ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠤᠷᠢᠳᠴᠢᠯᠠᠭᠰᠠᠨ ᠮᠡᠳᠡᠭᠡ
ᠨᠡᠶᠢᠲᠡᠯᠡᠭᠰᠡᠨ ᠴᠠᠭ᠄
2025/2/28
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ᠂ ᠥᠪᠥᠷᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ 2025 ᠣᠨ ᠤ 2 ᠰᠠᠷ᠎ᠠ ᠶᠢᠨ 28 ᠤ ᠡᠳᠦᠷ ᠤᠨ 18 ᠴᠠᠭ 00 ᠮᠢᠨᠦ᠋ᠲ ᠲᠤ ᠬᠠᠮᠲᠤᠷᠠᠨ ᠲᠥᠬᠦᠭᠡᠷᠦᠮᠵᠢᠲᠦ ᠲᠠᠷᠢᠶᠠᠯᠠᠩ ᠤᠨ ᠴᠠᠭ ᠠᠭᠤᠷ ᠤᠨ ᠭᠠᠢ ᠭᠠᠮᠰᠢᠭ ᠤᠨ ᠲᠦᠭᠰᠢᠭᠦᠷᠢ ᠶᠢᠨ ᠤᠷᠢᠳᠴᠢᠯᠠᠭᠰᠠᠨ ᠮᠡᠳᠡᠭᠡ ᠶᠢ ᠮᠡᠳᠡᠭᠡᠯᠡᠪᠡ᠃       3 ᠰᠠᠷ᠎ᠠ ᠶᠢᠨ 1 ᠤ ᠡᠳᠦᠷ ᠤᠨ 8 ᠴᠠᠭ ᠠᠴᠠ 5 ᠤ ᠡᠳᠦᠷ ᠤᠨ 20 ᠴᠠᠭ ᠪᠣᠯᠲᠠᠯ᠎ᠠ᠂ ᠪᠠᠷᠠᠭᠤᠨ ᠬᠡᠰᠡᠭ ᠤᠨ ᠶᠡᠬᠡᠩᠬᠢ ᠬᠡᠰᠡᠭ᠂ ᠳᠤᠮᠳᠠ ᠬᠡᠰᠡᠭ ᠤᠨ ᠬᠤᠶᠢᠲᠤ ᠬᠡᠰᠡᠭ ᠪᠠ ᠵᠡᠭᠦᠨ ᠬᠤᠶᠢᠲᠤ ᠬᠡᠰᠡᠭ ᠤᠨ ᠭᠠᠵᠠᠷ ᠣᠷᠣᠨ ᠤ ᠠᠭᠠᠷ ᠤᠨ ᠳᠤᠯᠠᠭᠠᠨ 4 ᠠᠴᠠ 6 ᠭᠷᠡᠳᠦ᠋ᠰ ᠳᠣᠷᠣᠭᠰᠢᠯᠠᠨ᠎ᠠ᠂ ᠡᠭᠦᠨ ᠳᠤ᠂ ᠪᠠᠷᠠᠭᠤᠨ ᠬᠡᠰᠡᠭ ᠤᠨ ᠡᠮᠦᠨᠡᠭᠦᠷᠬᠢ ᠪᠠ ᠵᠡᠭᠦᠨ ᠬᠤᠶᠢᠲᠤ ᠬᠡᠰᠡᠭ ᠤᠨ ᠬᠤᠶᠢᠭᠤᠷᠬᠢ ᠭᠠᠵᠠᠷ ᠣᠷᠣᠨ ᠤ ᠠᠭᠠᠷ ᠤᠨ ᠳᠤᠯᠠᠭᠠᠨ 6 ᠠᠴᠠ 8 ᠭᠷᠡᠳᠦ᠋ᠰ ᠳᠣᠷᠣᠭᠰᠢᠯᠠᠵᠤ᠂ ᠬᠡᠰᠡᠭ ᠭᠠᠵᠠᠷ ᠣᠷᠣᠨ ᠤ ᠠᠭᠠᠷ ᠤᠨ ᠳᠤᠯᠠᠭᠠᠨ 8 ᠠᠴᠠ 10 ᠭᠷᠡᠳᠦ᠋ᠰ ᠳᠣᠷᠣᠭᠰᠢᠯᠠᠨ᠎ᠠ᠃       ᠣᠶᠤᠨᠲᠤ ᠰᠦᠯᠵᠢᠶᠡᠨ ᠤ ᠤᠷᠢᠳᠴᠢᠯᠠᠭᠰᠠᠨ ᠮᠡᠳᠡᠭᠡ ᠶᠢᠨ ᠲᠤᠭ᠎ᠠ ᠪᠠᠷᠢᠮᠲᠠ ᠶᠢ ᠦᠨᠳᠦᠰᠦᠯᠡᠵᠦ᠂ ᠲᠥᠬᠦᠭᠡᠷᠦᠮᠵᠢᠲᠦ ᠲᠠᠷᠢᠶᠠᠯᠠᠩ ᠤᠨ ᠳᠣᠣᠷ᠎ᠠ ᠳᠤᠯᠠᠭᠠᠨ ᠬᠦᠢᠲᠡᠨ ᠭᠠᠮᠰᠢᠭ ᠤᠨ ᠭᠦᠢᠴᠡᠳᠬᠡᠯ ᠲᠤᠭ᠎ᠠ ᠲᠠᠢ ᠤᠶᠠᠯᠳᠤᠭᠤᠯᠪᠠᠯ᠂ 1︱5 ᠤ ᠡᠳᠦᠷ᠂ ᠬᠥᠯᠥᠨ ᠪᠤᠶᠢᠷ ᠬᠤᠲᠠ ᠶᠢᠨ ᠶᠡᠬᠡᠩᠬᠢ ᠬᠡᠰᠡᠭ᠂ ᠬᠢᠩᠭᠠᠨ ᠠᠶᠢᠮᠠᠭ ᠤᠨ ᠪᠠᠷᠠᠭᠤᠨ ᠬᠤᠶᠢᠲᠤ ᠬᠡᠰᠡᠭ ᠤᠨ ᠬᠡᠰᠡᠭ ᠭᠠᠵᠠᠷ ᠣᠷᠣᠨ᠂ ᠰᠢᠯᠢ ᠶᠢᠨ ᠭᠤᠣᠯ ᠠᠶᠢᠮᠠᠭ ᠤᠨ ᠵᠡᠭᠦᠨ ᠬᠤᠶᠢᠲᠤ ᠬᠡᠰᠡᠭ ᠤᠨ ᠬᠡᠰᠡᠭ ᠭᠠᠵᠠᠷ ᠣᠷᠣᠨ᠂ ᠪᠤᠭᠤᠲᠤ ᠬᠤᠲᠠ ᠶᠢᠨ ᠡᠮᠦᠨ᠎ᠡ ᠬᠡᠰᠡᠭ᠂ ᠪᠠᠶᠠᠨᠨᠠᠭᠤᠷ ᠬᠤᠲᠠ ᠶᠢᠨ ᠵᠡᠭᠦᠨ ᠡᠮᠦᠨ᠎ᠡ ᠬᠡᠰᠡᠭ ᠤᠨ ᠬᠡᠰᠡᠭ ᠭᠠᠵᠠᠷ ᠣᠷᠣᠨ᠂ ᠣᠷᠳᠣᠰ ᠬᠤᠲᠠ ᠶᠢᠨ ᠵᠡᠭᠦᠨ ᠬᠡᠰᠡᠭ ᠵᠢᠴᠢ ᠡᠮᠦᠨ᠎ᠡ ᠬᠡᠰᠡᠭ ᠪᠣᠯ ᠲᠥᠬᠦᠭᠡᠷᠦᠮᠵᠢᠲᠦ ᠲᠠᠷᠢᠶᠠᠯᠠᠩ ᠤᠨ ᠳᠣᠣᠷ᠎ᠠ ᠳᠤᠯᠠᠭᠠᠨ ᠬᠦᠢᠲᠡᠨ ᠭᠠᠮᠰᠢᠭ ᠤᠨ ᠥᠨᠳᠥᠷ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠪᠣᠯᠣᠨ᠎ᠠ︔ ᠬᠢᠩᠭᠠᠨ ᠠᠶᠢᠮᠠᠭ ᠤᠨ ᠬᠤᠶᠢᠲᠤ ᠪᠡᠶ᠎ᠡ᠂ ᠰᠢᠯᠢ ᠶᠢᠨ ᠭᠤᠣᠯ ᠠᠶᠢᠮᠠᠭ ᠤᠨ ᠡᠮᠦᠨ᠎ᠡ ᠪᠡᠶ᠎ᠡ᠂ ᠤᠯᠠᠭᠠᠨᠴᠠᠪ ᠬᠤᠲᠠ ᠶᠢᠨ ᠡᠮᠦᠨ᠎ᠡ ᠪᠡᠶ᠎ᠡ᠂ ᠬᠥᠬᠡᠬᠤᠲᠠ ᠶᠢᠨ ᠶᠡᠬᠡᠩᠬᠢ ᠬᠡᠰᠡᠭ᠂ ᠪᠠᠶᠠᠨᠨᠠᠭᠤᠷ ᠬᠤᠲᠠ ᠶᠢᠨ ᠡᠮᠦᠨ᠎ᠡ ᠪᠡᠶ᠎ᠡ᠂ ᠣᠷᠳᠣᠰ ᠬᠤᠲᠠ ᠶᠢᠨ ᠪᠠᠷᠠᠭᠤᠨ ᠪᠡᠶ᠎ᠡ ᠵᠢᠴᠢ ᠠᠯᠠᠱᠠ ᠠᠶᠢᠮᠠᠭ ᠤᠨ ᠡᠮᠦᠨ᠎ᠡ ᠪᠡᠶ᠎ᠡ ᠶᠢᠨ ᠬᠡᠰᠡᠭ ᠭᠠᠵᠠᠷ ᠣᠷᠣᠨ ᠪᠣᠯ ᠲᠥᠬᠦᠭᠡᠷᠦᠮᠵᠢᠲᠦ ᠲᠠᠷᠢᠶᠠᠯᠠᠩ ᠤᠨ ᠳᠣᠣᠷ᠎ᠠ ᠳᠤᠯᠠᠭᠠᠨ ᠬᠦᠢᠲᠡᠨ ᠭᠠᠮᠰᠢᠭ ᠤᠨ ᠳᠣᠣᠷ᠎ᠠ ᠵᠡᠷᠭᠡ ᠶᠢᠨ ᠪᠤᠶᠤ ᠳᠤᠮᠳᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠪᠣᠯᠣᠨ᠎ᠠ ︵ᠵᠢᠷᠤᠭ 1︶᠃ ᠳᠤᠯᠠᠭᠠᠨ ᠤ ᠬᠡᠮᠵᠢᠶ᠎ᠡ ᠪᠠᠭᠤᠷᠠᠬᠤ ᠶᠠᠪᠤᠴᠠ ᠳᠤ ᠰᠠᠷᠠᠪᠴᠢᠨ ᠳᠣᠲᠣᠷᠠᠬᠢ ᠳᠤᠯᠠᠭᠠᠨ ᠤ ᠬᠡᠮᠵᠢᠶ᠎ᠡ ᠶᠢ ᠠᠮᠠᠷᠬᠠᠨ ᠪᠠᠭᠤᠷᠠᠭᠤᠯᠵᠤ᠂ ᠲᠠᠷᠢᠮᠠᠯ ᠤᠨ ᠤᠷᠭᠤᠯᠲᠠ ᠶᠢᠨ ᠠᠬᠢᠴᠠ ᠶᠢ ᠤᠳᠠᠭᠠᠰᠢᠷᠠᠭᠤᠯᠤᠨ᠂ ᠲᠤᠶᠢᠯ ᠤᠨ ᠳᠣᠣᠷ᠎ᠠ ᠳᠤᠯᠠᠭᠠᠨ ᠳᠤ ᠲᠠᠷᠢᠮᠠᠯ ᠤᠨ ᠬᠥᠯᠳᠡᠬᠦ ᠭᠠᠮᠰᠢᠭ ᠢ ᠪᠣᠶ ᠪᠣᠯᠭᠠᠨ᠎ᠠ᠃       ᠰᠡᠷᠭᠡᠶᠢᠯᠡᠬᠦ ᠠᠷᠭ᠎ᠠ᠄ ᠬᠦᠢᠲᠡᠨ ᠢ ᠰᠡᠷᠭᠡᠶᠢᠯᠡᠵᠦ ᠳᠤᠯᠠᠭᠠᠨ ᠢ ᠬᠠᠮᠠᠭᠠᠯᠠᠬᠤ ᠶᠢ ᠴᠢᠩᠭᠠᠳᠬᠠᠨ᠎ᠠ᠃ ᠣᠯᠠᠨ ᠳᠠᠪᠬᠤᠷ ᠪᠦᠷᠬᠦᠭᠡᠰᠦ ᠪᠠᠷ ᠬᠦᠢᠲᠡᠨ ᠢ ᠰᠡᠷᠭᠡᠶᠢᠯᠡᠬᠦ ᠵᠡᠷᠭᠡ ᠠᠷᠭ᠎ᠠ ᠮᠠᠶ᠋ᠢᠭ ᠢ ᠠᠪᠴᠤ ᠫᠧᠩ ᠳᠣᠲᠣᠷᠠᠬᠢ ᠢᠯᠴᠢ ᠶᠢᠨ ᠤᠷᠤᠰᠤᠭᠳᠠᠯ ᠢ ᠪᠠᠭᠠᠰᠬᠠᠵᠤ᠂ ᠫᠧᠩ ᠤᠨ ᠢᠯᠴᠢ ᠶᠢ ᠬᠠᠳᠠᠭᠠᠯᠠᠵᠤ ᠳᠤᠯᠠᠭᠠᠨ ᠢ ᠬᠠᠮᠠᠭᠠᠯᠠᠨ ᠬᠦᠢᠲᠡᠨ ᠢ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ︔ ᠬᠦᠢᠲᠡᠨ ᠤ ᠭᠠᠮᠰᠢᠭ ᠤᠨ ᠲᠦᠭᠰᠢᠭᠦᠷᠢ ᠶᠡᠬᠡᠲᠡᠢ ᠣᠷᠣᠨ ᠳᠤ ᠲᠦᠷ ᠴᠠᠭ ᠳᠤᠯᠠᠭᠠᠨ ᠤ ᠬᠡᠮᠵᠢᠶ᠎ᠡ ᠶᠢ ᠨᠡᠮᠡᠭᠳᠡᠭᠦᠯᠬᠦ ᠠᠷᠭ᠎ᠠ ᠮᠠᠶ᠋ᠢᠭ ᠢᠶᠠᠷ ᠲᠠᠷᠢᠮᠠᠯ ᠤᠨ ᠬᠤᠬᠢᠷᠠᠯ ᠠᠴᠠ ᠵᠠᠶᠢᠯᠠᠰᠬᠢᠵᠦ ᠪᠣᠯᠣᠨ᠎ᠠ᠃ 
1.png
      ᠵᠢᠷᠤᠭ 1   3 ᠰᠠᠷ᠎ᠠ ᠶᠢᠨ 1 ᠤ ᠡᠳᠦᠷ ᠠᠴᠠ 5 ᠤ ᠡᠳᠦᠷ ᠪᠣᠯᠲᠠᠯ᠎ᠠ ᠥᠪᠥᠷ ᠮᠣᠩᠭᠤᠯ ᠣᠷᠣᠨ ᠤ ᠲᠥᠬᠦᠭᠡᠷᠦᠮᠵᠢᠲᠦ ᠲᠠᠷᠢᠶᠠᠯᠠᠩ ᠤᠨ ᠳᠣᠣᠷ᠎ᠠ ᠳᠤᠯᠠᠭᠠᠨ ᠬᠦᠢᠲᠡᠨ ᠤ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠠᠰ ᠤᠨ ᠲᠠᠷᠬᠠᠯᠲᠠ ᠶᠢᠨ ᠵᠢᠷᠤᠭ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号