ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠪᠠᠨ ᠲᠢᠩᠬᠢᠮ ᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠣᠶᠤᠨᠲᠤ ᠲᠠᠷᠢᠶᠠᠯᠠᠩ ᠤᠨ ᠮᠡᠷᠭᠡᠵᠢᠯ ᠤᠨ ᠲᠣᠨᠣᠭᠯᠠᠯ ᠤᠨ ᠶᠠᠰᠤ ᠴᠢᠨᠠᠷ ᠢ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠲᠥᠪ ᠢ ᠦᠨᠡᠯᠡᠨ ᠵᠢᠱᠢᠵᠦ ᠰᠢᠯᠢᠨ ᠰᠣᠩᠭᠤᠬᠤ ᠠᠵᠢᠯ ᠢ ᠥᠷᠨᠢᠭᠦᠯᠬᠦ ᠲᠤᠬᠠᠢ ᠳᠠᠮᠵᠢᠭᠤᠯᠤᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2025/2/28
ᠬᠤᠯᠪᠣᠭᠳᠠᠯ ᠪᠦᠬᠦᠢ ᠨᠢᠭᠡᠴᠡ ᠳᠤ᠄      ︽ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠪᠠᠨ ᠲᠢᠩᠬᠢᠮ ᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠣᠶᠤᠨᠲᠤ ᠲᠠᠷᠢᠶᠠᠯᠠᠩ ᠤᠨ ᠮᠡᠷᠭᠡᠵᠢᠯ ᠤᠨ ᠲᠣᠨᠣᠭᠯᠠᠯ ᠤᠨ ᠶᠠᠰᠤ ᠴᠢᠨᠠᠷ ᠢ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠲᠥᠪ ᠢ ᠦᠨᠡᠯᠡᠨ ᠵᠢᠱᠢᠵᠦ ᠰᠢᠯᠢᠨ ᠰᠣᠩᠭᠤᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︵ᠲᠠᠷᠢᠶᠠᠯᠠᠩ ᠠᠯᠪᠠᠨ ᠲᠢᠩᠬᠢᠮ ﹇2025﹈ 5 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠰᠢᠯᠢᠳᠡᠭ ᠢ ᠰᠣᠩᠭᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠣᠶᠤᠨᠲᠤ ᠲᠠᠷᠢᠶᠠᠯᠠᠩ ᠤᠨ ᠮᠡᠷᠭᠡᠵᠢᠯ ᠤᠨ ᠲᠣᠨᠣᠭᠯᠠᠯ ᠤᠨ ᠶᠠᠰᠤ ᠴᠢᠨᠠᠷ ᠢ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠲᠥᠪ ᠢ ᠰᠢᠯᠢᠨ ᠰᠣᠩᠭᠤᠬᠤ ᠪᠠᠷ ᠪᠣᠶ᠂ ᠬᠠᠮᠢᠶ᠎ᠠ ᠪᠦᠬᠦᠢ ᠪᠠᠶᠢᠭᠤᠯᠤᠮᠵᠢ ᠢᠳᠡᠪᠬᠢᠲᠡᠢ ᠪᠠᠷ ᠮᠡᠳᠡᠭᠦᠯᠦᠭᠡᠷᠡᠢ᠂ ᠪᠣᠳᠠᠲᠠᠢ ᠱᠠᠭᠠᠷᠳᠠᠯᠭ᠎ᠠ ᠨᠢ ᠳᠣᠣᠷᠠᠬᠢ ᠮᠡᠲᠦ᠄      ᠨᠢᠭᠡ᠂ ᠰᠢᠯᠢᠨ ᠰᠣᠩᠭᠤᠬᠤ ᠬᠦᠷᠢᠶ᠎ᠡ ᠬᠡᠪᠴᠢᠶ᠎ᠡ᠃ ᠲᠣᠰ ᠤᠳᠠᠭ᠎ᠠ ᠶᠢᠨ ᠰᠢᠯᠢᠨ ᠰᠣᠩᠭᠤᠬᠤ ᠬᠡᠪᠴᠢᠶ᠎ᠡ ᠨᠢ ᠭᠤᠣᠯᠳᠠᠭᠤ ᠣᠶᠤᠨᠲᠤ ᠲᠠᠷᠢᠶᠠᠯᠠᠩ ᠤᠨ ᠪᠦᠬᠦᠯᠢ ᠮᠠᠰᠢᠨ ᠤ ᠲᠣᠨᠣᠭᠯᠠᠯ᠂ ᠵᠠᠩᠭᠢᠯᠠᠭ᠎ᠠ ᠶᠢᠨ ᠰᠡᠯᠪᠢᠭ ᠲᠣᠨᠤᠭ᠂ ᠵᠥᠭᠡᠯᠡᠨ ᠲᠣᠨᠤᠭ ᠤᠨ ᠦᠢᠯᠡᠳᠬᠦᠨ ᠵᠡᠷᠭᠡ ᠮᠡᠷᠭᠡᠵᠢᠯ ᠤᠨ ᠲᠣᠨᠣᠭᠯᠠᠯ ᠤᠨ ᠬᠦᠷᠢᠶᠡᠨ ᠳᠠᠬᠢ ᠪᠠᠶᠢᠴᠠᠭᠠᠨ ᠰᠢᠯᠭᠠᠬᠤ ᠪᠠᠶᠢᠭᠤᠯᠤᠮᠵᠢ ᠪᠣᠯᠣᠨ᠎ᠠ᠂ ᠪᠠᠶᠢᠴᠠᠭᠠᠨ ᠰᠢᠯᠭᠠᠬᠤ ᠠᠭᠤᠯᠭ᠎ᠠ ᠳᠤ ᠲᠠᠷᠢᠶᠠᠯᠠᠩ ᠤᠨ ᠨᠦᠯᠦᠭᠡᠯᠡᠬᠦᠷ ᠪᠠ ᠲᠤᠰᠬᠠᠢ ᠬᠡᠷᠡᠭᠯᠡᠬᠦ ᠴᠠᠬᠢᠮ᠂ ᠲᠠᠷᠢᠶᠠᠯᠠᠩ ᠤᠨ ᠮᠠᠰᠢᠨ ᠬᠥᠮᠥᠨ᠂ ᠣᠶᠤᠨᠲᠤ ᠲᠠᠷᠢᠶᠠᠯᠠᠩ ᠤᠨ ᠮᠠᠰᠢᠨ ᠤ ᠲᠣᠨᠣᠭᠯᠠᠯ᠂ ᠣᠶᠤᠨᠲᠤ ᠦᠵᠦᠭᠦᠷ᠂ ᠲᠠᠷᠢᠶᠠᠯᠠᠩ ᠤᠨ ᠵᠥᠭᠡᠯᠡᠨ ᠲᠣᠨᠤᠭ ᠤᠨ ᠵᠠᠭᠪᠤᠷ ᠵᠡᠷᠭᠡ ᠶᠢ ᠪᠠᠭᠲᠠᠭᠠᠬᠤ ᠪᠣᠯᠪᠠᠴᠤ ᠬᠢᠵᠠᠭᠠᠷᠯᠠᠬᠤᠦᠭᠡᠢ᠃       ᠬᠤᠶᠠᠷ᠂ ᠢᠳᠡᠪᠬᠢᠲᠡᠢ ᠪᠠᠷ ᠮᠡᠳᠡᠭᠦᠯᠬᠦ ᠬᠡᠷᠡᠭᠲᠡᠢ᠃ ᠲᠣᠰ ᠤᠳᠠᠭ᠎ᠠ ᠨᠥᠬᠦᠴᠡᠯ ᠳᠤ ᠨᠡᠶᠢᠴᠡᠬᠦ ᠪᠠᠶᠢᠴᠠᠭᠠᠨ ᠰᠢᠯᠭᠠᠬᠤ ᠪᠠᠶᠢᠭᠤᠯᠤᠮᠵᠢ ᠶᠢ ᠰᠢᠯᠢᠨ ᠰᠣᠩᠭᠤᠬᠤ ᠳᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠵᠢᠷᠤᠮ ᠶᠣᠰᠣᠭᠠᠷ ᠪᠢᠴᠢᠭ ᠮᠠᠲ᠋ᠧᠷᠢᠶᠠᠯ ᠪᠠᠭᠤᠯᠭᠠᠵᠤ ᠨᠡᠷᠡᠶᠢᠳᠬᠦ ᠶᠢᠨ ᠬᠠᠮᠲᠤ ᠨᠡᠶᠢᠲᠡᠯᠡᠵᠦ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠶᠠᠰᠤ ᠴᠢᠨᠠᠷ ᠢ ᠪᠠᠶᠢᠴᠠᠭᠠᠨ ᠰᠢᠯᠭᠠᠬᠤ ᠲᠥᠪ ᠤᠨ ᠪᠠᠶᠢᠴᠠᠭᠠᠨ ᠰᠢᠯᠭᠠᠬᠤ ᠲᠤᠬᠠᠶᠢᠯᠠᠭᠰᠠᠨ ᠠᠵᠢᠯ ᠤᠨ ᠲᠤᠰᠬᠠᠢ ᠲᠠᠮᠠᠭ᠎ᠠ ᠶᠢ ᠬᠡᠷᠡᠭᠯᠡᠬᠦ ᠶᠢ ᠵᠥᠪᠰᠢᠶᠡᠷᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠭᠤᠶᠤᠴᠢᠯᠠᠨ ᠮᠡᠳᠡᠭᠦᠯᠬᠦ ᠶᠢ ᠢᠳᠡᠪᠬᠢᠲᠡᠢ ᠲᠠᠨᠢᠯᠴᠠᠭᠤᠯᠬᠤ ᠶᠢᠨ ᠬᠠᠮᠲᠤ ᠭᠤᠶᠤᠴᠢᠯᠠᠨ ᠮᠡᠳᠡᠭᠦᠯᠬᠦ ᠨᠥᠬᠦᠴᠡᠯ ᠶᠣᠰᠣᠭᠠᠷ ᠬᠢᠨᠠᠨ ᠬᠠᠷᠭᠤᠭᠤᠯᠬᠤ ᠠᠵᠢᠯ ᠢ ᠰᠠᠶᠢᠲᠤᠷ ᠬᠢᠬᠦ ᠶᠢ ᠬᠦᠰᠡᠵᠦ ᠪᠠᠶᠢᠨ᠎ᠠ᠃       ᠭᠤᠷᠪᠠ᠂ ᠮᠡᠳᠡᠭᠦᠯᠬᠦ ᠱᠠᠭᠠᠷᠳᠠᠯᠭ᠎ᠠ᠃ ᠮᠡᠳᠡᠭᠦᠯᠬᠦ ᠨᠢᠭᠡᠴᠡ ᠱᠠᠭᠠᠷᠳᠠᠯᠭ᠎ᠠ ᠶᠣᠰᠣᠭᠠᠷ ᠭᠤᠶᠤᠴᠢᠯᠠᠯ ᠤᠨ ᠪᠢᠴᠢᠭ ᠢ ᠲᠠᠭᠯᠠᠬᠤ ᠶᠢᠨ ᠬᠠᠮᠲᠤ ᠭᠤᠶᠤᠴᠢᠯᠠᠭᠰᠠᠨ ᠨᠢᠭᠡᠴᠡ ᠪᠣᠯᠣᠨ ᠳᠡᠭᠡᠳᠦ ᠱᠠᠲᠤᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠠᠯᠪᠠᠨ ᠲᠠᠮᠠᠭ᠎ᠠ ᠶᠢ ᠳᠠᠷᠤᠵᠤ᠂ ᠪᠤᠳᠤᠭᠲᠤ ᠡᠯᠧᠺᠲᠷᠣᠨ ᠬᠡᠪᠯᠡᠯ ᠢ PDF ᠬᠡᠯᠪᠡᠷᠢ ᠪᠣᠯᠭᠠᠨ ᠰᠢᠷᠪᠢᠭᠡᠳ ᠢᠮᠧᠯ nmgnmtjgc@163.com  ᠲᠤ ᠶᠠᠪᠤᠭᠤᠯᠤᠭᠠᠷᠠᠢ᠃ ᠨᠡᠷ᠎ᠡ ᠮᠡᠳᠡᠭᠦᠯᠬᠦ ᠴᠠᠭ ᠨᠢ 2025 ᠣᠨ ᠤ 3 ᠰᠠᠷ᠎ᠠ ᠶᠢᠨ 5 ᠤ ᠡᠳᠦᠷ ᠳᠠᠭᠤᠰᠤᠨ᠎ᠠ᠂ ᠬᠤᠭᠤᠴᠠᠭ᠎ᠠ ᠥᠩᠭᠡᠷᠡᠪᠡᠯ ᠳᠠᠭᠢᠵᠤ ᠭᠥᠯᠢᠶᠡᠨ ᠠᠪᠴᠤ ᠰᠢᠢᠳᠪᠦᠷᠢᠯᠡᠬᠦ ᠦᠭᠡᠢ᠃       ᠬᠠᠷᠢᠯᠴᠠᠬᠤ ᠬᠥᠮᠥᠨ᠄ ᠬᠤᠤ ᡁᠢ ᠴᠢᠶᠠᠩ᠂ ᠬᠠᠷᠢᠯᠴᠠᠬᠤ ᠤᠲᠠᠰᠤ᠄ 0471—6652121      ᠳᠠᠭᠠᠯᠳᠤᠭᠤᠯᠤᠯ᠄ 1. ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠪᠦᠲᠦᠭᠡᠭᠳᠡᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠲᠥᠪ ᠤᠨ ᠦᠨᠡᠯᠡᠨ ᠵᠢᠱᠢᠵᠦ ᠰᠢᠯᠢᠨ ᠰᠣᠩᠭᠤᠬᠤ ᠭᠤᠶᠤᠴᠢᠯᠠᠯ ᠤᠨ ᠪᠢᠴᠢᠭ᠃       2. ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠪᠠᠨ ᠲᠢᠩᠬᠢᠮ ᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠣᠶᠤᠨᠲᠤ ᠲᠠᠷᠢᠶᠠᠯᠠᠩ ᠤᠨ ᠮᠡᠷᠭᠡᠵᠢᠯ ᠤᠨ ᠲᠣᠨᠣᠭᠯᠠᠯ ᠤᠨ ᠶᠠᠰᠤ ᠴᠢᠨᠠᠷ ᠢ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠲᠥᠪ ᠢ ᠦᠨᠡᠯᠡᠨ ᠵᠢᠱᠢᠵᠦ ᠰᠢᠯᠢᠨ ᠰᠣᠩᠭᠤᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ᠃                                                                 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                                ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ                                                  2025 ᠣᠨ ᠤ 2 ᠰᠠᠷ᠎ᠠ ᠶᠢᠨ 28 ᠤ ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号