︽ᠱᠠᠨᠳᠦ᠋ᠩ ᠤᠨ ᠬᠤᠳᠠᠯᠳᠤᠭᠠᠴᠢᠳ ᠤᠨ ᠬᠦᠴᠦᠨ ᠢ ᠲᠥᠪᠯᠡᠷᠡᠭᠦᠯᠦᠨ ᠨᠤᠲᠤᠭ ᠤᠨ ᠢᠶᠠᠨ ᠬᠦᠭᠵᠢᠯᠲᠡ ᠳᠤ ᠬᠦᠴᠦᠨ ᠨᠡᠮᠡᠷᠢᠯᠡᠶ᠎ᠡ︾ ᠭᠡᠬᠦ 2025 ᠣᠨ ᠤ ᠥᠪᠥᠷ ᠮᠣᠩᠭᠤᠯ︱ᠱᠠᠨᠳᠦ᠋ᠩ ᠤᠨ ᠵᠢᠮᠢᠰ ᠢᠳᠡᠰᠢᠨ ᠨᠣᠭᠤᠭ᠎ᠠ ᠶᠢᠨ ᠠᠵᠤ ᠦᠢᠯᠡᠰ ᠢ ᠵᠣᠯᠭᠠᠭᠤᠯᠬᠤ ᠠᠵᠢᠯᠯᠠᠭ᠎ᠠ ᠶᠢ ᠠᠮᠵᠢᠯᠲᠠ ᠲᠠᠢ ᠡᠷᠭᠢᠯᠡᠪᠡ
ᠨᠡᠶᠢᠲᠡᠯᠡᠭᠰᠡᠨ ᠴᠠᠭ᠄
2025/3/1
      ᠥᠪᠥᠷ ᠮᠣᠩᠭᠤᠯ︱ᠱᠠᠨᠳᠦ᠋ᠩ ᠤᠨ ᠵᠢᠮᠢᠰ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠬᠠᠮᠲᠤᠷᠠᠯᠴᠠᠭ᠎ᠠ ᠶᠢ ᠦᠷᠭᠦᠯᠵᠢᠯᠡᠨ ᠠᠬᠢᠭᠤᠯᠵᠤ᠂ ᠥᠪᠥᠷ ᠮᠣᠩᠭᠤᠯ ᠤᠨ ᠵᠢᠮᠢᠰ ᠢᠳᠡᠰᠢᠨ ᠨᠣᠭᠤᠭ᠎ᠠ ᠶᠢᠨ ᠡᠳ᠋ᠰᠢᠭᠦᠯᠦᠨ ᠪᠣᠯᠪᠠᠰᠤᠷᠠᠭᠤᠯᠬᠤ ᠤᠰᠤᠨ ᠤ ᠪᠦᠲᠦᠭᠡᠭᠳᠡᠬᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠦᠲᠦᠭᠡᠭᠳᠡᠬᠦᠨ ᠢ ᠭᠠᠳᠠᠭᠰᠢ ᠭᠠᠷᠭᠠᠬᠤ ᠠᠷᠭ᠎ᠠ ᠵᠠᠮ ᠢ ᠥᠷᠭᠡᠳᠬᠡᠬᠦ ᠶᠢᠨ ᠲᠥᠯᠥᠭᠡ᠂ 2 ᠰᠠᠷ᠎ᠠ ᠶᠢᠨ 24 ᠤ ᠡᠳᠦᠷ ᠠᠴᠠ 26 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︽ᠱᠠᠨᠳᠦ᠋ᠩ ᠤᠨ ᠬᠤᠳᠠᠯᠳᠤᠭᠠᠴᠢᠳ ᠤᠨ ᠬᠦᠴᠦᠨ ᠢ ᠲᠥᠪᠯᠡᠷᠡᠭᠦᠯᠦᠨ ᠨᠤᠲᠤᠭ ᠨᠤᠲᠤᠭ ᠤᠨ ᠢᠶᠠᠨ ᠬᠦᠭᠵᠢᠯᠲᠡ ᠳᠤ ᠬᠦᠴᠦᠨ ᠨᠡᠮᠡᠷᠢᠯᠡᠶ᠎ᠡ︾ ᠭᠡᠬᠦ ᠥᠪᠥᠷ ᠮᠣᠩᠭᠤᠯ︱ᠱᠠᠨᠳᠦ᠋ᠩ ᠤᠨ ᠵᠢᠮᠢᠰ ᠢᠳᠡᠰᠢᠨ ᠨᠣᠭᠤᠭ᠎ᠠ ᠶᠢᠨ ᠠᠵᠤ ᠦᠢᠯᠡᠰ ᠢ ᠵᠣᠯᠭᠠᠭᠤᠯᠬᠤ ᠰᠢᠷᠢᠰ ᠠᠵᠢᠯᠯᠠᠭ᠎ᠠ ᠶᠢ ᠡᠷᠭᠢᠯᠡᠵᠦ᠂ 2025 ᠣᠨ ᠤ ᠲᠠᠷᠢᠶᠠᠯᠠᠩ ᠮᠠᠯ ᠠᠵᠤ ᠠᠬᠤᠢ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠰᠢᠷᠢᠰ ᠠᠵᠢᠯᠯᠠᠭ᠎ᠠ ᠶᠢᠨ ᠬᠥᠰᠢᠭᠡ ᠶᠢ ᠨᠡᠭᠡᠭᠡᠭᠰᠡᠨ ᠪᠠᠶᠢᠨ᠎ᠠ᠃ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠾᠧᠦ ᠶᠠᠨ ᠪᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
1.png
      ᠶᠠᠷᠢᠯᠴᠠᠬᠤ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠪᠣᠯᠣᠨ ᠱᠠᠨᠳᠦ᠋ᠩ ᠤᠨ ᠴᠢᠩ ᠭᠦᠸᠧ ᠢᠳᠡᠭᠡᠨ ᠤ ᠬᠢᠵᠠᠭᠠᠷᠲᠤ ᠺᠣᠮᠫᠠᠨᠢ᠂ ᠴᠢᠩᠳᠣᠣ ᠶᠢᠨ ᠱᠠᠩ ᠬᠤᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠱᠠᠨᠳᠦ᠋ᠩ ᠤᠨ ᠠᠵᠤ ᠠᠬᠤᠶᠢᠯᠠᠯ ᠠᠴᠠ ᠭᠦᠵᠡᠯᠵᠡᠭᠡᠨ᠎ᠡ᠂ ᠨᠣᠭᠤᠭᠠᠨ ᠴᠡᠴᠡᠭᠲᠦ ᠨᠣᠭᠤᠭ᠎ᠠ ᠵᠡᠷᠭᠡ ᠵᠢᠮᠢᠰ ᠨᠣᠭᠤᠭ᠎ᠠ ᠶᠢᠨ ᠲᠦᠭᠦᠬᠡᠢ ᠮᠠᠲ᠋ᠧᠷᠢᠶᠠᠯ ᠢ ᠶᠡᠭᠡ ᠬᠡᠪᠴᠢᠶ᠎ᠡ ᠪᠠᠷ ᠬᠤᠳᠠᠯᠳᠤᠨ ᠠᠪᠬᠤ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠱᠠᠨᠳᠦ᠋ᠩ ᠤᠨ ᠠᠵᠤ ᠠᠬᠤᠶᠢᠯᠠᠯ ᠤᠨ ᠲᠥᠯᠥᠭᠡᠯᠡᠭᠴᠢ ᠲᠦᠭᠦᠬᠡᠢ ᠮᠠᠲ᠋ᠧᠷᠢᠶᠠᠯ ᠢ ᠪᠣᠯᠪᠠᠰᠤᠷᠠᠭᠤᠯᠤᠨ ᠬᠤᠪᠢᠷᠠᠭᠤᠯᠬᠤ ᠨᠣᠷᠮ᠎ᠠ ᠶᠢ ᠳᠡᠭᠡᠭᠰᠢᠯᠡᠭᠦᠯᠬᠦ᠂ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠬᠤ᠂ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠨᠠᠷᠢᠯᠢᠭ ᠣᠨᠣᠴᠠᠲᠠᠢ ᠪᠠᠷ ᠪᠦᠲᠦᠭᠡᠨ ᠪᠠᠶᠢᠭᠤᠯᠬᠤ᠂ ᠨᠠᠷᠠᠲᠤ ᠲᠡᠮᠳᠡᠭᠲᠦ ᠶᠢ ᠬᠠᠮᠲᠤ ᠪᠠᠷ ᠪᠠᠶᠢᠭᠤᠯᠬᠤ ᠶᠢ ᠥᠷᠨᠢᠭᠦᠯᠬᠦ ᠵᠡᠷᠭᠡ ᠶᠢᠨ ᠲᠣᠭᠤᠷᠢᠨ ᠳᠤ ᠰᠠᠨᠠᠭᠤᠯᠭ᠎ᠠ ᠪᠠ ᠬᠡᠷᠡᠭᠴᠡᠭᠡ ᠳᠤᠷᠠᠳᠪᠠ᠃
