᠠᠩ ᠤᠨ ᠮᠡᠷᠭᠡᠵᠢᠯ ᠤᠨ ᠳᠡᠯᠭᠡᠷᠡᠭᠦᠯᠦᠯᠲᠡ ᠶᠢᠨ ᠰᠠᠯᠠᠭ᠎ᠠ ᠮᠥᠴᠢᠷ ᠤᠳ ᠴᠦ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠤᠨ ᠳᠡᠯᠭᠡᠷᠡᠭᠦᠯᠦᠯᠲᠡ ᠶᠢ ᠲᠠᠪᠤᠨ ᠲᠠᠯ᠎ᠠ  ᠠᠴᠠ ᠬᠤᠪᠢᠷᠠᠭᠤᠯᠬᠤ ᠬᠡᠷᠡᠭᠲᠡᠢ᠂ ᠨᠢᠭᠡ ᠳᠤ ᠮᠡᠷᠭᠡᠵᠢᠯ ᠤᠨ ᠵᠢᠯᠣᠭᠤᠳᠤᠯᠭ᠎ᠠ ᠦᠢᠯᠡᠴᠢᠯᠡᠭᠡ ᠠᠴᠠ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠳᠠᠰᠢ ᠬᠤᠪᠢᠷᠠᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠠ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠮᠠᠯᠴᠢᠨ ᠲᠠᠷᠢᠶᠠᠴᠢᠨ ᠳᠤ ᠦᠵᠡᠭᠦᠯᠵᠦ᠂ ᠮᠠᠯᠴᠢᠨ ᠲᠠᠷᠢᠶᠠᠴᠢᠨ ᠢ ᠳᠠᠭᠠᠭᠤᠯᠤᠨ ᠠᠵᠢᠯᠯᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠬᠤᠶᠠᠷ ᠲᠤ ᠵᠢᠵᠢᠭ ᠲᠠᠷᠢᠶᠠᠴᠢᠨ ᠡᠷᠦᠬᠡ ᠠᠴᠠ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠪᠡᠶᠡᠴᠢ ᠴᠣᠭᠴᠠ ᠲᠡᠶᠢᠰᠢ ᠬᠤᠪᠢᠷᠠᠭᠤᠯᠬᠤ ᠬᠡᠷᠡᠭᠲᠡᠢ᠃ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠰᠠᠶᠢᠲᠤᠷ ᠠᠰᠢᠭᠯᠠᠵᠤ᠂ ᠴᠡᠭ ᠠᠴᠠ ᠪᠥᠬᠦ ᠲᠠᠯ᠎ᠠ ᠳᠤ ᠬᠦᠷᠲᠡᠯ᠎ᠡ᠂ ᠪᠥᠬᠦ ᠣᠷᠣᠨ ᠤ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢ ᠪᠡᠶᠡᠯᠡᠭᠦᠯᠬᠦ ᠬᠡᠷᠡᠭᠲᠡᠢ᠃ ᠭᠤᠷᠪᠠ ᠳᠤ ᠨᠢᠭᠡᠳᠦᠭᠡᠷ ᠠᠵᠤ ᠦᠢᠯᠡᠰ ᠲᠤ ᠦᠢᠯᠡᠴᠢᠯᠡᠵᠦ ᠪᠠᠶᠢᠭᠰᠠᠨ  ᠠᠴᠠ ᠪᠥᠬᠦ ᠬᠡᠯᠬᠢᠶ᠎ᠡ ᠶᠢᠨ ᠦᠢᠯᠡᠴᠢᠯᠡᠭᠡ ᠳᠠᠰᠢ ᠬᠤᠪᠢᠷᠠᠭᠤᠯᠬᠤ ᠬᠡᠷᠡᠭᠲᠡᠢ᠃ ᠬᠡᠯᠬᠢᠶ᠎ᠡ ᠮᠠᠶ᠋ᠢᠭ ᠤᠨ ᠰᠡᠳᠬᠢᠬᠦᠢ ᠶᠢ ᠪᠣᠶ ᠪᠣᠯᠭᠠᠵᠤ᠂ ᠪᠥᠬᠦ ᠬᠡᠯᠬᠢᠶ᠎ᠡ ᠪᠠᠷ ᠰᠢᠨ᠎ᠡ ᠶᠢ ᠡᠭᠦᠳᠦᠨ ᠰᠤᠳᠤᠯᠤᠨ ᠨᠡᠭᠡᠭᠡᠬᠦ ᠶᠢ ᠥᠷᠨᠢᠭᠦᠯᠵᠦ᠂ ᠣᠶᠤᠨᠴᠢᠯᠠᠭᠰᠠᠨ᠂ ᠲᠣᠭᠠᠵᠢᠭᠤᠯᠤᠭᠰᠠᠨ ᠳᠠᠰᠢ ᠬᠡᠯᠪᠡᠷᠢ ᠪᠠᠨ ᠬᠤᠪᠢᠷᠠᠭᠤᠯᠤᠨ᠂ ᠨᠡᠮᠡᠯᠲᠡ ᠥᠷᠲᠡᠭ ᠤᠨ ᠦᠢᠯᠡᠳᠬᠦᠨ ᠤ ᠭᠠᠷᠤᠯᠲᠠ ᠶᠢ ᠳᠡᠭᠡᠭᠰᠢᠯᠡᠭᠦᠯᠬᠦ ᠬᠡᠷᠡᠭᠲᠡᠢ᠃ ᠳᠥᠷᠪᠡ ᠳᠤ᠂ ᠭᠠᠭᠴᠠᠭᠠᠷ ᠢᠶᠠᠨ ᠲᠡᠮᠡᠴᠡᠵᠦ ᠪᠠᠶᠢᠭᠰᠠᠨ ᠠᠴᠠ ᠪᠠᠨ ᠬᠠᠮᠲᠤᠷᠠᠨ ᠲᠡᠮᠡᠴᠡᠬᠦ ᠵᠦᠭ ᠰᠢᠯᠵᠢᠬᠦ ᠬᠡᠷᠡᠭᠲᠡᠢ᠃ ᠬᠠᠮᠲᠤᠷᠠᠨ ᠪᠣᠭᠤᠮᠲᠠ ᠰᠢᠪᠲᠤᠯᠬᠤ ᠲᠣᠭᠲᠠᠴᠠ ᠶᠢ ᠪᠠᠶᠢᠭᠤᠯᠵᠤ᠂ ︽ᠮᠧᠩ ᠺᠧ ᠵᠢᠦᠢ︾᠂ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠰᠠᠭᠤᠷᠢᠨ ᠭᠠᠵᠠᠷ ᠵᠡᠷᠭᠡ ᠠᠴᠢᠶᠠᠯᠠᠪᠤᠷᠢ ᠶᠢ ᠰᠠᠶᠢᠲᠤᠷ ᠬᠡᠷᠡᠭᠯᠡᠨ᠂ ᠰᠢᠨ᠎ᠡ ᠲᠥᠷᠥᠯ ᠵᠦᠢᠯ ᠢ ᠰᠤᠳᠤᠯᠤᠨ ᠨᠡᠭᠡᠭᠡᠬᠦ ᠶᠢ ᠥᠷᠨᠢᠭᠦᠯᠵᠦ᠂ ᠮᠡᠷᠭᠡᠵᠢᠯ ᠤᠨ ᠬᠤᠷᠠᠮᠠᠯ ᠪᠣᠭᠤᠮᠲᠠ ᠰᠢᠪᠲᠤᠯᠬᠤ ᠶᠢ ᠪᠥᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠲᠠᠪᠤ ᠳᠤ ᠨᠠᠶᠢᠳᠠᠪᠤᠷᠢᠵᠢᠭᠤᠯᠤᠯᠲᠠ  ᠠᠴᠠ ᠬᠡᠷᠡᠭᠴᠡᠭᠡ ᠱᠠᠭᠠᠷᠳᠠᠯᠭ᠎ᠠ ᠳᠠᠰᠢ ᠬᠤᠪᠢᠷᠠᠭᠤᠯᠬᠤ ᠬᠡᠷᠡᠭᠲᠡᠢ᠃ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠡᠯᠡ ᠮᠥᠩᠭᠦᠨ ᠤ ᠲᠦᠷᠦᠯ ᠵᠦᠢᠯ ᠭᠡᠬᠦ ᠡᠨᠡᠬᠦ ᠭᠠᠷᠳᠠᠴᠠ ᠶᠢ ᠰᠠᠶᠢᠲᠤᠷ ᠠᠰᠢᠭᠯᠠᠵᠤ᠂ ᠪᠣᠭᠤᠮᠢ ᠶᠢᠨ ᠠᠰᠠᠭᠤᠳᠠᠯ ᠪᠣᠯᠣᠨ ᠪᠣᠳᠠᠲᠠᠢ ᠦᠢᠯᠡᠳᠪᠦᠷᠢᠯᠡᠯ ᠤᠨ ᠬᠡᠷᠡᠭᠴᠡᠭᠡ ᠶᠢ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃       ᠬᠤ᠋ ᠢᠦ ᠯᠢᠨ᠂ 2025 ᠣᠨ ᠳᠤ ᠪᠦᠬᠦ ᠣᠷᠣᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠢᠰᠲ᠋ᠧᠮ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠰᠢᠨ᠎ᠡ ᠵᠠᠮ ᠢᠶᠠᠷ ᠵᠠᠮᠨᠠᠵᠤ᠂ ᠳᠤᠮᠳᠠ ᠤᠷᠤᠰᠬᠠᠯ ᠳᠤ ᠣᠷᠣᠬᠤ︾ ᠬᠠᠷᠠᠯᠲᠠ ᠶᠢ ᠲᠣᠭᠲᠠᠭᠠᠵᠤ᠂ ︽ᠲᠠᠷᠢᠶ᠎ᠠ ᠤᠰᠤ ᠲᠠᠷᠢᠬᠤ ᠮᠡᠷᠭᠡᠵᠢᠯ᠂ ᠠᠮᠤ ᠪᠤᠳᠠᠭ᠎ᠠ ᠮᠢᠬ᠎ᠠ ᠰᠦ ᠡᠪᠡᠰᠦ᠂ ᠬᠡᠯᠬᠢᠶᠡᠵᠢᠭᠦᠯᠦᠨ ᠠᠭᠤᠰᠤᠯᠴᠠᠭᠤᠯᠤᠨ ᠥᠭᠡᠷᠡᠴᠢᠯᠡᠬᠦ᠂ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ︾ 14 ᠵᠦᠢᠯ ᠤᠨ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠮᠠᠯ ᠠᠵᠤ ᠠᠬᠤᠢ ᠲᠠᠷᠢᠶᠠᠯᠠᠩ ᠤᠨ ᠮᠡᠷᠭᠡᠵᠢᠯ ᠤᠨ ᠲᠤᠯᠭᠠᠭᠤᠷᠢᠯᠠᠯ ᠢ ᠰᠠᠶᠢᠲᠤᠷ ᠬᠢᠬᠦ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠬᠥᠲᠥᠯᠥᠮᠵᠢ ᠪᠣᠯᠭᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ︽ᠠᠷᠪᠠᠨ ᠵᠦᠢᠯ ᠤᠨ ᠭᠤᠣᠯᠳᠠᠯᠭ᠎ᠠ ᠲᠠᠢ ᠠᠵᠢᠯ︾ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ︽ᠲᠠᠪᠤᠨ 100︾ ᠶᠢᠨ ᠲᠥᠯᠥᠪᠯᠡᠭᠡ ᠶᠢ ᠬᠡᠷᠡᠭᠵᠢᠭᠦᠯᠦᠨ᠂ ︽ᠠᠷᠪᠠᠨ ᠨᠢᠭᠡ ᠪᠦᠯᠦᠭ︾ ᠤᠨ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠪᠥᠬᠦ ᠵᠢᠯ ᠤᠨ ᠬᠠᠷᠠᠯᠲᠠ ᠶᠢᠨ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠵᠤ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠣᠮᠣ ᠣᠷᠣᠨ  ᠠᠴᠠ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠣᠷᠣᠨ ᠳᠠᠰᠢ ᠬᠤᠪᠢᠷᠠᠭᠤᠯᠬᠤ ᠶᠢ ᠠᠬᠢᠭᠤᠯᠬᠤ ᠳᠤ ᠲᠠᠷᠢᠶᠠᠯᠠᠩ ᠤᠨ ᠮᠡᠷᠭᠡᠵᠢᠯ ᠤᠨ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃       ᠪᠠᠶᠢᠭᠤᠯᠭ᠎ᠠ ᠳᠤ ᠪᠠᠨ ᠪᠠᠶᠢᠭ᠎ᠠ ᠤᠳᠤᠷᠢᠳᠤᠯᠭ᠎ᠠ᠂ ᠡᠯ᠎ᠡ ᠭᠠᠵᠠᠷ ᠲᠠᠰᠤᠭ ᠤᠨ ᠳᠡᠳ᠋ ᠭᠠᠵᠠᠷ ᠤᠨ ᠲᠠᠰ ᠠᠴᠠ ᠳᠡᠭᠡᠭᠰᠢᠬᠢ ᠺᠠᠳ᠋ᠷ᠂ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠳ ᠪᠣᠯᠪᠠᠰᠤᠷᠠᠯ ᠳᠤ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号