ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ | ︽ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠥᠯᠦᠪᠵᠢᠭᠦᠯᠭᠡ ︵2024— 2027 | ᠣᠨ︶︾ ᠶᠢ ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ | ︽ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠥᠯᠦᠪᠵᠢᠭᠦᠯᠭᠡ ︵2024 - 2027 | ᠣᠨ︶︾ ᠶᠢᠨ ᠭᠤᠣᠯ ᠠᠭᠤᠯᠭ᠎ᠠ ᠨᠢ ᠳᠣᠣᠷᠠᠬᠢ ᠮᠡᠲᠦ᠄ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠣᠯ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠨᠠᠮ ᠪᠣᠯᠣᠨ ᠤᠯᠤᠰ ᠤᠨ ᠠᠵᠢᠯ ᠦᠢᠯᠡᠰ ᠤᠨ ᠪᠦᠭᠦ | ᠲᠠᠯ᠎ᠠ ᠠᠴᠠ ᠪᠣᠳᠣᠯᠬᠢᠯᠠᠵᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠮᠥᠨ᠂ ᠰᠢᠨ᠎ᠡ ᠴᠠᠭ ᠦᠶ᠎ᠡ ᠰᠢᠨ᠎ᠡ | ᠠᠶᠠᠨ ᠳᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠶᠡᠷᠦᠩᠬᠡᠢ ᠭᠠᠷᠳᠠᠴᠠ ᠮᠥᠨ᠃ | ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠦᠲᠦᠮᠵᠢᠲᠡᠶ ᠠᠬᠢᠭᠤᠯᠬᠤ ᠶᠢᠨ | ᠲᠥᠯᠥᠭᠡ᠂ ᠲᠣᠰ ᠲᠥᠯᠦᠪᠵᠢᠭᠦᠯᠭᠡ ᠶᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ | ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠦᠭᠦ ᠲᠠᠯ᠎ᠠ ᠪᠠᠷ | ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ | ᠬᠦᠴᠦᠯᠡᠨ ᠠᠬᠢᠭᠤᠯᠵᠤ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠶᠢ | ᠲᠣᠭᠲᠠᠭᠠᠨ᠂ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠢ | ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠪᠦᠷᠢᠨᠰᠢᠭᠦᠯᠦᠨ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠬᠥᠳᠡᠭᠡ ᠲᠣᠰᠬᠤᠨ ᠤ ᠬᠥᠮᠥᠨ | ᠠᠮᠠ ᠶᠢᠨ ᠬᠡᠪᠴᠢᠶᠡᠵᠢᠯ ᠤᠨ ᠴᠢᠨᠠᠷᠲᠠᠢ ᠳᠠᠭᠢᠨ ᠶᠠᠳᠠᠭᠤᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠪᠠᠷ ᠬᠤᠷᠢᠭ᠎ᠠ | ᠱᠤᠭᠤᠮ ᠪᠤᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠭᠦ᠂ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠭᠦ᠂ ᠬᠥᠳᠡᠭᠡ ᠲᠣᠰᠬᠤᠨ ᠤ ᠵᠠᠰᠠᠯᠲᠠ ᠶᠢᠨ | ᠲᠦᠪᠰᠢᠨ ᠢ ᠳᠡᠭᠡᠭᠰᠢᠯᠡᠭᠦᠯᠭᠦ ᠪᠠᠷ ᠭᠤᠣᠯᠳᠠᠯᠭ᠎ᠠ ᠪᠣᠯᠭᠠᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠪᠠ | ᠥᠭᠡᠷᠡᠴᠢᠯᠡᠯᠲᠡ ᠶᠢᠨ ᠬᠤᠣᠰ ᠬᠥᠳᠡᠯᠭᠡᠭᠦᠷ ᠢ ᠴᠢᠩᠭᠠᠳᠬᠠᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ | ᠬᠡᠮᠵᠢᠶ᠎ᠡ ᠶᠢ ᠴᠢᠩᠭᠠᠳᠬᠠᠨ᠂ ᠬᠥᠳᠡᠭᠡ ᠲᠣᠰᠬᠤᠨ ᠤ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ | ᠪᠠᠶᠢᠭᠤᠯᠤᠯᠲᠠ ︽ᠲᠠᠪᠤ ᠶᠢ ᠬᠥᠭᠵᠢᠭᠦᠯᠦᠨ ᠮᠠᠨᠳᠤᠭᠤᠯᠬᠤ︾ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠠᠵᠤ ᠠᠬᠤᠢ | ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ᠂ ᠬᠥᠳᠡᠭᠡ ᠠᠵᠤ ᠠᠬᠤᠢ ᠶᠢᠨ ᠪᠦᠭᠦ ᠲᠠᠯ᠎ᠠ ᠶᠢᠨ ᠳᠡᠰ | ᠳᠡᠪᠰᠢᠯᠲᠡ᠂ ᠬᠥᠳᠡᠭᠡ ᠲᠣᠰᠬᠤᠨ ᠤ ᠪᠦᠭᠦ ᠲᠠᠯ᠎ᠠ ᠶᠢᠨ ᠳᠠᠪᠰᠢᠯᠲᠠ᠂ ᠲᠠᠷᠢᠶᠠᠴᠢᠳ ᠤᠨ ᠪᠦᠭᠦ ᠲᠠᠯ᠎ᠠ ᠶᠢᠨ ᠬᠥᠭᠵᠢᠯᠲᠡ ᠶᠢ | ᠠᠬᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠲᠤ | ᠴᠢᠩᠭ᠎ᠠ ᠲᠤᠯᠭᠠᠭᠤᠷᠢᠯᠠᠯ ᠬᠠᠩᠭᠠᠬᠤ ᠬᠡᠷᠡᠭᠲᠡᠢ᠃ | ᠠᠵᠢᠯ ᠤᠨ ᠳᠤᠮᠳᠠ ᠪᠠᠨ ᠳᠣᠣᠷᠠᠬᠢ ᠶᠠᠪᠤᠳᠠᠯ ᠢ ᠪᠡᠶᠡᠯᠡᠭᠦᠯᠬᠦ ᠬᠡᠷᠡᠭᠲᠡᠢ᠄ ᠨᠠᠮ ᠤᠨ ︽ᠬᠥᠳᠡᠭᠡ ᠠᠵᠤ ᠠᠬᠤᠢ ᠬᠥᠳᠡᠭᠡ | ᠲᠣᠰᠬᠤᠨ ᠲᠠᠷᠢᠶᠠᠴᠢᠨ︾ ᠤ ᠠᠵᠢᠯ ᠳᠠᠬᠢ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠬᠥᠳᠡᠭᠡ | ᠠᠵᠤ ᠠᠬᠤᠢ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠬᠤᠳᠠ ᠬᠥᠳᠡᠭᠡ ᠶᠢ | ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠲᠠᠷᠢᠶᠠᠴᠢᠳ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ | ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ᠂ ᠲᠦᠷᠦᠯ ᠬᠤᠪᠢᠶᠠᠨ ᠲᠦᠷᠦ ᠶᠢᠨ ᠪᠣᠳᠣᠯᠭ᠎ᠠ | ᠬᠡᠷᠡᠭᠵᠢᠭᠦᠯᠬᠦ ᠶᠢ ᠪᠠᠷᠢᠮᠲᠠᠯᠠᠵᠤ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠪᠠᠷᠢᠮᠲᠠᠯᠠᠵᠤ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠠᠯᠬᠤᠮ ᠲᠠᠷᠠᠭ᠎ᠠ ᠲᠠᠢ ᠪᠠᠷ | ᠤᠷᠤᠭᠰᠢᠯᠠᠵᠤ᠂ ᠴᠤᠴᠠᠯᠲᠠ ᠦᠭᠡᠢ ᠴᠢᠷᠮᠠᠶᠢᠬᠤ ᠶᠢ ᠪᠠᠷᠢᠮᠲᠠᠯᠠᠬᠤ ᠬᠡᠷᠡᠭᠲᠡᠢ᠃ ᠲᠦᠭ ᠲᠦᠮᠡᠨ ᠲᠠᠷᠢᠶᠠᠴᠢᠨ ᠤ ᠢᠳᠡᠪᠬᠢᠵᠢᠯ᠂ | ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠵᠤ᠂ ᠨᠢᠭᠡ ᠨᠢᠭᠡ ᠶᠠᠪᠤᠳᠠᠯ ᠢᠶᠠᠷ ᠬᠢᠵᠦ᠂ ᠨᠢᠭᠡ ᠨᠢᠭᠡ | ᠵᠢᠯ ᠢᠶᠠᠷ ᠬᠢᠵᠦ᠂ ᠪᠠᠭ᠎ᠠ ᠠᠮᠵᠢᠯᠲᠠ ᠶᠢ ᠬᠤᠷᠠᠮᠳᠤᠭᠤᠯᠤᠨ ᠶᠡᠭᠡ ᠠᠮᠵᠢᠯᠲᠠ ᠪᠤᠯᠭᠠᠬᠤ ᠬᠡᠷᠡᠭᠲᠡᠢ᠃ ᠠᠳᠠᠯᠢ ᠪᠤᠰᠤ ᠣᠷᠣᠨ | ᠪᠦᠰᠡ ᠶᠢ ᠨᠢᠭᠡᠳᠦᠯᠲᠡᠢ ᠲᠥᠯᠥᠪᠵᠢᠭᠦᠯᠵᠦ᠂ ᠱᠠᠲᠤᠴᠢ ᠴᠢᠨᠠᠷᠲᠠᠢ ᠭᠤᠣᠯᠳᠠᠯᠭ᠎ᠠ ᠲᠠᠢ ᠡᠭᠦᠷᠭᠡ ᠪᠣᠯᠣᠨ ᠠᠬᠢᠭᠤᠯᠬᠤ ᠴᠠᠭ ᠤᠨ | ᠳᠠᠷᠠᠭᠠᠯᠠᠯ ᠢ ᠵᠣᠬᠢᠰᠲᠠᠢ ᠲᠣᠭᠲᠠᠭᠠᠵᠤ᠂ ᠪᠤᠰᠤᠳᠴᠢ ᠵᠢᠮ᠎ᠡ ᠶᠣᠰᠣ ᠶᠢ ᠭᠦᠨᠳᠦᠳᠭᠡᠵᠦ᠂ ᠬᠥᠭᠵᠢᠯᠲᠡ ᠶᠢᠨ ᠱᠠᠲᠤ | ᠦᠶ᠎ᠡ ᠠᠴᠠ ᠳᠠᠪᠠᠭ᠋ᠤ ᠦᠭᠡᠢ᠂ ᠪᠣᠳᠠᠲᠠᠢ ᠠᠴᠠ ᠰᠠᠯᠤᠩᠭᠢᠷᠠᠬᠤ ᠬᠠᠷᠠᠯᠲᠠ ᠶᠢ ᠳᠤᠷᠠᠳᠬᠤ ᠦᠭᠡᠢ ᠪᠠᠶᠢᠬᠤ ᠭᠡᠷᠡᠭᠲᠡᠢ︔ | ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ᠂ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠪᠣᠯᠣᠨ ᠬᠥᠳᠡᠭᠡ | ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠬᠤᠳᠠ ᠬᠥᠳᠡᠭᠡ ᠶᠢᠨ | ᠵᠥᠷᠢᠶ᠎ᠡ ᠶᠢ ᠪᠠᠭᠠᠰᠬᠠᠵᠤ᠂ ᠬᠤᠳᠠ ᠬᠥᠳᠡᠭᠡ ᠶᠢᠨ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠭᠡᠷᠡᠭᠲᠡᠢ︔ ᠬᠥᠳᠡᠭᠡ | ᠲᠣᠰᠬᠤᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠣᠶᠣᠯ ᠤᠨ | ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠨᠠᠮ ᠤᠨ | ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠥᠳᠡᠭᠡ ᠲᠣᠰᠬᠤᠨ ᠤ ᠪᠦᠭᠦ ᠲᠠᠯ᠎ᠠ ᠶᠢᠨ | ᠳᠡᠭᠡᠭᠰᠢᠯᠡᠯᠲᠡ ᠶᠢ ᠪᠡᠶᠡᠯᠡᠭᠦᠯᠬᠦ ᠬᠡᠷᠡᠭᠲᠡᠢ᠃ | ᠭᠤᠣᠯ ᠬᠠᠷᠠᠯᠲᠠ ᠪᠣᠯ᠄ 2027 ᠣᠨ ᠪᠤᠯᠬᠤ ᠳᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠮᠥᠨ ᠴᠢᠨᠠᠷ ᠤᠨ ᠠᠬᠢᠴᠠ ᠲᠠᠢ ᠪᠤᠯᠭᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ | ᠣᠳᠣᠬᠢᠴᠢᠯᠠᠯᠲᠠ ᠶᠢ ᠰᠢᠨ᠎ᠡ ᠳᠡᠭᠲᠡᠷ ᠲᠤ ᠭᠠᠷᠭᠠᠨ᠎ᠠ᠃ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ | ᠨᠡᠩ ᠪᠠᠬᠢᠵᠢᠭᠦᠯᠵᠦ᠂ ᠬᠥᠳᠡᠭᠡ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠲᠣᠭᠲᠠᠭᠤᠨ ᠢᠶᠠᠷ | ᠳᠡᠭᠡᠭᠰᠢᠯᠡᠭᠦᠯᠵᠦ᠂ ᠳᠤᠮᠳᠠᠳᠤᠴᠤᠳ ᠤᠨ ᠪᠤᠳᠠᠭᠠᠨ ᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠠᠳᠬᠤᠬᠤ ᠶᠢ | ᠪᠠᠲᠤᠯᠠᠨ᠎ᠠ︔ ᠬᠥᠳᠡᠭᠡ ᠲᠣᠰᠬᠤᠨ ᠤ ᠠᠵᠤ ᠦᠢᠯᠡᠰ ᠢ ᠨᠠᠩ ᠢᠯᠡᠭᠦᠦ ᠬᠥᠭᠵᠢᠭᠦᠯᠵᠦ᠂ ᠬᠥᠳᠡᠭᠡ ᠲᠣᠰᠬᠤᠨ ᠤ ᠠᠵᠤ | ᠦᠢᠯᠡᠰ ᠤᠨ ᠪᠦᠭᠦ ᠬᠡᠯᠬᠢᠶ᠎ᠡ ᠶᠢ ᠲᠠᠰ ᠳᠡᠪᠰᠢᠭᠦᠯᠬᠦ ᠶᠢ ᠪᠡᠶᠡᠯᠡᠭᠦᠯᠦᠨ᠎ᠡ︔ ᠬᠥᠳᠡᠭᠡ ᠲᠣᠰᠬᠤᠨ ᠢ ᠨᠡᠩ ᠠᠮᠢ ᠠᠬᠤᠢ ᠶᠢᠨ | ᠣᠷᠣᠰᠢᠨ ᠰᠠᠭᠤᠬᠤ ᠳᠤ ᠲᠣᠬᠢᠷᠠᠮᠵᠢᠲᠠᠢ ᠪᠤᠯᠭᠠᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠢᠯᠡᠳᠲᠡ | ᠰᠠᠶᠢᠵᠢᠷᠠᠭᠤᠯᠤᠨ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢ ᠨᠡᠩ ᠪᠦᠷᠢᠨ ᠲᠡᠭᠦᠯᠳᠡᠷ ᠪᠤᠯᠭᠠᠵᠤ᠂ ᠬᠤᠳᠠ | ᠬᠥᠳᠡᠭᠡ ᠶᠢᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠲᠡᠩᠴᠡᠭᠦᠷᠢᠰᠢᠭᠦᠯᠬᠦ ᠲᠦᠪᠰᠢᠨ ᠢ ᠲᠠᠰᠤᠷᠠᠯᠳᠠ ᠦᠭᠡᠢ | ᠳᠡᠭᠡᠭᠰᠢᠯᠡᠭᠦᠯᠦᠨ᠎ᠡ︔ ᠬᠥᠳᠡᠭᠡ ᠲᠤᠰᠬᠤᠨ ᠤ ᠬᠡᠪ ᠰᠤᠷᠲᠠᠯ ᠪᠣᠯᠪᠠᠰᠤᠨ ᠢ ᠦᠷᠭᠦᠯᠵᠢᠯᠡᠨ ᠳᠡᠭᠡᠭᠰᠢᠯᠡᠭᠦᠯᠵᠦ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠭᠦᠢᠴᠡᠳ ᠤᠯᠠᠮᠵᠢᠯᠠᠨ ᠬᠥᠭᠵᠢᠭᠦᠯᠵᠦ᠂ ᠲᠠᠷᠢᠶᠠᠴᠢᠳ ᠤᠨ | ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ︔ ᠬᠥᠳᠡᠭᠡ ᠲᠣᠰᠬᠤᠨ ᠤ ᠵᠠᠰᠠᠯᠲᠠ ᠶᠢ ᠨᠡᠩ | ᠪᠦᠲᠦᠮᠵᠢᠲᠡᠢ ᠪᠤᠯᠭᠠᠵᠤ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠪᠣᠯᠣᠨ ᠵᠠᠰᠠᠬᠤ ᠴᠢᠳᠠᠪᠤᠷᠢ ᠶᠢᠨ | ᠣᠳᠣᠬᠢᠴᠢᠯᠠᠯᠲᠠ ᠶᠢᠨ ᠲᠦᠪᠰᠢᠨ ᠢ ᠢᠯᠡᠳᠲᠡ ᠳᠡᠭᠡᠭᠰᠢᠯᠡᠭᠦᠯᠦᠨ᠎ᠡ︔ ᠲᠠᠷᠢᠶᠠᠴᠢᠳ ᠤᠨ ᠠᠮᠢᠳᠤᠷᠠᠯ ᠢ ᠨᠡᠩ ᠰᠠᠶᠢᠨ | ᠰᠠᠶᠢᠬᠠᠨ ᠪᠤᠯᠭᠠᠵᠤ᠂ ᠣᠷᠣᠯᠭ᠎ᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠣᠷᠣᠯᠭ᠎ᠠ | ᠪᠠᠭᠠᠲᠠᠢ ᠬᠥᠮᠥᠨ ᠠᠮᠠ ᠪᠠ ᠬᠥᠭᠵᠢᠭᠡᠳᠦᠢ ᠭᠠᠵᠠᠷ ᠣᠷᠣᠨ ᠢ ᠲᠡᠰ ᠳᠠᠪᠬᠤᠷᠭ᠎ᠠ ᠬᠤᠪᠢᠶᠠᠨ ᠲᠦᠷᠦᠯ ᠬᠤᠪᠢᠶᠠᠨ | ᠬᠠᠪᠰᠤᠷᠤᠨ ᠲᠡᠳᠬᠦᠬᠦ ᠳᠦᠷᠢᠮ ᠢ ᠦᠨᠳᠦᠰᠦᠨ ᠳᠡᠭᠡᠨ ᠪᠠᠶᠢᠭᠤᠯᠤᠨ᠎ᠠ᠃ ᠵᠡᠭᠦᠨ ᠬᠡᠰᠡᠭ ᠤᠨ ᠬᠥᠭᠵᠢᠭᠰᠡᠨ ᠭᠠᠵᠠᠷ ᠣᠷᠣᠨ᠂ | ᠳᠤᠮᠳᠠ ᠬᠡᠰᠡᠭ ᠪᠠᠷᠠᠭᠤᠨ ᠬᠡᠰᠡᠭ ᠤᠨ ᠨᠥᠬᠦᠴᠡᠯ ᠪᠦᠷᠢᠳᠦᠭᠰᠡᠨ ᠲᠣᠮᠣ ᠳᠤᠮᠳᠠ ᠬᠤᠳᠠ ᠶᠢᠨ ᠲᠡᠭᠦᠷᠭᠡ ᠶᠢᠨ ᠬᠥᠳᠡᠭᠡ | ᠲᠣᠰᠬᠤᠨ ᠳᠤ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠤᠷᠢᠳ ᠢᠶᠠᠷ ᠦᠨᠳᠦᠰᠦᠨ ᠳᠡᠭᠡᠨ | ᠪᠡᠶᠡᠯᠡᠭᠦᠯᠦᠨ᠎ᠡ᠃ 2035 ᠣᠨ ᠪᠤᠯᠬᠤ ᠳᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠰᠢᠢᠳᠪᠦᠷᠢᠲᠦ ᠴᠢᠨᠠᠷᠲᠠᠢ ᠠᠬᠢᠴᠠ ᠲᠠᠢ ᠪᠤᠯᠭᠠᠵᠤ᠂ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ | ᠪᠡᠶᠡᠯᠡᠭᠦᠯᠵᠦ᠂ ᠬᠥᠳᠡᠭᠡ ᠲᠣᠰᠬᠤᠨ ᠳᠤ ᠤᠳᠤ ᠦᠶ᠎ᠡ ᠶᠢᠨ ᠠᠮᠢᠳᠤᠷᠠᠯ ᠤᠨ ᠨᠥᠬᠦᠴᠡᠯ ᠢ ᠦᠨᠳᠦᠰᠦᠨ ᠳᠡᠭᠡᠨ | ᠪᠦᠷᠢᠯᠳᠦᠭᠦᠯᠦᠨ᠎ᠡ᠃ | ᠬᠤᠶᠠᠷ᠂ ᠬᠤᠲᠠ ᠬᠥᠳᠡᠭᠡ ᠶᠢᠨ ᠬᠥᠭᠵᠢᠯᠲᠡ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠬᠥᠳᠡᠭᠡ ᠲᠣᠰᠬᠤᠨ ᠢ ᠪᠦᠭᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠲᠥᠷᠥᠯ ᠬᠤᠪᠢᠶᠠᠨ ᠡᠮᠬᠢ ᠵᠢᠷᠤᠮ ᠲᠠᠢ ᠪᠠᠷ ᠠᠬᠢᠭᠤᠯᠤᠨ᠎ᠠ | ︵ᠨᠢᠭᠡ︶ ᠬᠤᠲᠠ ᠬᠥᠳᠡᠭᠡ ᠶᠢᠨ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ | ᠰᠢᠯᠢᠳᠡᠭᠵᠢᠭᠦᠯᠦᠨ᠎ᠡ᠃ ᠡᠬᠢ ᠪᠠᠶᠠᠯᠢᠭ ᠣᠷᠴᠢᠨ ᠲᠣᠭᠤᠷᠢᠨ ᠤ ᠳᠠᠭᠠᠭᠠᠴᠠ ᠶᠢᠨ ᠴᠢᠳᠠᠪᠤᠷᠢ ᠪᠠ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠢ ᠶᠢ ᠨᠡᠭᠡᠭᠡᠨ ᠠᠰᠢᠭᠯᠠᠬᠤ ᠲᠣᠬᠢᠷᠠᠮᠵᠢᠲᠠᠢ ᠴᠢᠨᠠᠷ ᠤᠨ ᠦᠨᠡᠯᠡᠯᠲᠡ ᠪᠠᠷ ᠰᠠᠭᠤᠷᠢ ᠪᠤᠯᠭᠠᠵᠤ᠂ | ᠬᠥᠳᠡᠭᠡ ᠠᠵᠤ ᠠᠬᠤᠢ᠂ ᠠᠮᠢ ᠠᠬᠤᠢ ᠪᠠ ᠬᠤᠲᠠ ᠪᠠᠯᠭᠠᠰᠤᠨ ᠤ ᠣᠷᠣᠨ ᠵᠠᠢ ᠶᠢ ᠰᠢᠯᠢᠳᠡᠭᠵᠢᠭᠦᠯᠦᠨ᠎ᠡ᠃ ᠲᠠᠷᠢᠶᠠᠨ ᠭᠠᠵᠠᠷ | ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠪᠠ ᠬᠤᠳᠠ | ᠪᠠᠯᠭᠠᠰᠤᠨ ᠤ ᠨᠡᠭᠡᠭᠡᠨ ᠠᠰᠢᠭᠯᠠᠯᠲᠠ ᠶᠢᠨ ᠵᠠᠭᠠᠭ ᠬᠢᠵᠠᠭᠠᠷ ᠵᠡᠷᠭᠡ ᠭᠤᠣᠯ ᠡᠵᠡᠮᠳᠡᠬᠦ ᠱᠤᠭᠤᠮ ᠢ ᠴᠢᠩᠭ᠎ᠠ ᠰᠠᠬᠢᠵᠤ᠂ | ᠰᠢᠶᠠᠨ ᠤ ᠱᠠᠲᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠰᠢᠨᠵᠢᠯᠡᠬᠦ | ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ ᠬᠡᠷᠡᠭᠵᠢᠭᠦᠯᠦᠨ᠎ᠡ᠃ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ | ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠬᠦ᠂ ᠡᠪᠳᠡᠬᠦ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠡᠷᠡᠰ | ᠴᠡᠭᠴᠡᠯᠡᠨ ᠵᠠᠰᠠᠵᠤ᠂ ᠮᠤᠵᠢ ᠶᠢᠨ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠲᠠᠷᠢᠶᠠᠨ ᠭᠠᠵᠠᠷ ᠢ | ᠬᠠᠮᠠᠭᠠᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ᠡᠮᠬᠢ ᠵᠢᠷᠤᠮ ᠲᠠᠢ ᠪᠠᠷ ᠰᠡᠷᠭᠦᠭᠡᠵᠦ᠂ | ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠶᠢᠨ ᠳᠤᠲᠠᠭᠤᠳᠠᠯ ᠢ ᠠᠯᠬᠤᠮ ᠠᠯᠬᠤᠮ ᠢᠶᠠᠷ ᠭᠦᠢᠴᠡᠳ ᠨᠥᠬᠦᠪᠦᠷᠢᠯᠡᠨ᠎ᠡ᠃ | ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠥᠭᠡᠷᠡᠴᠢᠯᠡᠨ | ᠲᠡᠭᠦᠯᠳᠡᠷᠵᠢᠭᠦᠯᠵᠦ᠂ ᠲᠠᠷᠢᠶᠠᠨ ᠭᠠᠵᠠᠷ ᠤᠨ ᠶᠠᠰᠤ ᠴᠢᠨᠠᠷ ᠢ ᠰᠢᠯᠭᠠᠨ ᠠᠪᠬᠤ ᠲᠣᠭᠲᠠᠴᠠ ᠶᠢ ᠲᠡᠭᠦᠯᠳᠡᠷᠵᠢᠭᠦᠯᠦᠨ | ᠨᠥᠬᠦᠪᠦᠷᠢᠯᠡᠵᠦ᠂ ᠲᠠᠷᠢᠶᠠᠨ ᠭᠠᠵᠠᠷ ᠤᠨ ᠣᠷᠭᠠᠨᠢᠭ ᠪᠣᠳᠠᠰ ᠢ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠵᠦ᠂ ᠲᠠᠷᠢᠶᠠᠨ | ᠭᠠᠵᠠᠷ ᠤᠨ ᠲᠤᠭ᠎ᠠ ᠬᠡᠮᠵᠢᠶ᠎ᠡ ᠪᠠᠲᠤᠯᠠᠭ᠎ᠠ ᠲᠠᠢ᠂ ᠶᠠᠰᠤ ᠴᠢᠨᠠᠷ ᠨᠢ ᠳᠡᠭᠡᠭᠰᠢᠯᠡᠯᠲᠡ ᠲᠠᠢ ᠪᠠᠶᠢᠬᠤ ᠶᠢ ᠦᠨᠡᠨ ᠬᠦ ᠪᠠᠲᠤᠯᠠᠨ᠎ᠠ᠃ | ᠲᠠᠷᠢᠶᠠᠨ ᠭᠠᠵᠠᠷ ᠤᠨ ᠲᠠᠷᠢᠮᠠᠯ ᠲᠠᠷᠢᠬᠤ ᠶᠢ ᠪᠠᠲᠤᠯᠠᠬᠤ ᠦᠨᠳᠦᠰᠦᠨ ᠲᠠᠷᠢᠮᠠᠯ ᠤᠨ ᠬᠠᠮᠢᠶᠠᠷᠤᠯᠲᠠ ᠶᠢᠨ ᠰᠢᠰᠲ᠋ᠧᠮ ᠢ | ᠪᠦᠷᠢᠨᠰᠢᠭᠦᠯᠵᠦ᠂ ᠪᠦᠭᠦ ᠤᠯᠤᠰ ᠤᠨ ᠲᠠᠷᠢᠶᠠᠨ ᠭᠠᠵᠠᠷ ᠤᠨ ᠲᠠᠷᠢᠮᠠᠯ ᠤᠨ ᠬᠡᠷᠡᠭᠴᠡᠭᠡ ᠶᠢᠨ︽ᠨᠢᠭᠡ ᠬᠠᠭᠤᠳᠠᠰᠤ ᠵᠢᠷᠤᠭ︾ ᠢ | ᠵᠣᠬᠢᠶᠠᠨ᠎ᠠ᠃ ᠬᠥᠳᠡᠭᠡ ᠲᠣᠰᠬᠤᠨ ᠤ ᠴᠢᠳᠠᠪᠬᠢ ᠪᠣᠯᠣᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ | ᠬᠥᠳᠡᠭᠡ ᠲᠣᠰᠬᠤᠨ ᠤ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠪᠣᠯᠣᠨ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠬᠤ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ | ᠰᠣᠶᠣᠯ ᠢ ᠤᠯᠠᠮᠵᠢᠯᠠᠨ ᠬᠥᠭᠵᠢᠭᠦᠯᠬᠦ ᠵᠡᠷᠭᠡ ᠲᠠᠯ᠎ᠠ ᠪᠠᠷ ᠬᠢ ᠣᠨᠴᠠᠭᠠᠢ ᠴᠢᠳᠠᠪᠬᠢ ᠶᠢ ᠭᠦᠢᠴᠡᠳ ᠪᠠᠳᠠᠷᠠᠭᠤᠯᠤᠨ᠎ᠠ᠃ | ︽ᠳᠣᠯᠣᠭᠠᠨ ᠣᠷᠣᠨ ᠬᠤᠷᠢᠨ ᠭᠤᠷᠪᠠᠨ ᠪᠦᠰᠡ︾ ᠪᠠᠷ ᠭᠤᠣᠯ ᠴᠣᠭᠴᠠ ᠪᠤᠯᠭᠠᠬᠰᠠᠨ ᠲᠠᠷᠢᠶᠠᠯᠠᠩ ᠤᠨ ᠪᠦᠲᠦᠭᠡᠭᠳᠡᠬᠦᠨ ᠤ | ᠭᠤᠣᠯ ᠭᠠᠷᠤᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠤ ᠠᠵᠤ ᠦᠢᠯᠡᠰ ᠤᠨ ᠪᠦᠰᠡ ᠶᠢ ᠪᠦᠲᠦᠭᠡᠨ ᠪᠠᠶᠢᠭᠤᠯᠤᠨ᠎ᠠ᠃ ︽ᠭᠤᠷᠪᠠᠨ ᠣᠷᠣᠨ ᠳᠥᠷᠪᠡᠨ ᠪᠦᠰᠡ︾ ᠶᠢᠨ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ᠃ ᠬᠥᠳᠡᠭᠡ ᠲᠣᠰᠬᠤᠨ ᠤ ᠦᠵᠡᠮᠵᠢ ᠶᠢᠨ | ᠣᠨᠴᠠᠯᠢᠭ ᠢ ᠬᠠᠳᠠᠭᠠᠯᠠᠵᠤ᠂ ᠲᠠᠷᠢᠶᠠᠯᠠᠬᠤ ᠪᠣᠯᠪᠠᠰᠤᠨ ᠢ ᠦᠷᠭᠦᠯᠵᠢᠯᠡᠭᠦᠯᠦᠨ᠎ᠡ᠃ | ︵ᠬᠤᠶᠠᠷ︶ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠰᠢᠨ᠎ᠡ ᠨᠢᠭᠡ ᠡᠭᠡᠯᠵᠢ ᠶᠢᠨ | ᠬᠥᠳᠡᠭᠡ ᠠᠴᠠ ᠰᠢᠯᠵᠢᠭᠰᠡᠳ ᠢ ᠬᠤᠳᠠ ᠶᠢᠨ ᠠᠷᠠᠳ ᠪᠤᠯᠭᠠᠬᠤ ᠠᠵᠢᠯᠯᠠᠭ᠎ᠠ ᠶᠢ ᠬᠡᠷᠡᠭᠵᠢᠭᠦᠯᠵᠦ᠂ ᠪᠠᠶᠢᠩᠭᠤ ᠰᠠᠭᠤᠭ᠎ᠠ | ᠭᠠᠵᠠᠷ ᠲᠤ ᠡᠷᠦᠭᠡ ᠠᠮᠠ ᠳᠠᠩᠰᠠᠯᠠᠭᠤᠯᠬᠤ ᠳᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠬᠠᠩᠭᠠᠬᠤ ᠳᠦᠷᠢᠮ ᠢ | ᠬᠡᠷᠡᠭᠵᠢᠭᠦᠯᠵᠦ᠂ ︽ᠬᠥᠮᠥᠨ ᠭᠠᠵᠠᠷ ᠰᠢᠷᠣᠢ ᠮᠥᠩᠭᠦ ᠶᠢ ᠬᠤᠯᠪᠣᠭᠳᠠᠭᠤᠯᠬᠤ︾ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ | ᠬᠤᠳᠠ ᠪᠠᠯᠭᠠᠰᠤᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠪᠤᠢ ᠪᠦᠬᠦᠢ ᠪᠠᠶᠢᠩᠭᠤ ᠰᠠᠭᠤᠭ᠎ᠠ ᠬᠥᠮᠥᠨ | ᠠᠮᠠ ᠳᠤ ᠨᠡᠶᠢᠳᠡᠮ ᠪᠦᠷᠬᠦᠭᠦᠯᠬᠦ ᠶᠢ ᠠᠬᠢᠭᠤᠯᠤᠨ᠎ᠠ᠃ ᠬᠤᠲᠠ ᠳᠤ ᠡᠷᠦᠭᠡ ᠠᠮᠠ ᠣᠷᠣᠭᠰᠠᠨ ᠲᠠᠷᠢᠶᠠᠴᠢᠳ ᠤᠨ ᠬᠠᠤᠯᠢ | ᠶᠣᠰᠣᠨ ᠤ ᠭᠠᠵᠠᠷ ᠰᠢᠷᠣᠢ ᠶᠢᠨ ᠡᠷᠬᠡ ᠠᠰᠢᠭ ᠢ ᠪᠠᠲᠤᠯᠠᠵᠤ᠂ ᠬᠤᠲᠠ ᠳᠤ ᠡᠷᠦᠭᠡ ᠠᠮᠠ ᠣᠷᠣᠭᠰᠠᠨ ᠲᠠᠷᠢᠶᠠᠴᠢᠳ ᠤᠨ | ᠭᠠᠵᠠᠷ ᠰᠢᠷᠣᠢ ᠳᠠᠭᠠᠭᠠᠴᠢᠯᠠᠬᠤ ᠡᠷᠬᠡ᠂ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠡᠷᠬᠡ᠂ ᠬᠠᠮᠲᠤ ᠶᠢᠨ ᠠᠰᠢᠭ | ᠣᠷᠣᠯᠭ᠎ᠠ ᠶᠢ ᠬᠤᠪᠢᠶᠠᠷᠢᠯᠠᠬᠤ ᠡᠷᠬᠡ ᠶᠢ ᠬᠠᠤᠯᠢ ᠶᠣᠰᠣᠭᠠᠷ ᠬᠠᠮᠠᠭᠠᠯᠠᠵᠤ᠂ ᠰᠠᠶᠢᠨ ᠳᠤᠷ᠎ᠠ ᠠᠴᠠ ᠪᠠᠨ ᠲᠥᠯᠥᠪᠦᠷᠢ ᠲᠠᠢ ᠪᠠᠷ | ᠤᠬᠤᠷᠢᠨ ᠭᠠᠷᠬᠤ ᠠᠷᠭ᠎ᠠ ᠶᠢ ᠰᠦᠪᠡᠭᠴᠢᠯᠡᠨ ᠪᠠᠶᠢᠭᠤᠯᠤᠨ᠎ᠠ᠃ ᠬᠤᠲᠠ ᠬᠥᠳᠡᠭᠡ ᠶᠢᠨ ᠨᠢᠭᠡᠳᠦᠯᠲᠡᠢ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠵᠠᠬ᠎ᠠ ᠳᠡᠯᠭᠡᠭᠦᠷ ᠢ ᠪᠠᠶᠢᠭᠤᠯᠤᠨ᠎ᠠ᠃ ᠴᠢᠳᠠᠪᠤᠷᠢᠲᠠᠨ᠂ ᠮᠡᠷᠭᠡᠵᠢᠯ ᠵᠡᠷᠭᠡ | ᠡᠯᠧᠮᠧᠨ᠋ᠲ ᠤᠨ ᠵᠢᠷᠤᠮᠵᠢᠩᠭᠤᠢ ᠡᠮᠬᠢ ᠳᠢᠭᠯᠢᠮ ᠲᠠᠢ ᠪᠠᠷ ᠬᠥᠳᠡᠭᠡ ᠲᠣᠰᠬᠤᠨ ᠲᠡᠶᠢᠰᠢ ᠰᠢᠯᠵᠢᠭᠦ ᠶᠢ ᠠᠬᠢᠭᠤᠯᠤᠨ᠎ᠠ᠃ | ᠰᠢᠶᠠᠨ ᠤ ᠬᠡᠪᠴᠢᠶᠡᠨ ᠳᠤ ᠬᠤᠲᠠ ᠬᠥᠳᠡᠭᠡ ᠶᠢᠨ ᠬᠤᠶᠠᠷ ᠡᠰᠢᠲᠦ ᠪᠦᠲᠦᠴᠡ ᠶᠢ ᠤᠷᠢᠳ ᠢᠶᠠᠷ ᠡᠪᠳᠡᠵᠦ᠂ ᠬᠤᠲᠠ | ᠪᠠᠯᠭᠠᠰᠤ ᠪᠠ ᠬᠥᠳᠡᠭᠡ ᠲᠣᠰᠬᠤᠨ ᠤ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ ᠪᠠ ᠵᠠᠰᠠᠯᠲᠠ ᠶᠢ ᠨᠢᠭᠡ | ᠴᠣᠭᠴᠠᠵᠢᠭᠤᠯᠤᠨ ᠠᠬᠢᠭᠤᠯᠵᠤ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ | ᠲᠡᠩᠴᠡᠭᠦᠷᠢᠰᠢᠭᠦᠯᠬᠦ ᠶᠢ ᠠᠬᠢᠭᠤᠯᠤᠨ᠎ᠠ᠃ ᠳᠤᠮᠳᠠ ᠬᠡᠰᠡᠭ ᠪᠠ ᠪᠠᠷᠠᠭᠤᠨ ᠬᠡᠰᠡᠭ ᠤᠨ ᠲᠠᠷᠢᠶᠠᠯᠠᠩ ᠤᠨ ᠪᠦᠲᠦᠭᠡᠭᠳᠡᠬᠦᠨ ᠤ | ᠭᠤᠣᠯ ᠭᠠᠷᠤᠯᠲᠠ ᠶᠢᠨ ᠣᠷᠣᠨ ᠤ ᠰᠢᠶᠠᠨ ᠤ ᠬᠤᠳᠠ ᠶᠢᠨ ᠪᠦᠲᠦᠭᠡᠨ ᠪᠠᠶᠢᠭᠤᠯᠤᠯᠲᠠ ᠶᠢ ᠲᠡᠮᠵᠢᠨ᠎ᠠ᠃ ᠰᠢᠶᠠᠩ ᠪᠠᠯᠭᠠᠰᠤ ᠶᠢ | ᠬᠥᠳᠡᠭᠡ ᠲᠣᠰᠬᠤᠨ ᠤ ᠵᠠᠰᠠᠯᠲᠠ ᠶᠢᠨ ᠲᠥᠪ᠂ ᠬᠥᠳᠡᠭᠡ ᠲᠣᠰᠬᠤᠨ ᠤ ᠦᠢᠯᠡᠴᠢᠯᠡᠭᠡᠨ ᠤ ᠲᠥᠪ᠂ ᠬᠥᠳᠡᠭᠡ ᠲᠣᠰᠬᠤᠨ ᠤ | ᠠᠵᠤ ᠠᠬᠤᠢ ᠶᠢᠨ ᠲᠥᠪ ᠪᠣᠯᠭᠠᠨ ᠪᠠᠶᠢᠭᠤᠯᠤᠨ᠎ᠠ᠃ ᠰᠢᠶᠠᠨ ᠤ ᠬᠡᠪᠴᠢᠶᠡᠨ ᠤ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ | ᠠᠬᠢᠭᠤᠯᠵᠤ᠂ ᠣᠳᠣ ᠦᠶ᠎ᠡ ᠶᠢᠨ ᠲᠠᠷᠢᠵᠤ ᠲᠡᠵᠢᠭᠡᠬᠦ ᠦᠢᠯᠡᠰ ᠪᠣᠯᠣᠨ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ | ᠦᠢᠯᠡᠰ ᠢᠶᠠᠷ ᠰᠠᠭᠤᠷᠢ ᠪᠣᠯᠭᠠᠨ᠂ ᠰᠢᠶᠠᠨ ᠤ ᠬᠤᠲᠠ ᠪᠠᠷ ᠬᠦᠢᠰᠦ ᠪᠤᠯᠭᠠᠬᠰᠠᠨ᠂ ᠵᠢᠵᠢᠭ ᠬᠤᠲᠠ ᠪᠠᠯᠭᠠᠰᠤ ᠪᠠᠷ | ᠵᠠᠩᠭᠢᠯᠠᠭ᠎ᠠ ᠶᠢᠨ ᠴᠡᠭ ᠪᠤᠯᠭᠠᠬᠰᠠᠨ ᠰᠢᠶᠠᠨ ᠤ ᠬᠡᠪᠴᠢᠶᠡᠨ ᠤ ᠠᠵᠤ ᠠᠬᠤᠢ ᠶᠢᠨ ᠰᠢᠰᠲ᠋ᠧᠮ ᠢ ᠴᠣᠭᠴᠠᠯᠠᠨ ᠪᠠᠶᠢᠭᠤᠯᠤᠨ᠎ᠠ᠃ | ᠡᠯ᠎ᠡ ᠲᠥᠷᠥᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠰᠢᠶᠠᠨ ᠤ | ᠬᠡᠪᠴᠢᠶᠡᠨ ᠤ ᠠᠵᠤ ᠦᠢᠯᠡᠰ ᠤᠨ ᠲᠥᠪᠯᠡᠷᠡᠨ ᠬᠥᠭᠵᠢᠬᠦ ᠶᠢ ᠬᠥᠲᠥᠯᠥᠨ ᠵᠢᠯᠣᠭᠤᠳᠤᠨ᠎ᠠ᠃ | ︵ᠭᠤᠷᠪᠠ︶ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠲᠥᠷᠥᠯ ᠬᠤᠪᠢᠶᠠᠨ | ᠠᠬᠢᠭᠤᠯᠤᠨ᠎ᠠ᠃ ᠠᠶᠢᠯ ᠲᠣᠰᠬᠤᠨ ᠢ ᠲᠥᠷᠥᠯ ᠬᠤᠪᠢᠶᠠᠬᠤ ᠪᠠᠷᠢᠮᠵᠢᠶ᠎ᠠ ᠶᠢ ᠨᠠᠷᠢᠯᠢᠭᠵᠢᠭᠤᠯᠵᠤ᠂ ᠬᠥᠭᠵᠢᠯᠲᠡ ᠶᠢᠨ | ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠎ᠠ᠃ ᠲᠥᠪᠯᠡᠷᠡᠭᠦᠯᠦᠨ ᠳᠡᠭᠡᠭᠰᠢᠯᠡᠭᠦᠯᠭᠦ ᠲᠥᠷᠥᠯ ᠤᠨ ᠠᠶᠢᠯ | ᠲᠣᠰᠬᠤᠨ ᠳᠤ ᠠᠵᠤ ᠦᠢᠯᠡᠰ ᠤᠨ ᠬᠥᠭᠵᠢᠯᠲᠡ ᠶᠢ ᠭᠤᠣᠯᠳᠠᠯᠭ᠎ᠠ ᠲᠠᠢ ᠴᠢᠩᠭᠠᠳᠬᠠᠵᠤ᠂ ᠰᠠᠭᠤᠷᠢ ᠲᠥᠬᠦᠭᠡᠷᠦᠮᠵᠢ ᠶᠢ | ᠥᠭᠡᠷᠡᠴᠢᠯᠡᠨ ᠳᠡᠭᠡᠭᠰᠢᠯᠡᠭᠦᠯᠦᠨ᠎ᠡ︔ ᠬᠤᠲᠠ ᠶᠢᠨ ᠲᠡᠭᠦᠷᠭᠡ ᠶᠢᠨ ᠠᠭᠤᠰᠤᠯᠴᠠᠭᠰᠠᠨ ᠲᠥᠷᠥᠯ ᠤᠨ ᠠᠶᠢᠯ ᠲᠣᠰᠬᠤᠨ ᠳᠤ | ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠭᠢᠭᠤᠯᠤᠨ᠎ᠠ︔ | ᠣᠨᠴᠠᠯᠢᠭᠲᠤ ᠬᠠᠮᠠᠭᠠᠯᠠᠯᠲᠠ ᠶᠢᠨ ᠲᠥᠷᠥᠯ ᠤᠨ ᠠᠶᠢᠯ ᠲᠣᠰᠬᠤᠨ ᠤ ᠰᠠᠭᠤᠷᠢ ᠲᠥᠬᠦᠭᠡᠷᠦᠮᠵᠢ ᠪᠣᠯᠣᠨ ᠣᠯᠠᠨ ᠨᠡᠶᠢᠲᠡ ᠶᠢᠨ | ᠣᠷᠴᠢᠨ ᠲᠣᠭᠤᠷᠢᠨ ᠢ ᠭᠤᠣᠯᠳᠠᠯᠭ᠎ᠠ ᠲᠠᠢ ᠰᠠᠶᠢᠵᠢᠷᠠᠭᠤᠯᠤᠨ᠎ᠠ︔ ᠨᠡᠭᠦᠯᠭᠡᠬᠦ ᠪᠠ ᠬᠠᠰᠤᠵᠤ ᠨᠡᠶᠢᠯᠡᠭᠦᠯᠬᠦ ᠲᠥᠷᠥᠯ ᠤᠨ ᠠᠶᠢᠯ | ᠲᠣᠰᠬᠤᠨ ᠳᠤ ᠨᠡᠭᠦᠯᠭᠡᠬᠦ ᠪᠠ ᠬᠠᠰᠤᠵᠤ ᠨᠡᠶᠢᠯᠡᠭᠦᠯᠬᠦ ᠶᠢ ᠡᠮᠬᠢ ᠵᠢᠷᠤᠮ ᠲᠠᠢ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ | ᠪᠠᠲᠤᠯᠠᠭ᠎ᠠ᠂ ᠠᠵᠢᠯ ᠣᠯᠭᠤᠯᠲᠠ ᠣᠷᠣᠯᠭ᠎ᠠ ᠶᠢᠨ ᠨᠡᠮᠡᠭᠳᠡᠯ ᠪᠠ ᠠᠮᠢ ᠠᠬᠤᠢ ᠶᠢᠨ ᠬᠠᠮᠠᠭᠠᠯᠠᠯᠲᠠ ᠵᠡᠷᠭᠡ ᠠᠰᠠᠭᠤᠳᠠᠯ ᠢ | ᠰᠠᠶᠢᠲᠤᠷ ᠰᠢᠢᠳᠪᠦᠷᠢᠯᠡᠨ᠎ᠡ᠃ ᠣᠬᠤᠷ ᠬᠤᠭᠤᠴᠠᠭᠠᠨ ᠤ ᠳᠣᠲᠣᠷ᠎ᠠ ᠮᠠᠭᠠᠳᠯᠠᠬᠤ ᠳᠤ ᠬᠦᠴᠢᠷᠲᠡᠢ ᠠᠶᠢᠯ ᠲᠣᠰᠬᠤᠨ ᠳᠤ | ᠠᠵᠢᠭᠯᠠᠬᠤ ᠪᠠ ᠨᠤᠲᠠᠯᠠᠬᠤ ᠴᠠᠭ ᠢ ᠭᠦᠢᠴᠡᠳ ᠦᠯᠡᠳᠡᠭᠡᠵᠦ᠂ ᠦᠨᠳᠦᠰᠦᠨ ᠠᠷᠠᠳ ᠤᠨ ᠠᠮᠢᠳᠤᠷᠠᠯ ᠤᠨ ᠬᠡᠷᠡᠭᠴᠡᠭᠡ ᠶᠢ | ᠭᠤᠣᠯᠳᠠᠯᠭ᠎ᠠ ᠲᠠᠢ ᠪᠠᠲᠤᠯᠠᠨ᠎ᠠ᠃ | ︵ᠳᠥᠷᠪᠡ︶ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠵᠣᠯᠭᠠᠭᠤᠯᠤᠨ ᠠᠬᠢᠭᠤᠯᠤᠨ᠎ᠠ᠃ ᠰᠢᠯᠵᠢᠯᠲᠡ ᠶᠢᠨ ᠬᠤᠭᠤᠴᠠᠭᠠᠨ ᠳᠤ ᠭᠤᠣᠯ ᠬᠠᠪᠰᠤᠷᠤᠨ ᠲᠡᠳᠬᠦᠬᠦ ᠲᠥᠷᠥ ᠶᠢᠨ | ᠪᠣᠳᠣᠯᠭ᠎ᠠ ᠶᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠵᠤ᠂ ᠳᠠᠭᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠶᠢ | ᠰᠠᠶᠢᠲᠤᠷ ᠠᠳᠬᠤᠵᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠬᠥᠮᠥᠨ | ᠠᠮᠠ ᠶᠢ ᠬᠠᠮᠤᠷᠤᠭᠰᠠᠨ ᠳᠠᠭᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ ᠪᠠᠶᠢᠩᠭᠤᠵᠢᠭᠰᠠᠨ ᠲᠣᠭᠲᠠᠴᠠ ᠶᠢ | ᠲᠡᠭᠦᠯᠳᠡᠷᠵᠢᠭᠦᠯᠵᠦ᠂ ᠬᠡᠪᠴᠢᠶᠡᠵᠢᠯ ᠤᠨ ᠴᠢᠨᠠᠷᠲᠠᠢ ᠳᠠᠭᠢᠨ ᠶᠠᠳᠠᠭᠤᠷᠠᠬᠤ ᠪᠠ ᠶᠠᠳᠠᠭᠤᠷᠠᠯ ᠡᠭᠦᠰᠬᠦ ᠦᠭᠡᠢ ᠪᠠᠶᠢᠬᠤ ᠬᠤᠷᠢᠭ᠎ᠠ | ᠱᠤᠭᠤᠮ ᠢ ᠪᠠᠲᠤ ᠰᠠᠬᠢᠨ᠎ᠠ᠃ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠥᠳᠡᠭᠡ ᠲᠣᠰᠬᠤᠨ ᠤ ᠰᠠᠭᠤᠷᠢ | ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠳᠬᠡᠨ ᠨᠥᠬᠦᠪᠦᠷᠢᠯᠡᠵᠦ᠂ ᠠᠵᠤ ᠦᠢᠯᠡᠰ ᠤᠨ ᠬᠥᠭᠵᠢᠯᠲᠡ ᠳᠤ ᠬᠡᠷᠡᠭᠰᠡᠬᠦ ᠢᠵᠢ | ᠪᠦᠷᠢᠳᠦᠭᠦᠯᠬᠦ ᠲᠤᠨᠤᠭ ᠲᠥᠬᠦᠭᠡᠷᠦᠮᠵᠢ ᠶᠢ ᠤᠷᠢᠳ ᠢᠶᠠᠷ ᠪᠠᠶᠢᠷᠢᠰᠢᠭᠤᠯᠤᠨ᠎ᠠ᠃ ᠶᠠᠳᠠᠭᠤ ᠠᠴᠠ ᠠᠩᠭᠢᠵᠢᠷᠠᠭᠰᠠᠨ ᠭᠠᠵᠠᠷ | ᠣᠷᠣᠨ ᠤ ᠬᠠᠪᠰᠤᠷᠤᠨ ᠲᠡᠳᠬᠦᠬᠦ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠤᠶᠢᠵᠢᠯᠲᠠ ᠶᠢᠨ | ᠴᠢᠨᠠᠷ ᠢᠶᠠᠷ ᠰᠠᠶᠢᠨ᠂ ᠳᠠᠶᠢᠴᠢᠯᠠᠬᠤ ᠬᠦᠴᠦᠨ ᠢᠶᠠᠷ ᠴᠢᠩᠭ᠎ᠠ ᠬᠠᠪᠰᠤᠷᠤᠨ ᠲᠡᠳᠬᠦᠬᠦ ᠠᠵᠤ ᠦᠢᠯᠡᠰ ᠤᠨ ᠰᠢᠰᠲ᠋ᠧᠮ ᠢ | ᠪᠠᠶᠢᠭᠤᠯᠵᠤ᠂ ᠣᠨᠴᠠᠯᠢᠭᠲᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠶᠢ | ᠠᠬᠢᠭᠤᠯᠵᠤ᠂ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠠᠵᠤ ᠦᠢᠯᠡᠰ ᠤᠨ ᠬᠥᠭᠵᠢᠯᠲᠡ ᠳᠤ ᠣᠷᠤᠯᠴᠠᠬᠤ ᠪᠠ | ᠠᠰᠢᠭ ᠣᠷᠣᠯᠭ᠎ᠠ ᠶᠢ ᠬᠤᠪᠢᠶᠠᠨ ᠡᠳ᠋ᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠵᠡᠭᠦᠨ ᠪᠠᠷᠠᠭᠤᠨ ᠣᠷᠣᠨ ᠤ | ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠴᠡᠭ ᠲᠣᠭᠲᠠᠭᠠᠨ ᠬᠠᠪᠰᠤᠷᠤᠨ ᠲᠡᠳᠬᠦᠨ᠎ᠡ᠃ ᠭᠠᠷ ᠬᠤᠯᠪᠣᠨ ᠬᠥᠭᠵᠢᠭᠦᠯᠦᠨ | ᠮᠠᠨᠳᠤᠭᠤᠯᠬᠤ ᠠᠵᠢᠯᠯᠠᠭ᠎ᠠ ᠶᠢ ᠠᠬᠢᠭᠤᠯᠵᠤ᠂ ᠠᠵᠤ ᠠᠬᠤᠢ ᠬᠠᠷᠢᠴᠠᠩᠭᠤᠢ ᠬᠥᠭᠵᠢᠭᠰᠡᠨ ᠭᠠᠵᠠᠷ ᠣᠷᠣᠨ ᠤ ᠶᠠᠳᠠᠭᠤ ᠠᠴᠠ | ᠠᠩᠭᠢᠵᠢᠷᠠᠭᠰᠠᠨ ᠭᠠᠵᠠᠷ ᠣᠷᠣᠨ ᠳᠤ ᠬᠦᠷᠴᠦ ᠠᠵᠤ ᠦᠢᠯᠡᠰ ᠢᠶᠠᠨ ᠬᠠᠮᠲᠤ ᠪᠠᠷ ᠬᠥᠭᠵᠢᠭᠦᠯᠬᠦ ᠶᠢ ᠵᠣᠷᠢᠭᠵᠢᠭᠤᠯᠤᠨ᠎ᠠ᠃ | ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠲᠡᠶᠢᠰᠢ ᠬᠤᠪᠢᠷᠠᠭᠤᠯᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ | ᠪᠣᠯᠣᠨ ᠬᠥᠭᠵᠢᠭᠡᠳᠦᠢ ᠭᠠᠵᠠᠷ ᠣᠷᠣᠨ ᠤ ᠱᠠᠲᠤ ᠬᠤᠪᠢᠶᠠᠨ ᠲᠥᠷᠥᠯ ᠬᠤᠪᠢᠶᠠᠨ ᠬᠠᠪᠰᠤᠷᠤᠨ ᠲᠡᠳᠬᠦᠬᠦ ᠳᠦᠷᠢᠮ ᠢ | ᠪᠠᠶᠢᠭᠤᠯᠵᠤ᠂ ᠬᠥᠳᠡᠯᠮᠦᠷᠢᠯᠡᠬᠦ ᠴᠢᠳᠠᠪᠤᠷᠢ ᠲᠠᠢ ᠬᠥᠮᠥᠨ ᠠᠮᠠ ᠳᠤ ᠠᠵᠤ ᠦᠢᠯᠡᠰ ᠢᠶᠠᠷ ᠠᠵᠢᠯ ᠣᠯᠭᠤᠬᠤ ᠵᠡᠷᠭᠡ | ᠨᠡᠭᠡᠭᠡᠯᠲᠡ ᠶᠢᠨ ᠮᠠᠶ᠋ᠢᠭ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ︔ ᠬᠥᠳᠡᠯᠮᠦᠷᠢᠯᠡᠬᠦ | ᠴᠢᠳᠠᠪᠤᠷᠢ ᠪᠠᠷ ᠳᠤᠲᠠᠮᠠᠭ᠂ ᠠᠵᠤ ᠦᠢᠯᠡᠰ ᠤᠨ ᠠᠵᠢᠯ ᠣᠯᠭᠤᠯᠲᠠ ᠪᠠᠷ ᠳᠠᠮᠵᠢᠨ ᠲᠣᠭᠲᠠᠭᠤᠨ ᠣᠷᠣᠯᠭ᠎ᠠ ᠣᠯᠵᠤ ᠳᠡᠶᠢᠯᠭᠦ | ᠦᠭᠡᠢ ᠬᠥᠮᠥᠨ ᠠᠮᠠ ᠳᠤ ᠪᠣᠯ ᠬᠠᠮᠢᠶ᠎ᠠ ᠪᠦᠬᠦᠢ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠤᠯᠤᠰ ᠠᠴᠠ ᠪᠡᠯᠡ ᠣᠷᠣᠭᠤᠯᠵᠤ | ᠡᠳ᠋ ᠬᠥᠷᠥᠩᠭᠡ ᠪᠦᠷᠢᠯᠳᠦᠭᠰᠡᠨ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ | ᠪᠦᠷᠢᠨᠰᠢᠭᠦᠯᠦᠨ᠎ᠡ᠃ ᠬᠠᠷᠠᠬᠠᠨ ᠬᠥᠭᠵᠢᠭᠡᠳᠦᠢ ᠭᠠᠵᠠᠷ ᠣᠷᠣᠨ ᠤ ᠰᠢᠶᠠᠨ ᠤ ᠬᠡᠪᠴᠢᠶ᠎ᠡ ᠶᠢ ᠬᠥᠭᠵᠢᠭᠦᠯᠦᠨ ᠮᠠᠨᠳᠤᠭᠤᠯᠬᠤ ᠶᠢ | ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠠᠪᠰᠤᠷᠤᠨ ᠲᠡᠳᠬᠦᠵᠦ ᠬᠠᠮᠵᠢᠯᠴᠠᠬᠤ ᠲᠣᠭᠲᠠᠴᠠ ᠶᠢᠨ ᠰᠢᠨ᠎ᠡ ᠶᠢ ᠡᠭᠦᠳᠦᠨ᠎ᠡ᠃ | ᠭᠤᠷᠪᠠ᠂ ᠣᠲᠣ ᠦᠶ᠎ᠡ ᠶᠢᠨ ᠬᠥᠳᠡᠭᠡ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠮᠤ | ᠪᠤᠳᠠᠭ᠎ᠠ ᠶᠢᠨ ᠠᠮᠤᠷ ᠲᠦᠪᠰᠢᠨ ᠤ ᠰᠠᠭᠤᠷᠢ ᠶᠢ ᠪᠦᠭᠦ ᠲᠠᠯ᠎ᠠ ᠪᠠᠷ ᠪᠠᠬᠢᠵᠢᠭᠦᠯᠦᠨ᠎ᠡ | ︵ᠲᠠᠪᠤ︶ ᠠᠮᠤ ᠪᠤᠳᠠᠭ᠎ᠠ ᠪᠣᠯᠣᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ | ᠲᠦᠪᠰᠢᠨ ᠢ ᠳᠡᠭᠡᠭᠰᠢᠯᠡᠭᠦᠯᠦᠨ᠎ᠠ᠃ ᠤᠯᠤᠰ ᠤᠨ ᠠᠮᠤ ᠪᠤᠳᠠᠭ᠎ᠠ ᠶᠢᠨ ᠠᠮᠤᠷ ᠲᠦᠪᠰᠢᠨ ᠢ ᠪᠠᠲᠤᠯᠠᠬᠤ ᠶᠠᠪᠤᠳᠠᠯ ᠢ ᠤᠳᠤ | ᠦᠶ᠎ᠡ ᠶᠢᠨ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠲᠡᠷᠢᠭᠦᠨ ᠴᠢᠬᠤᠯᠠ ᠡᠭᠦᠷᠭᠡ ᠪᠤᠯᠭᠠᠵᠤ᠂ ᠠᠮᠤ ᠪᠤᠳᠠᠭ᠎ᠠ ᠶᠢᠨ | ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ | ᠲᠠᠯᠠᠪᠠᠢ ᠶᠢ ᠲᠣᠭᠲᠠᠪᠤᠷᠢᠵᠢᠭᠤᠯᠬᠤ᠂ ᠲᠠᠯᠠᠪᠠᠢ ᠨᠢᠭᠡᠴᠢ ᠶᠢᠨ ᠤᠨᠠᠯᠲᠠ ᠶᠢ ᠨᠡᠮᠡᠭᠳᠡᠭᠦᠯᠬᠦ ᠬᠤᠶᠠᠷ ᠲᠠᠯ᠎ᠠ ᠪᠠᠷ ᠬᠦᠴᠦᠯᠡᠬᠦ ᠶᠢ | ᠪᠠᠷᠢᠮᠲᠠᠯᠠᠵᠤ᠂ ᠠᠮᠤ ᠪᠤᠳᠠᠭ᠎ᠠ ᠲᠠᠷᠢᠬᠤ ᠲᠠᠯᠠᠪᠠᠢ ᠶᠢ 17.5 ᠳ᠋ᠦᠩᠰᠢᠭᠤᠷ ᠮᠦ ᠣᠷᠴᠢᠮ ᠳᠤ ᠲᠣᠭᠲᠠᠪᠤᠷᠢᠵᠢᠭᠤᠯᠬᠤ ᠶᠢ | ᠪᠠᠲᠤᠯᠠᠨ᠎ᠠ᠃ ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠭᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠤ ᠪᠤᠳᠠᠭᠠᠨ ᠤ ᠲᠠᠯᠠᠪᠠᠢ ᠨᠢᠭᠡᠴᠢ ᠶᠢᠨ | ᠤᠨᠠᠯᠲᠠ ᠶᠢ ᠳᠡᠭᠡᠭᠰᠢᠯᠡᠭᠦᠯᠭᠦ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ᠂ ᠠᠮᠤ ᠪᠤᠳᠠᠭᠠᠨ ᠤ ᠦᠢᠯᠡᠳᠪᠦᠷᠢᠯᠡᠬᠦ | ᠴᠢᠳᠠᠪᠤᠷᠢ ᠶᠢ 1.4 ᠲᠦᠮᠡᠨ ᠳ᠋ᠦᠩᠰᠢᠭᠤᠷ ᠵᠢᠩ ᠳᠤ ᠲᠣᠭᠲᠠᠭᠤᠨ ᠢᠶᠠᠷ ᠬᠦᠷᠭᠡᠬᠦ ᠶᠢ ᠠᠬᠢᠭᠤᠯᠤᠨ᠎ᠠ᠃ ᠤᠯᠤᠰ ᠤᠨ ᠰᠢᠷ᠎ᠠ | ᠪᠤᠷᠴᠠᠭ ᠪᠠ ᠲᠣᠰᠣᠯᠢᠭ ᠲᠠᠷᠢᠮᠠᠯ ᠤᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠭᠦ ᠢᠨᠵᠧᠨᠧᠷᠢᠩ ᠢ ᠭᠦᠨᠵᠡᠭᠡᠢ | ᠬᠡᠷᠡᠭᠵᠢᠭᠦᠯᠵᠦ᠂ ︽ᠬᠤᠯᠢᠰᠢᠨ ᠢᠳᠡᠭᠡᠨ︾ ᠢ ᠬᠤᠲᠠ ᠶᠢᠨ ᠳᠠᠷᠤᠭ᠎ᠠ ᠬᠠᠷᠢᠭᠤᠴᠠᠬᠤ ᠳᠦᠷᠢᠮ ᠢ ᠪᠣᠳᠠᠲᠠᠶᠢᠵᠢᠭᠤᠯᠵᠤ᠂ ᠲᠣᠮᠣ | ᠬᠥᠳᠡᠭᠡ ᠠᠵᠤ ᠠᠬᠤᠢ ᠶᠢᠨ ᠦᠵᠡᠯᠲᠡ᠂ ᠬᠠᠮ ᠢᠳᠡᠭᠡᠨ ᠤ ᠦᠵᠡᠯᠲᠡ᠂ ᠲᠠᠷᠢᠶᠠᠯᠠᠩ ᠤᠢ ᠰᠢᠭᠤᠢ ᠮᠠᠯ ᠠᠵᠤ ᠠᠬᠤᠢ | ᠵᠢᠭᠠᠰᠤᠨ ᠤ ᠠᠵᠤ ᠠᠬᠤᠢ ᠶᠢ ᠵᠡᠷᠭᠡ ᠪᠠᠷ ᠬᠥᠭᠵᠢᠭᠦᠯᠵᠦ᠂ ᠤᠯᠠᠨ ᠡᠰᠢᠵᠢᠭᠰᠡᠨ ᠢᠳᠡᠭᠡᠨ ᠤ ᠬᠠᠩᠭᠠᠯᠭ᠎ᠠ ᠶᠢᠨ ᠰᠢᠰᠲ᠋ᠧᠮ ᠢ | ᠪᠠᠶᠢᠭᠤᠯᠤᠨ᠎ᠠ᠃ ᠬᠥᠪᠥᠩ ᠤᠨ ᠬᠠᠷᠠᠯᠲᠠᠲᠤ ᠦᠨ᠎ᠡ ᠶᠢᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠰᠢᠬᠢᠷᠯᠢᠭ | ᠲᠠᠷᠢᠮᠠᠯ᠂ ᠪᠠᠶᠢᠭᠠᠯᠢ ᠶᠢᠨ ᠭᠤᠮ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠬ᠎ᠠ ᠳᠡᠯᠭᠡᠭᠦᠷ ᠤᠨ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠰᠢᠰᠲ᠋ᠧᠮ ᠢ ᠲᠡᠭᠦᠯᠳᠡᠷᠵᠢᠭᠦᠯᠵᠦ᠂ ᠠᠮᠤ ᠪᠤᠳᠠᠭ᠎ᠠ ᠶᠢ ᠵᠠᠬ᠎ᠠ | ᠳᠡᠯᠭᠡᠭᠦᠷᠴᠢᠯᠡᠨ ᠬᠤᠳᠠᠯᠳᠤᠨ ᠠᠪᠬᠤ ᠪᠠ ᠲᠦᠷᠦ ᠶᠢᠨ ᠪᠣᠳᠣᠯᠭ᠎ᠠ ᠶᠢᠨ ᠴᠢᠨᠠᠷᠲᠠᠢ ᠪᠠᠷ ᠬᠤᠳᠠᠯᠳᠤᠨ ᠠᠪᠴᠤ ᠨᠥᠭᠡᠴᠡᠯᠡᠬᠦ | ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠨᠥᠭᠡᠴᠡᠯᠡᠬᠦ ᠰᠢᠰᠲ᠋ᠧᠮ ᠪᠠ ᠳᠦᠷᠢᠮ ᠤᠨ ᠪᠠᠶᠢᠭᠤᠯᠤᠯᠲᠠ ᠶᠢ | ᠲᠡᠭᠦᠯᠳᠡᠷᠵᠢᠭᠦᠯᠦᠨ᠂ ᠪᠦᠭᠦ ᠬᠡᠯᠬᠢᠶ᠎ᠡ ᠪᠠᠷ ᠠᠷᠪᠢᠯᠠᠵᠤ ᠬᠤᠬᠢᠷᠠᠯ ᠢ ᠪᠠᠭᠠᠰᠬᠠᠬᠤ ᠠᠵᠢᠯ ᠢ ᠠᠬᠢᠭᠤᠯᠵᠤ᠂ ᠠᠮᠢᠳᠤ ᠭᠠᠭ᠋ᠠᠢ᠂ | ᠬᠥᠪᠥᠩ᠂ ᠰᠢᠬᠢᠷ ᠤᠨ ᠵᠠᠬ᠎ᠠ ᠳᠡᠯᠭᠡᠭᠦᠷ ᠤᠨ ᠡᠵᠡᠮᠳᠡᠯ ᠲᠣᠬᠢᠷᠠᠭᠤᠯᠭ᠎ᠠ ᠶᠢᠨ ᠲᠣᠭᠲᠠᠴᠠ ᠶᠢ ᠰᠢᠯᠢᠳᠡᠭᠵᠢᠭᠦᠯᠦᠨ᠂ ᠪᠠᠴᠢᠮ | ᠪᠠᠶᠢᠳᠠᠯ ᠢ ᠠᠷᠭᠠᠴᠠᠭᠠᠬᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ︵ᠵᠢᠷᠭᠤᠭ᠎ᠠ︶ ᠲᠠᠷᠢᠶᠠᠯᠠᠩ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠠᠬᠢ ᠣᠷᠣᠭᠤᠯᠤᠯᠲᠠ ᠶᠢᠨ ᠡᠷᠴᠢᠮ ᠢᠶᠠᠨ | ᠴᠢᠩᠭᠠᠷᠠᠭᠤᠯᠵᠤ᠂ ᠨᠥᠬᠦᠴᠡᠯ ᠪᠦᠷᠢᠯᠳᠦᠭᠦᠯᠦᠭᠰᠡᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠠᠯᠬᠤᠮ ᠠᠯᠬᠤᠮ ᠢᠶᠠᠷ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠪᠦᠲᠦᠭᠡᠨ ᠪᠠᠶᠢᠭᠤᠯᠬᠤ | ᠪᠠᠷᠢᠮᠵᠢᠶ᠎ᠠ ᠪᠠ ᠶᠠᠰᠤ ᠴᠢᠨᠠᠷ ᠢ ᠳᠡᠭᠡᠭᠰᠢᠯᠡᠭᠦᠯᠦᠨ᠂ ᠪᠦᠲᠦᠭᠡᠨ ᠪᠠᠶᠢᠭᠤᠯᠬᠤ᠂ ᠰᠢᠯᠭᠠᠨ ᠠᠪᠬᠤ᠂ ᠬᠠᠮᠢᠶᠠᠷᠴᠤ ᠬᠠᠮᠠᠭᠠᠯᠠᠬᠤ | ᠲᠣᠭᠲᠠᠴᠠ ᠶᠢ ᠲᠡᠭᠦᠯᠳᠡᠷᠵᠢᠭᠦᠯᠵᠦ᠂ ᠰᠢᠨ᠎ᠡ ᠭᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ᠂ ᠬᠥᠳᠡᠭᠡ | ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠵᠡᠷᠭᠡ ᠶᠢᠨ ᠪᠦᠲᠦᠭᠡᠨ ᠪᠠᠶᠢᠭᠤᠯᠵᠤ ᠬᠠᠮᠢᠶᠠᠷᠴᠤ | ᠬᠠᠮᠠᠭᠠᠯᠠᠬᠤ ᠳᠤ ᠣᠷᠤᠯᠴᠠᠬᠤ ᠶᠢ ᠳᠠᠮᠵᠢᠵᠤ ᠬᠥᠲᠥᠯᠥᠨ ᠵᠢᠯᠣᠭᠤᠳᠤᠨ᠎ᠠ᠃ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ | ᠬᠠᠮᠠᠭᠠᠯᠠᠯᠲᠠ ᠶᠢᠨ ᠨᠥᠬᠦᠪᠦᠷᠢ ᠶᠢ ᠲᠠᠷᠬᠠᠭᠠᠬᠤ ᠪᠣᠯᠣᠨ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠬᠤᠯᠪᠣᠭᠳᠠᠭᠤᠯᠬᠤ ᠶᠢ ᠰᠦᠪᠡᠭᠴᠢᠯᠡᠨ᠎ᠡ᠃ ᠤᠯᠤᠰ ᠤᠨ ᠬᠠᠷ᠎ᠠ ᠬᠥᠷᠥᠰᠥᠲᠦ ᠭᠠᠵᠠᠷ ᠰᠢᠷᠣᠢ ᠶᠢ | ᠬᠠᠮᠠᠭᠠᠯᠠᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ | ᠥᠭᠡᠷᠡᠴᠢᠯᠡᠯᠲᠡ ᠶᠢ ᠲᠦᠷᠭᠡᠳᠬᠡᠨ᠎ᠡ᠃ ᠤᠳᠤ ᠦᠶ᠎ᠡ ᠶᠢᠨ ᠲᠥᠬᠦᠭᠡᠷᠦᠮᠵᠢᠲᠦ ᠲᠠᠷᠢᠶᠠᠯᠠᠩ ᠢ ᠬᠥᠭᠵᠢᠭᠦᠯᠵᠦ᠂ | ᠲᠥᠬᠦᠭᠡᠷᠦᠮᠵᠢᠲᠦ ᠲᠠᠷᠢᠵᠦ ᠲᠡᠵᠢᠭᠡᠬᠦ ᠦᠢᠯᠡᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠠᠭᠰᠠᠭᠠᠵᠤ ᠬᠠᠳᠠᠭᠠᠬᠤ᠂ | ᠪᠠᠷᠠᠭᠠᠨ ᠤ ᠭᠦᠢᠯᠭᠡᠭᠡ ᠵᠡᠷᠭᠡ ᠲᠤᠨᠤᠭ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠲᠠᠷᠢᠶᠠᠯᠠᠩ ᠤᠨ ᠦᠢᠯᠡᠳᠪᠦᠷᠢᠯᠡᠯ ᠤᠨ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠲᠠᠷᠢᠶᠠᠯᠠᠩ ᠤᠨ ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ | ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠂ ᠠᠮᠢᠲᠠᠨ ᠤᠷᠭᠤᠮᠠᠯ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠲᠠᠷᠢᠮᠠᠯ ᠤᠨ | ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠪᠠ ᠠᠮᠢᠲᠠᠨ ᠤ ᠬᠢᠵᠢᠭ ᠢ ᠰᠡᠷᠭᠡᠶᠢᠯᠡᠬᠦ ᠰᠢᠰᠲ᠋ᠧᠮ ᠢ | ᠪᠦᠷᠢᠨᠰᠢᠭᠦᠯᠦᠨ᠎ᠡ᠃ | ︵ᠳᠣᠯᠤᠭ᠎ᠠ︶ ᠲᠠᠷᠢᠶᠠᠯᠠᠩ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠪᠣᠯᠣᠨ ᠲᠣᠨᠣᠭᠯᠠᠯ ᠤᠨ ᠲᠤᠯᠭᠠᠭᠤᠷᠢᠯᠠᠯ ᠢ | ᠴᠢᠩᠭᠠᠳᠬᠠᠨ᠎ᠠ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ ᠰᠢᠯᠢᠳᠡᠭᠵᠢᠭᠦᠯᠵᠦ᠂ | ᠰᠠᠭᠤᠷᠢ ᠰᠤᠳᠤᠯᠭᠠᠨ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠤᠳᠤᠯᠭᠠᠨ ᠤ ᠪᠠᠶᠢᠭᠤᠯᠤᠮᠵᠢ ᠶᠢ ᠲᠣᠭᠲᠠᠪᠤᠷᠢᠲᠠᠢ | ᠳᠡᠮᠵᠢᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠷᠦᠯ ᠬᠤᠪᠢᠶᠠᠨ ᠦᠨᠡᠯᠡᠬᠦ ᠳᠦᠷᠢᠮ ᠢ | ᠪᠠᠶᠢᠭᠤᠯᠤᠨ ᠲᠡᠭᠦᠯᠳᠡᠷᠵᠢᠭᠦᠯᠦᠨ᠎ᠡ᠃ ᠴᠢᠬᠤᠯᠠ ᠶᠡᠭᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠠᠭᠤᠷᠢ | ᠲᠥᠬᠦᠭᠡᠷᠦᠮᠵᠢ ᠶᠢ ᠪᠦᠲᠦᠭᠡᠨ ᠪᠠᠶᠢᠭᠤᠯᠵᠤ᠂ ᠠᠩᠬᠠᠨ ᠤ ᠡᠭᠦᠳᠦᠯᠲᠡ ᠶᠢᠨ ᠴᠢᠨᠠᠷᠲᠠᠢ ᠰᠤᠳᠤᠯᠭᠠᠨ ᠢ ᠴᠢᠩᠭᠠᠳᠬᠠᠨ᠎ᠠ︔ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠡᠷᠴᠢᠮ ᠢ ᠴᠢᠩᠭᠠᠷᠠᠭᠤᠯᠵᠤ᠂ ᠮᠡᠷᠭᠡᠵᠢᠯ ᠤᠨ ᠬᠤᠷᠠᠮᠠᠯ | ᠬᠡᠷᠡᠭᠯᠡᠭᠡᠨ ᠢ ᠴᠢᠩᠭᠠᠳᠬᠠᠨ᠎ᠠ︔ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠦᠨ᠎ᠡ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠵᠦ᠂ ᠦᠷ᠎ᠡ ᠡᠳ᠋ ᠤᠨ ᠡᠬᠢ | ᠪᠠᠶᠠᠯᠢᠭ ᠢ ᠬᠠᠳᠠᠭᠠᠯᠠᠵᠤ ᠬᠢᠨᠠᠨ ᠲᠣᠭᠲᠠᠭᠠᠬᠤ ᠵᠡᠷᠭᠡ ᠲᠥᠬᠦᠭᠡᠷᠦᠮᠵᠢ ᠶᠢᠨ ᠲᠠᠪᠴᠠᠩ ᠢ ᠪᠠᠶᠢᠭᠤᠯᠤᠨ᠎ᠠ︔ ᠭᠤᠣᠯᠯᠠᠬᠤ | ᠦᠷ᠎ᠡ ᠶᠢᠨ ᠢᠷᠡᠯᠲᠡ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠲᠦᠷᠭᠡᠳᠬᠡᠨ᠂ ᠠᠵᠤ ᠠᠬᠤᠶᠢᠯᠠᠯ ᠤᠨ ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠷᠠᠭᠤᠯᠵᠤ᠂ ᠲᠣᠮᠣ | ᠭᠡᠯᠪᠡᠷᠢ ᠶᠢᠨ ᠦᠷ᠎ᠡ ᠶᠢᠨ ᠦᠢᠯᠡᠰ ᠤᠨ ᠠᠵᠤ ᠠᠬᠤᠶᠢᠯᠠᠯ ᠢ ᠪᠣᠶᠢᠵᠢᠭᠤᠯᠤᠨ᠎ᠠ᠃ ᠲᠠᠷᠢᠶᠠᠯᠠᠩ ᠤᠨ ᠮᠠᠰᠢᠨ ᠲᠣᠨᠣᠭᠯᠠᠯ ᠤᠨ | ᠳᠤᠲᠠᠭᠤᠳᠠᠯ ᠢ ᠨᠥᠬᠦᠪᠦᠷᠢᠯᠡᠬᠦ ᠠᠵᠢᠯᠯᠠᠭ᠎ᠠ ᠶᠢ ᠬᠡᠷᠡᠭᠵᠢᠭᠦᠯᠵᠦ᠂ ᠲᠣᠮᠣ ᠭᠡᠯᠪᠡᠷᠢ ᠶᠢᠨ ᠳᠡᠭᠡᠳᠦ ᠲᠠᠰ ᠤᠨ ᠣᠶᠤᠨᠴᠢ | ᠲᠠᠷᠢᠶᠠᠯᠠᠩ ᠤᠨ ᠮᠠᠰᠢᠨ ᠪᠠ ᠳᠣᠪᠣᠷᠬᠠᠭ ᠠᠭᠤᠯᠠᠷᠬᠠᠭ ᠣᠷᠣᠨ ᠳᠤ ᠲᠣᠬᠢᠷᠠᠬᠤ ᠵᠢᠵᠢᠭ ᠭᠡᠯᠪᠡᠷᠢ ᠶᠢᠨ ᠮᠠᠰᠢᠨ ᠮᠧᠬᠠᠨᠢᠭ | ᠵᠡᠷᠭᠡ ᠲᠠᠷᠢᠶᠠᠯᠠᠩ ᠤᠨ ᠮᠠᠰᠢᠨ ᠲᠣᠨᠣᠭᠯᠠᠯ ᠪᠠ ᠵᠠᠩᠭᠢᠯᠠᠭ᠎ᠠ ᠶᠢᠨ ᠭᠤᠣᠯ ᠰᠡᠯᠪᠢᠭ ᠲᠣᠨᠤᠭ ᠢ ᠰᠤᠳᠤᠯᠤᠨ ᠨᠡᠭᠡᠭᠡᠵᠦ | ᠬᠡᠷᠡᠭᠯᠡᠬᠦ ᠶᠢ ᠲᠦᠷᠭᠡᠳᠭᠡᠨ᠎ᠡ︔ ᠣᠶᠤᠨᠴᠢ ᠲᠠᠷᠢᠶᠠᠯᠠᠩ ᠢ ᠶᠡᠭᠡ ᠪᠠᠷ ᠭᠦᠭᠵᠢᠭᠦᠯᠦᠨ᠎ᠡ︔ ᠲᠠᠷᠢᠶᠠᠯᠠᠩ ᠤᠨ ᠮᠠᠰᠢᠨ | ᠬᠤᠳᠠᠯᠳᠤᠨ ᠠᠪᠬᠤ ᠪᠠ ᠬᠡᠷᠡᠭᠯᠡᠬᠦ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ | ︵ᠨᠠᠢᠮᠠ︶ ᠠᠮᠤ ᠪᠤᠳᠠᠭ᠎ᠠ ᠶᠢᠨ ᠦᠢᠯᠡᠳᠪᠦᠷᠢᠯᠡᠯ ᠢ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠠᠮᠤ ᠪᠤᠳᠠᠭ᠎ᠠ ᠲᠠᠷᠢᠳᠠᠭ | ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠠᠮᠤ ᠪᠤᠳᠠᠭ᠎ᠠ ᠶᠢᠨ | ᠦᠢᠯᠡᠳᠪᠦᠷᠢᠯᠡᠯ ᠤᠨ ᠨᠥᠬᠦᠪᠦᠷᠢ ᠶᠢ ᠲᠡᠭᠦᠯᠳᠡᠷᠵᠢᠭᠦᠯᠦᠨ᠂ ᠨᠠᠭᠠᠲᠤ ᠵᠠᠬ᠎ᠠ ᠶᠢᠨ ᠬᠤᠳᠠᠯᠳᠤᠨ ᠠᠪᠬᠤ ᠦᠨ᠎ᠡ ᠶᠢᠨ | ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠵᠤ ᠦᠨ᠎ᠡ ᠶᠢ | ᠲᠣᠭᠲᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠠᠮᠤ ᠪᠤᠳᠠᠭ᠎ᠠ ᠶᠢᠨ ᠲᠠᠷᠢᠮᠠᠯ ᠤᠨ ᠪᠦᠷᠢᠨ ᠥᠪᠡᠷ ᠤᠨ ᠦᠷᠳᠡᠭ | ᠪᠠ ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠤᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠨᠥᠬᠦᠴᠡᠯ ᠲᠠᠢ | ᠮᠤᠵᠢ ᠶᠢᠨ ᠵᠦᠷᠢᠶᠡᠴᠢᠯᠡᠭᠰᠡᠨ ᠳᠠᠭᠠᠳᠬᠠᠯ ᠤᠨ ᠰᠦᠢᠳᠬᠡᠯ ᠤᠨ ᠨᠥᠬᠦᠪᠦᠷᠢ ᠶᠢᠨ ᠲᠦᠷᠦ ᠶᠢᠨ ᠪᠣᠳᠣᠯᠭ᠎ᠠ ᠶᠢ | ᠬᠡᠷᠡᠭᠵᠢᠭᠦᠯᠬᠦ ᠶᠢ ᠵᠣᠷᠢᠭᠵᠢᠭᠤᠯᠤᠨ᠂ ᠠᠮᠤ ᠪᠤᠳᠠᠭ᠎ᠠ ᠶᠢᠨ ᠭᠠᠷᠤᠯᠲᠠ ᠶᠡᠬᠡᠲᠡᠢ ᠰᠢᠶᠠᠨ ᠢ ᠳᠡᠮᠵᠢᠬᠦ ᠡᠷᠴᠢᠮ ᠢᠶᠠᠨ | ᠴᠢᠩᠭᠠᠷᠠᠭᠤᠯᠤᠨ᠎ᠠ᠃ ᠠᠮᠤ ᠪᠤᠳᠠᠭ᠎ᠠ ᠶᠢᠨ ᠭᠤᠣᠯ ᠭᠠᠷᠤᠯᠲᠠ ᠶᠢᠨ ᠣᠷᠣᠨ ᠤ ᠠᠰᠢᠭ ᠲᠤᠰᠠ ᠶᠢᠨ ᠨᠥᠬᠦᠪᠦᠷᠢ ᠶᠢᠨ | ᠲᠣᠭᠲᠠᠴᠠ ᠶᠢ ᠲᠡᠭᠦᠯᠳᠡᠷᠵᠢᠭᠦᠯᠵᠦ᠂ ᠠᠮᠤ ᠪᠤᠳᠠᠭ᠎ᠠ ᠶᠢᠨ ᠭᠤᠣᠯ ᠭᠠᠷᠤᠯᠲᠠ ᠶᠢᠨ ᠣᠷᠣᠨ ᠳᠠᠬᠢ ᠳᠡᠮᠵᠢᠯᠭᠡ ᠶᠢ | ᠴᠢᠩᠭᠠᠳᠬᠠᠨ᠂ ᠠᠮᠤ ᠪᠤᠳᠠᠭ᠎ᠠ ᠶᠢᠨ ᠭᠠᠷᠤᠯᠲᠠ ᠶᠢᠨ ᠲᠣᠮᠣ ᠰᠢᠶᠠᠨ ᠢ ᠱᠠᠩᠨᠠᠨ ᠬᠥᠬᠢᠭᠦᠯᠬᠦ ᠪᠡᠯᠡ ᠮᠥᠩᠭᠦ ᠶᠢᠨ ᠬᠡᠪᠴᠢᠶ᠎ᠡ ᠶᠢ | ᠵᠦᠢ ᠵᠣᠬᠢᠰᠲᠠᠢ ᠲᠣᠬᠢᠷᠠᠭᠤᠯᠵᠤ᠂ ᠠᠮᠤ ᠪᠤᠳᠠᠭ᠎ᠠ ᠶᠢᠨ ᠭᠠᠷᠤᠯᠲᠠ ᠶᠢᠨ ᠲᠣᠮᠣ ᠰᠢᠶᠠᠨ ᠤ ᠤᠯᠠᠨ ᠨᠡᠶᠢᠲᠡ ᠶᠢᠨ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠦᠨ᠂ ᠠᠮᠤ ᠪᠤᠳᠠᠭ᠎ᠠ ᠶᠢᠨ ᠦᠢᠯᠡᠳᠪᠦᠷᠢᠯᠡᠯ | ᠪᠣᠷᠤᠯᠠᠭᠤᠯᠭ᠎ᠠ ᠶᠢᠨ ᠣᠷᠣᠨ ᠤ ᠮᠤᠵᠢ ᠶᠢᠨ ᠬᠤᠭᠤᠷᠣᠨᠳᠣᠭᠢ ᠬᠥᠨᠳᠡᠯᠡᠨ ᠴᠢᠭᠯᠡᠯ ᠤᠨ ᠠᠰᠢᠭ ᠲᠤᠰᠠ ᠶᠢᠨ ᠨᠥᠬᠦᠪᠦᠷᠢ ᠶᠢᠨ | ᠲᠣᠭᠲᠠᠴᠠ ᠶᠢ ᠨᠢᠭᠡᠳᠦᠯᠲᠡᠢ ᠲᠥᠯᠥᠪᠵᠢᠭᠦᠯᠦᠨ ᠪᠠᠶᠢᠭᠤᠯᠵᠤ᠂ ᠲᠣᠭᠲᠠᠭᠤᠨ ᠬᠠᠮᠵᠢᠯᠴᠠᠭ᠎ᠠ ᠶᠢᠨ ᠬᠠᠷᠢᠴᠠᠭ᠎ᠠ ᠶᠢ ᠪᠠᠶᠢᠭᠤᠯᠤᠨ | ᠪᠦᠷᠢᠨᠰᠢᠭᠦᠯᠦᠨ᠎ᠡ᠃ | ᠳᠥᠷᠪᠡ᠂ ᠬᠥᠳᠡᠭᠡ ᠲᠣᠰᠬᠤᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ | ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ | ︵ᠶᠢᠰᠦ︶ ᠤᠳᠤ ᠦᠶ᠎ᠡ ᠶᠢᠨ ᠬᠥᠳᠡᠭᠡ ᠲᠣᠰᠬᠤᠨ ᠤ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃ ᠣᠲᠣ | ᠦᠶ᠎ᠡ ᠶᠢᠨ ᠬᠥᠳᠡᠭᠡ ᠲᠣᠰᠬᠤᠨ ᠤ ᠠᠵᠤ ᠦᠢᠯᠡᠰ ᠢ ᠪᠣᠶᠢᠵᠢᠭᠤᠯᠵᠤ᠂ ︽ᠨᠤᠲᠤᠭ ᠤᠨ ᠣᠨᠴᠠ ᠭᠠᠷᠤᠯᠲᠠ︾ ᠶᠢᠨ ᠠᠵᠢᠯ ᠢ | ᠰᠠᠶᠢᠲᠤᠷ ᠬᠢᠵᠦ᠂ ᠬᠥᠳᠡᠭᠡ ᠲᠣᠰᠬᠤᠨ ᠤ ᠳᠠᠷᠢᠵᠤ ᠲᠡᠵᠢᠭᠡᠬᠦ ᠦᠢᠯᠡᠰ᠂ ᠡᠳ᠋ᠰᠢᠭᠦᠯᠵᠦ ᠪᠤᠯᠪᠠᠰᠤᠷᠠᠭᠤᠯᠬᠤ ᠭᠦᠢᠯᠭᠡᠭᠡᠨ ᠤ | ᠦᠢᠯᠡᠰ᠂ ᠵᠤᠭ᠎ᠠ ᠰᠡᠯᠡᠭᠦᠴᠡᠯ ᠵᠢᠭᠤᠯᠴᠢᠯᠠᠯ ᠤᠨ ᠦᠢᠯᠡᠰ᠂ ᠬᠥᠳᠡᠭᠡ ᠲᠣᠰᠬᠤᠨ ᠤ ᠦᠢᠯᠡᠴᠢᠯᠡᠭᠡᠨ ᠤ ᠦᠢᠯᠡᠰ ᠢ | ᠬᠥᠭᠵᠢᠭᠦᠯᠦᠨ᠎ᠡ᠃ ᠲᠠᠷᠢᠶᠠᠯᠠᠩ ᠤᠨ ᠪᠦᠲᠦᠭᠡᠭᠳᠡᠬᠦᠨ ᠤ ᠭᠤᠣᠯ ᠭᠠᠷᠤᠯᠲᠠ ᠶᠢᠨ ᠣᠷᠣᠨ ᠪᠠ ᠣᠨᠴᠠᠯᠢᠭᠲᠤ ᠲᠠᠷᠢᠶᠠᠯᠠᠩ ᠤᠨ | ᠪᠦᠲᠦᠭᠡᠭᠳᠡᠬᠦᠨ ᠤ ᠳᠠᠪᠠᠭᠤᠯᠢᠭ ᠣᠷᠣᠨ ᠢᠶᠠᠷ ᠭᠤᠣᠯᠳᠠᠯᠭ᠎ᠠ ᠪᠤᠯᠭᠠᠵᠤ᠂ ᠣᠲᠣ ᠦᠶ᠎ᠡ ᠶᠢᠨ ᠬᠥᠳᠡᠭᠡ ᠲᠣᠰᠬᠤᠨ ᠤ ᠠᠵᠤ | ᠦᠢᠯᠡᠰ ᠤᠨ ᠬᠤᠩᠭᠢᠯ ᠢ ᠪᠠᠶᠢᠭᠤᠯᠵᠤ᠂ ᠬᠥᠳᠡᠭᠡ ᠠᠵᠤ ᠠᠬᠤᠢ ᠶᠢᠨ ᠲᠥᠷᠥᠯ ᠲᠡᠮᠳᠡᠭ ᠤᠨ ᠰᠢᠯᠢᠳᠡᠭ ᠪᠦᠲᠦᠭᠡᠭᠳᠡᠬᠦᠨ ᠢ | ᠪᠣᠶᠢᠵᠢᠭᠤᠯᠬᠤ ᠲᠥᠯᠥᠪᠯᠡᠭᠡ ᠶᠢ ᠬᠡᠷᠡᠭᠵᠢᠭᠦᠯᠦᠨ᠎ᠡ᠃ ᠠᠵᠤ ᠦᠢᠯᠡᠰ ᠤᠨ ᠬᠡᠯᠬᠢᠶ᠎ᠡ ᠶᠢ ᠵᠣᠬᠢᠶᠠᠨ ᠪᠠᠶᠢᠭᠤᠯᠬᠤ ᠠᠷᠭ᠎ᠠ | ᠮᠠᠶ᠋ᠢᠭ ᠢ ᠰᠢᠯᠢᠳᠡᠭᠵᠢᠭᠦᠯᠵᠦ᠂ ᠬᠥᠳᠡᠭᠡ ᠠᠵᠤ ᠠᠬᠤᠢ ᠶᠢᠨ ᠠᠵᠤ ᠦᠢᠯᠡᠰᠵᠢᠭᠰᠡᠨ ᠳᠠᠭᠠᠭᠤᠯᠤᠭᠴᠢ ᠠᠵᠤ ᠠᠬᠤᠶᠢᠯᠠᠯ ᠢ | ᠪᠣᠶᠢᠵᠢᠭᠤᠯᠤᠨ᠂ ᠠᠵᠤ ᠠᠬᠤᠶᠢᠯᠠᠯ ᠨᠢ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠬᠠᠮᠵᠢᠯᠴᠠᠨ ᠬᠠᠮᠲᠤ ᠪᠠᠷ | ᠪᠠᠶᠢᠭᠤᠯᠬᠤ ᠶᠢ ᠳᠡᠮᠵᠢᠨ᠎ᠡ᠃ ᠠᠵᠤ ᠦᠢᠯᠡᠰ ᠤᠨ ᠬᠥᠭᠵᠢᠯᠲᠡ ᠶᠢᠨ ᠠᠴᠢᠶᠠᠯᠠᠪᠤᠷᠢ ᠶᠢ ᠪᠠᠶᠢᠭᠤᠯᠤᠨ ᠬᠦᠴᠦᠷᠬᠡᠭᠵᠢᠭᠦᠯᠵᠦ᠂ | ᠰᠢᠶᠠᠨ ᠤ ᠬᠡᠪᠴᠢᠶᠡᠨ ᠤ ᠬᠥᠳᠡᠭᠡ ᠲᠣᠰᠬᠤᠨ ᠤ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠦᠯᠦᠭᠵᠢᠯ ᠢ ᠬᠥᠭᠵᠢᠭᠦᠯᠦᠨ᠎ᠡ᠃ | ︵ᠠᠷᠪᠠ︶ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ | ᠬᠥᠭᠵᠢᠬᠦ ᠶᠢ ᠭᠦᠨᠵᠡᠭᠡᠶᠢᠷᠡᠭᠦᠯᠦᠨ᠎ᠡ᠃ ᠲᠠᠷᠢᠶᠠᠯᠠᠩ ᠤᠨ ᠪᠦᠲᠦᠭᠡᠭᠳᠡᠬᠦᠨ ᠢ ᠪᠤᠯᠪᠠᠰᠤᠷᠠᠭᠤᠯᠬᠤ ᠦᠢᠯᠡᠰ ᠢ ᠳᠡᠭᠡᠭᠰᠢᠯᠡᠭᠦᠯᠭᠦ | ᠠᠵᠢᠯᠯᠠᠭ᠎ᠠ ᠶᠢ ᠬᠡᠷᠡᠭᠵᠢᠭᠦᠯᠵᠦ᠂ ᠭᠤᠣᠯ ᠭᠠᠷᠤᠯᠲᠠ ᠶᠢᠨ ᠣᠷᠣᠨ ᠤ ᠬᠢᠨ ᠪᠤᠯᠪᠠᠰᠤᠷᠠᠭᠤᠯᠬᠤ ᠠᠵᠤ ᠦᠢᠯᠡᠰ ᠤᠨ | ᠬᠦᠷᠢᠶᠡᠯᠡᠩ ᠪᠠᠶᠢᠭᠤᠯᠬᠤ ᠶᠢ ᠲᠡᠮᠵᠢᠨ᠎ᠠ᠃ ᠭᠦᠢᠯᠭᠡᠭᠡᠨ ᠤ ᠭᠤᠣᠯᠯᠠᠭᠴᠢ ᠲᠣᠣᠷ ᠰᠦᠯᠵᠢᠶ᠎ᠡ ᠶᠢ ᠲᠡᠭᠦᠯᠳᠡᠷᠵᠢᠭᠦᠯᠵᠦ᠂ | ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠢ ᠥᠭᠡᠷᠡᠴᠢᠯᠡᠨ ᠳᠡᠭᠡᠭᠰᠢᠯᠡᠭᠦᠯᠵᠦ᠂ ᠬᠤᠲᠠ ᠶᠢᠨ ᠲᠡᠭᠦᠷᠭᠡ ᠶᠢᠨ ᠲᠣᠮᠣ | ᠬᠥᠮᠥᠷᠭᠡ ᠶᠢᠨ ᠰᠠᠭᠤᠷᠢᠨ ᠢ ᠪᠠᠶᠢᠷᠢᠰᠢᠭᠤᠯᠤᠨ ᠪᠠᠶᠢᠭᠤᠯᠵᠤ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠴᠢᠨᠠᠷ | ᠰᠠᠶᠢᠲᠠᠢ ᠬᠥᠭᠵᠢᠯᠲᠡ ᠶᠢᠨ ᠢᠨᠵᠧᠨᠧᠷᠢᠩ ᠢ ᠬᠡᠷᠡᠭᠵᠢᠭᠦᠯᠦᠨ᠎ᠡ᠃ ᠲᠠᠷᠢᠶᠠᠯᠠᠩ ᠤᠨ ᠶᠠᠪᠤᠳᠠᠯ ᠢ ᠪᠡᠶᠡᠴᠢᠯᠡᠨ ᠣᠶᠢᠯᠠᠭᠠᠬᠤ | ᠵᠡᠷᠭᠡ ᠰᠢᠨ᠎ᠡ ᠡᠵᠡᠩᠨᠡᠯᠲᠡ ᠶᠢᠨ ᠭᠡᠯᠪᠡᠷᠢ ᠶᠢ ᠡᠮᠬᠢ ᠵᠢᠷᠤᠮ ᠲᠠᠢ ᠪᠠᠷ ᠬᠥᠭᠵᠢᠭᠦᠯᠵᠦ᠂ ᠤᠳᠤ ᠦᠶ᠎ᠡ ᠶᠢᠨ ᠲᠠᠷᠢᠶᠠᠯᠠᠩ᠂ ᠵᠤᠭ᠎ᠠ | ᠰᠡᠯᠡᠭᠦᠴᠡᠯ ᠵᠢᠭᠤᠯᠴᠢᠯᠠᠯ᠂ ᠬᠥᠳᠡᠭᠡ ᠶᠢᠨ ᠨᠡᠶᠢᠭᠡᠮ ᠲᠣᠭᠤᠷᠢᠭ ᠤᠨ ᠠᠭᠤᠰᠤᠯᠴᠠᠨ ᠬᠥᠭᠵᠢᠬᠦ ᠭᠡᠯᠪᠡᠷᠢ ᠶᠢ ᠰᠦᠪᠡᠭᠴᠢᠯᠡᠨ᠎ᠡ᠃ | ︵ᠠᠷᠪᠠᠨ ᠨᠢᠭᠡ︶ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠴᠢᠩᠭᠠᠳᠬᠠᠨ᠎ᠠ᠃ ᠬᠥᠯᠥᠰᠦᠨ | ᠲᠠᠷᠢᠶᠠᠴᠢᠳ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠲᠥᠷᠥ ᠶᠢᠨ ᠪᠣᠳᠣᠯᠭ᠎ᠠ ᠪᠠ ᠡᠷᠬᠡ | ᠠᠰᠢᠭ ᠢ ᠪᠠᠲᠤᠯᠠᠬᠤ ᠲᠣᠭᠲᠠᠴᠠ ᠶᠢ ᠨᠠᠶᠢᠳᠠᠪᠤᠷᠢᠵᠢᠭᠤᠯᠵᠤ᠂ ᠮᠡᠷᠭᠡᠵᠢᠯ ᠤᠨ ᠪᠣᠯᠪᠠᠰᠤᠷᠠᠯ ᠪᠠ ᠠᠵᠢᠯ ᠣᠯᠭᠤᠬᠤ | ᠦᠢᠯᠡᠴᠢᠯᠡᠭᠡ ᠶᠢ ᠴᠢᠩᠭᠠᠳᠬᠠᠨ᠂ ᠨᠤᠲᠤᠭ ᠲᠠᠭᠠᠨ ᠪᠤᠴᠠᠵᠤ ᠠᠵᠢᠯ ᠬᠢᠵᠦ ᠦᠢᠯᠡᠰ ᠪᠣᠰᠬᠠᠬᠤ ᠶᠢ ᠳᠡᠮᠵᠢᠵᠦ᠂ | ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠲᠥᠷᠥᠯ ᠵᠦᠢᠯ ᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠠᠵᠤ | ᠦᠢᠯᠡᠰ ᠤᠨ ᠬᠡᠯᠬᠢᠶ᠎ᠡ ᠶᠢᠨ ᠠᠰᠢᠭ ᠲᠤᠰᠠ ᠶᠢ ᠬᠤᠯᠪᠣᠯᠳᠤᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠲᠠᠷᠢᠶᠠᠯᠠᠩ ᠤᠨ | ᠠᠵᠤ ᠦᠢᠯᠡᠰᠵᠢᠭᠰᠡᠨ ᠬᠤᠯᠪᠣᠭᠠᠲᠤ ᠴᠣᠭᠴᠠ ᠶᠢ ᠬᠥᠭᠵᠢᠭᠦᠯᠵᠦ᠂ ᠠᠵᠤ ᠠᠬᠤᠶᠢᠯᠠᠯ ᠬᠢᠭᠡᠳ ᠵᠢᠵᠢᠭ ᠲᠠᠷᠢᠶᠠᠯᠠᠬᠤ | ᠡᠷᠦᠭᠡ ᠶᠢᠨ ᠠᠰᠢᠭ ᠲᠤᠰᠠ ᠶᠢ ᠬᠤᠯᠪᠣᠭᠳᠠᠭᠤᠯᠬᠤ ᠪᠠᠨ ᠴᠢᠩᠭᠠᠳᠬᠠᠬᠤ ᠶᠢ ᠬᠥᠲᠥᠯᠥᠨ ᠵᠢᠯᠤᠭᠤᠳᠴᠤ᠂ ᠨᠡᠮᠡᠭᠳᠡᠯ | ᠥᠷᠲᠡᠭ ᠤᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢ ᠲᠠᠷᠢᠶᠠᠯᠠᠬᠤ ᠡᠷᠦᠭᠡ ᠲᠡᠶᠢᠰᠢ ᠬᠡᠯᠪᠡᠶᠢᠯᠭᠡᠬᠦ ᠶᠢ ᠠᠬᠢᠭᠤᠯᠤᠨ᠎ᠠ᠃ | ᠰᠢᠨ᠎ᠡ ᠭᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢ ᠪᠣᠶᠢᠵᠢᠭᠤᠯᠤᠨ ᠪᠤᠵᠠᠭᠠᠶᠢᠷᠠᠭᠤᠯᠵᠤ᠂ ᠬᠠᠮᠢᠶ᠎ᠠ | ᠪᠦᠬᠦᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠲᠠᠷᠢᠶᠠᠴᠢᠨ ᠡᠷᠦᠭᠡ ᠶᠢ ᠳᠠᠶᠢᠴᠢᠯᠠᠨ ᠣᠷᠣᠯᠭ᠎ᠠ ᠶᠢ ᠨᠢ | ᠨᠡᠮᠡᠭᠳᠡᠭᠦᠯᠬᠦ ᠲᠠᠢ ᠬᠤᠯᠪᠣᠭᠳᠠᠭᠤᠯᠬᠤ ᠶᠢ ᠠᠬᠢᠭᠤᠯᠤᠨ᠎ᠠ᠃ | ︵ᠠᠷᠪᠠᠨ ᠬᠤᠶᠠᠷ︶ ᠬᠥᠳᠡᠭᠡ ᠲᠣᠰᠬᠤᠨ ᠤ ᠬᠡᠷᠡᠭᠯᠡᠭᠡ ᠶᠢ ᠪᠦᠭᠦ ᠲᠠᠯ᠎ᠠ ᠪᠠᠷ ᠠᠬᠢᠭᠤᠯᠤᠨ᠎ᠠ᠃ ᠰᠢᠶᠠᠨ ᠤ ᠬᠡᠪᠴᠢᠶᠡᠨ ᠤ | ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠪᠠ ᠪᠠᠷᠠᠭᠠᠨ ᠤ | ᠭᠦᠢᠯᠭᠡᠭᠡ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠂ ᠰᠢᠶᠠᠨ ᠤ ᠬᠡᠪᠴᠢᠶᠡᠨ ᠤ ᠲᠥᠪᠯᠡᠷᠡᠭᠦᠯᠦᠨ ᠬᠤᠳᠠᠯᠳᠤᠨ | ᠠᠪᠴᠤ ᠨᠢᠭᠡᠳᠦᠯᠲᠡᠢ ᠬᠦᠷᠭᠡᠬᠦ ᠲᠥᠪ ᠢ ᠪᠠᠶᠢᠭᠤᠯᠵᠤ᠂ ᠠᠶᠠᠨᠴᠢᠳ ᠤᠨ ᠵᠥᠭᠡᠭᠡᠪᠦᠷᠢ ᠪᠠᠷᠠᠭᠠᠨ ᠤ ᠭᠦᠢᠯᠭᠡᠭᠡ ᠰᠢᠤᠳᠠᠨ ᠤ | ᠶᠠᠪᠤᠳᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠬᠡᠷᠡᠭᠯᠡᠭᠡ ᠶᠢᠨ ᠪᠠᠭᠲᠠᠭᠠᠮᠵᠢ ᠶᠢ ᠲᠦᠷᠭᠡᠳᠬᠡᠨ᠎ᠡ᠃ ᠬᠥᠳᠡᠭᠡ | ᠲᠣᠰᠬᠤᠨ ᠳᠤ ᠬᠠᠨᠳᠤᠭᠤᠯᠤᠭᠰᠠᠨ ᠪᠦᠲᠦᠭᠡᠭᠳᠡᠬᠦᠨ ᠤ ᠰᠢᠨ᠎ᠡ ᠶᠢ ᠡᠭᠦᠳᠬᠦ ᠪᠠ ᠡᠵᠡᠩᠨᠡᠨ ᠪᠣᠷᠣᠯᠠᠭᠤᠯᠬᠤ ᠡᠷᠴᠢᠮ ᠢ | ᠴᠢᠩᠭᠠᠷᠠᠭᠤᠯᠤᠨ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠪᠣᠬᠢᠷᠳᠤᠯ ᠦᠭᠡᠢ ᠣᠶᠤᠨᠴᠢ ᠭᠡᠷ ᠤᠨ ᠴᠠᠭᠢᠯᠭᠠᠨ ᠬᠡᠷᠡᠭᠰᠡᠯ | ᠵᠡᠷᠭᠡ ᠶᠢ ᠬᠥᠳᠡᠭᠡ ᠪᠠᠭᠤᠯᠭᠠᠬᠤ ᠶᠢ ᠳᠠᠮᠵᠢᠵᠤ᠂ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ | ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠂ ᠮᠡᠳᠡᠭᠡ ᠵᠠᠩᠭᠢ ᠶᠢᠨ ᠬᠡᠷᠡᠭᠯᠡᠭᠡ ᠶᠢ ᠵᠣᠷᠢᠭᠵᠢᠭᠤᠯᠵᠤ᠂ ᠬᠡᠷᠡᠭᠯᠡᠭᠡ ᠶᠢᠨ ᠳᠡᠰ | ᠳᠡᠪᠰᠢᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ ᠠᠮᠢᠳᠤᠷᠠᠯ ᠤᠨ ᠦᠢᠯᠡᠴᠢᠯᠡᠭᠡᠨ ᠤ ᠦᠢᠯᠡᠰ ᠢ ᠬᠥᠭᠵᠢᠭᠦᠯᠵᠦ᠂ | ᠬᠥᠳᠡᠭᠡ ᠲᠣᠰᠬᠤᠨ ᠤ ᠬᠡᠷᠡᠭᠯᠡᠭᠡᠨ ᠤ ᠵᠠᠬ᠎ᠠ ᠳᠡᠯᠭᠡᠭᠦᠷ ᠢ ᠴᠡᠪᠡᠷᠰᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠬᠡᠷᠡᠭᠯᠡᠭᠡᠨ ᠤ | ᠢᠵᠢ ᠪᠦᠷᠢᠳᠦᠭᠦᠯᠦᠭᠰᠡᠨ ᠲᠤᠨᠤᠭ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ | ᠲᠠᠪᠤ᠂ ᠬᠥᠳᠡᠭᠡ ᠲᠣᠰᠬᠤᠨ ᠤ ᠴᠢᠳᠠᠪᠤᠷᠢᠲᠠᠨ ᠢ ᠶᠡᠭᠡ ᠪᠠᠷ ᠬᠥᠮᠥᠵᠢᠭᠦᠯᠵᠦ᠂ ᠡᠯ᠎ᠡ ᠲᠥᠷᠥᠯ ᠤᠨ ᠴᠢᠳᠠᠪᠤᠷᠢᠲᠠᠨ ᠢ | ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠣᠷᠣᠯᠴᠠᠭᠤᠯᠤᠨ᠎ᠠ | ︵ᠠᠷᠪᠠᠨ ᠭᠤᠷᠪᠠ︶ ᠬᠥᠳᠡᠭᠡ ᠲᠣᠰᠬᠤᠨ ᠤ ᠴᠢᠳᠠᠪᠤᠷᠢᠲᠠᠨ ᠤ ᠡᠩᠨᠡᠭᠡ ᠶᠢ ᠪᠤᠵᠠᠭᠠᠶᠢᠷᠠᠭᠤᠯᠤᠨ᠎ᠠ᠃ ᠥᠨᠳᠥᠷ ᠬᠡᠪ | ᠪᠣᠯᠪᠠᠰᠤᠷᠠᠯ ᠪᠦᠬᠦᠢ ᠲᠠᠷᠢᠶᠠᠴᠢᠨ ᠢ ᠬᠥᠮᠥᠵᠢᠭᠦᠯᠬᠦ ᠲᠥᠯᠥᠪᠯᠡᠭᠡ ᠪᠠ ᠬᠥᠳᠡᠭᠡ ᠲᠣᠰᠬᠤᠨ ᠤ ᠠᠵᠤ ᠦᠢᠯᠡᠰ ᠢ | ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠶᠢ ᠬᠥᠮᠥᠵᠢᠭᠦᠯᠬᠦ ︽ᠲᠦᠷᠦᠭᠦᠴᠢ ᠭᠠᠯᠠᠭᠤ︾ ᠶᠢᠨ ᠲᠥᠷᠥᠯ ᠵᠦᠢᠯ ᠢ | ᠬᠡᠷᠡᠭᠵᠢᠭᠦᠯᠵᠦ᠂ ᠵᠠᠯᠠᠭᠤ ᠲᠠᠷᠢᠶᠠᠴᠢᠨ ᠪᠠ ᠰᠢᠨ᠎ᠡ ᠭᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢ | ᠪᠣᠯᠪᠠᠰᠤᠷᠠᠭᠤᠯᠤᠨ ᠵᠢᠯᠤᠭᠤᠳᠬᠤ ᠶᠢ ᠴᠢᠩᠭᠠᠳᠬᠠᠵᠤ᠂ ᠬᠥᠳᠡᠭᠡ ᠲᠣᠰᠬᠤᠨ ᠤ ᠪᠣᠳᠠᠲᠤ ᠬᠡᠷᠡᠭᠴᠡᠭᠡᠲᠦ ᠴᠢᠳᠠᠪᠤᠷᠢᠲᠠᠨ ᠤ | ᠳᠠᠭᠠᠭᠤᠯᠤᠭᠴᠢ ᠶᠢ ᠪᠤᠯᠪᠠᠰᠤᠷᠠᠭᠤᠯᠬᠤ ᠲᠥᠯᠥᠪᠯᠡᠭᠡ ᠶᠢ ᠬᠡᠷᠡᠭᠵᠢᠭᠦᠯᠦᠨ᠎ᠡ᠃ ᠵᠠᠯᠠᠭᠤᠴᠤᠳ ᠤᠨ ᠬᠥᠳᠡᠭᠡ ᠲᠣᠰᠬᠤᠨ ᠳᠤ | ᠣᠴᠢᠵᠤ ᠬᠥᠭᠵᠢᠬᠦ ᠪᠠ ᠠᠵᠢᠯ ᠣᠯᠵᠤ ᠦᠢᠯᠡᠰ ᠪᠣᠰᠬᠠᠬᠤ ᠶᠢ ᠵᠣᠷᠢᠭᠵᠢᠭᠤᠯᠤᠨ ᠬᠥᠲᠥᠯᠥᠨ ᠵᠢᠯᠤᠭᠤᠳᠴᠤ᠂ ᠬᠥᠳᠡᠭᠡ | ᠠᠵᠤ ᠠᠬᠤᠢ ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ᠂ | ᠵᠠᠯᠠᠭᠤ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠢᠵᠢᠭ ᠬᠦᠷᠢᠶ᠎ᠡ | ᠵᠡᠷᠭᠡ ᠭᠡᠯᠪᠡᠷᠢ ᠪᠠᠷ ᠳᠠᠮᠵᠢᠭᠤᠯᠵᠤ᠂ ᠬᠥᠳᠡᠭᠡ ᠠᠵᠤ ᠠᠬᠤᠢ ᠳᠤ ᠬᠤᠯᠪᠣᠭᠳᠠᠬᠤ ᠰᠤᠷᠭᠠᠨ ᠬᠥᠮᠦᠵᠢᠯ ᠪᠣᠯᠣᠨ | ᠦᠢᠯᠡᠳᠪᠦᠷᠢᠯᠡᠯ ᠤᠨ ᠦᠢᠯᠡᠳᠦᠯᠭᠡ ᠶᠢ ᠨᠢᠭᠲᠠ ᠤᠶᠠᠯᠳᠤᠭᠤᠯᠬᠤ ᠶᠢ ᠠᠬᠢᠭᠤᠯᠤᠨ᠎ᠠ᠃ ᠲᠠᠷᠢᠶᠠᠯᠠᠩ ᠤᠨ ᠮᠡᠷᠭᠡᠵᠢᠯ ᠢ | ᠳᠡᠯᠭᠡᠷᠡᠭᠦᠯᠬᠦ ᠦᠢᠯᠡᠴᠢᠯᠡᠭᠡᠨ ᠤ ᠣᠨᠴᠠ ᠤᠷᠢᠬᠤ ᠲᠥᠯᠥᠪᠯᠡᠭᠡ ᠶᠢ ᠬᠡᠷᠡᠭᠵᠢᠭᠦᠯᠵᠦ᠂ ᠲᠠᠷᠢᠶᠠᠯᠠᠩ ᠤᠨ ᠮᠡᠷᠭᠡᠵᠢᠯ ᠢ | ᠳᠡᠯᠭᠡᠷᠡᠭᠦᠯᠬᠦ ᠴᠢᠳᠠᠪᠤᠷᠢᠲᠠᠨ ᠢ ᠬᠥᠮᠥᠵᠢᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠣᠨᠴᠠ ᠲᠣᠮᠢᠯᠠᠭᠰᠠᠨ | ᠡᠩᠨᠡᠭᠡ ᠶᠢ ᠪᠤᠵᠠᠭᠠᠶᠢᠷᠠᠭᠤᠯᠤᠨ᠎ᠠ᠃ ᠬᠥᠳᠡᠭᠡ ᠲᠣᠰᠬᠤᠨ ᠤ ᠤᠯᠠᠨ ᠨᠡᠶᠢᠲᠡ ᠶᠢᠨ ᠦᠢᠯᠡᠴᠢᠯᠡᠭᠡ ᠪᠠ ᠵᠠᠰᠠᠯᠲᠠ ᠶᠢᠨ | ᠴᠢᠳᠠᠪᠤᠷᠢᠲᠠᠨ ᠤ ᠡᠩᠨᠡᠭᠡ ᠶᠢ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠤ | ᠲᠥᠯᠥᠪᠯᠡᠭᠡ ᠪᠠ ᠴᠢᠳᠠᠪᠤᠷᠢᠲᠠᠨ ᠤ ᠲᠤᠯᠭᠠᠭᠤᠷᠢᠯᠠᠯ ᠤᠨ ᠲᠦᠷᠦᠯ ᠵᠦᠢᠯ ᠢ ᠬᠡᠷᠡᠭᠵᠢᠭᠦᠯᠵᠦ᠂ ᠶᠡᠷᠦᠩᠬᠡᠢ ᠰᠠᠯᠠᠭᠠᠨ ᠤ | ᠡᠮᠴᠢ ᠶᠢᠨ ᠣᠨᠴᠠᠭᠠᠢ ᠠᠵᠢᠯ ᠤᠨ ᠪᠠᠶᠢᠷᠢ ᠶᠢᠨ ᠲᠥᠯᠥᠪᠯᠡᠭᠡ᠂ ᠵᠠᠬᠢᠶᠠᠯᠠᠭ᠎ᠠ ᠶᠢᠨ ᠮᠠᠶ᠋ᠢᠭ ᠤᠨ ᠬᠠᠨᠳᠤᠯᠭ᠎ᠠ ᠲᠠᠢ ᠠᠨᠠᠭᠠᠬᠤ | ᠤᠬᠠᠭᠠᠨ ᠤ ᠰᠤᠷᠤᠬᠴᠢ ᠶᠢ ᠰᠦᠢᠳᠬᠡᠯ ᠬᠤᠷᠢᠶᠠᠬᠤ ᠦᠭᠡᠢ ᠪᠠᠷ ᠬᠥᠮᠥᠵᠢᠭᠦᠯᠬᠦ ᠵᠡᠷᠭᠡ ᠶᠢ ᠥᠷᠨᠢᠭᠦᠯᠵᠦ᠂ ᠬᠥᠳᠡᠭᠡ | ᠲᠣᠰᠬᠤᠨ ᠤ ᠡᠮᠴᠢ ᠶᠢ ᠵᠢᠩᠬᠢᠨᠢ ᠲᠤᠰᠬᠠᠢ︵ᠲᠤᠰᠠᠯᠠᠭᠴᠢ︶ ᠡᠮᠴᠢ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠬᠥᠳᠡᠭᠡ | ᠲᠣᠰᠬᠤᠨ ᠤ ᠬᠠᠤᠯᠢ ᠴᠠᠭᠠᠵᠠ ᠶᠢᠨ ᠴᠢᠳᠠᠪᠤᠷᠢᠲᠠᠨ ᠪᠠ ᠬᠡᠦᠬᠡᠳ ᠤᠨ ᠦᠢᠯᠡᠴᠢᠯᠡᠭᠡᠨ ᠤ ᠴᠢᠳᠠᠪᠤᠷᠢᠲᠠᠨ ᠢ ᠬᠥᠮᠥᠵᠢᠭᠦᠯᠬᠦ ᠶᠢ | ᠴᠢᠩᠭᠠᠳᠬᠠᠨ᠎ᠠ᠃ | ︵ᠠᠷᠪᠠᠨ ᠳᠥᠷᠪᠡ︶ ᠬᠥᠳᠡᠭᠡ ᠲᠣᠰᠬᠤᠨ ᠤ ᠴᠢᠳᠠᠪᠤᠷᠢᠲᠠᠨ ᠢ ᠬᠥᠮᠥᠵᠢᠭᠦᠯᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ | ᠬᠥᠳᠡᠭᠡ ᠠᠵᠤ ᠠᠬᠤᠢ ᠳᠤ ᠬᠤᠯᠪᠣᠭᠳᠠᠬᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠨᠥᠬᠦᠴᠡᠯ ᠳᠤ ᠨᠡᠶᠢᠴᠡᠬᠦ ᠭᠠᠴᠠᠭᠠᠨ ᠤ | ᠺᠠᠳ᠋ᠷ᠂ ᠲᠠᠷᠢᠶᠠᠴᠢᠨ ᠵᠡᠷᠭᠡ ᠶᠢᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠨᠡᠷ᠎ᠡ ᠮᠡᠳᠡᠭᠦᠯᠦᠨ | ᠰᠢᠯᠭᠠᠭᠤᠯᠬᠤ ᠶᠢ ᠵᠣᠷᠢᠭᠵᠢᠭᠤᠯᠵᠤ᠂ ︽ᠨᠢᠭᠡ ᠲᠣᠰᠬᠤᠨ ᠳᠤ ᠨᠢᠭᠡ ᠣᠶᠤᠲᠠᠨ ᠲᠠᠢ ᠪᠠᠶᠢᠬᠤ︾ ᠲᠥᠯᠥᠪᠯᠡᠭᠡ ᠶᠢ | ᠦᠷᠭᠦᠯᠵᠢᠯᠡᠨ ᠬᠡᠷᠡᠭᠵᠢᠭᠦᠯᠦᠨ᠎ᠡ᠃ ᠬᠥᠳᠡᠭᠡ ᠠᠵᠤ ᠠᠬᠤᠢ ᠳᠤ ᠬᠤᠯᠪᠣᠭᠳᠠᠬᠤ ᠪᠣᠯᠪᠠᠰᠤᠷᠠᠯ ᠤᠨ ᠰᠢᠰᠲ᠋ᠧᠮ ᠢ | ᠲᠡᠭᠦᠯᠳᠡᠷᠵᠢᠭᠦᠯᠵᠦ᠂ ᠡᠯ᠎ᠡ ᠲᠦᠷᠦᠯ ᠤᠨ ᠪᠣᠯᠪᠠᠰᠤᠷᠠᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ᠂ ᠬᠡᠷᠡᠭᠴᠡᠭᠡ | ᠶᠣᠰᠣᠭᠠᠷ ᠪᠤᠯᠪᠠᠰᠤᠷᠠᠭᠤᠯᠬᠤ ᠶᠢ ᠬᠡᠷᠡᠭᠵᠢᠭᠦᠯᠦᠨ᠎ᠡ᠃ ᠬᠥᠳᠡᠭᠡ ᠲᠣᠰᠬᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ | ᠨᠠᠰᠤᠨ ᠳᠤ ᠭᠦᠷᠦᠭᠰᠡᠳ ᠤᠨ ᠰᠤᠷᠭᠠᠨ ᠬᠥᠮᠦᠵᠢᠯ ᠢ ᠴᠢᠩᠭᠠᠳᠬᠠᠵᠤ᠂ ᠬᠥᠳᠡᠭᠡ ᠲᠣᠰᠬᠤᠨ ᠤ ᠲᠣᠭᠠᠴᠢᠯᠠᠭᠰᠠᠨ | ᠴᠢᠳᠠᠪᠤᠷᠢᠲᠠᠨ᠂ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠨ᠎ᠠ᠃ | ︵ᠠᠷᠪᠠᠨ ᠲᠠᠪᠤ︶ ᠬᠥᠳᠡᠭᠡ ᠲᠣᠰᠬᠤᠨ ᠤ ᠴᠢᠳᠠᠪᠤᠷᠢᠲᠠᠨ ᠤ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ | ᠴᠢᠳᠠᠪᠤᠷᠢᠲᠠᠨ ᠢ ᠬᠥᠳᠡᠭᠡ ᠲᠣᠰᠬᠤᠨ ᠳᠤ ᠲᠣᠭᠲᠠᠮᠠᠯ ᠬᠤᠭᠤᠴᠠᠭ᠎ᠠ ᠲᠠᠢ ᠪᠠᠷ ᠦᠢᠯᠡᠴᠢᠯᠡᠭᠦᠯᠬᠦ ᠳᠦᠷᠢᠮ ᠢ ᠪᠠᠶᠢᠭᠤᠯᠵᠤ᠂ | ᠨᠤᠲᠤᠭ ᠲᠠᠭᠠᠨ ᠪᠤᠴᠠᠭᠰᠠᠨ ᠬᠥᠮᠥᠰ᠂ ᠴᠡᠷᠢᠭ ᠠᠴᠠ ᠬᠠᠯᠠᠭᠳᠠᠭᠰᠠᠳ᠂ ᠠᠵᠢᠯ ᠠᠴᠠ ᠪᠠᠨ ᠠᠮᠠᠷᠠᠭᠰᠠᠨ ᠲᠤᠰᠬᠠᠢ | ᠮᠡᠷᠭᠡᠵᠢᠯᠲᠡᠨ ᠵᠡᠷᠭᠡ ᠶᠢᠨ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠣᠷᠤᠯᠴᠠᠬᠤ ᠶᠢ | ᠳᠡᠮᠵᠢᠵᠦ᠂ ᠰᠢᠶᠠᠨ ᠤ ᠬᠡᠪᠴᠢᠶᠡᠨ ᠤ ᠴᠢᠳᠠᠪᠤᠷᠢᠲᠠᠨ ᠢ ᠨᠢᠭᠡᠳᠦᠯᠲᠡᠢ ᠲᠥᠯᠥᠪᠵᠢᠭᠦᠯᠦᠨ ᠬᠡᠷᠡᠭᠯᠡᠬᠦ ᠳᠦᠷᠢᠮ ᠢ | ᠪᠦᠷᠢᠨᠰᠢᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠡᠮᠴᠢᠯᠡᠭᠡ᠂ ᠰᠤᠷᠭᠠᠨ ᠬᠥᠮᠦᠵᠢᠯ ᠤᠨ ᠺᠠᠳ᠋ᠷ ᠴᠢᠳᠠᠪᠤᠷᠢᠲᠠᠨ ᠤ ︽ | ᠪᠦᠯᠭᠦᠮ ᠪᠠᠶᠢᠭᠤᠯᠬᠤ ᠮᠠᠶ᠋ᠢᠭ︾ ᠢᠶᠠᠷ ᠬᠠᠪᠰᠤᠷᠤᠨ ᠲᠡᠳᠬᠦᠬᠦ ᠶᠢ ᠠᠬᠢᠭᠤᠯᠵᠤ᠂ ᠣᠶᠤᠲᠠᠳ ᠤᠨ ᠪᠠᠷᠠᠭᠤᠨ ᠣᠷᠣᠨ ᠳᠤ | ᠰᠠᠶᠢᠨ ᠳᠤᠷ᠎ᠠ ᠠᠴᠠ ᠪᠠᠨ ᠦᠢᠯᠡᠴᠢᠯᠡᠬᠦ ᠲᠥᠯᠥᠪᠯᠡᠭᠡ ᠶᠢ ᠬᠡᠷᠡᠭᠵᠢᠭᠦᠯᠦᠨ᠎ᠡ᠃ ᠬᠥᠳᠡᠭᠡ ᠲᠣᠰᠬᠤᠨ ᠤ ᠴᠢᠳᠠᠪᠤᠷᠢᠲᠠᠨ ᠢ ᠳᠡᠰ | ᠲᠥᠷᠥᠯ ᠬᠤᠪᠢᠶᠠᠨ ᠦᠨᠡᠯᠡᠬᠦ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠡᠯ᠎ᠡ ᠭᠠᠵᠠᠷ ᠢ ᠬᠥᠲᠥᠯᠥᠨ ᠵᠢᠯᠤᠭᠤᠳᠴᠤ | ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠳᠤ ᠬᠠᠨᠳᠤᠯᠭ᠎ᠠ ᠲᠠᠢ ᠪᠠᠷ ᠦᠨᠡᠯᠡᠬᠦ᠂ ᠬᠠᠨᠳᠤᠯᠭ᠎ᠠ ᠲᠠᠢ ᠪᠠᠷ ᠬᠡᠷᠡᠭᠯᠡᠬᠦ ᠶᠢ | ᠬᠡᠷᠡᠭᠵᠢᠭᠦᠯᠦᠨ᠎ᠡ᠃ ᠡᠯ᠎ᠡ ᠲᠥᠷᠥᠯ ᠤᠨ ᠴᠢᠳᠠᠪᠤᠷᠢᠲᠠᠨ ᠤ ᠬᠥᠳᠡᠭᠡ ᠲᠣᠰᠬᠤᠨ ᠳᠤ ᠣᠷᠤᠯᠴᠠᠬᠤ ᠶᠢ ᠵᠣᠷᠢᠭᠵᠢᠭᠤᠯᠵᠤ᠂ | ᠨᠤᠲᠤᠭ ᠲᠠᠭᠠᠨ ᠪᠤᠴᠠᠭᠰᠠᠳ ᠪᠠ ᠬᠥᠳᠡᠭᠡ ᠪᠠᠭᠤᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ | ᠨᠥᠬᠦᠴᠡᠯ ᠳᠤ ᠨᠡᠶᠢᠴᠡᠬᠦ ᠨᠤᠲᠤᠭ ᠲᠠᠭᠠᠨ ᠪᠤᠴᠠᠭᠰᠠᠳ ᠪᠠ ᠦᠢᠯᠡᠰ ᠪᠣᠰᠬᠠᠵᠤ ᠠᠵᠢᠯ ᠬᠢᠭᠰᠡᠳ ᠢ ᠬᠥᠳᠡᠭᠡ ᠠᠵᠤ | ᠠᠬᠤᠢ ᠳᠤ ᠬᠤᠯᠪᠣᠭᠳᠠᠭᠰᠠᠨ ᠪᠣᠯᠪᠠᠰᠤᠷᠠᠯ ᠬᠦᠷᠲᠡᠭᠡᠬᠦ ᠬᠦᠷᠢᠶ᠎ᠡ ᠬᠡᠪᠴᠢᠶ᠎ᠡ ᠳᠤ ᠣᠷᠣᠭᠤᠯᠤᠨ᠎ᠠ᠃ | ᠵᠢᠷᠭᠤᠭ᠎ᠠ᠂ ᠬᠥᠳᠡᠭᠡ ᠲᠤᠰᠬᠤᠨ ᠤ ᠰᠣᠶᠣᠯ ᠢ ᠬᠥᠭᠵᠢᠭᠦᠯᠵᠦ᠂ ᠰᠢᠨ᠎ᠡ ᠴᠠᠭ ᠦᠶ᠎ᠡ ᠶᠢᠨ ᠬᠥᠳᠡᠭᠡ ᠨᠤᠲᠤᠭ ᠤᠨ ᠪᠣᠯᠪᠠᠰᠤᠨ | ᠰᠤᠷᠲᠠᠯ ᠢ ᠪᠣᠶᠢᠵᠢᠭᠤᠯᠤᠨ᠎ᠠ | ︵ᠠᠷᠪᠠᠨ ᠵᠢᠷᠭᠤᠭ᠎ᠠ︶ ᠬᠥᠳᠡᠭᠡ ᠲᠣᠰᠬᠤᠨ ᠤ ᠣᠶᠤᠨ ᠰᠠᠨᠠᠭᠠᠨ ᠤ ᠳᠦᠷᠰᠦ ᠪᠠᠶᠢᠳᠠᠯ ᠢ ᠳᠡᠭᠡᠭᠰᠢᠯᠡᠭᠦᠯᠦᠨ᠎ᠡ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠵᠣᠬᠢᠶᠠᠨ ᠪᠠᠶᠢᠭᠤᠯᠤᠨ ᠰᠤᠷᠤᠯᠴᠠᠵᠤ᠂ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ | ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢᠨ ᠤᠬᠠᠭᠤᠯᠭ᠎ᠠ ᠬᠥᠮᠦᠵᠢᠯ ᠢ | ᠥᠷᠭᠡᠨ ᠢᠶᠠᠷ ᠥᠷᠨᠢᠭᠦᠯᠵᠦ᠂ ︽ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠳᠤ ᠲᠠᠯᠠᠷᠬᠠᠵᠤ᠂ ᠨᠠᠮ ᠢᠶᠠᠨ ᠲᠠᠭᠠᠨ | ᠤᠷᠤᠭᠰᠢᠯᠠᠬᠤ︾ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠨ᠎ᠠ᠃ ᠬᠥᠳᠡᠭᠡ ᠨᠤᠲᠤᠭ ᠤᠨ ᠪᠣᠯᠪᠠᠰᠤᠨ ᠰᠤᠷᠲᠠᠯ ᠤᠨ ᠪᠠᠶᠢᠭᠤᠯᠤᠯᠲᠠ ᠶᠢᠨ ᠢᠨᠵᠧᠨᠧᠷᠢᠩ ᠢ | ᠬᠡᠷᠡᠭᠵᠢᠭᠦᠯᠵᠦ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠠᠷ ᠤᠳᠤᠷᠢᠳᠤᠮᠵᠢ ᠪᠤᠯᠭᠠᠵᠤ᠂ ᠪᠣᠯᠪᠠᠰᠤᠨ ᠢ | ᠪᠣᠶᠢᠵᠢᠭᠤᠯᠬᠤ᠂ ᠪᠣᠯᠪᠠᠰᠤᠨ ᠢ ᠦᠢᠯᠡᠳᠦᠯᠭᠡᠵᠢᠭᠦᠯᠬᠦ᠂ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠢ ᠴᠢᠩᠭᠠᠳᠬᠠᠨ᠎ᠠ᠃ | ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠠᠵᠢᠯ ᠢ | ᠰᠠᠶᠢᠲᠤᠷ ᠬᠢᠵᠦ᠂ ᠹᠧᠣᠳᠠᠯ ᠤᠨ ᠮᠤᠬᠤᠷ ᠪᠢᠰᠢᠷᠡᠯ ᠢ ᠡᠰᠡᠷᠭᠦᠴᠡᠨ᠎ᠡ᠃ ᠦᠨᠡᠨᠴᠢ ᠢᠲᠡᠭᠡᠮᠵᠢ ᠶᠢᠨ ᠤᠬᠠᠭᠤᠯᠭ᠎ᠠ ᠬᠥᠮᠦᠵᠢᠯ ᠢ | ᠥᠷᠨᠢᠭᠦᠯᠵᠦ᠂ ᠦᠨᠡᠨᠴᠢ ᠢᠲᠡᠭᠡᠮᠵᠢ ᠲᠤᠲᠠᠭᠳᠠᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠲᠤᠰᠬᠠᠢ ᠵᠠᠰᠠᠬᠤ ᠠᠵᠢᠯ ᠢ | ᠭᠦᠨᠵᠡᠭᠡᠶᠢᠷᠡᠭᠦᠯᠵᠦ᠂ ᠵᠠᠯᠠᠭᠤᠴᠤᠳ ᠪᠠᠭᠠᠴᠤᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠬᠥᠮᠦᠵᠢᠯ ᠢ ᠴᠢᠩᠭᠠᠳᠬᠠᠵᠤ᠂ | ᠨᠠᠰᠤᠨ ᠳᠤ ᠦᠯᠦ ᠭᠦᠷᠦᠭᠰᠡᠳ ᠤᠨ ᠰᠦᠯᠵᠢᠶᠡᠨ ᠤ ᠬᠠᠮᠠᠭᠠᠯᠠᠯᠲᠠ ᠶᠢᠨ ᠠᠵᠢᠯ ᠢ ᠴᠢᠩᠭᠠᠳᠬᠠᠨ᠎ᠠ᠃ ᠬᠠᠭᠤᠴᠢᠨ ᠪᠣᠯᠬᠢ | ᠵᠠᠩ ᠳᠠᠳᠬᠠᠯ ᠢ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ᠂ ᠰᠠᠶᠢᠨ ᠰᠠᠶᠢᠬᠠᠨ ᠨᠤᠲᠤᠭ ᠤᠨ ᠰᠤᠷᠲᠠᠯ ᠭᠡᠷ ᠤᠨ | ᠰᠤᠷᠲᠠᠯ ᠠᠷᠠᠳ ᠤᠨ ᠰᠤᠷᠲᠠᠯ ᠢ ᠪᠠᠳᠠᠷᠠᠭᠤᠯᠤᠨ᠂ ᠲᠣᠰᠬᠤᠨ ᠤ ᠠᠷᠠᠳ ᠤᠨ ᠳᠦᠷᠢᠮ ᠲᠣᠭᠲᠠᠭᠠᠯ ᠢ ᠵᠢᠷᠤᠮᠯᠠᠨ ᠳᠦᠷᠢᠮ | ᠲᠣᠭᠲᠠᠭᠠᠯ ᠢ ᠰᠠᠬᠢᠬᠤ ᠶᠢ ᠬᠥᠲᠥᠯᠥᠨ ᠵᠢᠯᠤᠭᠤᠳᠴᠤ᠂ ᠶᠡᠭᠡ ᠬᠡᠮᠵᠢᠶᠡᠨ ᠤ ᠪᠣᠭᠲᠣᠯᠠᠬᠤ ᠪᠡᠯᠡᠭ ᠠᠪᠬᠤ᠂ ᠬᠤᠷᠢᠮ | ᠣᠷᠣᠰᠢᠭᠤᠯᠭ᠎ᠠ ᠶᠢ ᠶᠡᠭᠡ ᠪᠠᠷ ᠬᠢᠬᠦ᠂ ᠰᠤᠯᠠ ᠲᠠᠷᠠᠬᠠᠢ ᠳᠤᠷ᠎ᠠ ᠪᠠᠷ ᠣᠷᠣᠰᠢᠭᠤᠯᠬᠤ ᠵᠡᠷᠭᠡ ᠲᠣᠪᠣᠶᠢᠮ᠎ᠠ ᠠᠰᠠᠭᠤᠳᠠᠯ ᠢ | ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠣᠷᠤᠭ ᠬᠤᠷᠢᠮ ᠢ ᠰᠢᠨ᠎ᠡ ᠮᠠᠶ᠋ᠢᠭ ᠢᠶᠠᠷ ᠡᠷᠭᠢᠯᠡᠭᠦ᠂ | ᠣᠷᠣᠰᠢᠭᠤᠯᠭ᠎ᠠ ᠶᠢᠨ ᠶᠠᠪᠤᠳᠠᠯ ᠢ ᠳᠥᠭᠦᠮᠴᠢᠯᠡᠨ ᠬᠢᠬᠦ᠂ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠬᠤ | ᠵᠡᠷᠭᠡ ᠬᠢᠵᠠᠭᠠᠷᠯᠠᠬᠤ ᠴᠢᠨᠠᠷᠲᠠᠢ ᠵᠢᠷᠤᠮᠵᠢᠯ ᠪᠠ ᠰᠠᠨᠠᠭᠠᠴᠢᠯᠠᠭ᠎ᠠ ᠶᠢᠨ ᠴᠢᠨᠠᠷᠲᠠᠢ ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ᠃ | ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠲᠡ ᠶᠢᠨ ᠤᠩᠭᠤᠨ ︵ᠴᠢᠨᠳᠠᠷ ᠤᠨ ᠲᠠᠩᠬᠢᠮ︶ ᠤ | ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠠᠬᠢᠭᠤᠯᠵᠤ᠂ ᠤᠳᠤ | ᠦᠶ᠎ᠡ ᠶᠢᠨ ᠪᠣᠯᠪᠠᠰᠤᠨ ᠣᠷᠣᠰᠢᠭᠤᠯᠭ᠎ᠠ ᠶᠢᠨ ᠰᠢᠨ᠎ᠡ ᠰᠤᠷᠲᠠᠯ ᠢ ᠪᠣᠶᠢᠵᠢᠭᠤᠯᠤᠨ᠎ᠠ᠃ | ︵ᠠᠷᠪᠠᠨ ᠳᠣᠯᠤᠭ᠎ᠠ︶ ᠬᠥᠳᠡᠭᠡ ᠲᠣᠰᠬᠤᠨ ᠤ ᠰᠣᠶᠣᠯ ᠤᠨ ᠠᠮᠢ ᠠᠬᠤᠢ ᠶᠢ ᠳᠠᠭᠢᠨ ᠴᠣᠭᠴᠠᠯᠠᠨ᠎ᠠ᠃ ᠰᠣᠶᠣᠯ ᠤᠨ | ᠦᠢᠯᠡᠴᠢᠯᠡᠭᠡ ᠪᠠ ᠰᠣᠶᠣᠯ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠲᠣᠭᠲᠠᠴᠠ ᠶᠢ ᠰᠢᠯᠢᠳᠡᠭᠵᠢᠭᠦᠯᠵᠦ᠂ ᠰᠣᠶᠣᠯ | ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠡᠷᠡᠭᠦᠯ ᠬᠠᠮᠠᠭᠠᠯᠠᠯ ︽ᠭᠤᠷᠪᠠ ᠶᠢ ᠬᠥᠳᠡᠭᠡ ᠪᠠᠭᠤᠯᠭᠠᠬᠤ︾ ᠠᠵᠢᠯᠯᠠᠭ᠎ᠠ ᠶᠢ | ᠭᠦᠨᠵᠡᠭᠡᠢ ᠥᠷᠨᠢᠭᠦᠯᠵᠦ᠂ ᠬᠤᠳᠠ ᠬᠥᠳᠡᠭᠡ ᠶᠢᠨ ︽ᠬᠠᠪᠰᠤᠷᠤᠯᠴᠠᠭ᠎ᠠ ᠪᠠᠶᠢᠭᠤᠯᠬᠤ᠂ ᠰᠣᠶᠣᠯ ᠢ ᠪᠤᠢ ᠪᠤᠯᠭᠠᠬᠤ︾ | ᠪᠠᠶᠢᠩᠭᠤᠵᠢᠭᠰᠠᠨ ᠲᠣᠭᠲᠠᠴᠠ ᠶᠢ ᠪᠦᠷᠢᠨᠰᠢᠭᠦᠯᠵᠦ᠂ ᠬᠥᠳᠡᠭᠡ ᠲᠣᠰᠬᠤᠨ ᠤ ᠰᠣᠶᠣᠯ ᠤᠨ ᠰᠠᠶᠢᠨ ᠳᠤᠷ᠎ᠠ ᠶᠢᠨ | ᠦᠢᠯᠡᠴᠢᠯᠡᠭᠡ ᠶᠢ ᠠᠬᠢᠭᠤᠯᠵᠤ᠂ ᠲᠠᠷᠢᠶᠠᠯᠠᠩ ᠤᠨ ᠣᠨᠴᠠᠯᠢᠭ ᠪᠦᠬᠦᠢ ᠤᠯᠠᠨ ᠲᠦᠮᠡᠨᠴᠢ ᠴᠢᠨᠠᠷᠲᠠᠢ ᠰᠣᠶᠣᠯ ᠪᠡᠶ᠎ᠡ ᠶᠢᠨ | ᠲᠠᠮᠢᠷ ᠤᠨ ᠠᠵᠢᠯᠯᠠᠭ᠎ᠠ ᠶᠢ ᠥᠷᠨᠢᠭᠦᠯᠦᠨ᠎ᠡ᠃ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠵᠦ᠂ ᠰᠢᠯᠢᠳᠡᠭ ᠰᠣᠶᠣᠯ ᠤᠨ ᠡᠬᠢ ᠪᠠᠶᠠᠯᠢᠭ ᠢ ᠦᠨᠳᠦᠰᠦᠨ ᠱᠠᠲᠤᠨ ᠳᠤ ᠰᠢᠭᠤᠳ ᠬᠦᠷᠭᠡᠬᠦ ᠲᠣᠭᠲᠠᠴᠠ ᠶᠢ | ᠪᠠᠶᠢᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠵᠦ᠂ ᠣᠯᠠᠨ ᠲᠦᠮᠡᠨ ᠤ ᠤᠳᠬ᠎ᠠ | ᠤᠷᠠᠯᠢᠭ ᠤᠨ ᠪᠦᠯᠭᠦᠮ ᠨᠡᠶᠢᠲᠡ ᠶᠢ ᠬᠥᠮᠥᠵᠢᠭᠦᠯᠵᠦ ᠬᠥᠲᠥᠯᠥᠨ ᠵᠢᠯᠤᠭᠤᠳᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ | ᠬᠥᠳᠡᠭᠡ ᠲᠣᠰᠬᠤᠨ ᠤ ᠰᠣᠶᠣᠯ ᠤᠨ ᠵᠢᠭᠠᠨ ᠵᠢᠯᠣᠭᠤᠳᠤᠭᠴᠢ ᠶᠢᠨ ᠬᠠᠮᠢᠶ᠎ᠠ ᠪᠦᠬᠦᠢ ᠠᠵᠢᠯ ᠢ ᠥᠷᠨᠢᠭᠦᠯᠵᠦ᠂ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ︵ᠭᠠᠵᠠᠷ᠂ ᠥᠷᠲᠡᠭᠡ︶ ᠤᠨ ᠬᠤᠯᠪᠤᠭᠠᠯᠠᠨ ᠬᠥᠳᠡᠯᠦᠯᠴᠡᠵᠦ ᠥᠨᠳᠥᠷ | ᠪᠦᠲᠦᠮᠵᠢᠲᠡᠶ ᠪᠠᠷ ᠠᠵᠢᠯᠯᠠᠬᠤ ᠶᠢ ᠠᠬᠢᠭᠤᠯᠵᠤ᠂ ᠲᠠᠷᠢᠶᠠᠴᠢᠨ ᠠᠶᠢᠯ ᠤᠨ ᠨᠣᠮ ᠤᠨ ᠥᠷᠥᠭᠡ ᠶᠢᠨ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠶᠢ ᠠᠬᠢᠭᠤᠯᠤᠨ᠎ᠠ᠃ | ︵ᠠᠷᠪᠠᠨ ᠨᠠᠢᠮᠠ︶ ᠬᠥᠳᠡᠭᠡ ᠲᠣᠰᠬᠤᠨ ᠤ ᠰᠣᠶᠣᠯ ᠤᠨ ᠨᠥᠯᠥᠭᠡᠯᠡᠬᠦ ᠬᠦᠴᠦᠨ ᠢ ᠨᠡᠮᠡᠭᠳᠡᠭᠦᠯᠦᠨ᠎ᠡ᠃ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠤᠯᠠᠮᠵᠢᠯᠠᠯᠲᠤ ᠠᠶᠢᠯ ᠲᠣᠰᠬᠤᠨ ᠢ ᠬᠠᠮᠠᠭᠠᠯᠠᠨ ᠤᠯᠠᠮᠵᠢᠯᠠᠬᠤ ᠶᠢ | ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯ ᠪᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠠᠰᠢᠭᠯᠠᠬᠤ ᠶᠢ | ᠴᠢᠩᠭᠠᠳᠬᠠᠵᠤ᠂ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ ᠢᠨᠵᠧᠨᠧᠷᠢᠩ ᠢ ᠬᠡᠷᠡᠭᠵᠢᠭᠦᠯᠵᠦ᠂ ᠡᠷᠲᠡᠨ ᠤ | ᠮᠣᠳᠣ ᠨᠡᠷᠡᠲᠦ ᠮᠣᠳᠣ ᠶᠢ ᠰᠡᠷᠭᠦᠭᠡᠬᠦ ᠵᠢᠴᠢ ᠡᠷᠲᠡᠨ ᠤ ᠮᠣᠳᠣᠨ ᠤᠢ ᠶᠢ ᠬᠠᠮᠠᠭᠠᠯᠠᠬᠤ ᠠᠵᠢᠯ ᠢ ᠥᠷᠨᠢᠭᠦᠯᠦᠨ᠎ᠡ᠃ ᠳᠤᠮᠳᠠᠳᠤ | ᠤᠯᠤᠰ ᠤᠨ ᠤᠯᠠᠮᠵᠢᠯᠠᠯᠲᠤ ᠪᠠᠶᠠᠷ ᠤᠨ ᠡᠳᠦᠷ ᠤᠨ ᠬᠥᠭᠵᠢᠯ ᠮᠠᠨᠳᠤᠯ ᠢ ᠠᠬᠢᠭᠤᠯᠵᠤ᠂ ᠳᠤᠮᠳᠠᠳᠤ ᠤᠯᠤᠰ ᠤᠨ | ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠢ ᠰᠠᠶᠢᠲᠤᠷ ᠡᠷᠭᠢᠯᠡᠨ᠎ᠡ᠃ ᠬᠥᠳᠡᠭᠡ ᠲᠣᠰᠬᠤᠨ ᠤ ᠰᠣᠶᠣᠯ ᠤᠨ ᠠᠵᠤ | ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠰᠣᠶᠣᠯ ᠤᠨ ᠠᠵᠤ ᠦᠢᠯᠡᠰ ᠢᠶᠠᠷ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠣᠯᠭᠤᠬᠤ ᠲᠥᠯᠥᠪᠯᠡᠭᠡ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠢ ᠭᠦᠨᠵᠡᠭᠡᠢ | ᠠᠭᠤᠰᠤᠯᠴᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠬᠥᠳᠡᠭᠡ ᠲᠣᠰᠬᠤᠨ ᠤ ᠵᠢᠭᠤᠯᠴᠢᠯᠠᠯ ᠤᠨ ᠶᠠᠰᠤ ᠴᠢᠨᠠᠷ ᠦᠷ᠎ᠡ | ᠠᠰᠢᠭ ᠢ ᠳᠡᠭᠡᠭᠰᠢᠯᠡᠭᠦᠯᠵᠦ᠂ ᠲᠣᠭᠠᠴᠢᠯᠠᠯᠳᠠ ᠪᠠᠷ ᠬᠦᠴᠦᠨ ᠣᠯᠭᠤᠵᠤ ᠬᠥᠳᠡᠭᠡ ᠲᠣᠰᠬᠤᠨ ᠤ ᠰᠣᠶᠣᠯ ᠤᠨ ᠠᠵᠤ | ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ᠃ | ᠳᠣᠯᠤᠭ᠎ᠠ᠂ ᠬᠥᠳᠡᠭᠡ ᠲᠣᠰᠬᠤᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ | ᠬᠥᠭᠵᠢᠯᠲᠡ ᠶᠢᠨ ᠠᠷᠭ᠎ᠠ ᠮᠠᠶ᠋ᠢᠭ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ᠎ᠡ | ︵ᠠᠷᠪᠠ ᠶᠢᠰᠦ︶ ᠬᠥᠳᠡᠭᠡ ᠠᠵᠤ ᠠᠬᠤᠢ ᠶᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ | ᠲᠦᠷᠭᠡᠳᠬᠡᠨ᠎ᠡ᠃ ᠪᠣᠬᠢᠷᠳᠤᠯ ᠦᠭᠡᠢ ᠦᠢᠯᠡᠳᠪᠦᠷᠢᠯᠡᠯ ᠤᠨ ᠮᠡᠷᠭᠡᠵᠢᠯ ᠢ ᠳᠡᠯᠭᠡᠷᠡᠭᠦᠯᠵᠦ᠂ ᠬᠥᠷᠥᠰᠥ ᠰᠢᠷᠣᠢ ᠶᠢ ᠰᠢᠨᠵᠢᠨ | ᠪᠣᠷᠳᠣᠭᠤᠷ ᠣᠷᠣᠭᠤᠯᠬᠤ ᠪᠠ ᠣᠷᠭᠠᠨᠢᠭ ᠪᠣᠷᠳᠣᠭᠤᠷ ᠨᠡᠮᠡᠵᠦ ᠣᠷᠣᠭᠤᠯᠬᠤ ᠶᠢ ᠵᠣᠷᠢᠭᠵᠢᠭᠤᠯᠵᠤ᠂ ᠠᠵᠤ ᠠᠬᠤᠢ ᠶᠢᠨ | ᠲᠠᠷᠢᠮᠠᠯ ᠤᠨ ᠬᠢᠮᠢ ᠶᠢᠨ ᠪᠣᠷᠳᠣᠭᠤᠷ ᠬᠡᠷᠡᠭᠯᠡᠬᠦ ᠡᠷᠴᠢᠮ ᠢ ᠪᠠᠭᠤᠷᠠᠭᠤᠯᠤᠨ᠂ ᠡᠪᠡᠳᠴᠢᠨ ᠪᠠ ᠬᠤᠷᠣᠬᠠᠢ ᠰᠢᠪᠠᠵᠢ ᠶᠢᠨ | ᠬᠥᠨᠥᠭᠡᠯ ᠢ ᠪᠣᠬᠢᠷᠳᠤᠯ ᠦᠭᠡᠢ ᠪᠠᠷ ᠰᠡᠷᠭᠡᠶᠢᠯᠡᠨ ᠡᠵᠡᠮᠳᠡᠬᠦ ᠪᠠ ᠨᠢᠭᠡᠳᠦᠯᠲᠡᠢ ᠰᠡᠷᠭᠡᠶᠢᠯᠡᠨ ᠨᠢᠭᠡᠳᠦᠯᠲᠡᠢ ᠵᠠᠰᠠᠬᠤ ᠶᠢᠨ | ᠠᠭᠤᠰᠤᠯᠴᠠᠯ ᠢ ᠠᠬᠢᠭᠤᠯᠵᠤ᠂ ᠤᠰᠤ ᠠᠷᠪᠢᠯᠠᠬᠤ ᠬᠠᠭᠤᠷᠠᠢ ᠲᠠᠷᠢᠶᠠᠯᠠᠭ᠎ᠠ ᠶᠢᠨ ᠲᠠᠷᠢᠶᠠᠯᠠᠩ ᠢ ᠬᠥᠭᠵᠢᠭᠦᠯᠦᠨ᠎ᠡ᠃ | ᠲᠠᠷᠢᠶᠠᠯᠠᠩ ᠤᠨ ᠣᠯᠠᠨ ᠡᠬᠢᠲᠦ ᠪᠣᠬᠢᠷᠳᠤᠯ ᠢ ᠰᠡᠷᠭᠡᠶᠢᠯᠡᠨ ᠵᠠᠰᠠᠬᠤ ᠶᠢ ᠴᠢᠩᠭᠠᠷᠠᠭᠤᠯᠵᠤ᠂ ᠠᠮᠢ ᠠᠬᠤᠢ ᠶᠢᠨ ᠡᠷᠭᠢᠯᠲᠡᠲᠦ | ᠲᠠᠷᠢᠶᠠᠯᠠᠩ ᠢ ᠬᠥᠭᠵᠢᠭᠦᠯᠦᠨ᠂ ᠲᠠᠷᠢᠶᠠᠯᠠᠩ ᠤᠨ ᠬᠠᠶᠠᠭᠳᠠᠮᠠᠯ ᠪᠣᠳᠠᠰ ᠤᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ | ᠬᠤᠣᠷ ᠦᠭᠡᠶᠢᠳᠡᠭᠦᠯᠬᠦ ᠶᠢ ᠬᠡᠷᠡᠭᠵᠢᠭᠦᠯᠵᠦ᠂ ᠲᠠᠷᠢᠶᠠᠯᠠᠩ ᠤᠨ ᠣᠯᠠᠨ ᠡᠬᠢᠲᠦ ᠪᠣᠬᠢᠷᠳᠤᠯ ᠢ ᠵᠠᠰᠠᠬᠤ ᠶᠢᠨ ᠬᠢᠨᠠᠨ ᠬᠡᠮᠵᠢᠵᠦ | ᠦᠨᠡᠯᠡᠬᠦ ᠶᠢ ᠴᠢᠩᠭᠠᠳᠬᠠᠨ᠎ᠠ᠃ ᠬᠥᠳᠡᠭᠡ ᠠᠵᠤ ᠠᠬᠤᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠵᠤ | ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠬᠠᠭᠠᠯᠪᠤᠷᠢᠯᠠᠬᠤ ᠦᠭᠡᠢ ᠪᠠᠷ ᠲᠠᠷᠢᠵᠤ | ᠪᠠᠭ᠎ᠠ ᠲᠠᠷᠢᠬᠤ ᠮᠡᠷᠭᠡᠵᠢᠯ ᠢ ᠳᠡᠯᠭᠡᠷᠡᠭᠦᠯᠦᠨ᠂ ᠲᠠᠷᠢᠶᠠᠯᠠᠩ ᠤᠨ ᠮᠧᠲ᠋ᠠᠨ ᠪᠠ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ | ᠦᠮᠡᠬᠡᠢ ᠬᠡᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠵᠤ᠂ ᠬᠠᠭᠤᠴᠢᠷᠠᠭᠰᠠᠨ ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ | ᠭᠠᠷᠭᠠᠵᠤ ᠰᠢᠨᠡᠳᠬᠡᠬᠦ ᠪᠠ ᠪᠣᠬᠢᠷᠳᠤᠯ ᠦᠭᠡᠢ ᠮᠡᠷᠭᠡᠵᠢᠯ ᠲᠣᠨᠣᠭᠯᠠᠯ ᠤᠨ ᠬᠡᠷᠡᠭᠯᠡᠯᠲᠡ ᠶᠢ ᠲᠦᠷᠭᠡᠳᠬᠡᠨ᠂ ᠲᠠᠷᠢᠶᠠᠯᠠᠩ ᠤᠨ | ᠭᠠᠳᠠᠭᠰᠢᠯᠠᠭᠤᠯᠤᠯᠲᠠ ᠶᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ ᠮᠡᠷᠭᠡᠵᠢᠯ ᠤᠨ ᠪᠣᠭᠤᠮᠲᠠ | ᠰᠢᠪᠲᠤᠯᠬᠤ ᠠᠵᠢᠯ ᠢ ᠥᠷᠨᠢᠭᠦᠯᠦᠨ᠎ᠡ᠃ | ︵ᠬᠤᠷᠢ︶ ᠬᠥᠳᠡᠭᠡ ᠲᠣᠰᠬᠤᠨ ᠤ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ ᠲᠠᠷᠢᠶᠠᠨ ᠭᠠᠵᠠᠷ | ᠨᠤᠲᠤᠭ ᠪᠡᠯᠴᠢᠭᠡᠷ ᠣᠶ ᠰᠢᠭᠤᠢ ᠭᠤᠣᠯ ᠮᠥᠷᠡᠨ ᠨᠠᠭᠤᠷ ᠴᠥᠭᠦᠷᠥᠮ ᠢ ᠰᠡᠷᠭᠦᠭᠡᠨ ᠰᠠᠶᠢᠵᠢᠷᠠᠭᠤᠯᠬᠤ ᠶᠢ ᠠᠬᠢᠭᠤᠯᠵᠤ᠂ | ᠲᠠᠷᠢᠶᠠᠨ ᠭᠠᠵᠠᠷ ᠢ ᠡᠭᠡᠯᠵᠢᠯᠡᠨ ᠳᠠᠷᠢᠬᠤ ᠪᠠ ᠥᠨᠵᠢᠭᠦᠯᠦᠨ ᠳᠠᠷᠢᠬᠤ᠂ ᠨᠤᠲᠤᠭ ᠪᠡᠯᠴᠢᠭᠡᠷ ᠢ ᠬᠠᠮᠠᠭᠠᠯᠠᠬᠤ ᠵᠡᠷᠭᠡ ᠳᠦᠷᠢᠮ ᠢ | ᠲᠡᠭᠦᠯᠳᠡᠷᠵᠢᠭᠦᠯᠵᠦ᠂ ᠪᠠᠶᠢᠭᠠᠯᠢ ᠶᠢᠨ ᠣᠶ ᠶᠢ ᠬᠠᠮᠠᠭᠠᠯᠠᠬᠤ ᠪᠠ ᠨᠡᠶᠢᠲᠡ ᠶᠢᠨ ᠠᠰᠠᠷᠠᠮᠵᠢ ᠶᠢᠨ ᠣᠶ ᠶᠢ ᠵᠡᠷᠭᠡᠴᠡᠭᠦᠯᠦᠨ | ᠬᠠᠮᠢᠶᠠᠷᠬᠤ ᠶᠢ ᠬᠡᠷᠡᠭᠵᠢᠭᠦᠯᠵᠦ᠂ ᠭᠤᠣᠯᠳᠠᠯᠭ᠎ᠠ ᠲᠠᠢ ᠭᠤᠣᠯ ᠮᠥᠷᠡᠨ ᠨᠠᠭᠤᠷ ᠴᠥᠭᠦᠷᠥᠮ ᠢ ᠵᠠᠰᠠᠵᠤ ᠰᠡᠷᠭᠦᠭᠡᠬᠦ ᠠᠵᠢᠯ ᠢ | ᠥᠷᠨᠢᠭᠦᠯᠦᠨ᠎ᠡ᠃ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ | ᠢᠨᠵᠧᠨᠧᠷᠢᠩ ᠢ ᠬᠡᠷᠡᠭᠵᠢᠭᠦᠯᠵᠦ᠂ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ | ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠭᠠᠳᠠᠨ᠎ᠠ ᠠᠴᠠ ᠢᠷᠡᠭᠰᠡᠨ ᠳᠦᠷᠰᠦ ᠶᠢᠨ ᠲᠦᠷᠢᠮᠡᠬᠡᠶᠢᠯᠡᠯ ᠢ ᠰᠡᠷᠭᠡᠶᠢᠯᠡᠨ | ᠡᠵᠡᠮᠳᠡᠬᠦ ᠠᠵᠢᠯ ᠢ ᠴᠢᠩᠭᠠᠳᠬᠠᠵᠤ᠂ ᠬᠥᠬᠡᠮᠥ᠋ᠷᠡᠨ ᠤ ᠠᠷᠪᠠᠨ ᠵᠢᠯ ᠳᠤ ᠵᠢᠭᠠᠰᠤ ᠠᠩᠨᠠᠬᠤ ᠶᠢ ᠴᠠᠭᠠᠵᠠᠯᠠᠬᠤ ᠠᠵᠢᠯ ᠢ | ᠭᠦᠨᠵᠡᠭᠡᠢ ᠬᠡᠷᠡᠭᠵᠢᠭᠦᠯᠵᠦ᠂ ᠤᠰᠤᠨ ᠤ ᠠᠮᠢᠳᠠᠨ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢ ᠴᠢᠩᠭᠠᠳᠬᠠᠨ᠎ᠠ᠃ ᠠᠮᠢ ᠠᠬᠤᠢ | ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠵᠠᠰᠠᠬᠤ ᠠᠵᠢᠯ ᠢ ᠥᠷᠨᠢᠭᠦᠯᠵᠦ᠂ ᠭᠤᠣᠯ ᠮᠥᠷᠡᠨ ᠨᠠᠭᠤᠷ | ᠴᠥᠭᠦᠷᠥᠮ ᠤᠨ ︽ᠳᠤᠷ᠎ᠠ ᠪᠠᠷ ᠡᠵᠡᠯᠡᠬᠦ᠂ ᠳᠤᠷ᠎ᠠ ᠪᠠᠷ ᠮᠠᠯᠲᠠᠬᠤ᠂ ᠳᠤᠷ᠎ᠠ ᠪᠠᠷ ᠣᠪᠣᠭᠠᠯᠠᠬᠤ᠂ ᠳᠤᠷ᠎ᠠ ᠪᠠᠷ ᠪᠠᠶᠢᠭᠤᠯᠬᠤ︾ ᠶᠢ | ᠴᠡᠭᠴᠡᠯᠡᠨ ᠵᠠᠰᠠᠵᠤ᠂ ᠵᠢᠵᠢᠭ ᠪᠢᠴᠢᠯ ᠨᠤᠭᠤ ᠭᠠᠵᠠᠷ ᠢ ᠬᠠᠮᠠᠭᠠᠯᠠᠨ ᠰᠡᠷᠭᠦᠭᠡᠬᠦ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ | ᠲᠠᠲᠠᠬᠤ᠂ ᠬᠥᠷᠥᠰᠥ ᠰᠢᠷᠣᠢ ᠶᠢᠨ ᠢᠳᠡᠭᠳᠡᠯ᠂ ᠬᠥᠷᠥᠰᠥ ᠰᠢᠷᠣᠢ ᠶᠢᠨ ᠬᠦᠨᠳᠦ ᠲᠡᠮᠦᠷᠯᠢᠭ ᠤᠨ ᠪᠣᠬᠢᠷᠳᠤᠯ ᠢ ᠰᠡᠷᠭᠡᠶᠢᠯᠡᠨ | ᠵᠠᠰᠠᠬᠤ ᠠᠵᠢᠯ ᠢ ᠠᠬᠢᠭᠤᠯᠵᠤ᠂ ᠬᠥᠳᠡᠭᠡ ᠲᠣᠰᠬᠤᠨ ᠤ ᠠᠮᠢ ᠠᠬᠤᠢ ᠣᠷᠴᠢᠨ ᠲᠣᠭᠤᠷᠢᠨ ᠢ ᠬᠢᠨᠠᠨ ᠬᠡᠮᠵᠢᠵᠦ ᠦᠨᠡᠯᠡᠬᠦ | ᠳᠦᠷᠢᠮ ᠢ ᠪᠠᠶᠢᠭᠤᠯᠤᠨ᠎ᠠ᠃ | ︵ᠬᠤᠷᠢᠨ ᠨᠢᠭᠡ︶ ᠠᠮᠢ ᠠᠬᠤᠢ ᠶᠢᠨ ᠦᠢᠯᠡᠳᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ | ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠡᠷᠬᠡ ᠠᠰᠢᠭ ᠢ ᠨᠠᠶᠢᠳᠠᠪᠤᠷᠢᠵᠢᠭᠤᠯᠤᠨ᠂ ᠪᠠᠶᠢᠴᠠᠭᠠᠨ ᠰᠢᠨᠵᠢᠵᠦ | ᠦᠨᠡᠯᠡᠬᠦ ᠰᠢᠰᠲ᠋ᠧᠮ ᠢ ᠪᠦᠷᠢᠨᠰᠢᠭᠦᠯᠵᠦ᠂ ᠠᠮᠢ ᠠᠬᠤᠢ ᠶᠢᠨ ᠪᠦᠲᠦᠭᠡᠭᠳᠡᠬᠦᠨ ᠤ ᠶᠡᠷᠦᠩᠬᠡᠢ ᠥᠷᠲᠡᠭ ᠤᠨ ᠲᠣᠭᠠᠴᠠᠭ᠎ᠠ | ᠬᠢᠬᠦ ᠶᠢ ᠥᠷᠨᠢᠭᠦᠯᠦᠨ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ᠂ ᠪᠣᠬᠢᠷᠳᠤᠯ ᠭᠠᠳᠠᠭᠰᠢᠯᠠᠭᠤᠯᠬᠤ ᠡᠷᠬᠡ᠂ ᠤᠰᠤ | ᠬᠡᠷᠡᠭᠯᠡᠬᠦ ᠡᠷᠬᠡ ᠶᠢᠨ ᠠᠷᠠᠯᠵᠢᠶᠠᠯᠠᠬᠤ ᠲᠣᠭᠲᠠᠴᠠ ᠶᠢ ᠪᠦᠷᠢᠨᠰᠢᠭᠦᠯᠦᠨ᠎ᠡ᠃ ᠠᠮᠢ ᠠᠬᠤᠢ ᠶᠢᠨ ᠬᠠᠮᠠᠭᠠᠯᠠᠯᠲᠠ ᠶᠢᠨ | ᠨᠥᠬᠦᠪᠦᠷᠢ ᠶᠢᠨ ᠳᠦᠷᠢᠮ ᠢ ᠲᠡᠭᠦᠯᠳᠡᠷᠵᠢᠭᠦᠯᠵᠦ᠂ ᠠᠮᠢ ᠠᠬᠤᠢ ᠶᠢᠨ ᠶᠡᠷᠦᠩᠬᠡᠶᠢᠯᠡᠭᠰᠡᠨ ᠨᠥᠬᠦᠪᠦᠷᠢ ᠶᠢ ᠠᠬᠢᠭᠤᠯᠵᠤ᠂ ᠠᠮᠢ | ᠠᠬᠤᠢ ᠶᠢᠨ ᠬᠠᠮᠠᠭᠠᠯᠠᠯᠲᠠ ᠶᠢᠨ ᠬᠥᠨᠳᠡᠯᠡᠨ ᠨᠥᠬᠦᠪᠦᠷᠢ ᠶᠢᠨ ᠲᠣᠭᠲᠠᠴᠠ ᠶᠢ ᠪᠦᠷᠢᠨᠰᠢᠭᠦᠯᠵᠦ᠂ ᠠᠮᠢ ᠠᠬᠤᠢ ᠶᠢᠨ | ᠬᠠᠮᠠᠭᠠᠯᠠᠯᠲᠠ ᠶᠢᠨ ᠨᠥᠬᠦᠪᠦᠷᠢ ᠶᠢᠨ ᠵᠠᠬ᠎ᠠ ᠳᠡᠯᠭᠡᠭᠦᠷᠴᠢᠯᠡᠭᠰᠡᠨ ᠬᠥᠭᠵᠢᠯᠲᠡ ᠶᠢ ᠠᠬᠢᠭᠤᠯᠤᠨ᠎ᠠ᠃ ᠬᠥᠳᠡᠭᠡ ᠲᠣᠰᠬᠤᠨ ᠤ | ᠠᠮᠢ ᠠᠬᠤᠢ ᠶᠢᠨ ᠪᠦᠲᠦᠭᠡᠭᠳᠡᠬᠦᠨ ᠢ ᠡᠵᠡᠩᠨᠡᠨ ᠨᠡᠭᠡᠭᠡᠨ ᠬᠥᠭᠵᠢᠭᠦᠯᠬᠦ ᠶᠢ ᠥᠷᠨᠢᠭᠦᠯᠵᠦ᠂ ᠠᠮᠢ ᠠᠬᠤᠢ ᠶᠢᠨ | ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠢ ᠡᠭᠦᠳᠴᠦ᠂ ᠪᠣᠬᠢᠷᠳᠤᠯ ᠦᠭᠡᠢ | ᠮᠥᠩᠭᠦᠨ ᠭᠦᠢᠯᠭᠡᠭᠡᠨ ᠤ ᠳᠡᠮᠵᠢᠯᠭᠡ ᠶᠢ ᠨᠡᠮᠡᠭᠳᠡᠭᠦᠯᠦᠨ᠎ᠡ᠃ | ᠨᠠᠢᠮᠠ᠂ ᠠᠵᠢᠯᠯᠠᠵᠤ ᠠᠮᠢᠳᠤᠷᠠᠬᠤ ᠳᠤ ᠲᠣᠬᠢᠲᠠᠢ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠢ ᠪᠦᠲᠦᠭᠡᠨ ᠪᠠᠶᠢᠭᠤᠯᠵᠤ ᠲᠠᠷᠢᠶᠠᠴᠢᠳ ᠤᠨ ᠠᠵᠠ ᠵᠢᠷᠭᠠᠯ ᠢ ᠨᠡᠮᠡᠭᠳᠡᠭᠦᠯᠦᠨ᠎ᠡ | ︵ᠬᠤᠷᠢᠨ ᠬᠤᠶᠠᠷ︶ ᠰᠠᠭᠤᠷᠢ ᠲᠥᠬᠦᠭᠡᠷᠦᠮᠵᠢ ᠶᠢᠨ ᠳᠡᠰ ᠳᠡᠪᠰᠢᠬᠦ ᠶᠢ ᠠᠬᠢᠭᠤᠯᠤᠨ᠎ᠠ᠃ ᠵᠠᠮ ᠬᠠᠷᠢᠯᠴᠠᠭ᠎ᠠ ᠶᠢᠨ | ᠲᠣᠣᠷ ᠤᠨ ᠨᠡᠪᠲᠡᠷᠡᠬᠦ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠭᠤᠣᠯ ᠵᠠᠮ ᠱᠤᠭᠤᠮ ᠤᠨ | ᠲᠣᠣᠷ ᠢ ᠲᠡᠰ ᠳᠡᠪᠰᠢᠭᠦᠯᠬᠦ ᠪᠠ ᠦᠨᠳᠦᠰᠦᠨ ᠲᠣᠣᠷ ᠰᠦᠯᠵᠢᠶ᠎ᠡ ᠶᠢ ᠤᠷᠲᠤᠳᠬᠠᠨ ᠨᠡᠪᠲᠡᠷᠡᠭᠦᠯᠬᠦ ᠶᠢ ᠲᠦᠷᠭᠡᠳᠬᠡᠵᠦ᠂ | ︽ᠲᠦᠷᠪᠡᠨ ᠰᠠᠶᠢᠨ ᠬᠥᠳᠡᠭᠡ ᠲᠣᠰᠬᠤᠨ ᠤ ᠵᠠᠰᠠᠮᠠᠯ ᠵᠠᠮ︾᠂ ᠬᠤᠳᠠ ᠬᠥᠳᠡᠭᠡ ᠶᠢᠨ ᠵᠠᠮ ᠬᠠᠷᠢᠯᠴᠠᠭ᠎ᠠ ᠶᠢ ᠨᠢᠭᠡ | ᠴᠣᠭᠴᠠᠵᠢᠭᠤᠯᠤᠨ ᠴᠢᠨᠠᠷ ᠰᠠᠶᠢᠲᠠᠢ ᠬᠥᠭᠵᠢᠭᠦᠯᠬᠦ ᠶᠢ ᠭᠦᠨᠵᠡᠭᠡᠢ ᠠᠬᠢᠭᠤᠯᠤᠨ᠎ᠠ᠃ ᠤᠰᠤ ᠬᠠᠩᠭᠠᠬᠤ ᠠᠮᠤᠷ ᠲᠦᠪᠰᠢᠨ ᠤ | ᠪᠠᠲᠤᠯᠠᠭ᠎ᠠ ᠶᠢ ᠴᠢᠩᠭᠠᠳᠬᠠᠨ᠂ ᠬᠤᠲᠠ ᠬᠥᠳᠡᠭᠡ ᠶᠢᠨ ᠤᠰᠤ ᠬᠠᠩᠭᠠᠬᠤ ᠶᠢ ᠨᠢᠭᠡ ᠴᠣᠭᠴᠠᠵᠢᠭᠤᠯᠬᠤ᠂ ᠲᠥᠪᠯᠡᠷᠡᠭᠦᠯᠦᠨ | ᠤᠰᠤ ᠬᠠᠩᠭᠠᠬᠤ ᠶᠢ ᠬᠡᠪᠴᠢᠶᠡᠵᠢᠭᠦᠯᠦᠨ ᠬᠥᠭᠵᠢᠭᠦᠯᠬᠦ ᠶᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ | ᠠᠬᠢᠭᠤᠯᠵᠤ᠂ ᠤᠰᠤ ᠬᠠᠩᠭᠠᠬᠤ ᠵᠢᠵᠢᠭ ᠭᠡᠯᠪᠡᠷᠢ ᠶᠢᠨ ᠢᠨᠵᠧᠨᠧᠷᠢᠩ ᠢ ᠵᠢᠷᠤᠮᠵᠢᠭᠤᠯᠤᠨ ᠪᠦᠲᠦᠭᠡᠨ ᠪᠠᠶᠢᠭᠤᠯᠬᠤ ᠪᠠ | ᠥᠭᠡᠷᠡᠴᠢᠯᠡᠬᠦ ᠶᠢ ᠬᠡᠷᠡᠭᠵᠢᠭᠦᠯᠦᠨ᠂ ᠳᠤᠮᠳᠠ ᠵᠢᠵᠢᠭ ᠭᠡᠯᠪᠡᠷᠢ ᠶᠢᠨ ᠤᠰᠤᠨ ᠰᠤᠷᠪᠤᠯᠵᠢ ᠶᠢ ᠪᠠᠲᠤᠯᠠᠬᠤ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠰᠤᠨ ᠤ ᠴᠢᠨᠠᠷ ᠢ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠦᠨ᠎ᠡ᠃ | ᠡᠨᠧᠷᠭᠢ ᠶᠢᠨ ᠬᠠᠩᠭᠠᠯᠭ᠎ᠠ ᠶᠢ ᠰᠢᠯᠢᠳᠡᠭᠵᠢᠭᠦᠯᠵᠦ᠂ ᠬᠥᠳᠡᠭᠡ ᠲᠣᠰᠬᠤᠨ ᠤ ᠴᠠᠭᠢᠯᠭᠠᠨ ᠲᠣᠣᠷ ᠢ ᠪᠠᠬᠢᠵᠢᠭᠦᠯᠦᠨ | ᠳᠡᠭᠡᠭᠰᠢᠯᠡᠭᠦᠯᠵᠦ᠂ ᠴᠡᠪᠡᠷ ᠡᠨᠧᠷᠭᠢ ᠶᠢ ᠬᠥᠭᠵᠢᠭᠦᠯᠦᠨ᠎ᠡ᠃ ᠬᠥᠳᠡᠭᠡ ᠲᠣᠰᠬᠤᠨ ᠤ ᠭᠡᠷ ᠪᠠᠶᠢᠰᠢᠩ ᠤᠨ ᠶᠠᠰᠤ ᠴᠢᠨᠠᠷ ᠤᠨ | ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ | ᠥᠭᠡᠷᠡᠴᠢᠯᠡᠨ ᠵᠠᠰᠠᠬᠤ ᠪᠠ ᠬᠥᠳᠡᠭᠡ ᠲᠣᠰᠬᠤᠨ ᠤ ᠭᠡᠷ ᠪᠠᠶᠢᠰᠢᠩ ᠤᠨ ᠭᠠᠵᠠᠷ ᠬᠥᠳᠡᠯᠦᠯᠲᠡ ᠶᠢ ᠳᠠᠭᠠᠭᠠᠬᠤ | ᠥᠭᠡᠷᠡᠴᠢᠯᠡᠯᠲᠡ ᠶᠢ ᠦᠷᠭᠦᠯᠵᠢᠯᠡᠨ ᠥᠷᠨᠢᠭᠦᠯᠵᠦ᠂ ᠣᠲᠣ ᠦᠶ᠎ᠡ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠥᠳᠡᠭᠡ | ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ︵ᠬᠤᠷᠢᠨ ᠭᠤᠷᠪᠠ︶ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠲᠤᠬᠠᠢ ᠶᠢᠨ ᠭᠠᠵᠠᠷ | ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠢ ᠯᠠᠪᠳᠠᠭᠤᠨ ᠪᠠᠲᠤᠲᠠᠢ | ᠠᠬᠢᠭᠤᠯᠵᠤ᠂ ᠲᠠᠷᠢᠶᠠᠴᠢᠳ ᠢ ᠬᠥᠲᠥᠯᠥᠨ ᠵᠢᠯᠤᠭᠤᠳᠴᠤ ᠡᠷᠦᠭᠡ ᠶᠢᠨ ᠳᠣᠲᠣᠷᠠᠬᠢ ᠵᠣᠷᠯᠣᠩ ᠢ ᠥᠭᠡᠷᠡᠴᠢᠯᠡᠬᠦ ᠠᠵᠢᠯ ᠢ | ᠥᠷᠨᠢᠭᠦᠯᠦᠨ᠂ ᠬᠥᠳᠡᠭᠡ ᠲᠣᠰᠬᠤᠨ ᠤ ᠵᠣᠷᠯᠣᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠦᠷᠢᠮ ᠢ | ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠬᠢᠭᠡᠳ ᠠᠮᠢᠳᠤᠷᠠᠯ ᠤᠨ ᠪᠣᠬᠢᠷ ᠤᠰᠤ ᠶᠢ | ᠵᠠᠰᠠᠬᠤ ᠶᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠵᠤ᠂ ᠡᠷᠦᠭᠡ ᠬᠤᠯᠪᠤᠭᠠᠯᠠᠨ᠂ ᠲᠣᠰᠬᠤᠨ ᠬᠤᠯᠪᠤᠭᠠᠯᠠᠨ᠂ ᠲᠣᠰᠬᠤᠨ | ᠪᠠᠯᠭᠠᠰᠤ ᠶᠢ ᠨᠢᠭᠡ ᠴᠣᠭᠴᠠᠵᠢᠭᠤᠯᠤᠨ ᠰᠢᠢᠳᠪᠦᠷᠢᠯᠡᠬᠦ ᠶᠢ ᠵᠣᠷᠢᠭᠵᠢᠭᠤᠯᠤᠨ᠎ᠠ᠃ ᠠᠮᠢᠳᠤᠷᠠᠯ ᠤᠨ ᠪᠣᠬᠢᠷ ᠤᠰᠤ ᠶᠢ ᠵᠠᠰᠠᠬᠤ | ᠠᠵᠢᠯ ᠢ ᠲᠦᠷᠦᠯ ᠬᠤᠪᠢᠶᠠᠨ ᠥᠷᠨᠢᠭᠦᠯᠵᠦ᠂ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠰᠠᠭᠤᠭ᠎ᠠ ᠭᠠᠵᠠᠷ ᠪᠠ ᠭᠤᠣᠯ | ᠲᠣᠰᠬᠤᠨ ᠢᠶᠠᠷ ᠲᠥᠪ ᠪᠣᠯᠭᠠᠨ ᠪᠦᠯᠦᠭ ᠤᠳᠠᠭ᠎ᠠ ᠬᠤᠪᠢᠶᠠᠨ ᠠᠬᠢᠭᠤᠯᠤᠨ ᠬᠡᠷᠡᠭᠵᠢᠭᠦᠯᠵᠦ᠂ ᠨᠡᠯᠢᠶᠡᠳ ᠶᠡᠭᠡ ᠲᠠᠯᠠᠪᠠᠢ ᠲᠠᠢ | ᠪᠣᠬᠢᠷ ᠦᠮᠡᠬᠡᠢ ᠤᠰᠤᠨ ᠴᠣᠭᠴᠠ ᠶᠢ ᠦᠨᠳᠦᠰᠦᠨ ᠳᠡᠭᠡᠨ ᠠᠷᠢᠯᠭᠠᠨ᠎ᠠ᠃ ᠠᠮᠢᠳᠤᠷᠠᠯ ᠤᠨ ᠬᠤᠭ ᠨᠣᠪᠰᠢ ᠶᠢ ᠵᠠᠰᠠᠬᠤ | ᠲᠦᠪᠰᠢᠨ ᠢ ᠳᠡᠭᠡᠭᠰᠢᠯᠡᠭᠦᠯᠵᠦ᠂ ᠡᠬᠢ ᠡᠭᠦᠰᠦᠯ ᠠᠴᠠ ᠨᠢ ᠲᠥᠷᠥᠯ ᠬᠤᠪᠢᠶᠠᠨ ᠬᠡᠮᠵᠢᠶ᠎ᠡ ᠶᠢ ᠪᠠᠭᠠᠰᠬᠠᠬᠤ᠂ ᠲᠤᠬᠠᠢ ᠶᠢᠨ | ᠭᠠᠵᠠᠷ ᠪᠠ ᠣᠶᠢᠷ᠎ᠠ ᠬᠠᠪᠢ ᠳᠤᠨᠢ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠵᠤ᠂ ᠬᠤᠷᠢᠶᠠᠨ | ᠲᠡᠭᠡᠭᠡᠪᠦᠷᠢᠯᠡᠵᠦ ᠰᠢᠢᠳᠪᠦᠷᠢᠯᠡᠬᠦ ᠶᠢ ᠲᠡᠭᠦᠯᠳᠡᠷᠵᠢᠭᠦᠯᠦᠨ᠂ ᠬᠤᠣᠷ ᠬᠥᠨᠥᠭᠡᠯ ᠲᠠᠢ ᠬᠤᠭ ᠨᠣᠪᠰᠢ ᠶᠢ ᠰᠢᠢᠳᠪᠦᠷᠢᠯᠡᠬᠦ | ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠣᠰᠬᠤᠨ ᠤ ᠳᠦᠷᠢ ᠲᠥᠷᠬᠦ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ | ᠨᠣᠭᠤᠭᠠᠷᠠᠭᠤᠯᠵᠤ ᠭᠤᠶᠣᠵᠢᠭᠤᠯᠬᠤ ᠠᠵᠢᠯᠯᠠᠭ᠎ᠠ ᠪᠠ ᠠᠶᠢᠯ ᠲᠣᠰᠬᠤᠨ ᠢ ᠴᠡᠪᠡᠷᠰᠢᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ | ︵ᠬᠤᠷᠢᠨ ᠳᠥᠷᠪᠡ︶ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠦᠪᠰᠢᠨ ᠢ ᠯᠠᠪᠳᠠᠭᠤᠨ ᠢᠶᠠᠷ | ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠰᠢᠶᠠᠨ ᠤ | ᠬᠡᠪᠴᠢᠶᠡᠨ ᠤ ᠰᠤᠷᠭᠠᠨ ᠬᠥᠮᠦᠵᠢᠯ ᠤᠨ ᠪᠠᠶᠢᠷᠢᠰᠢᠯ ᠢ ᠰᠢᠯᠢᠳᠡᠭᠵᠢᠭᠦᠯᠦᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠭᠠᠭᠤᠯᠢ ᠡᠷᠭᠢᠯᠡᠭᠦ ᠦᠨᠳᠦᠰᠦᠨ ᠨᠥᠬᠦᠴᠡᠯ ᠢ ᠰᠠᠶᠢᠵᠢᠷᠠᠭᠤᠯᠵᠤ᠂ ᠬᠤᠳᠠ ᠬᠥᠳᠡᠭᠡ ᠶᠢᠨ ᠰᠤᠷᠭᠠᠭᠤᠯᠢ ᠶᠢᠨ ᠬᠠᠮᠲᠤ ᠶᠢᠨ | ᠴᠣᠭᠴᠠ ᠶᠢ ᠪᠠᠶᠢᠭᠤᠯᠤᠨ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠣᠨᠴᠠᠭᠠᠢ ᠰᠤᠷᠭᠠᠨ ᠬᠥᠮᠦᠵᠢᠯ ᠤᠨ | ᠲᠦᠭᠡᠮᠡᠯ ᠠᠰᠢᠭ ᠬᠦᠷᠲᠡᠭᠡᠬᠦ ᠬᠥᠭᠵᠢᠯᠲᠡ ᠶᠢ ᠴᠢᠩᠭᠠᠳᠬᠠᠵᠤ᠂ ᠪᠠᠭᠰᠢ ᠶᠢᠨ ᠬᠥᠮᠦᠵᠢᠯ ᠪᠣᠯᠪᠠᠰᠤᠷᠠᠯ ᠢ ᠴᠢᠩᠭᠠᠳᠬᠠᠨ᠎ᠠ᠃ | ᠡᠷᠡᠭᠦᠯ ᠡᠩᠬᠡ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠂ ᠬᠦᠨᠳᠦ ᠶᠡᠭᠡ ᠬᠢᠵᠢᠭ ᠤᠨ ᠪᠠᠶᠢᠳᠠᠯ ᠵᠢᠴᠢ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠰᠢᠶᠠᠨ ᠤ ᠬᠡᠪᠴᠢᠶᠡᠨ ᠤ | ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠤᠨ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ | ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡ ᠪᠠᠷ ᠠᠪᠤᠷᠠᠨ ᠲᠤᠰᠠᠯᠠᠬᠤ ᠳᠦᠷᠢᠮ ᠤᠨ ᠪᠠᠲᠤᠯᠠᠭ᠎ᠠ ᠶᠢ ᠴᠢᠩᠭᠠᠳᠬᠠᠵᠤ᠂ | ᠨᠠᠰᠤᠲᠠᠶᠢᠴᠤᠳ ᠪᠠ ᠡᠬᠡ ᠨᠢᠯᠬᠠᠰ ᠤᠨ ᠡᠷᠡᠭᠦᠯ ᠡᠩᠬᠡ᠂ ᠴᠢᠭᠢᠷᠠᠭ ᠳᠦᠷᠦᠵᠦ ᠲᠣᠷᠨᠢᠭᠤᠨ ᠥᠰᠬᠡᠬᠦ ᠦᠢᠯᠡᠴᠢᠯᠡᠭᠡ ᠶᠢ | ᠥᠷᠨᠢᠭᠦᠯᠦᠨ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠯᠠᠨ ᠨᠡᠶᠢᠲᠡ ᠶᠢᠨ ᠪᠡᠶ᠎ᠡ | ᠴᠢᠭᠢᠷᠠᠭᠵᠢᠭᠤᠯᠬᠤ ᠲᠤᠨᠤᠭ ᠲᠥᠬᠦᠭᠡᠷᠦᠮᠵᠢ ᠶᠢ ᠪᠦᠲᠦᠭᠡᠨ ᠪᠠᠶᠢᠭᠤᠯᠤᠨ᠎ᠠ᠃ ᠠᠷᠠᠳ ᠤᠨ ᠠᠮᠢᠳᠤᠷᠠᠯ ᠤᠨ ᠰᠠᠭᠤᠷᠢ | ᠪᠠᠲᠤᠯᠠᠭ᠎ᠠ ᠶᠢ ᠲᠡᠭᠦᠯᠳᠡᠷᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠣᠷ ᠢ ᠲᠡᠭᠦᠯᠳᠡᠷᠵᠢᠭᠦᠯᠦᠨ᠂ ᠡᠯ᠎ᠡ | ᠭᠠᠵᠠᠷ ᠤᠨ ᠪᠠᠶᠢᠳᠠᠯ ᠪᠠ ᠲᠠᠷᠢᠶᠠᠴᠢᠳ ᠤᠨ ᠪᠣᠳᠠᠲᠠᠢ ᠬᠡᠷᠡᠭᠴᠡᠭᠡ ᠶᠢ ᠦᠨᠳᠦᠰᠦᠯᠡᠨ᠂ ᠨᠠᠰᠤᠲᠠᠨ ᠢ ᠠᠰᠠᠷᠠᠬᠤ ᠬᠦᠷᠢᠶᠡᠯᠡᠩ | ᠵᠡᠷᠭᠡ ᠲᠤᠨᠤᠭ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠢᠶᠠᠩ ᠪᠠᠯᠭᠠᠰᠤ ᠣᠷᠣᠨ ᠪᠦᠰᠡ ᠶᠢᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠶᠡᠭᠡ ᠪᠠᠷ ᠠᠬᠢᠭᠤᠯᠵᠤ᠂ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢ ᠢᠳᠡᠪᠬᠢᠲᠡᠢ | ᠬᠥᠭᠵᠢᠭᠦᠯᠦᠨ᠂︽ᠨᠢᠭᠡ ᠯᠡ ᠠᠳᠠᠯᠢ ᠪᠠᠷ ᠱᠠᠭᠠᠷᠳᠠᠬᠤ︾ ᠶᠢ ᠡᠷᠡᠰ ᠲᠡᠪᠴᠢᠨ᠎ᠡ᠃ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠮᠥᠩᠭᠦ ᠣᠯᠭᠤᠮᠵᠢ ᠶᠢ ᠲᠣᠭᠲᠠᠭᠠᠬᠤ ᠪᠠ | ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠡᠪ ᠤᠨ ᠲᠣᠬᠢᠷᠠᠭᠤᠯᠤᠯᠲᠠ ᠶᠢᠨ ᠲᠣᠭᠲᠠᠴᠠ ᠶᠢ | ᠨᠠᠶᠢᠳᠠᠪᠤᠷᠢᠵᠢᠭᠤᠯᠵᠤ᠂ ᠨᠡᠭᠦᠳᠡᠯ ᠬᠡᠦᠬᠡᠳ᠂ ᠭᠡᠷ ᠲᠡᠭᠡᠨ ᠬᠤᠴᠣᠷᠤᠭᠰᠠᠨ ᠬᠡᠦᠬᠡᠳ᠂ ᠡᠮᠡᠭᠲᠡᠶᠢᠴᠦᠳ᠂ ᠨᠠᠰᠤᠲᠠᠶᠢᠴᠤᠳ᠂ | ᠵᠡᠮᠳᠡᠭᠴᠦᠳ ᠵᠡᠷᠭᠡ ᠶᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠰᠠᠶᠢᠲᠤᠷ ᠬᠢᠵᠦ᠂ ᠲᠦᠭᠡᠮᠡᠯ ᠬᠠᠷᠠᠭᠠᠯᠵᠠᠯᠲᠤ ᠨᠠᠶᠢᠳᠠᠨ | ᠠᠰᠠᠷᠠᠭᠤᠯᠬᠤ ᠦᠢᠯᠡᠴᠢᠯᠡᠭᠡ ᠶᠢ ᠬᠥᠭᠵᠢᠭᠦᠯᠦᠨ᠎ᠡ᠃ | ︵ᠬᠤᠷᠢᠨ ᠲᠠᠪᠤ︶ ᠬᠥᠳᠡᠭᠡ ᠲᠣᠰᠬᠤᠨ ᠤ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠤᠨᠤᠭ ᠲᠥᠬᠦᠭᠡᠷᠦᠮᠵᠢ ᠶᠢ | ᠲᠡᠭᠦᠯᠳᠡᠷᠵᠢᠭᠦᠯᠦᠨ᠎ᠡ᠃ ᠰᠢᠨᠵᠢᠯᠡᠬᠦ ᠤᠬᠠᠭᠠᠨᠴᠢ ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ᠂ ᠬᠥᠳᠡᠭᠡ | ᠲᠣᠰᠬᠤᠨ ᠤ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠤᠨᠤᠭ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠦᠢ | ᠵᠣᠬᠢᠰᠲᠠᠢ ᠲᠣᠬᠢᠷᠠᠭᠤᠯᠵᠤ᠂ ᠦᠢᠯᠡᠴᠢᠯᠡᠭᠡᠨ ᠤ ᠨᠥᠬᠦᠴᠡᠯ ᠢ ᠨᠢ ᠰᠠᠶᠢᠵᠢᠷᠠᠭᠤᠯᠤᠨ᠎ᠠ︔ ᠰᠤᠯᠠ ᠪᠠᠶᠢᠭ᠎ᠠ ᠲᠤᠨᠤᠭ | ᠲᠥᠬᠦᠭᠡᠷᠦᠮᠵᠢ ᠶᠢ ᠠᠮᠢᠳᠤᠯᠢᠭᠵᠢᠭᠤᠯᠤᠨ ᠠᠰᠢᠭᠯᠠᠵᠤ ᠨᠡᠶᠢᠭᠡᠮ ᠲᠣᠭᠤᠷᠢᠭ ᠤᠨ ᠦᠢᠯᠡᠴᠢᠯᠡᠭᠡ ᠳᠤ ᠬᠡᠷᠡᠭᠯᠡᠨ᠂ ᠣᠲᠣ ᠶᠢᠨ | ᠪᠠᠶᠢᠭ᠎ᠠ ᠲᠤᠨᠤᠭ ᠲᠥᠬᠦᠭᠡᠷᠦᠮᠵᠢ ᠶᠢᠨ︽ᠨᠢᠭᠡ ᠦᠷᠦᠭᠡ ᠶᠢ ᠣᠯᠠᠨ ᠶᠠᠩᠵᠤ ᠪᠠᠷ ᠠᠰᠢᠭᠯᠠᠬᠤ︾ ᠶᠢ ᠡᠮᠬᠢ ᠵᠢᠷᠤᠮ ᠲᠠᠢ ᠪᠠᠷ | ᠠᠬᠢᠭᠤᠯᠤᠨ᠎ᠠ᠃ ᠬᠥᠳᠡᠭᠡ ᠲᠣᠰᠬᠤᠨ ᠤ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠤᠨᠤᠭ ᠲᠥᠬᠦᠭᠡᠷᠦᠮᠵᠢ ᠶᠢᠨ ᠦᠷ᠎ᠡ | ᠠᠰᠢᠭ ᠢ ᠳᠡᠭᠡᠭᠰᠢᠯᠡᠭᠦᠯᠵᠦ᠂ ᠣᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ᠂ ᠬᠤᠷᠰᠢᠭᠰᠠᠨ ᠠᠵᠤ ᠠᠬᠤᠢ ᠶᠢᠨ | ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠶᠢᠨ ᠪᠦᠲᠦᠭᠡᠨ ᠪᠠᠶᠢᠭᠤᠯᠵᠤ ᠬᠠᠮᠢᠶᠠᠷᠬᠤ ᠪᠠ | ᠦᠢᠯᠡᠴᠢᠯᠡᠭᠡ ᠬᠠᠩᠭᠠᠬᠤ ᠳᠤ ᠣᠷᠤᠯᠴᠠᠬᠤ ᠶᠢ ᠵᠣᠷᠢᠭᠵᠢᠭᠤᠯᠤᠨ᠎ᠠ᠃ | ︵ᠬᠤᠷᠢᠨ ᠵᠢᠷᠭᠤᠭ᠎ᠠ︶ ᠲᠣᠭᠠᠴᠢᠯᠠᠭᠰᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ | ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠣᠶᠤᠨᠴᠢ ᠷᠠᠳᠢᠣ᠋ ᠲᠧᠯᠸᠢᠰ ᠤᠨ ᠬᠥᠳᠡᠭᠡ | ᠲᠣᠰᠬᠤᠨ ᠤ ᠢᠨᠵᠧᠨᠧᠷᠢᠩ ᠢ ᠬᠡᠷᠡᠭᠵᠢᠭᠦᠯᠵᠦ᠂ ᠰᠠᠭᠤᠷᠢ ᠲᠥᠬᠦᠭᠡᠷᠦᠮᠵᠢ ᠶᠢ ᠲᠣᠭᠠᠴᠢᠯᠠᠬᠤ᠂ ᠣᠶᠤᠨᠴᠢᠯᠠᠬᠤ ᠶᠢ ᠠᠬᠢᠭᠤᠯᠵᠤ᠂ | ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠬᠠᠮᠢᠶᠠᠷᠤᠯᠲᠠ ᠦᠢᠯᠡᠴᠢᠯᠡᠭᠡ ᠶᠢᠨ | ᠲᠣᠭᠠᠴᠢᠯᠠᠯᠲᠠ ᠶᠢ ᠲᠦᠷᠭᠡᠳᠬᠡᠨ᠂ ︽ᠢᠨᠲ᠋ᠧᠷ ᠰᠦᠯᠵᠢᠶ᠎ᠡ +︾᠂ ︽ᠣᠶᠤᠨᠴᠢ ᠷᠠᠳᠢᠣ᠋ ᠲᠧᠯᠸᠢᠰ +︾ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠲᠡᠶᠢᠰᠢ ᠤᠷᠲᠤᠳᠬᠠᠬᠤ ᠶᠢ ᠠᠬᠢᠭᠤᠯᠵᠤ᠂ ᠬᠥᠳᠡᠭᠡ ᠲᠣᠰᠬᠤᠨ ᠤ | ᠰᠤᠷᠭᠠᠨ ᠬᠥᠮᠦᠵᠢᠯ᠂ ᠡᠮ ᠡᠮᠨᠡᠯᠭᠡ᠂ ᠰᠣᠶᠣᠯ ᠤᠨ ᠲᠣᠭᠠᠴᠢᠯᠠᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠲᠣᠭᠠᠴᠢᠯᠠᠭᠰᠠᠨ ᠬᠥᠳᠡᠭᠡ ᠲᠣᠰᠬᠤᠨ ᠤ ᠬᠥᠭᠵᠢᠯᠲᠡ ᠶᠢᠨ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ | ︵ᠬᠤᠷᠢᠨ ᠳᠣᠯᠤᠭ᠎ᠠ︶ ᠬᠥᠳᠡᠭᠡ ᠲᠣᠰᠬᠤᠨ ᠢ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢ ᠰᠢᠯᠢᠳᠡᠭᠵᠢᠭᠦᠯᠦᠨ᠎ᠡ᠃ | ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠶᠢᠯ ᠲᠣᠰᠬᠤᠨ ᠤ ᠲᠥᠯᠦᠪᠵᠢᠭᠦᠯᠭᠡ ᠶᠢ ᠨᠠᠶᠢᠷᠠᠭᠤᠯᠤᠨ | ᠵᠣᠬᠢᠶᠠᠵᠤ᠂ ᠠᠮᠢᠳᠤᠷᠠᠯ ᠳᠤ ᠳᠥᠭᠦᠮ ᠮᠥᠷᠲᠡᠭᠡᠨ ᠦᠢᠯᠡᠳᠪᠦᠷᠢᠯᠡᠯ ᠢ ᠠᠬᠢᠭᠤᠯᠬᠤ ᠲᠥᠷᠥᠯ ᠵᠦᠢᠯ ᠢ ᠡᠩ ᠲᠡᠷᠢᠭᠦᠨ ᠳᠤ | ᠪᠦᠲᠦᠭᠡᠨ ᠪᠠᠶᠢᠭᠤᠯᠵᠤ᠂ ᠲᠠᠷᠢᠶᠠᠴᠢᠳ ᠢ ᠬᠥᠲᠥᠯᠥᠨ ᠵᠢᠯᠤᠭᠤᠳᠴᠤ ᠠᠶᠢᠯ ᠲᠣᠰᠬᠤᠨ ᠤ ᠲᠥᠯᠦᠪᠵᠢᠭᠦᠯᠭᠡ ᠪᠦᠲᠦᠭᠡᠨ | ᠪᠠᠶᠢᠭᠤᠯᠤᠯᠲᠠ ᠬᠠᠮᠢᠶᠠᠷᠤᠯᠲᠠ ᠳᠤ ᠣᠷᠣᠯᠴᠠᠭᠤᠯᠵᠤ᠂ ᠲᠠᠷᠢᠶᠠᠴᠢᠳ ᠤᠨ ᠬᠦᠰᠡᠯ ᠰᠠᠨᠠᠭ᠎ᠠ ᠠᠴᠠ ᠵᠥᠷᠢᠴᠡᠨ ᠶᠡᠭᠡ ᠪᠠᠷ | ᠨᠤᠷᠠᠭᠠᠵᠤ ᠶᠡᠭᠡ ᠪᠠᠷ ᠪᠦᠲᠦᠭᠡᠨ ᠪᠠᠶᠢᠭᠤᠯᠬᠤ ᠶᠢ ᠴᠢᠩᠭ᠎ᠠ ᠴᠠᠭᠠᠵᠠᠯᠠᠨ᠎ᠠ᠃ ᠡᠯ᠎ᠡ ᠲᠥᠷᠥᠯ ᠤᠨ ᠨᠢᠭᠡᠨᠲᠡ ᠪᠠᠶᠢᠭᠤᠯᠤᠭᠰᠠᠨ | ᠪᠠᠷᠢᠯᠭ᠎ᠠ ᠶᠢ ᠭᠦᠢᠴᠡᠳ ᠠᠰᠢᠭᠯᠠᠨ᠂ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠨ ᠦᠵᠡᠮᠵᠢ ᠶᠢᠨ ᠣᠷᠣᠨ ᠤ ᠲᠥᠷᠥᠯ | ᠵᠦᠢᠯ ᠪᠠᠶᠢᠭᠤᠯᠬᠤ ᠶᠢ ᠴᠢᠩᠭ᠎ᠠ ᠴᠠᠭᠠᠵᠠᠯᠠᠨ᠎ᠠ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠦᠨᠡᠯᠡᠯᠲᠡ ᠶᠢ | ᠥᠷᠨᠢᠭᠦᠯᠦᠨ᠎ᠡ᠃ ᠬᠥᠳᠡᠭᠡ ᠲᠣᠰᠬᠤᠨ ᠤ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠠᠵᠢᠯᠯᠠᠭᠠᠨ ᠢ ᠬᠠᠮᠢᠶᠠᠷᠴᠤ | ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠴᠤ ᠬᠠᠮᠠᠭᠠᠯᠠᠬᠤ | ᠲᠣᠭᠲᠠᠴᠠ ᠶᠢ ᠵᠡᠷᠭᠡ ᠪᠠᠷ ᠨᠠᠶᠢᠳᠠᠪᠤᠷᠢᠵᠢᠭᠤᠯᠬᠤ ᠳᠦᠷᠢᠮ ᠢ ᠪᠠᠶᠢᠭᠤᠯᠤᠨ᠂ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢᠨ | ᠨᠠᠷᠢᠨ ᠲᠠᠩᠰᠠ ᠶᠢ ᠨᠠᠶᠢᠷᠠᠭᠤᠯᠤᠨ ᠵᠣᠬᠢᠶᠠᠵᠤ᠂ ᠬᠠᠮᠢᠶᠠᠷᠴᠤ ᠬᠠᠮᠠᠭᠠᠯᠠᠬᠤ ᠥᠪᠡᠷ ᠤᠨ ᠥᠷᠲᠡᠭ ᠢ ᠵᠦᠢ ᠵᠣᠬᠢᠰᠲᠠᠢ | ᠬᠤᠪᠢᠳᠠᠨ ᠡᠭᠦᠷᠭᠡᠯᠡᠵᠦ᠂ ᠨᠥᠬᠦᠴᠡᠯ ᠲᠠᠢ ᠭᠠᠵᠠᠷ ᠣᠷᠣᠨ ᠨᠢ ᠬᠤᠲᠠ ᠬᠥᠳᠡᠭᠡ ᠶᠢ ᠨᠢᠭᠡ ᠴᠣᠭᠴᠠᠵᠢᠭᠤᠯᠤᠨ ᠬᠠᠮᠢᠶᠠᠷᠴᠤ | ᠬᠠᠮᠠᠭᠠᠯᠠᠬᠤ ᠶᠢ ᠠᠬᠢᠭᠤᠯᠤᠨ᠎ᠠ᠃ | ᠶᠢᠰᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠳᠡᠭᠡ | ᠲᠣᠰᠬᠤᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ | ︵ᠬᠤᠷᠢᠨ ᠨᠠᠢᠮᠠ︶ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ | ᠲᠡᠭᠦᠯᠳᠡᠷᠵᠢᠭᠦᠯᠦᠨ᠎ᠡ᠃ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠨᠢ | ᠲᠤᠯᠤᠭᠰᠠᠨ ᠤ ᠲᠠᠷᠠᠭ᠎ᠠ ᠲᠠᠭᠢᠨ 30 ᠵᠢᠯ ᠤᠷᠲᠤᠳᠬᠠᠬᠤ ᠲᠤᠷᠰᠢᠯᠲᠠ ᠶᠢᠨ ᠴᠡᠭ ᠢ ᠡᠮᠬᠢ ᠵᠢᠷᠤᠮ ᠲᠠᠢ ᠪᠠᠷ ᠠᠬᠢᠭᠤᠯᠵᠤ᠂ | ᠳᠠᠭᠠᠭᠠᠴᠢᠯᠠᠯᠲᠠ ᠶᠢᠨ ᠭᠠᠵᠠᠷ ᠤᠨ ᠥᠮᠴᠢᠯᠡᠬᠦ ᠡᠷᠬᠡ᠂ ᠳᠠᠭᠠᠭᠠᠴᠢᠯᠠᠬᠤ ᠡᠷᠬᠡ᠂ ᠡᠵᠡᠩᠨᠡᠬᠦ ᠡᠷᠬᠡ ᠶᠢ ᠰᠠᠯᠭᠠᠬᠤ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠲᠠᠷᠢᠶᠠᠯᠠᠩ ᠤᠨ ᠵᠣᠬᠢᠬᠤ ᠬᠡᠪᠴᠢᠶᠡᠲᠦ ᠡᠵᠡᠩᠨᠡᠯᠲᠡ ᠶᠢ ᠬᠥᠭᠵᠢᠭᠦᠯᠦᠨ᠎ᠡ᠃ ᠭᠠᠵᠠᠷ | ᠰᠢᠷᠣᠢ ᠶᠢᠨ ᠳᠠᠭᠠᠭᠠᠴᠢᠯᠠᠯᠲᠠ ᠶᠢᠨ ᠭᠡᠷ᠎ᠡ ᠶᠢᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠦᠯᠦ ᠬᠥᠳᠡᠯᠬᠦ | ᠬᠥᠷᠥᠩᠭᠡ ᠶᠢ ᠨᠢᠭᠡᠳᠦᠯᠲᠡᠢ ᠳᠠᠩᠰᠠᠯᠠᠬᠤ ᠯᠤᠭ᠎ᠠ ᠡᠮᠬᠢ ᠵᠢᠷᠤᠮ ᠲᠠᠢ ᠵᠣᠯᠭᠠᠭᠤᠯᠬᠤ ᠶᠢ ᠰᠠᠶᠢᠲᠤᠷ ᠬᠢᠵᠦ᠂ ᠳᠠᠭᠠᠭᠠᠴᠢᠯᠠᠭᠰᠠᠨ | ᠭᠠᠵᠠᠷ ᠰᠢᠷᠣᠢ ᠶᠢ ᠠᠲᠠᠷᠰᠢᠭᠤᠯᠬᠤ᠂ ᠲᠠᠷᠢᠶᠠᠨ ᠭᠠᠵᠠᠷ ᠤᠨ ᠦᠢᠯᠡᠳᠪᠦᠷᠢᠯᠡᠬᠦ ᠴᠢᠳᠠᠪᠤᠷᠢ ᠶᠢ ᠡᠪᠳᠡᠬᠦ ᠵᠡᠷᠭᠡ ᠦᠢᠯᠡ | ᠠᠵᠢᠯᠯᠠᠭ᠎ᠠ ᠶᠢ ᠬᠠᠤᠯᠢ ᠶᠣᠰᠣᠭᠠᠷ ᠵᠠᠯᠠᠷᠠᠭᠤᠯᠤᠨ᠎ᠠ᠃ ᠲᠠᠷᠢᠶᠠᠯᠠᠬᠤ ᠡᠷᠦᠭᠡ ᠶᠢᠨ ᠭᠡᠷ ᠪᠦᠯᠢ ᠶᠢᠨ ᠡᠵᠡᠩᠨᠡᠯᠲᠡ ᠪᠠᠷ ᠰᠠᠭᠤᠷᠢ | ᠪᠤᠯᠭᠠᠬᠰᠠᠨ᠂ ᠬᠤᠷᠰᠢᠯᠴᠠᠬᠤ ᠪᠠ ᠬᠤᠯᠪᠣᠭᠠᠯᠠᠬᠤ ᠪᠠᠷ ᠬᠤᠯᠪᠣᠭᠠᠰᠤ ᠪᠤᠯᠭᠠᠬᠰᠠᠨ᠂ ᠨᠡᠶᠢᠭᠡᠮᠴᠢᠯᠡᠭᠰᠡᠨ ᠦᠢᠯᠡᠴᠢᠯᠡᠭᠡ ᠪᠠᠷ | ᠲᠤᠯᠭᠠᠭᠤᠷᠢᠯᠠᠭᠰᠠᠨ ᠪᠣᠰᠤᠭ᠎ᠠ ᠴᠣᠭᠴᠠᠲᠤ ᠨᠡᠶᠢᠯᠡᠮᠡᠯ ᠭᠡᠯᠪᠡᠷᠢ ᠪᠦᠬᠦᠢ ᠣᠳᠣ ᠦᠶ᠎ᠡ ᠶᠢᠨ ᠲᠠᠷᠢᠶᠠᠯᠠᠩ ᠤᠨ ᠡᠵᠡᠩᠨᠡᠯᠲᠡ ᠶᠢᠨ | ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠭᠦᠢᠯᠭᠡᠭᠡᠬᠦ ᠦᠨ᠎ᠡ | ᠬᠠᠩᠰᠢ ᠶᠢ ᠪᠦᠷᠢᠯᠳᠦᠭᠦᠯᠬᠦ ᠲᠣᠭᠲᠠᠴᠠ ᠶᠢ ᠪᠦᠷᠢᠨᠰᠢᠭᠦᠯᠦᠨ᠂ ᠲᠠᠷᠢᠶᠠᠴᠢᠳ ᠤᠨ ᠬᠤᠷᠰᠢᠨ ᠡᠵᠡᠩᠨᠡᠬᠦ ᠶᠢ ᠠᠬᠢᠭᠤᠯᠤᠨ᠎ᠠ᠃ | ᠵᠢᠵᠢᠭ ᠲᠠᠷᠢᠶᠠᠴᠢᠨ ᠡᠷᠦᠭᠡ ᠶᠢᠨ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠵᠡᠷᠭᠡ ᠪᠠᠷ ᠰᠢᠨ᠎ᠡ ᠭᠡᠯᠪᠡᠷᠢ ᠶᠢᠨ | ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠳᠤ ᠬᠤᠪᠢ ᠣᠷᠣᠭᠤᠯᠬᠤ ᠶᠢ ᠵᠣᠷᠢᠭᠵᠢᠭᠤᠯᠵᠤ᠂ ᠳᠥᠭᠦᠮ ᠲᠦᠷᠭᠡᠨ | ᠥᠨᠳᠥᠷ ᠪᠦᠲᠦᠮᠵᠢᠲᠡᠶ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢᠨ ᠰᠢᠰᠲ᠋ᠧᠮ ᠢ ᠪᠦᠷᠢᠨᠰᠢᠭᠦᠯᠦᠨ᠎ᠡ᠃ ᠬᠥᠳᠡᠭᠡ | ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ | ᠪᠠᠬᠢᠵᠢᠭᠦᠯᠦᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠠᠮᠲᠤ ᠶᠢᠨ ᠠᠵᠤ ᠠᠬᠤᠢ ᠶᠢ ᠬᠥᠭᠵᠢᠭᠦᠯᠦᠨ᠂ | ᠥᠮᠴᠢᠯᠡᠯ ᠤᠨ ᠡᠷᠬᠡ ᠨᠢ ᠲᠣᠳᠣᠷᠬᠠᠢ᠂ ᠬᠤᠪᠢᠶᠠᠷᠢᠯᠠᠯᠲᠠ ᠨᠢ ᠵᠦᠢ ᠵᠣᠬᠢᠰᠲᠠᠢ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ | ᠲᠠᠷᠢᠶᠠᠴᠢᠳ ᠲᠤ ᠨᠠᠩ ᠭᠦᠢᠴᠡᠳ ᠡᠳ᠋ ᠬᠥᠷᠥᠩᠭᠡ ᠶᠢᠨ ᠡᠷᠬᠡ ᠠᠰᠢᠭ ᠣᠯᠭᠤᠨ᠎ᠠ᠃ ᠬᠥᠳᠡᠭᠡ ᠲᠣᠰᠬᠤᠨ ᠤ ᠬᠠᠮᠲᠤ ᠶᠢᠨ | ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠠᠵᠢᠯᠯᠠᠭᠠᠨ ᠤ ᠬᠠᠮᠢᠶᠠᠷᠤᠯᠲᠠ᠂ ᠬᠥᠳᠡᠭᠡ ᠲᠣᠰᠬᠤᠨ ᠤ | ᠥᠮᠴᠢᠯᠡᠯ ᠤᠨ ᠡᠷᠬᠡ ᠶᠢ ᠭᠦᠢᠯᠭᠡᠭᠡᠬᠦ ᠠᠷᠠᠯᠵᠢᠶ᠎ᠠ ᠶᠢ ᠵᠢᠷᠤᠮᠵᠢᠭᠤᠯᠵᠤ᠂ ᠬᠥᠳᠡᠭᠡ ᠲᠣᠰᠬᠤᠨ ᠤ ᠬᠠᠮᠲᠤ ᠶᠢᠨ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠮᠲᠤ ᠶᠢᠨ ᠡᠵᠡᠩᠨᠡᠯᠲᠡ ᠶᠢᠨ ᠠᠶᠤᠯ ᠲᠦᠭᠰᠢᠭᠦᠷᠢ ᠪᠠ | ᠥᠷᠢ ᠥᠭᠴᠡᠭᠡᠨ ᠤ ᠬᠡᠪᠴᠢᠶ᠎ᠡ ᠶᠢ ᠴᠢᠩᠭ᠎ᠠ ᠬᠢᠵᠠᠭᠠᠷᠯᠠᠨ᠎ᠠ᠃ | ︵ᠬᠤᠷᠢ ᠶᠢᠰᠦ︶ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ ᠭᠡᠷ ᠪᠠᠶᠢᠰᠢᠩ ᠭᠠᠵᠠᠷ ᠰᠢᠷᠣᠢ ᠶᠢᠨ ᠨᠢᠭᠡ ᠴᠣᠭᠴᠠᠵᠢᠭᠰᠠᠨ ᠭᠡᠷ ᠪᠠᠶᠢᠰᠢᠩ ᠤᠨ ᠰᠠᠭᠤᠷᠢ ᠶᠢᠨ | ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠬᠤ ᠶᠢ ᠲᠦᠷᠭᠡᠳᠬᠡᠨ ᠪᠡᠶᠡᠯᠡᠭᠦᠯᠵᠦ᠂ ᠲᠠᠷᠢᠶᠠᠴᠢᠨ ᠡᠷᠦᠭᠡ ᠶᠢᠨ ᠬᠠᠤᠯᠢ | ᠶᠣᠰᠣᠨ ᠤ ᠭᠡᠷ ᠪᠠᠶᠢᠰᠢᠩ ᠢᠶᠠᠨ ᠲᠦᠷᠢᠶᠡᠰᠦᠯᠡᠭᠦᠯᠬᠦ᠂ ᠬᠤᠪᠢ ᠣᠷᠣᠭᠤᠯᠬᠤ᠂ ᠬᠠᠮᠲᠤᠷᠠᠯᠴᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠨ ᠠᠮᠢᠳᠤᠯᠢᠭᠵᠢᠭᠤᠯᠤᠨ ᠠᠰᠢᠭᠯᠠᠬᠤ ᠶᠢ ᠵᠥᠪᠰᠢᠶᠡᠷᠡᠨ᠎ᠡ᠃ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ | ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠵᠠᠬ᠎ᠠ ᠳᠡᠯᠭᠡᠭᠦᠷ ᠲᠤ ᠣᠷᠣᠭᠤᠯᠬᠤ | ᠥᠭᠡᠷᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠳᠤ ᠬᠡᠷᠡᠭᠯᠡᠬᠦ ᠭᠠᠵᠠᠷ ᠰᠢᠷᠣᠢ ᠶᠢᠨ ᠬᠡᠷᠡᠭᠴᠡᠭᠡ ᠱᠠᠭᠠᠷᠳᠠᠯᠭ᠎ᠠ ᠶᠢ ᠤᠷᠢᠳ ᠢᠶᠠᠷ ᠪᠠᠲᠤᠯᠠᠵᠤ᠂ ᠭᠠᠵᠠᠷ | ᠰᠢᠷᠣᠢ ᠶᠢᠨ ᠨᠡᠮᠡᠭᠳᠡᠯ ᠦᠷᠲᠡᠭ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠬᠥᠳᠡᠭᠡ | ᠲᠣᠰᠬᠤᠨ ᠤ ᠬᠥᠭᠵᠢᠯᠲᠡ ᠳᠤ ᠬᠡᠷᠡᠭᠯᠡᠬᠦ ᠭᠠᠵᠠᠷ ᠰᠢᠷᠣᠢ ᠶᠢᠨ ᠪᠠᠲᠤᠯᠠᠭ᠎ᠠ ᠶᠢ ᠴᠢᠩᠭᠠᠳᠬᠠᠵᠤ᠂ ᠮᠤᠵᠢ ᠶᠢᠨ ᠱᠠᠲᠤᠨ ᠤ | ᠭᠠᠵᠠᠷ ᠰᠢᠷᠣᠢ ᠶᠢᠨ ᠠᠰᠢᠭᠯᠠᠯᠲᠠ ᠶᠢᠨ ᠣᠨ ᠤ ᠲᠥᠯᠥᠪᠯᠡᠭᠡ ᠳᠤ ᠨᠠᠭᠠᠲᠤ ᠵᠠᠬ᠎ᠠ ᠳᠠᠭᠠᠨ 5% ᠶᠢᠨ ᠰᠢᠨ᠎ᠡ ᠪᠠᠷ | ᠨᠡᠮᠡᠭᠳᠡᠭᠦᠯᠬᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠭᠦᠢᠴᠡᠳᠬᠡᠯ ᠲᠤᠭ᠎ᠠ ᠶᠢ ᠲᠣᠬᠢᠷᠠᠭᠤᠯᠵᠤ᠂ | ᠬᠥᠳᠡᠭᠡ ᠲᠣᠰᠬᠤᠨ ᠤ ᠭᠤᠣᠯᠳᠠᠯᠭ᠎ᠠ ᠲᠠᠢ ᠠᠵᠤ ᠦᠢᠯᠡᠰ ᠪᠠ ᠲᠦᠷᠦᠯ ᠵᠦᠢᠯ ᠤᠨ ᠬᠡᠷᠡᠭᠯᠡᠬᠦ ᠭᠠᠵᠠᠷ ᠰᠢᠷᠣᠢ ᠶᠢ ᠪᠠᠲᠤᠯᠠᠵᠤ᠂ | ᠬᠥᠳᠡᠭᠡ ᠲᠣᠰᠬᠤᠨ ᠤ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠪᠠ ᠲᠥᠬᠦᠭᠡᠷᠦᠮᠵᠢᠲᠦ ᠲᠠᠷᠢᠶᠠᠯᠠᠩ ᠳᠤ | ᠬᠡᠷᠡᠭᠯᠡᠬᠦ ᠭᠠᠵᠠᠷ ᠰᠢᠷᠣᠢ ᠶᠢ ᠪᠠᠲᠤᠯᠠᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠰᠢᠶᠠᠨ ᠰᠢᠶᠠᠩ ᠤᠨ ᠱᠠᠲᠤᠨ ᠤ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠳᠤ ᠲᠠᠷᠢᠶᠠᠯᠠᠩ ᠬᠥᠳᠡᠭᠡ ᠲᠣᠰᠬᠤᠨ ᠤ | ᠬᠥᠭᠵᠢᠯᠲᠡ ᠳᠤ ᠬᠡᠷᠡᠭᠯᠡᠬᠦ ᠭᠠᠵᠠᠷ ᠰᠢᠷᠣᠢ ᠶᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠤᠨ᠎ᠠ᠃ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠶᠢ | ᠵᠢᠷᠤᠮᠵᠢᠩᠭᠤᠢ ᠡᠮᠬᠢ ᠳᠢᠭᠯᠢᠮ ᠲᠠᠢ ᠯᠠᠪᠳᠠᠭᠤᠨ ᠢᠶᠠᠷ ᠥᠷᠨᠢᠭᠦᠯᠵᠦ᠂ ᠰᠤᠯᠠᠯᠠᠵᠤ ᠥᠭᠭᠦᠭᠰᠡᠨ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠰᠢᠷᠣᠢ ᠶᠢᠨ ᠭᠦᠢᠴᠡᠳᠬᠡᠯ ᠲᠤᠭ᠎ᠠ ᠶᠢ ᠭᠠᠵᠠᠷ ᠰᠢᠷᠣᠢ ᠠᠰᠢᠭᠯᠠᠬᠤ ᠣᠨ ᠤ ᠲᠥᠯᠥᠪᠯᠡᠭᠡ ᠳᠤ | ᠣᠷᠣᠭᠤᠯᠵᠤ ᠪᠣᠯᠣᠨ᠎ᠠ᠃ | ︵ᠭᠤᠴᠢ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠯᠠᠨ ᠡᠰᠢᠵᠢᠭᠰᠡᠨ ᠣᠷᠣᠭᠤᠯᠤᠯᠲᠠ ᠶᠢᠨ | ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠡᠳ᠋ ᠤᠨ ᠵᠠᠰᠠᠭ ᠤᠨ ᠳᠡᠮᠵᠢᠯᠭᠡ ᠶᠢᠨ ᠦᠢᠯᠡᠳᠦᠯ ᠢ ᠪᠠᠳᠠᠷᠠᠭᠤᠯᠵᠤ᠂ | ᠲᠠᠷᠢᠶᠠᠯᠠᠩ ᠬᠥᠳᠡᠭᠡ ᠲᠣᠰᠬᠤᠨ ᠢ ᠡᠩ ᠤᠨ ᠤᠯᠠᠨ ᠨᠡᠶᠢᠲᠡ ᠶᠢᠨ ᠲᠥᠰᠥᠪ ᠤᠨ ᠤᠷᠢᠳ ᠢᠶᠠᠷ ᠪᠠᠲᠤᠯᠠᠬᠤ ᠬᠦᠷᠢᠶ᠎ᠡ | ᠴᠠᠷᠠᠭ᠎ᠠ ᠪᠤᠯᠭᠠᠬᠤ ᠶᠢ ᠪᠠᠷᠢᠮᠲᠠᠯᠠᠵᠤ᠂ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠰᠢᠯᠵᠢᠭᠦᠯᠦᠨ ᠥᠭᠬᠦ ᠠᠰᠢᠭ | ᠣᠷᠣᠯᠭ᠎ᠠ ᠶᠢ ᠲᠠᠷᠢᠶᠠᠯᠠᠩ ᠬᠥᠳᠡᠭᠡ ᠲᠣᠰᠬᠤᠨ ᠳᠤ ᠬᠡᠷᠡᠭᠯᠡᠬᠦ ᠬᠠᠷᠢᠴᠠᠯ ᠢ ᠳᠡᠭᠡᠭᠰᠢᠯᠡᠭᠦᠯᠭᠦ ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠰᠢᠨ᠎ᠡ ᠪᠠᠷ ᠨᠡᠶᠢᠲᠡᠯᠡᠭᠰᠡᠨ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠲᠦᠷᠦ ᠶᠢᠨ ᠪᠣᠳᠣᠯᠭ᠎ᠠ ᠶᠢ | ᠰᠠᠶᠢᠲᠤᠷ ᠬᠡᠷᠡᠭᠯᠡᠨ᠎ᠡ᠃ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠲᠡᠭᠦᠯᠳᠡᠷᠵᠢᠭᠦᠯᠦᠨ᠂ ᠲᠣᠮᠣ ᠳᠤᠮᠳᠠ ᠭᠡᠯᠪᠡᠷᠢ ᠶᠢᠨ | ᠪᠠᠩᠬᠢ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠳᠤ ᠦᠢᠯᠡᠴᠢᠯᠡᠬᠦ ᠠᠵᠢᠯ ᠤᠨ ᠲᠣᠭᠲᠠᠴᠠ ᠶᠢ | ᠪᠦᠷᠢᠨᠰᠢᠭᠦᠯᠵᠦ᠂ ᠲᠦᠷᠦ ᠶᠢᠨ ᠪᠣᠳᠣᠯᠭ᠎ᠠ ᠶᠢᠨ ᠴᠢᠨᠠᠷᠲᠠᠢ ᠮᠥᠩᠭᠦᠨ ᠭᠦᠢᠯᠭᠡᠭᠡᠨ ᠤ ᠬᠥᠳᠡᠭᠡ ᠠᠵᠤ ᠠᠬᠤᠢ ᠬᠥᠳᠡᠭᠡ | ᠲᠣᠰᠬᠤᠨ ᠲᠠᠷᠢᠶᠠᠴᠢᠨ ᠢ ᠳᠡᠮᠵᠢᠬᠦ ᠦᠢᠯᠡᠳᠦᠯ ᠢ ᠴᠢᠩᠭᠠᠳᠬᠠᠨ᠂ ᠬᠥᠳᠡᠭᠡ ᠲᠣᠰᠬᠤᠨ ᠤ ᠳᠤᠮᠳᠠ ᠵᠢᠵᠢᠭ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠢ ᠳᠡᠮᠵᠢᠬᠦ ᠪᠠᠭ᠎ᠠ ᠵᠢᠵᠢᠭ | ᠠᠵᠤ ᠠᠬᠤᠶᠢᠯᠠᠯ ᠢ ᠳᠡᠮᠵᠢᠬᠦ ᠪᠠᠶᠢᠷᠢ ᠲᠣᠭᠲᠠᠭᠠᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠢᠲᠡᠭᠡᠮᠵᠢ ᠶᠢᠨ | ᠬᠤᠷᠰᠢᠶ᠎ᠠ ᠶᠢᠨ ᠥᠭᠡᠷᠡᠴᠢᠯᠡᠯᠲᠡ ᠶᠢᠨ ᠲᠦᠭᠰᠢᠭᠦᠷᠢ ᠶᠢ ᠠᠷᠢᠯᠭᠠᠬᠤ ᠶᠢ ᠲᠦᠷᠭᠡᠳᠬᠡᠨ᠂ ᠭᠠᠴᠠᠭ᠎ᠠ ᠪᠠᠯᠭᠠᠰᠤᠨ ᠤ ᠪᠠᠩᠬᠢ ᠶᠢᠨ | ᠪᠦᠲᠦᠴᠡ ᠶᠢᠨ ᠴᠢᠨᠠᠷᠲᠠᠢ ᠳᠠᠭᠢᠨ ᠵᠣᠬᠢᠶᠠᠨ ᠪᠠᠶᠢᠭᠤᠯᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠤ ᠲᠣᠭᠠᠴᠢᠯᠠᠭᠰᠠᠨ | ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠢ ᠬᠥᠭᠵᠢᠭᠦᠯᠵᠦ᠂ ᠬᠥᠳᠡᠭᠡ ᠲᠣᠰᠬᠤᠨ ᠤ ᠢᠲᠡᠭᠡᠮᠵᠢ ᠶᠢᠨ ᠰᠢᠰᠲ᠋ᠧᠮ ᠤᠨ | ᠪᠠᠶᠢᠭᠤᠯᠤᠯᠲᠠ ᠶᠢ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ ᠲᠠᠷᠢᠶᠠᠯᠠᠩ ᠳᠤ ᠬᠤᠯᠪᠣᠭᠳᠠᠬᠤ ᠮᠥᠩᠭᠦᠨ ᠭᠦᠢᠯᠭᠡᠭᠡᠨ ᠤ ᠠᠶᠤᠯ | ᠲᠦᠭᠰᠢᠭᠦᠷᠢ ᠶᠢᠨ ᠨᠥᠬᠦᠪᠦᠷᠢ ᠥᠭᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠤᠯᠠᠨ ᠳᠡᠰ ᠳᠠᠪᠬᠤᠷᠭ᠎ᠠ ᠶᠢᠨ | ᠲᠠᠷᠢᠶᠠᠯᠠᠩ ᠤᠨ ᠳᠠᠭᠠᠳᠬᠠᠯ ᠢ ᠬᠥᠭᠵᠢᠭᠦᠯᠵᠦ᠂ ᠲᠠᠷᠢᠶᠠᠯᠠᠩ ᠤᠨ ᠳᠠᠭᠢᠨ ᠳᠠᠭᠠᠳᠬᠠᠯ ᠪᠠ ᠲᠠᠷᠢᠶᠠᠯᠠᠩ ᠤᠨ ᠳᠠᠭᠠᠳᠬᠠᠯ ᠤᠨ | ᠶᠡᠭᠡ ᠭᠠᠮᠰᠢᠭ ᠤᠨ ᠠᠶᠤᠯ ᠲᠦᠭᠰᠢᠭᠦᠷᠢ ᠶᠢ ᠵᠠᠳᠠᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠵᠠᠬ᠎ᠠ ᠳᠡᠯᠭᠡᠭᠦᠷᠴᠢᠯᠡᠬᠦ | ᠠᠷᠭ᠎ᠠ ᠮᠠᠶ᠋ᠢᠭ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠮᠥᠩᠭᠦ ᠶᠢ ᠬᠠᠤᠯᠢ ᠶᠣᠰᠣᠭᠠᠷ | ᠪᠠᠶᠢᠭᠤᠯᠬᠤ ᠶᠢ ᠳᠡᠮᠵᠢᠨ᠎ᠡ᠃ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠦᠷᠢᠶᠡᠨ ᠳᠠᠬᠢ ᠨᠡᠶᠢᠭᠡᠮ ᠤᠨ ᠪᠡᠯᠡ | ᠣᠷᠣᠭᠤᠯᠤᠯᠲᠠ ᠶᠢ ᠬᠥᠲᠥᠯᠥᠨ ᠵᠢᠯᠤᠭᠤᠳᠬᠤ ᠪᠠ ᠵᠢᠷᠤᠮᠵᠢᠭᠤᠯᠵᠤ᠂ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ | ᠬᠥᠭᠵᠢᠭᠦᠯᠬᠦ︾ ᠠᠵᠢᠯᠯᠠᠭ᠎ᠠ ᠶᠢ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠢᠳᠠᠯ ᠢᠶᠠᠷ ᠢᠶᠠᠨ | ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠣᠷᠣᠨ ᠨᠤᠲᠤᠭ ᠤᠨ ᠥᠷᠢ ᠥᠭᠴᠡᠭᠡ ᠶᠢᠨ | ᠲᠦᠭᠰᠢᠭᠦᠷᠢ ᠶᠢ ᠰᠢᠨ᠎ᠡ ᠪᠠᠷ ᠨᠡᠮᠡᠭᠳᠡᠭᠦᠯᠬᠦ ᠠᠴᠠ ᠵᠠᠶᠢᠯᠠᠰᠬᠢᠬᠦ ᠬᠡᠷᠡᠭᠲᠡᠢ᠃ | ︵ᠭᠤᠴᠢᠨ ᠨᠢᠭᠡ︶ ᠬᠥᠳᠡᠭᠡ ᠲᠣᠰᠬᠤᠨ ᠤ ᠥᠭᠡᠷᠡᠴᠢᠯᠡᠯᠲᠡ ᠶᠢᠨ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ | ᠯᠠᠪᠳᠠᠭᠤᠨ ᠪᠠᠲᠤᠲᠠᠢ ᠠᠬᠢᠭᠤᠯᠤᠨ᠎ᠠ᠃ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠠᠲᠠᠷ ᠬᠠᠭᠠᠯᠪᠤᠷᠢᠯᠠᠯᠲᠠ ᠶᠢᠨ ᠣᠷᠣᠨ ᠢ ᠪᠦᠯᠦᠭᠵᠢᠭᠦᠯᠬᠦ᠂ ᠲᠠᠷᠢᠶᠠᠯᠠᠩ ᠤᠨ ᠲᠠᠯᠠᠪᠠᠢ ᠶᠢ ᠠᠵᠤ | ᠠᠬᠤᠶᠢᠯᠠᠯᠴᠢᠯᠠᠬᠤ ᠥᠭᠡᠷᠡᠴᠢᠯᠡᠯᠲᠡ ᠪᠠ ᠠᠲᠠᠷ ᠬᠠᠭᠠᠯᠪᠤᠷᠢᠯᠠᠯᠲᠠ ᠶᠢᠨ ᠬᠠᠮᠲᠤᠷᠠᠯᠴᠠᠭ᠎ᠠ ᠶᠢ ᠠᠬᠢᠭᠤᠯᠤᠨ᠎ᠠ᠃ ᠬᠠᠮᠲᠤ ᠶᠢᠨ | ᠤᠢ ᠮᠣᠳᠣᠨ ᠤ ᠡᠷᠬᠡ᠂ ᠤᠯᠤᠰ ᠤᠨ ᠥᠮᠴᠢᠯᠡᠯ ᠤᠨ ᠤᠢ ᠰᠢᠭᠤᠢ ᠶᠢᠨ ᠲᠠᠯᠠᠪᠠᠢ᠂ ᠨᠤᠲᠤᠭ ᠪᠡᠯᠴᠢᠭᠡᠷ ᠢ ᠳᠠᠭᠠᠭᠠᠴᠢᠯᠠᠨ | ᠡᠵᠡᠩᠨᠡᠬᠦ᠂ ᠬᠥᠳᠡᠭᠡ ᠲᠣᠰᠬᠤᠨ ᠤ ᠬᠠᠮᠲᠤ ᠶᠢᠨ ᠭᠠᠵᠠᠷ ᠰᠢᠷᠣᠢ ᠶᠢ ᠲᠠᠲᠠᠪᠤᠷᠢᠯᠠᠬᠤ ᠵᠡᠷᠭᠡ ᠳᠦᠷᠢᠮ ᠢ ᠲᠡᠭᠦᠯᠳᠡᠷᠵᠢᠭᠦᠯᠦᠨ᠎ᠡ᠃ | ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠤᠨ᠎ᠠ᠃ ᠪᠦᠭᠦ ᠤᠯᠤᠰ ᠤᠨ | ᠬᠥᠳᠡᠭᠡ ᠲᠣᠰᠬᠤᠨ ᠤ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ᠂ ᠤᠯᠤᠰ ᠤᠨ ᠬᠤᠳᠠ ᠬᠥᠳᠡᠭᠡ ᠶᠢ | ᠠᠭᠤᠰᠤᠯᠴᠠᠭᠤᠯᠤᠨ ᠬᠥᠭᠵᠢᠭᠦᠯᠬᠦ ᠲᠤᠷᠰᠢᠯᠲᠠ ᠶᠢᠨ ᠣᠷᠣᠨ ᠵᠢᠴᠢ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠢᠨᠠᠷᠲᠠᠢ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ | ᠠᠷᠪᠠ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ | ᠴᠢᠩᠭᠠᠳᠬᠠᠵᠤ᠂ ᠬᠥᠳᠡᠭᠡ ᠲᠣᠰᠬᠤᠨ ᠤ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠤᠨ᠎ᠠ | ︵ᠭᠤᠴᠢᠨ ᠬᠤᠶᠠᠷ︶ ᠨᠠᠮ ᠤᠨ ᠪᠠᠶᠢᠭᠤᠯᠤᠯᠲᠠ ᠶᠢ ᠠᠳᠬᠤᠬᠤ ᠶᠢ ᠭᠦᠨᠵᠡᠭᠡᠶᠢᠷᠡᠭᠦᠯᠦᠨ ᠠᠬᠢᠭᠤᠯᠵᠤ ᠬᠥᠳᠡᠭᠡ | ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠤ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ | ᠴᠢᠳᠠᠮᠵᠢ ᠶᠢ ᠴᠢᠩᠭᠠᠳᠬᠠᠵᠤ᠂ ᠰᠢᠶᠠᠨ ᠤ ᠱᠠᠲᠤᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢ ᠠᠳᠬᠤᠵᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠷᠢᠭᠤᠴᠠᠯᠭ᠎ᠠ ᠶᠢ ᠴᠢᠩᠭᠠᠳᠬᠠᠨ᠎ᠠ᠃ ᠰᠢᠶᠠᠩ | ᠪᠠᠯᠭᠠᠰᠤᠨ ᠤ ᠤᠳᠤᠷᠢᠳᠬᠤ ᠪᠠᠭ ᠲᠤ ᠰᠢᠯᠢᠳᠡᠭ ᠢ ᠨᠢ ᠰᠣᠩᠭᠤᠨ ᠲᠣᠬᠢᠷᠠᠭᠤᠯᠵᠤ᠂ ᠲᠣᠰᠬᠤᠨ ᠤ ︽ᠬᠤᠶᠠᠷ ᠵᠥᠪᠯᠡᠯ︾ ᠤᠨ | ᠤᠳᠤᠷᠢᠳᠬᠤ ᠪᠠᠭ ᠢᠯᠠᠩᠭᠤᠶ᠎ᠠ ᠳᠠᠭᠠᠭᠤᠯᠤᠭᠴᠢ ᠶᠢᠨ ᠡᠩᠨᠡᠭᠡ ᠶᠢ ᠰᠢᠯᠢᠳᠡᠭᠵᠢᠭᠦᠯᠦᠨ᠂ ᠰᠢᠶᠠᠩ ᠪᠠᠯᠭᠠᠰᠤ᠂ ᠲᠣᠰᠬᠤᠨ ᠤ | ᠤᠳᠤᠷᠢᠳᠬᠤ ᠪᠠᠭ ᠤᠨ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠴᠢᠳᠠᠪᠤᠷᠢ ᠶᠢ ᠪᠦᠭᠦ | ᠲᠠᠯ᠎ᠠ ᠪᠠᠷ ᠪᠣᠯᠪᠠᠰᠤᠷᠠᠭᠤᠯᠤᠨ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠨᠠᠮ ᠤᠨ ᠭᠡᠰᠢᠭᠦᠨ ᠤ ᠬᠤᠰᠢᠭᠤᠴᠢ | ᠵᠢᠱᠢᠶᠡᠴᠢ ᠶᠢᠨ ᠦᠢᠯᠡᠳᠦᠯ ᠢ ᠪᠠᠳᠠᠷᠠᠭᠤᠯᠵᠤ᠂ ᠬᠥᠳᠡᠭᠡ ᠲᠣᠰᠬᠤᠨ ᠤ ᠨᠠᠮ ᠤᠨ ᠭᠡᠰᠢᠭᠦᠨ ᠢ ᠰᠢᠶᠠᠨ ᠤ ᠱᠠᠲᠤᠨ ᠤ ᠨᠠᠮ ᠤᠨ | ᠰᠤᠷᠭᠠᠭᠤᠯᠢ ᠳᠤ ᠡᠭᠡᠯᠵᠢᠯᠡᠨ ᠪᠤᠯᠪᠠᠰᠤᠷᠠᠭᠤᠯᠬᠤ ᠶᠢ ᠠᠬᠢᠭᠤᠯᠵᠤ᠂ ᠲᠤᠷᠤᠢ ᠪᠠᠭᠤᠷᠠᠢ ᠰᠤᠯᠠ ᠵᠠᠳᠠᠭᠠᠢ ᠲᠣᠰᠬᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠩᠭᠤᠵᠢᠭᠤᠯᠤᠨ ᠴᠡᠭᠴᠡᠯᠡᠵᠦ᠂ ᠭᠤᠣᠯᠳᠠᠯᠭ᠎ᠠ ᠲᠠᠢ ᠬᠥᠳᠡᠭᠡ ᠲᠣᠰᠬᠤᠨ ᠳᠤ | ᠨᠢᠭᠡᠳᠦᠭᠡᠷ ᠱᠦᠵᠢ ᠪᠠ ᠠᠵᠢᠯᠯᠠᠬᠤ ᠠᠩᠭᠢ ᠶᠢ ᠰᠣᠩᠭᠤᠨ ᠲᠣᠮᠢᠯᠠᠵᠤ ᠰᠠᠭᠤᠯᠭᠠᠬᠤ ᠳᠦᠷᠢᠮ ᠢ ᠲᠡᠭᠦᠯᠳᠡᠷᠵᠢᠭᠦᠯᠦᠨ᠎ᠡ᠃ | ᠰᠢᠶᠠᠩ ᠪᠠᠯᠭᠠᠰᠤ᠂ ᠲᠣᠰᠬᠤᠨ ᠤ ᠺᠠᠳ᠋ᠷ ᠢ ᠬᠠᠯᠠᠮᠵᠢᠯᠠᠨ ᠬᠠᠶᠢᠷᠠᠯᠠᠬᠤ ᠪᠠ ᠴᠠᠯᠢᠩ ᠣᠯᠭᠤᠮᠵᠢ ᠶᠢᠨ ᠪᠠᠲᠤᠯᠠᠭ᠎ᠠ ᠶᠢ | ᠴᠢᠩᠭᠠᠳᠬᠠᠨ᠎ᠠ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠶᠠᠪᠤᠳᠠᠯ᠂ | ᠲᠣᠰᠬᠤᠨ ᠤ ᠶᠠᠪᠤᠳᠠᠯ᠂ ᠡᠳ᠋ ᠤᠨ ᠶᠠᠪᠤᠳᠠᠯ ᠢ ᠢᠯᠡ ᠪᠤᠯᠭᠠᠬᠤ ᠳᠦᠷᠢᠮ ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠣᠬᠢᠶᠠᠨ ᠪᠠᠶᠢᠭᠤᠯᠤᠯᠲᠠ ᠪᠣᠯᠣᠨ ᠲᠣᠰᠬᠤᠨ ᠤ ᠶᠠᠪᠤᠳᠠᠯ ᠳᠤ ᠬᠢᠨᠠᠯᠲᠠ | ᠲᠠᠯᠪᠢᠬᠤ ᠵᠥᠪᠯᠡᠯ ᠤᠨ ᠪᠦᠲᠦᠮᠵᠢᠲᠡᠶ ᠵᠣᠯᠭᠠᠯᠴᠠᠬᠤ ᠶᠢ ᠠᠬᠢᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠠᠵᠢᠯ ᠢ ᠲᠣᠰᠬᠤᠨ ᠲᠡᠶᠢᠰᠢ ᠤᠷᠲᠤᠳᠬᠠᠨ ᠪᠦᠷᠬᠦᠭᠦᠯᠵᠦ᠂ ᠲᠣᠰᠬᠤᠨ ᠤ ᠺᠠᠳ᠋ᠷ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠳᠤ ᠬᠢᠨᠠᠨ ᠪᠤᠳᠤᠬᠤ | ᠬᠢᠨᠠᠯᠲᠠ ᠲᠠᠯᠪᠢᠬᠤ ᠶᠢ ᠴᠢᠩᠭᠠᠳᠬᠠᠨ᠎ᠠ᠃ | ︵ᠭᠤᠴᠢᠨ ᠭᠤᠷᠪᠠ︶ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠤ ᠵᠠᠰᠠᠯᠲᠠ ᠶᠢ ᠬᠥᠲᠥᠯᠥᠨ | ᠳᠠᠭᠠᠭᠤᠯᠬᠤ ᠶᠢ ᠠᠬᠢᠭᠤᠯᠤᠨ᠎ᠠ᠃ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠵᠠᠰᠠᠯᠲᠠ ᠶᠢᠨ ᠰᠢᠰᠲ᠋ᠧᠮ ᠢ | ᠪᠦᠷᠢᠨᠰᠢᠭᠦᠯᠵᠦ᠂ ᠰᠢᠶᠠᠨ ᠤ ᠱᠠᠲᠤᠨ ᠤ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠰᠢᠶᠠᠩ | ᠪᠠᠯᠭᠠᠰᠤᠨ ᠤ ᠡᠷᠬᠡ ᠶᠢ ᠥᠷᠭᠡᠳᠬᠡᠨ ᠬᠦᠴᠦᠨ ᠴᠢᠳᠠᠯ ᠣᠯᠭᠤᠬᠤ ᠶᠢ ᠠᠬᠢᠭᠤᠯᠵᠤ᠂ ᠲᠣᠰᠬᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠳᠤᠷᠢᠳᠤᠭᠰᠠᠨ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠰᠢᠶᠠᠨ ᠤ ᠱᠠᠲᠤᠨ ᠤ ᠤᠳᠤᠷᠢᠳᠬᠤ ᠪᠠᠭ ᠤᠨ ᠪᠦᠷᠢᠯᠳᠦᠭᠦᠨ ᠰᠢᠶᠠᠩ ᠲᠣᠰᠬᠤᠨ ᠢ ᠳᠠᠭᠠᠭᠠᠴᠢᠯᠠᠵᠤ | ᠲᠣᠰᠬᠤᠨ ᠢᠶᠠᠷ ᠶᠠᠪᠤᠬᠤ᠂ ᠰᠢᠶᠠᠩ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠭᠦᠨ ᠲᠣᠰᠬᠤᠨ ᠡᠷᠦᠭᠡ ᠶᠢ | ᠳᠠᠭᠠᠭᠠᠴᠢᠯᠠᠵᠤ ᠡᠷᠦᠭᠡ ᠲᠠᠢ ᠬᠠᠷᠢᠯᠴᠠᠬᠤ᠂ ᠲᠣᠰᠬᠤᠨ ᠤ ᠺᠠᠳ᠋ᠷ ᠪᠠᠶᠢᠩᠭᠤ ᠡᠷᠦᠭᠡ ᠳᠤ ᠬᠦᠷᠴᠦ ᠰᠤᠷᠪᠤᠯᠵᠢᠯᠠᠬᠤ | ᠳᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠯᠲᠠ ᠶᠢᠨ ᠭᠤᠣᠯᠳᠠᠯᠭ᠎ᠠ ᠶᠢ ᠦᠨᠳᠦᠰᠦᠨ ᠱᠠᠲᠤᠨ ᠳᠤ | ᠰᠢᠯᠵᠢᠭᠦᠯᠵᠦ᠂ ᠺᠠᠳ᠋ᠷ ᠤᠨ ᠬᠦᠴᠦᠨ ᠢ ᠦᠨᠳᠦᠰᠦᠨ ᠱᠠᠲᠤᠨ ᠳᠤ ᠲᠡᠭᠦᠯᠳᠡᠷᠵᠢᠭᠦᠯᠵᠦ᠂ ᠡᠬᠢ ᠪᠠᠶᠠᠯᠢᠭ᠂ ᠦᠢᠯᠡᠴᠢᠯᠡᠭᠡ᠂ | ᠬᠠᠮᠢᠶᠠᠷᠤᠯᠲᠠ ᠶᠢ ᠦᠨᠳᠦᠰᠦᠨ ᠱᠠᠲᠤᠨ ᠳᠤ ᠪᠠᠭᠤᠯᠭᠠᠬᠤ ᠶᠢ ᠠᠬᠢᠭᠤᠯᠵᠤ᠂ ᠬᠥᠳᠡᠭᠡ ᠲᠣᠰᠬᠤᠨ ᠤ ᠵᠠᠰᠠᠯᠲᠠ ᠶᠢᠨ ᠦᠷ᠎ᠡ | ᠪᠦᠲᠦᠮᠵᠢ ᠶᠢ ᠦᠨᠡᠨ ᠬᠦ ᠳᠡᠭᠡᠭᠰᠢᠯᠡᠭᠦᠯᠦᠨ᠎ᠡ᠃ ᠰᠢᠶᠠᠩ ᠪᠠᠯᠭᠠᠰᠤᠨ ᠤ ᠲᠤᠰᠢᠶᠠᠯ ᠬᠠᠷᠢᠭᠤᠴᠠᠯᠭ᠎ᠠ ᠪᠠ ᠡᠷᠬᠡ᠂ ᠡᠬᠢ | ᠪᠠᠶᠠᠯᠢᠭ ᠢ ᠬᠠᠷᠢᠯᠴᠠᠨ ᠵᠣᠬᠢᠴᠠᠭᠤᠯᠬᠤ ᠳᠦᠷᠢᠮ ᠢ ᠲᠡᠭᠦᠯᠳᠡᠷᠵᠢᠭᠦᠯᠵᠦ᠂ ᠰᠢᠶᠠᠩ ᠪᠠᠯᠭᠠᠰᠤᠨ ᠤ ᠦᠢᠯᠡᠴᠢᠯᠡᠭᠡ | ᠬᠠᠮᠢᠶᠠᠷᠤᠯᠲᠠ ᠶᠢᠨ ᠬᠦᠴᠦᠨ ᠢ ᠴᠢᠩᠭᠠᠳᠬᠠᠨ᠎ᠠ᠃ ᠰᠢᠶᠠᠩ ᠪᠠᠯᠭᠠᠰᠤᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠵᠦᠢᠯᠡᠰ ᠤᠨ ᠨᠠᠷᠢᠨ ᠲᠠᠩᠰᠠ ᠶᠢ ᠲᠣᠭᠲᠠᠭᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ᠎ᠡ᠃ ᠨᠠᠮ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠮᠣᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ | ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ︽ᠳᠥᠷᠪᠡ ᠶᠢ ᠵᠥᠪᠯᠡᠵᠦ ᠬᠤᠶᠠᠷ ᠢ ᠢᠯᠡ | ᠪᠤᠯᠭᠠᠬᠤ︾ ᠳᠦᠷᠢᠮ ᠢ ᠨᠠᠶᠢᠳᠠᠪᠤᠷᠢᠵᠢᠭᠤᠯᠤᠨ᠎ᠠ︔ ᠬᠠᠤᠯᠢ ᠪᠠᠷ ᠵᠠᠰᠠᠬᠤ ᠬᠥᠳᠡᠭᠡ ᠲᠣᠰᠬᠤᠨ ᠤ ᠪᠠᠶᠢᠭᠤᠯᠤᠯᠲᠠ ᠶᠢ | ᠭᠦᠨᠵᠡᠭᠡᠶᠢᠷᠡᠭᠦᠯᠵᠦ᠂ ᠬᠠᠤᠯᠢ ᠴᠠᠭᠠᠵᠠ ᠶᠢᠨ ᠵᠥᠪᠯᠡᠭᠴᠢ ᠪᠠ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ | ᠴᠢᠩᠭᠠᠳᠬᠠᠨ᠎ᠠ︔ ᠲᠣᠰᠬᠤᠨ ᠤ ᠳᠦᠷᠢᠮ ᠠᠷᠠᠳ ᠤᠨ ᠭᠡᠷ᠎ᠡ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠵᠠᠰᠠᠯᠲᠠ ᠶᠢᠨ | ᠠᠷᠭ᠎ᠠ ᠭᠡᠯᠪᠡᠷᠢ ᠶᠢᠨ ᠰᠢᠨ᠎ᠡ ᠶᠢ ᠡᠭᠦᠳᠴᠦ᠂ ᠲᠣᠭᠠᠴᠢᠯᠠᠭᠰᠠᠨ ᠬᠥᠳᠡᠭᠡ ᠲᠣᠰᠬᠤᠨ ᠤ ᠵᠠᠰᠠᠯᠲᠠ ᠶᠢ ᠠᠬᠢᠭᠤᠯᠵᠤ᠂ | ᠲᠣᠰᠬᠤᠨ ᠤ ᠠᠷᠠᠳ ᠤᠨ ᠬᠡᠷᠡᠭ ᠵᠥᠪᠯᠡᠬᠦ ᠭᠡᠯᠪᠡᠷᠢ ᠶᠢᠨ ᠰᠢᠨ᠎ᠡ ᠶᠢ ᠡᠭᠦᠳᠦᠨ᠎ᠡ᠃ | ︵ᠭᠤᠴᠢᠨ ᠳᠥᠷᠪᠡ︶ ᠬᠥᠳᠡᠭᠡ ᠲᠣᠰᠬᠤᠨ ᠤ ᠡᠶ᠎ᠡ ᠵᠣᠬᠢᠴᠠᠩᠭᠤᠢ ᠪᠥᠭᠡᠳ ᠲᠣᠭᠲᠠᠭᠤᠨ ᠪᠠᠶᠢᠬᠤ ᠶᠢ ᠬᠠᠮᠠᠭᠠᠯᠠᠨ᠎ᠠ᠃ | ᠦᠨᠳᠦᠰᠦᠨ ᠱᠠᠲᠤᠨ ᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠰᠢᠶᠠᠩ ᠪᠠᠯᠭᠠᠰᠤᠨ ᠤ ᠵᠠᠰᠠᠭ ᠤᠨ | ᠣᠷᠳᠣᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠴᠢᠩᠭᠠᠳᠬᠠᠨ᠂ ᠵᠠᠰᠠᠯᠲᠠ ᠶᠢᠨ ᠲᠠᠪᠴᠠᠩ ᠢ | ᠲᠡᠭᠦᠯᠳᠡᠷᠵᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠰᠢᠶᠠᠩ | ᠪᠠᠯᠭᠠᠰᠤ᠂ ᠲᠣᠰᠬᠤᠨ ᠤ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠣᠬᠢᠴᠠᠭᠤᠯᠬᠤ ᠲᠣᠭᠲᠠᠴᠠ | ᠪᠣᠯᠣᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠦᠷᠢᠨᠰᠢᠭᠦᠯᠦᠨ᠂ ᠦᠶᠡᠷ ᠢ ᠰᠡᠷᠭᠡᠶᠢᠯᠡᠬᠦ᠂ ᠭᠠᠯ ᠢ ᠰᠡᠷᠭᠡᠶᠢᠯᠡᠬᠦ ᠵᠡᠷᠭᠡ | ᠬᠠᠷᠢᠭᠤᠴᠠᠯᠭ᠎ᠠ ᠡᠭᠦᠷᠭᠡᠯᠡᠭᠴᠢ ᠶᠢᠨ ᠳᠦᠷᠢᠮ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ | ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠨ᠂ ᠬᠠᠮᠢᠶ᠎ᠠ ᠪᠦᠬᠦᠢ ᠤᠬᠠᠭᠤᠯᠭ᠎ᠠ ᠪᠣᠯᠣᠨ ᠰᠣᠷᠢᠯᠲᠠ ᠶᠢ ᠥᠷᠨᠢᠭᠦᠯᠦᠨ᠎ᠡ᠃ | ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠬᠦᠴᠦᠨ ᠢ ᠪᠤᠵᠠᠭᠠᠶᠢᠷᠠᠭᠤᠯᠵᠤ᠂ ᠠᠮᠤᠭᠤᠯᠠᠩᠲᠤ | ᠪᠠᠶᠢᠭᠤᠯᠤᠯᠲᠠ ᠶᠢᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠎ᠠ᠃ ᠰᠢᠨ᠎ᠡ ᠴᠠᠭ | ᠦᠶ᠎ᠡ ᠶᠢᠨ ︽ᠹᠧᠩᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠤᠳᠤᠷᠢᠳᠬᠤ ᠺᠠᠳ᠋ᠷ ᠤᠨ ᠳᠣᠷᠣᠭᠰᠢ | ᠪᠠᠭᠤᠵᠤ ᠵᠠᠬᠢᠳᠠᠯ ᠰᠤᠷᠪᠤᠯᠵᠢᠯᠠᠯ ᠢ ᠭᠥᠯᠢᠶᠡᠨ ᠠᠪᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠤ ᠨᠡᠶᠢᠭᠡᠮ ᠤᠨ ᠵᠥᠷᠢᠴᠡᠯ | ᠵᠠᠭᠤᠷᠠᠯᠳᠤᠭᠠᠨ ᠢ ᠣᠯᠠᠨ ᠡᠰᠢᠴᠢᠯᠡᠨ ᠰᠡᠷᠭᠡᠶᠢᠯᠡᠵᠦ ᠡᠶᠡᠳᠡᠭᠦᠯᠦᠨ ᠰᠢᠢᠳᠪᠦᠷᠢᠯᠡᠬᠦ ᠶᠡᠷᠦᠩᠬᠡᠶᠢᠯᠡᠭᠰᠡᠨ ᠲᠣᠭᠲᠠᠴᠠ ᠶᠢ | ᠲᠡᠭᠦᠯᠳᠡᠷᠵᠢᠭᠦᠯᠵᠦ᠂ ᠡᠶ᠎ᠡ ᠵᠣᠬᠢᠴᠠᠩᠭᠤᠢ ᠬᠥᠷᠰᠢ ᠵᠡᠷᠭᠡᠯᠡᠳᠡᠭᠡ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠬᠥᠳᠡᠭᠡ | ᠲᠣᠰᠬᠤᠨ ᠤ ᠱᠠᠰᠢᠨ ᠰᠤᠷᠲᠠᠬᠤᠨ ᠤ ᠠᠵᠢᠯᠯᠠᠭ᠎ᠠ ᠶᠢᠨ ᠪᠠᠶᠢᠩᠭᠤᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠬᠥᠳᠡᠭᠡ | ᠲᠣᠰᠬᠤᠨ ᠤ ᠭᠠᠵᠢᠭᠤ ᠨᠣᠮᠯᠠᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠦᠭᠦ ᠲᠠᠯ᠎ᠠ ᠪᠠᠷ ᠰᠡᠷᠭᠡᠶᠢᠯᠡᠨ | ᠴᠣᠬᠢᠯᠲᠠ ᠥᠭᠴᠦ᠂ ᠭᠠᠵᠢᠭᠤ ᠨᠣᠮᠯᠠᠯ ᠢ ᠡᠰᠡᠷᠭᠦᠴᠡᠬᠦ ᠬᠤᠣᠷ ᠢ ᠲᠡᠪᠴᠢᠬᠦ ᠬᠤᠣᠷ ᠢ ᠰᠡᠷᠭᠡᠶᠢᠯᠡᠬᠦ ᠲᠤᠬᠠᠢ ᠤᠬᠠᠭᠤᠯᠭ᠎ᠠ | ᠬᠥᠮᠦᠵᠢᠯ᠂ ᠵᠣᠭᠤᠰ ᠨᠠᠭᠠᠳᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ | ᠠᠵᠢᠯ ᠢ ᠦᠷᠭᠦᠯᠵᠢᠯᠡᠨ ᠥᠷᠨᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠡᠮᠡᠭᠲᠡᠶᠢᠴᠦᠳ ᠬᠡᠦᠬᠡᠳ ᠤᠨ | ᠡᠷᠬᠡ ᠠᠰᠢᠭ ᠲᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠵᠢᠯᠯᠠᠭ᠎ᠠ ᠶᠢ | ᠪᠠᠶᠢᠩᠭᠤᠵᠢᠭᠤᠯᠤᠨ ᠥᠷᠨᠢᠭᠦᠯᠦᠨ᠎ᠡ᠃ | ᠠᠷᠪᠠᠨ ᠨᠢᠭᠡ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠨ᠎ᠠ | ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠨᠠᠮ ᠤᠨ ᠲᠥᠪ | ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠲᠥᠪ ᠠᠴᠠ ᠨᠢᠭᠡᠳᠦᠯᠲᠡᠢ | ᠲᠥᠯᠥᠪᠵᠢᠭᠦᠯᠬᠦ᠂ ᠮᠤᠵᠢ ᠠᠴᠠ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠬᠦ᠂ ᠬᠤᠲᠠ ᠰᠢᠶᠠᠨ ᠰᠢᠶᠠᠩ | ᠨᠠᠶᠢᠳᠠᠪᠤᠷᠢᠵᠢᠭᠤᠯᠤᠯᠲᠠ ᠶᠢ ᠠᠳᠬᠤᠬᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠣᠭᠲᠠᠴᠠ ᠶᠢ | ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠢᠭᠤᠴᠠᠯᠭ᠎ᠠ ᠶᠢᠨ ᠳᠦᠷᠢᠮ ᠢ ᠪᠦᠭᠦ ᠲᠠᠯ᠎ᠠ ᠪᠠᠷ | ᠨᠠᠶᠢᠳᠠᠪᠤᠷᠢᠵᠢᠭᠤᠯᠬᠤ ᠬᠡᠷᠡᠭᠲᠡᠢ᠃ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ ᠶᠢ ᠴᠢᠩᠭᠠᠳᠬᠠᠵᠤ᠂ ᠲᠥᠯᠦᠪᠵᠢᠭᠦᠯᠭᠡ ᠶᠢᠨ | ᠬᠡᠷᠡᠭᠵᠢᠭᠦᠯᠦᠯᠲᠡ ᠶᠢ ᠦᠨᠡᠯᠡᠬᠦ ᠠᠵᠢᠯ ᠢ ᠴᠠᠭ ᠲᠤᠨᠢ ᠲᠣᠬᠢᠷᠠᠭᠤᠯᠤᠨ ᠥᠷᠨᠢᠭᠦᠯᠬᠦ ᠬᠡᠷᠡᠭᠲᠡᠢ᠃ ᠬᠥᠳᠡᠭᠡ ᠲᠣᠰᠬᠤᠨ ᠢ ᠪᠦᠭᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠤᠨ ᠬᠠᠷᠢᠯᠴᠠᠬᠤ ᠴᠡᠭ ᠢ ᠪᠠᠶᠢᠭᠤᠯᠬᠤ ᠬᠡᠷᠡᠭᠲᠡᠢ᠃ ᠲᠠᠷᠢᠶᠠᠯᠠᠩ ᠳᠤ | ᠬᠤᠯᠪᠣᠭᠳᠠᠬᠤ ᠬᠠᠤᠯᠢ ᠲᠣᠭᠲᠠᠭᠠᠯ ᠢ ᠲᠣᠭᠲᠠᠭᠠᠵᠤ ᠵᠠᠰᠠᠪᠤᠷᠢ ᠣᠷᠣᠭᠤᠯᠬᠤ ᠶᠢ ᠲᠦᠷᠭᠡᠳᠬᠡᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠬᠠᠤᠯᠢ ᠴᠠᠭᠠᠵᠠ ᠶᠢᠨ ᠵᠢᠷᠤᠮᠵᠢᠬᠰᠠᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ | ᠤᠬᠠᠭᠤᠯᠭ᠎ᠠ ᠪᠠ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠠᠵᠢᠯᠴᠢᠨ ᠤ ᠡᠪᠯᠡᠯ᠂ ᠡᠪ ᠬᠠᠮᠲᠤ | ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭ᠎ᠠ ᠵᠡᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠨᠡᠶᠢᠭᠡᠮ | ᠳᠠᠶᠠᠭᠠᠷ ᠤᠨ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠣᠷᠤᠯᠴᠠᠬᠤ ᠢᠳᠡᠪᠬᠢᠵᠢᠯ ᠢ | ᠬᠥᠭᠵᠢᠭᠡᠵᠦ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠠᠷᠠᠯᠲᠠ ᠡᠭᠦᠷᠭᠡ ᠶᠢ | ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠠᠵᠢᠯ ᠤᠨ ᠳᠤᠮᠳᠠ ᠪᠠᠨ ᠬᠡᠯᠪᠡᠷᠢᠴᠢ | ᠦᠵᠡᠯ᠂ ᠨᠣᠶᠠᠨᠴᠢ ᠰᠤᠷᠲᠠᠯ᠂ ᠳᠦᠷᠢ ᠲᠥᠷᠬᠦ ᠶᠢᠨ ᠢᠨᠵᠧᠨᠧᠷᠢᠩ ᠢ ᠡᠷᠡᠰ ᠰᠡᠷᠭᠡᠶᠢᠯᠡᠬᠦ ᠬᠡᠷᠡᠭᠲᠡᠢ᠃ ᠴᠢᠬᠤᠯᠠ ᠶᠡᠭᠡ ᠤᠴᠢᠷ | ᠶᠠᠪᠤᠳᠠᠯ ᠢ ᠴᠠᠭ ᠲᠤᠬᠠᠢ ᠳᠤᠨᠢ ᠲᠡᠰ ᠳᠠᠷᠠᠭᠠᠯᠠᠯ ᠶᠣᠰᠣᠭᠠᠷ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶ᠎ᠠ ᠠᠴᠠ ᠵᠢᠭᠠᠪᠤᠷᠢ ᠠᠪᠴᠤ ᠮᠡᠳᠡᠭᠦᠯᠬᠦ ᠬᠡᠷᠡᠭᠲᠡᠢ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 22 ᠤᠨ ᠴᠠᠭᠢᠯᠭᠠᠨ ᠮᠡᠳᠡᠭᠡ︶ |