︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ ᠶᠢᠨ ᠠᠷᠭ᠎ᠠ︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2025/2/28
      ᠨᠢᠭᠡ᠂ ︽ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠵᠤ ᠨᠡᠶᠢᠲᠡᠯᠡᠭᠰᠡᠨ ᠭᠤᠣᠯ ᠠᠬᠤᠢ ᠪᠠᠶᠢᠳᠠᠯ      ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠬᠡᠪᠴᠢᠶ᠎ᠡ ᠶᠡᠭᠡ᠂ ᠲᠥᠷᠥᠯ ᠵᠦᠢᠯ ᠤᠨ ᠲᠤᠭ᠎ᠠ ᠬᠡᠮᠵᠢᠶ᠎ᠡ ᠣᠯᠠᠨ᠂ ᠠᠵᠢᠯ ᠤᠨ ᠬᠡᠯᠬᠢᠶ᠎ᠡ ᠣᠷᠳᠣ᠂ ᠣᠷᠣᠯᠴᠠᠬᠤ ᠭᠤᠣᠯ ᠴᠣᠭᠴᠠ ᠣᠯᠠᠨ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠥᠨᠳᠥᠷ ᠪᠣᠯᠬᠤᠷ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠵᠢᠷᠤᠮᠵᠢᠭᠤᠯᠤᠨ ᠵᠣᠬᠢᠶᠠᠨ ᠪᠠᠶᠢᠭᠤᠯᠬᠤ ᠨᠢ ᠲᠤᠶᠢᠯ ᠤᠨ ᠴᠢᠬᠤᠯᠠ ᠶᠤᠮ᠃ ᠥᠨᠳᠥᠷ ᠪᠠᠷᠢᠮᠵᠢᠶ᠎ᠠ ᠲᠠᠢ ᠲᠠᠷᠢᠶᠠᠨ ᠭᠠᠵᠠᠷ ᠤᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠬᠡᠷᠡᠭᠵᠢᠭᠦᠯᠬᠦ ᠶᠠᠪᠤᠴᠠ ᠳᠤ᠂ ᠤᠴᠢᠷ ᠢ ᠲᠣᠳᠣᠷᠬᠠᠢ ᠲᠣᠭᠲᠠᠭᠠᠭᠰᠠᠨ ᠦᠭᠡᠢ ᠠᠴᠠ ᠪᠣᠯᠵᠤ᠂ ᠬᠡᠰᠡᠭ ᠵᠦᠢᠯ ᠤᠨ ᠬᠠᠷᠠᠯᠲᠠ ᠶᠢᠨ ᠬᠡᠰᠡᠭ ᠤᠨ ᠬᠤᠪᠢᠶᠠᠷᠢᠯᠠᠯ ᠨᠢ ᠬᠡᠲᠦ ᠪᠠᠭ᠎ᠠ᠂ ᠬᠡᠲᠦ ᠣᠯᠠᠨ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠮᠠᠲ᠋ᠧᠷᠢᠶᠠᠯ ᠨᠢ ᠲᠡᠭᠦᠯᠳᠡᠷ ᠪᠤᠰᠤ ᠵᠡᠷᠭᠡ ᠦᠵᠡᠭᠳᠡᠯ ᠭᠠᠷᠴᠤ᠂ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ ᠶᠢᠨ ᠳᠦᠷᠢᠮ ᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠬᠤ ᠨᠢ ᠲᠤᠶᠢᠯ ᠤᠨ ᠴᠢᠬᠤᠯᠠ ᠪᠣᠯᠵᠤ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠨᠢ ᠨᠢᠭᠡᠨᠲᠡ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ ᠶᠢ ᠵᠢᠷᠤᠮᠵᠢᠭᠤᠯᠤᠨ ᠥᠷᠨᠢᠭᠦᠯᠬᠦ ᠶᠢᠨ ᠲᠤᠯᠭᠠᠮ᠎ᠠ ᠬᠡᠷᠡᠭᠴᠡᠭᠡ ᠪᠣᠯᠤᠭᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠬᠤ ᠶᠢᠨ ᠬᠠᠮᠲᠤ ᠬᠤᠶᠠᠷ ᠵᠢᠯ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠪᠠᠶᠢᠴᠠᠭᠠᠨ ᠰᠤᠳᠤᠯᠵᠤ ᠨᠤᠲᠠᠯᠠᠯᠲᠠ ᠬᠢᠬᠦ ᠪᠠᠷ ᠳᠠᠮᠵᠢᠭᠤᠯᠤᠨ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ ᠶᠢᠨ ᠠᠷᠭ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠠᠩᠭᠢᠯᠠᠭ᠎ᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠪᠥᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠲᠤᠳᠬᠠᠪᠠ᠃       ᠬᠤᠶᠠᠷ᠂ ︽ᠬᠠᠮᠢᠶᠠᠷᠤᠯᠲᠠ ᠶᠢᠨ ᠠᠷᠭ᠎ᠠ︾ ᠶᠢᠨ ᠪᠣᠷᠣ ᠲᠥᠯᠥᠪ ᠪᠠ ᠭᠤᠣᠯ ᠠᠭᠤᠯᠭ᠎ᠠ      ︽ᠬᠠᠮᠢᠶᠠᠷᠤᠯᠲᠠ ᠶᠢᠨ ᠠᠷᠭ᠎ᠠ︾  ᠨᠢ ᠲᠣᠪᠴᠢ ᠲᠣᠳᠣᠷᠬᠠᠢ ᠪᠥᠭᠡᠳ ᠨᠡᠶᠢᠳᠡ ᠵᠢᠷᠭᠤᠭᠠᠨ ᠪᠦᠯᠦᠭ ᠬᠤᠷᠢᠨ ᠲᠦᠷᠪᠡᠨ ᠵᠦᠢᠯ ᠲᠠᠢ ᠪᠠᠶᠢᠳᠠᠭ᠃       ᠨᠢᠭᠡᠳᠦᠭᠡᠷ ᠪᠦᠯᠦᠭ ᠶᠡᠷᠦᠩᠬᠡᠢ ᠳᠦᠷᠢᠮ ᠳᠤ᠂ ᠠᠷᠭ᠎ᠠ ᠶᠢ ᠨᠠᠶᠢᠷᠠᠭᠤᠯᠤᠨ ᠵᠣᠬᠢᠶᠠᠬᠤ ᠵᠣᠷᠢᠯᠭ᠎ᠠ ᠶᠢᠨ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠳᠠᠭᠠᠭᠠᠴᠢᠯᠠᠯᠲᠠ ᠵᠠᠷᠯᠠᠬᠤ ᠠᠭᠤᠯᠭ᠎ᠠ᠂ ᠡᠯ᠎ᠡ ᠱᠠᠲᠤᠨ ᠤ ᠡᠭᠦᠷᠭᠡ ᠬᠠᠷᠢᠭᠤᠴᠠᠯᠭ᠎ᠠ ᠵᠡᠷᠭᠡ ᠶᠢ ᠲᠣᠳᠣᠷᠬᠠᠢ ᠲᠣᠭᠲᠠᠭᠠᠪᠠ᠃       ᠬᠤᠶᠠᠳᠤᠭᠠᠷ ᠪᠦᠯᠦᠭ ᠳᠠᠭᠠᠭᠠᠴᠢᠯᠠᠯᠲᠠ ᠵᠠᠷᠯᠠᠬᠤ ᠳᠤ ᠳᠠᠭᠠᠭᠠᠴᠢᠯᠠᠯᠲᠠ ᠵᠠᠷᠯᠠᠭᠴᠢ ᠶᠢᠨ ᠡᠭᠦᠷᠭᠡ ᠴᠢᠳᠠᠪᠤᠷᠢ᠂ ᠳᠠᠭᠠᠭᠠᠴᠢᠯᠠᠯᠲᠠ ᠶᠢᠨ ᠬᠡᠰᠡᠭ ᠤᠨ ᠬᠤᠪᠢᠶᠠᠷᠢᠯᠠᠯ᠂ ᠣᠷᠣᠯᠠᠬᠤ ᠪᠠᠶᠢᠭᠤᠯᠤᠮᠵᠢ ᠶᠢᠨ ᠱᠠᠭᠠᠷᠳᠠᠯᠭ᠎ᠠ ᠵᠡᠷᠭᠡ ᠠᠭᠤᠯᠭ᠎ᠠ ᠶᠢ ᠪᠠᠭᠲᠠᠭᠠᠵᠠᠢ᠃       ᠭᠤᠷᠪᠠᠳᠤᠭᠠᠷ ᠪᠦᠯᠦᠭ ᠳᠠᠭᠠᠭᠠᠴᠢᠯᠠᠯᠲᠠ ᠬᠦᠯᠢᠶᠡᠬᠦ  ᠳᠤ ᠳᠠᠭᠠᠭᠠᠴᠢᠯᠠᠯᠲᠠ ᠬᠦᠯᠢᠶᠡᠭᠴᠢ ᠶᠢᠨ ᠬᠢᠷᠢ ᠬᠡᠮ᠂ ᠬᠤᠳᠠᠯ ᠬᠠᠭᠤᠷᠮᠠᠭ ᠢᠶᠠᠷ ᠳᠠᠭᠠᠭᠠᠴᠢᠯᠠᠯᠲᠠ ᠬᠦᠯᠢᠶᠡᠬᠦ ᠶᠢ ᠰᠢᠢᠳᠬᠡᠬᠦ ᠵᠡᠷᠭᠡ ᠠᠭᠤᠯᠭ᠎ᠠ ᠶᠢ ᠪᠠᠭᠲᠠᠭᠠᠵᠠᠢ᠃       ᠳᠥᠷᠪᠡᠳᠦᠭᠡᠷ ᠪᠦᠯᠦᠭ ᠳᠠᠭᠠᠭᠠᠴᠢᠯᠠᠯᠲᠠ ᠨᠡᠶᠢᠲᠡᠯᠡᠬᠦ᠂ ᠳᠠᠭᠠᠭᠠᠴᠢᠯᠠᠯᠲᠠ ᠦᠨᠡᠯᠡᠬᠦ ᠪᠠ ᠳᠠᠭᠠᠭᠠᠴᠢᠯᠠᠯᠲᠠ ᠣᠯᠬᠤ ᠳᠤ ᠬᠢᠨᠠᠯᠲᠠ ᠲᠠᠯᠪᠢᠵᠤ ᠬᠠᠮᠢᠶᠠᠷᠬᠤ᠂ ᠲᠤᠰᠬᠠᠢ ᠮᠡᠷᠭᠡᠵᠢᠯᠲᠡᠨ ᠰᠣᠩᠭᠤᠨ ᠠᠪᠬᠤ᠂ ᠳᠠᠭᠠᠭᠠᠴᠢᠯᠠᠯᠲᠠ ᠦᠨᠡᠯᠡᠬᠦ ᠱᠠᠭᠠᠷᠳᠠᠯᠭ᠎ᠠ᠂ ᠭᠡᠷ᠎ᠡ ᠲᠣᠭᠲᠠᠭᠠᠬᠤ᠂ ᠳᠠᠭᠠᠭᠠᠴᠢᠯᠠᠯᠲᠠ ᠣᠯᠬᠤ ᠶᠢ ᠬᠠᠮᠢᠶᠠᠷᠬᠤ᠂ ᠣᠷᠣᠯᠠᠬᠤ ᠡᠭᠦᠷᠭᠡ ᠴᠢᠳᠠᠪᠤᠷᠢ ᠪᠠ ᠲᠣᠭᠲᠠᠭᠠᠯ ᠢ ᠵᠦᠷᠢᠴᠡᠭᠰᠡᠳ ᠢ ᠰᠢᠢᠳᠬᠡᠬᠦ ᠵᠡᠷᠭᠡ ᠲᠠᠯ᠎ᠠ ᠪᠠᠷ ᠵᠢᠷᠤᠮᠵᠢᠭᠤᠯᠤᠭᠰᠠᠨ ᠪᠠᠶᠢᠨ᠎ᠠ᠃       ᠲᠠᠪᠤᠳᠤᠭᠠᠷ ᠪᠦᠯᠦᠭ ᠬᠢᠨᠠᠯᠲᠠ ᠬᠠᠮᠢᠶᠠᠷᠤᠯᠲᠠ ᠳᠤ ᠬᠢᠨᠠᠯᠲᠠ ᠲᠠᠯᠪᠢᠬᠤ ᠱᠠᠭᠠᠷᠳᠠᠯᠭ᠎ᠠ᠂ ᠬᠠᠮᠲᠤᠷᠠᠨ ᠬᠠᠤᠯᠢ ᠬᠡᠷᠡᠭᠵᠢᠭᠦᠯᠬᠦ᠂ ᠳᠠᠭᠠᠭᠠᠴᠢᠯᠠᠯᠲᠠ ᠶᠢᠨ ᠳᠠᠷᠠᠭᠠᠬᠢ ᠬᠠᠮᠢᠶᠠᠷᠤᠯᠲᠠ ᠵᠡᠷᠭᠡ ᠠᠭᠤᠯᠭ᠎ᠠ ᠶᠢ ᠪᠠᠭᠲᠠᠭᠠᠵᠠᠢ᠃       ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ ᠳᠤ ᠬᠡᠷᠡᠭᠵᠢᠭᠦᠯᠬᠦ ᠴᠠᠭ ᠬᠤᠭᠤᠴᠠᠭ᠎ᠠ ᠪᠠ ᠲᠠᠶᠢᠯᠪᠤᠷᠢᠯᠠᠬᠤ ᠡᠷᠬᠡ ᠶᠢᠨ ᠬᠡᠪᠴᠢᠶ᠎ᠡ ᠶᠢ ᠲᠣᠭᠲᠠᠭᠠᠪᠠ᠃       ᠭᠤᠷᠪᠠ᠂ ︽ᠬᠠᠮᠢᠶᠠᠷᠤᠯᠲᠠ ᠶᠢᠨ ᠠᠷᠭ᠎ᠠ︾ ᠶᠢᠨ ᠭᠤᠣᠯ ᠦᠢᠯᠡᠳᠦᠯ ᠪᠠ ᠣᠨᠴᠠᠯᠢᠭ      ︵ᠨᠢᠭᠡ︶ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠠᠪᠤᠴᠠ ᠳᠠᠬᠢ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ  ᠤ ᠭᠤᠣᠯᠴᠢᠯᠠᠨ ᠬᠠᠮᠢᠶᠠᠷᠬᠤ ᠡᠭᠦᠷᠭᠡ ᠪᠣᠯᠣᠨ ᠡᠭᠦᠷᠭᠡ ᠬᠠᠷᠢᠭᠤᠴᠠᠯᠭ᠎ᠠ ᠶᠢᠨ ᠲᠤᠬᠠᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠴᠠᠭ ᠪᠠᠴᠢᠮ᠂ ᠡᠭᠦᠷᠭᠡ ᠬᠦᠨᠳᠦ᠂ ᠪᠡᠯᠡ ᠮᠥᠩᠭᠦ ᠶᠢᠨ ᠬᠡᠮᠵᠢᠶ᠎ᠡ ᠶᠡᠭᠡ᠂ ᠬᠤᠯᠪᠣᠭᠳᠠᠬᠤ ᠭᠤᠣᠯ ᠴᠣᠭᠴᠠ ᠣᠯᠠᠨ ᠪᠣᠯᠬᠤᠷ ᠬᠠᠷᠢᠭᠤᠴᠠᠯᠭ᠎ᠠ ᠡᠷᠬᠡ ᠲᠣᠳᠣᠷᠬᠠᠢ᠂ ᠲᠠᠰ ᠳᠠᠷᠠᠭᠠᠯᠠᠯ ᠳᠥᠭᠦᠮ ᠳᠥᠲᠡ᠂ ᠬᠡᠷᠡᠭᠵᠢᠭᠦᠯᠬᠦ ᠴᠢᠨᠠᠷ ᠢᠶᠠᠷ ᠴᠢᠩᠭ᠎ᠠ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠲᠠᠰ ᠳᠠᠷᠠᠭᠠᠯᠠᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠤᠯᠠᠮ ᠨᠢᠭᠡ ᠠᠯᠬᠤᠮ ᠲᠣᠭᠲᠠᠭᠠᠵᠤ᠂ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ ᠶᠢᠨ ᠠᠵᠢᠯᠯᠠᠭᠠᠨ ᠤ ᠲᠠᠰ ᠳᠠᠷᠠᠭᠠᠯᠠᠯ᠂ ᠬᠠᠮᠢᠶᠠᠷᠤᠨ ᠡᠵᠡᠮᠳᠡᠬᠦ ᠭᠤᠭᠴᠤᠭ᠎ᠠ᠂ ᠵᠢᠷᠤᠮᠵᠢᠯ ᠤᠨ ᠴᠢᠨᠠᠷᠲᠠᠢ ᠱᠠᠭᠠᠷᠳᠠᠯᠭ᠎ᠠ ᠶᠢ ᠲᠣᠳᠣᠷᠬᠠᠶᠢᠯᠠᠬᠤ ᠴᠢᠬᠤᠯᠠᠲᠠᠢ ᠪᠠᠶᠢᠨ᠎ᠠ᠃ ︽ᠬᠠᠮᠢᠶᠠᠷᠤᠯᠲᠠ ᠶᠢᠨ ᠠᠷᠭ᠎ᠠ︾ ᠳᠤ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠠᠪᠤᠴᠠ ᠳᠠᠬᠢ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠡᠭᠦᠷᠭᠡ ᠬᠠᠷᠢᠭᠤᠴᠠᠯᠭ᠎ᠠ ︵ᠲᠠᠪᠤᠳᠤᠭᠠᠷ᠂ ᠬᠤᠷᠢᠳᠤᠭᠠᠷ᠂ ᠬᠤᠷᠢᠨ ᠨᠢᠭᠡᠳᠦᠭᠡᠷ ᠵᠦᠢᠯ︶ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠳᠠᠭᠠᠭᠠᠴᠢᠯᠠᠯᠲᠠ ᠵᠠᠷᠯᠠᠭᠴᠢ ︵ᠵᠢᠷᠭᠤᠳᠤᠭᠠᠷ᠂ ᠳᠣᠯᠣᠳᠤᠭᠠᠷ᠂ ᠠᠷᠪᠠᠨ ᠭᠤᠷᠪᠠᠳᠤᠭᠠᠷ ᠵᠦᠢᠯ︶᠂ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ︵ᠨᠠᠢᠮᠠᠳᠤᠭᠠᠷ᠂ ᠠᠷᠪᠠᠨ ᠳᠣᠯᠣᠳᠤᠭᠠᠷ ᠵᠦᠢᠯ︶᠂ ᠳᠠᠭᠠᠭᠠᠴᠢᠯᠠᠯᠲᠠ ᠬᠦᠯᠢᠶᠡᠭᠴᠢ ︵ᠶᠢᠰᠦᠳᠦᠭᠡᠷ᠂ ᠠᠷᠪᠠᠨ ᠨᠢᠭᠡᠳᠦᠭᠡᠷ ᠵᠦᠢᠯ︶᠂ ᠳᠠᠭᠠᠭᠠᠴᠢᠯᠠᠯᠲᠠ ᠦᠨᠡᠯᠡᠬᠦ ᠲᠤᠰᠬᠠᠢ ᠮᠡᠷᠭᠡᠵᠢᠯᠲᠡᠨ ︵ᠠᠷᠪᠠᠨ ᠳᠥᠷᠪᠡᠳᠦᠭᠡᠷ ᠵᠦᠢᠯ︶᠂ ᠳᠠᠭᠠᠭᠠᠴᠢᠯᠠᠯᠲᠠ ᠣᠯᠣᠭᠴᠢ ︵ᠠᠷᠪᠠᠨ ᠲᠠᠪᠤᠳᠤᠭᠠᠷ᠂ ᠠᠷᠪᠠᠨ ᠵᠢᠷᠭᠤᠳᠤᠭᠠᠷ ᠵᠦᠢᠯ︶ ᠶᠢᠨ ᠲᠣᠰ ᠲᠣᠰ ᠤᠨ ᠱᠠᠭᠠᠷᠳᠠᠯᠭ᠎ᠠ ᠪᠠ ᠡᠭᠦᠷᠭᠡᠯᠡᠬᠦ ᠬᠠᠷᠢᠭᠤᠴᠠᠯᠭ᠎ᠠ ᠶᠢ ᠨᠠᠷᠢᠯᠢᠭᠵᠢᠭᠤᠯᠪᠠ᠃       ︵ᠬᠤᠶᠠᠷ︶ ᠲᠥᠷᠥᠯ ᠵᠦᠢᠯ ᠤᠨ ᠬᠠᠷᠠᠯᠲᠠ ᠶᠢᠨ ᠬᠡᠰᠡᠭ ᠤᠨ ᠬᠤᠪᠢᠶᠠᠷᠢᠯᠠᠯ ᠤᠨ ᠲᠤᠬᠠᠢ᠃ ︽ᠬᠠᠮᠢᠶᠠᠷᠤᠯᠲᠠ ᠶᠢᠨ ᠠᠷᠭ᠎ᠠ︾ ᠳᠤ ᠳᠠᠭᠠᠭᠠᠴᠢᠯᠠᠯᠲᠠ ᠵᠠᠷᠯᠠᠭᠴᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠦᠴᠦᠨ ᠲᠠᠢ ᠬᠤᠭᠤᠴᠠᠭ᠎ᠠ ᠵᠡᠷᠭᠡ ᠣᠨᠴᠣᠭᠤᠢ ᠴᠢᠨᠠᠷ ᠢ ᠦᠨᠳᠦᠰᠦᠯᠡᠨ ᠳᠠᠭᠠᠭᠠᠴᠢᠯᠠᠯᠲᠠ ᠶᠢᠨ ᠬᠡᠰᠡᠭ ᠢ ᠵᠦᠢ ᠵᠣᠬᠢᠰᠲᠠᠢ ᠬᠤᠪᠢᠶᠠᠷᠢᠯᠠᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠭᠲᠠᠭᠠᠵᠤ᠂ ᠶᠠᠰᠤ ᠴᠢᠨᠠᠷ᠂ ᠠᠮᠤᠷ ᠲᠦᠪᠰᠢᠨ ᠵᠡᠷᠭᠡ ᠬᠠᠷᠠᠯᠲᠠ ᠶᠢᠨ ᠱᠠᠭᠠᠷᠳᠠᠯᠭ᠎ᠠ ︵ᠳᠣᠯᠣᠳᠤᠭᠠᠷ ᠵᠦᠢᠯ︶ ᠶᠢ ᠳᠤᠷᠠᠳᠴᠤ᠂ ᠳᠠᠭᠠᠭᠠᠴᠢᠯᠠᠯᠲᠠ ᠶᠢᠨ ᠬᠡᠰᠡᠭ ᠢ ᠬᠤᠪᠢᠶᠠᠷᠢᠯᠠᠬᠤ ᠪᠠ ᠪᠠᠶᠢᠷᠢᠯᠠᠭᠤᠯᠬᠤ ᠱᠠᠭᠠᠷᠳᠠᠯᠭ᠎ᠠ ᠶᠢ ᠲᠣᠳᠣᠷᠬᠠᠶᠢᠯᠠᠵᠤ᠂ ᠢᠯᠠᠩᠭᠤᠶ᠎ᠠ ᠮᠠᠨ ᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠵᠠᠷᠴᠢᠮ ᠳᠡᠭᠡᠷ᠎ᠡ ᠪᠠᠨ ᠪᠠᠷᠢᠯᠭ᠎ᠠ ᠶᠢᠨ ᠳᠠᠭᠠᠭᠠᠴᠢᠯᠠᠯᠲᠠ ᠶᠢᠨ ᠬᠡᠰᠡᠭ ᠤᠨ ᠲᠠᠯᠠᠪᠠᠶ ᠶᠢ 10000 ᠮᠦ ᠠᠴᠠ ᠳᠣᠣᠷ᠎ᠠ ᠪᠠᠶᠢᠯᠭᠠᠬᠤ ᠦᠭᠡᠢ ᠪᠠᠶᠢᠬᠤ ᠶᠢ ᠳᠤᠷᠠᠳᠴᠤ᠂ ᠳᠠᠭᠠᠭᠠᠴᠢᠯᠠᠯᠲᠠ ᠶᠢᠨ ᠬᠡᠰᠡᠭ ᠤᠨ ᠬᠤᠪᠢᠶᠠᠷᠢᠯᠠᠯ ᠬᠡᠲᠦ ᠪᠠᠭ᠎ᠠ᠂ ᠬᠡᠲᠦ ᠣᠯᠠᠨ ᠦᠵᠡᠭᠳᠡᠯ ᠠᠴᠠ ᠵᠠᠶᠢᠯᠠᠰᠬᠢᠨ᠎ᠡ᠃       ︵ᠭᠤᠷᠪᠠ︶ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠳᠤ ᠣᠷᠣᠯᠴᠠᠬᠤ ᠳᠤ ᠣᠷᠣᠯᠴᠠᠭᠰᠠᠨ ᠨᠢᠭᠡᠴᠢ ᠶᠢᠨ ᠬᠠᠮᠢᠶᠠᠷᠤᠯᠲᠠ ᠶᠢᠨ ᠲᠤᠬᠠᠢ᠃ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠳᠤ ᠣᠷᠣᠯᠴᠠᠬᠤ ᠨᠢᠭᠡᠴᠡ ᠶᠢᠨ ᠬᠠᠮᠢᠶᠠᠷᠤᠯᠲᠠ ᠶᠢ ᠰᠠᠶᠢᠲᠤᠷ ᠠᠳᠬᠤᠬᠤ ᠪᠣᠯ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠬᠠᠮᠢᠶᠠᠷᠤᠯᠲᠠ ᠶᠢᠨ ᠵᠠᠩᠭᠢᠯᠠᠭ᠎ᠠ ᠪᠣᠯᠣᠨ᠎ᠠ᠂ ︽ᠬᠠᠮᠢᠶᠠᠷᠤᠯᠲᠠ ᠶᠢᠨ ᠠᠷᠭ᠎ᠠ︾ ᠳᠤ ᠳᠠᠭᠠᠭᠠᠴᠢᠯᠠᠯᠲᠠ ᠵᠠᠷᠯᠠᠭᠴᠢ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠳᠤ ᠣᠷᠣᠯᠴᠠᠭᠰᠠᠨ ᠨᠢᠭᠡᠴᠡ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠣᠷᠣᠯᠠᠨ ᠭᠦᠢᠴᠡᠳᠬᠡᠬᠦ ᠪᠠᠶᠢᠭᠤᠯᠤᠮᠵᠢ᠂ ᠳᠠᠭᠠᠭᠠᠴᠢᠯᠠᠯᠲᠠ ᠦᠨᠡᠯᠡᠬᠦ ᠲᠤᠰᠬᠠᠢ ᠮᠡᠷᠭᠡᠵᠢᠯᠲᠡᠨ᠂ ᠳᠠᠭᠠᠭᠠᠴᠢᠯᠠᠯᠲᠠ ᠬᠦᠯᠢᠶᠡᠭᠴᠢ ᠶᠢᠨ ᠪᠣᠳᠠᠲᠠᠢ ᠱᠠᠭᠠᠷᠳᠠᠯᠭ᠎ᠠ ᠪᠠ ᠪᠠᠶᠢᠭᠤᠯᠬᠤ ᠳᠤ ᠣᠷᠣᠯᠴᠠᠭᠰᠠᠨ ᠨᠢᠭᠡᠴᠡ ᠶᠢᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮ ᠤᠨ ᠬᠡᠷᠡᠭᠯᠡᠯᠲᠡ ᠶᠢᠨ ᠲᠤᠬᠠᠢ ᠲᠣᠭᠲᠠᠭᠠᠯ ᠢ ᠳᠤᠷᠠᠳᠴᠤ᠂ ᠣᠷᠣᠯᠠᠨ ᠭᠦᠢᠴᠡᠳᠬᠡᠬᠦ ᠪᠠᠶᠢᠭᠤᠯᠤᠮᠵᠢ᠂ ᠳᠠᠭᠠᠭᠠᠴᠢᠯᠠᠯᠲᠠ ᠦᠨᠡᠯᠡᠬᠦ ᠲᠤᠰᠬᠠᠢ ᠮᠡᠷᠭᠡᠵᠢᠯᠲᠡᠨ᠂ ᠳᠠᠭᠠᠭᠠᠴᠢᠯᠠᠯᠲᠠ ᠬᠦᠯᠢᠶᠡᠭᠴᠢ ᠵᠡᠷᠭᠡ ᠭᠤᠣᠯ ᠴᠣᠭᠴᠠ ᠶᠢᠨ ᠠᠵᠢᠯᠯᠠᠭ᠎ᠠ ᠶᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ ᠶᠢᠨ ᠵᠠᠩᠭᠢᠯᠠᠭ᠎ᠠ ᠶᠢᠨ ᠭᠤᠭᠴᠤᠭ᠎ᠠ ᠶᠢ ᠵᠢᠷᠤᠮᠵᠢᠭᠤᠯᠵᠤ᠂ ︽ᠬᠠᠮᠢᠶᠠᠷᠤᠯᠲᠠ ᠶᠢᠨ ᠠᠷᠭ᠎ᠠ︾ ᠳᠤ ᠳᠠᠭᠠᠭᠠᠴᠢᠯᠠᠯᠲᠠ ᠦᠨᠡᠯᠡᠬᠦ ᠲᠤᠰᠬᠠᠢ ᠮᠡᠷᠭᠡᠵᠢᠯᠲᠡᠨ ᠤ ᠠᠵᠢᠯᠯᠠᠭ᠎ᠠ ᠪᠠ ᠪᠠᠶᠢᠭᠤᠯᠬᠤ ᠳᠤ ᠣᠷᠣᠯᠴᠠᠭᠰᠠᠨ ᠨᠢᠭᠡᠴᠡ ᠳᠤ ᠲᠣᠳᠣᠷᠬᠠᠢ ᠱᠠᠭᠠᠷᠳᠠᠯᠭ᠎ᠠ ︵ᠠᠷᠪᠠᠨ ᠳᠥᠷᠪᠡᠳᠦᠭᠡᠷ᠂ ᠬᠤᠷᠢᠨ ᠨᠢᠭᠡᠳᠦᠭᠡᠷ ᠵᠦᠢᠯ︶ ᠳᠤᠷᠠᠳᠬᠤ ᠶᠢᠨ ᠬᠠᠮᠲᠤ ᠪᠠᠶᠢᠭᠤᠯᠬᠤ ᠳᠤ ᠣᠷᠣᠯᠴᠠᠭᠰᠠᠨ ᠨᠢᠭᠡᠴᠡ ᠶᠢᠨ ᠢᠲᠡᠭᠡᠮᠵᠢ ᠦᠭᠡᠢ ᠠᠵᠢᠯᠯᠠᠭ᠎ᠠ ᠳᠤ ᠴᠢᠭᠯᠡᠭᠦᠯᠦᠨ ᠪᠣᠳᠠᠲᠠᠢ ᠵᠠᠯᠬᠠᠭᠠᠬᠤ ᠠᠷᠭ᠎ᠠ ᠬᠡᠮᠵᠢᠶ᠎ᠡ ᠳᠤᠷᠠᠳᠪᠠ ︵ᠠᠷᠪᠠᠨ ᠵᠢᠷᠭᠤᠳᠤᠭᠠᠷ᠂ ᠠᠷᠪᠠᠨ ᠳᠣᠯᠣᠳᠤᠭᠠᠷ ᠵᠦᠢᠯ︶᠃       ᠳᠥᠷᠪᠡ᠂ ︽ᠬᠠᠮᠢᠶᠠᠷᠤᠯᠲᠠ ᠶᠢᠨ ᠠᠷᠭ᠎ᠠ︾ ᠶᠢ ᠬᠡᠷᠡᠭᠵᠢᠭᠦᠯᠬᠦ ᠴᠠᠭ ᠬᠤᠭᠤᠴᠠᠭ᠎ᠠ ᠵᠢᠴᠢ ᠲᠤᠭᠤᠰᠢᠯᠠᠭᠤᠯᠬᠤ ᠠᠷᠭ᠎ᠠ ᠬᠡᠮᠵᠢᠶ᠎ᠡ      ︽ᠬᠠᠮᠢᠶᠠᠷᠤᠯᠲᠠ ᠶᠢᠨ ᠠᠷᠭ᠎ᠠ︾ ᠶᠢ 2025 ᠣᠨ ᠤ 2 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃       ︽ᠬᠠᠮᠢᠶᠠᠷᠤᠯᠲᠠ ᠶᠢᠨ ᠠᠷᠭ᠎ᠠ︾ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠢᠳᠡ ᠳᠣᠣᠷᠠᠬᠢ ᠠᠷᠭ᠎ᠠ ᠬᠡᠮᠵᠢᠶ᠎ᠡ ᠨᠦᠭᠦᠳ ᠢ ᠠᠪᠴᠤ ︽ᠬᠠᠮᠢᠶᠠᠷᠤᠯᠲᠠ ᠶᠢᠨ ᠠᠷᠭ᠎ᠠ︾ ᠶᠢ ᠤᠬᠠᠭᠤᠯᠤᠨ ᠲᠤᠭᠤᠰᠢᠯᠠᠭᠤᠯᠤᠨ᠎ᠠ᠃ ᠨᠢᠭᠡ ᠳᠤ ︽ᠬᠠᠮᠢᠶᠠᠷᠤᠯᠲᠠ ᠶᠢᠨ ᠠᠷᠭ᠎ᠠ︾ ᠶᠢᠨ ᠤᠬᠠᠭᠤᠯᠭ᠎ᠠ ᠶᠢᠨ ᠠᠵᠢᠯ ᠢ ᠥᠷᠭᠡᠨ ᠳᠡᠯᠭᠡᠷᠡᠩᠭᠦᠢ ᠪᠠᠷ ᠥᠷᠨᠢᠭᠦᠯᠬᠦ ᠬᠡᠷᠡᠭᠲᠡᠢ᠃ ᠮᠡᠳᠡᠭᠳᠡᠯ ᠤᠨ ᠪᠢᠴᠢᠭ ᠮᠠᠲ᠋ᠧᠷᠢᠶᠠᠯ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠰᠦᠯᠵᠢᠶ᠎ᠡ᠂ ᠸᠢᠴᠠᠲ ᠵᠡᠷᠭᠡ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ᠂ ︽ᠬᠠᠮᠢᠶᠠᠷᠤᠯᠲᠠ ᠶᠢᠨ ᠠᠷᠭ᠎ᠠ︾ ᠶᠢ ᠥᠷᠭᠡᠨ ᠢᠶᠠᠷ ᠤᠬᠠᠭᠤᠯᠵᠤ᠂ ᠰᠠᠨᠠᠭᠠᠴᠢᠯᠠᠭ᠎ᠠ  ᠠᠴᠠ ᠪᠠᠨ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ᠎ᠠ᠃ ᠬᠤᠶᠠᠷ ᠲᠤ᠂ ︽ᠬᠠᠮᠢᠶᠠᠷᠤᠯᠲᠠ ᠶᠢᠨ ᠠᠷᠭ᠎ᠠ︾ ᠶᠢᠨ ᠪᠣᠯᠪᠠᠰᠤᠷᠠᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ︽ᠬᠠᠮᠢᠶᠠᠷᠤᠯᠲᠠ ᠶᠢᠨ ᠠᠷᠭ᠎ᠠ︾ ᠶᠢᠨ ᠪᠣᠯᠪᠠᠰᠤᠷᠠᠯ ᠤᠨ ᠠᠩᠭᠢ ᠶᠢ ᠡᠷᠭᠢᠯᠡᠵᠦ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯᠲᠠᠨ ᠳᠤ ᠰᠢᠰᠲ᠋ᠧᠮ ᠲᠠᠢ ᠪᠣᠯᠪᠠᠰᠤᠷᠠᠯ ᠬᠢᠵᠦ᠂ ︽ᠬᠠᠮᠢᠶᠠᠷᠤᠯᠲᠠ ᠶᠢᠨ ᠠᠷᠭ᠎ᠠ︾ ᠶᠢᠨ ᠭᠤᠣᠯᠳᠠᠯᠭ᠎ᠠ ᠲᠠᠢ ᠠᠭᠤᠯᠭ᠎ᠠ ᠳᠤ ᠨᠠᠷᠢᠨ ᠲᠠᠶᠢᠯᠤᠮᠵᠢ ᠪᠠ ᠲᠣᠳᠣᠷᠬᠠᠶᠢᠯᠠᠯᠲᠠ ᠬᠢᠵᠦ᠂ ᠬᠠᠮᠢᠶ᠎ᠠ ᠪᠦᠬᠦᠢ ᠠᠵᠢᠯᠲᠠᠨ ᠢ ᠬᠠᠪᠰᠤᠷᠤᠨ ︽ᠬᠠᠮᠢᠶᠠᠷᠤᠯᠲᠠ ᠶᠢᠨ ᠠᠷᠭ᠎ᠠ︾ ᠶᠢᠨ ᠠᠭᠤᠯᠭ᠎ᠠ ᠪᠠ ᠱᠠᠭᠠᠷᠳᠠᠯᠭ᠎ᠠ ᠶᠢ ᠣᠨᠣᠪᠴᠢᠲᠠᠶ ᠣᠶᠢᠯᠠᠭᠠᠨ ᠡᠵᠡᠮᠰᠢᠭᠦᠯᠵᠦ᠂ ︽ᠬᠠᠮᠢᠶᠠᠷᠤᠯᠲᠠ ᠶᠢᠨ ᠠᠷᠭ᠎ᠠ︾ ᠶᠢᠨ ᠤᠷᠤᠭᠰᠢᠲᠠᠢ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠨ᠎ᠠ᠃  
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号