2.png
      ᠠᠵᠢᠯᠯᠠᠭ᠎ᠠ ᠶᠢᠨ ᠬᠤᠭᠤᠴᠠᠭᠠᠨ ᠳᠤ᠂ ᠴᠢᠩᠳᠣᠣ ᠶᠢᠨ ᠺᠠᠢ ᠴᠤᠸᠠᠩ ᠢᠳᠡᠭᠡᠨ ᠤ ᠬᠢᠵᠠᠭᠠᠷᠲᠤ ᠺᠣᠮᠫᠠᠨᠢ᠂ ᠱᠠᠨᠳᠦ᠋ᠩ ᠤᠨ ᠴᠢᠩ ᠭᠦᠸᠧ ᠢᠳᠡᠭᠡᠨ ᠤ ᠬᠢᠵᠠᠭᠠᠷᠲᠤ ᠺᠣᠮᠫᠠᠨᠢ᠂ ᠴᠢᠩᠳᠣᠣ ᠶᠢᠨ ᠱᠠᠩ ᠬᠤᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠱᠠᠨᠳᠦ᠋ᠩ ᠤᠨ ᠵᠢᠮᠢᠰ ᠨᠣᠭᠤᠭ᠎ᠠ ᠪᠣᠯᠪᠠᠰᠤᠷᠠᠭᠤᠯᠬᠤ 10 ᠳᠠᠭᠠᠭᠤᠯᠤᠭᠴᠢ ᠠᠵᠤ ᠠᠬᠤᠶᠢᠯᠠᠯ ᠤᠷᠢᠳ ᠬᠤᠵᠢᠳ ᠦᠶᠤᠸᠠᠨ ᠰᠢᠶᠠᠨ ᠤ ᠲᠠ ᠡᠯ ᠬᠤ᠋ ᠨᠠᠭᠤᠷ ᠤᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠹᠧᠩᠵᠧᠨ ᠬᠤᠳᠠ ᠶᠢᠨ ᠣᠷᠭᠠᠨᠢᠭ ᠢᠳᠡᠰᠢᠨ ᠨᠣᠭᠤᠭ᠎ᠠ ᠶᠢᠨ ᠬᠦᠷᠢᠶᠡᠯᠡᠩ ᠲᠣᠭᠤᠷᠢᠭ ᠵᠡᠷᠭᠡ ᠭᠠᠵᠠᠷ ᠢᠶᠠᠷ ᠰᠢᠨᠵᠢᠯᠡᠨ ᠪᠠᠶᠢᠴᠠᠭᠠᠪᠠ᠃
3.png
      ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠬᠢᠭᠡᠳ ᠱᠠᠨᠳᠦ᠋ᠩ ᠵᠢᠮᠢᠰ ᠢᠳᠡᠰᠢᠨ ᠨᠤᠭᠤᠭ᠎ᠠ ᠶᠢᠨ ᠠᠵᠤ ᠦᠢᠯᠡᠰ ᠤᠨ ᠬᠦᠷᠢᠶ᠎ᠡ ᠴᠠᠷᠠᠭᠠᠨ ᠳᠤ ᠦᠷᠭᠦᠯᠵᠢᠯᠡᠨ ᠬᠠᠮᠲᠤᠷᠠᠯᠴᠠᠭ᠎ᠠ ᠥᠷᠨᠢᠭᠦᠯᠵᠦ᠂ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠴᠢᠩᠳᠣᠣ ᠶᠢᠨ ᠺᠠᠢ ᠴᠤᠸᠠᠩ ᠢᠳᠡᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠠᠷ ᠲᠥᠯᠥᠭᠡᠯᠡᠭᠦᠯᠦᠭᠰᠡᠨ ᠱᠠᠨᠳᠦ᠋ᠩ ᠮᠤᠵᠢ ᠶᠢᠨ ᠵᠢᠮᠢᠰ ᠢᠳᠡᠰᠢᠨ ᠨᠣᠭᠤᠭ᠎ᠠ ᠪᠣᠯᠪᠠᠰᠤᠷᠠᠭᠤᠯᠬᠤ ᠳᠠᠭᠠᠭᠤᠯᠤᠭᠴᠢ ᠠᠵᠤ ᠠᠬᠤᠶᠢᠯᠠᠯ ᠨᠢᠭᠡᠨᠲᠡ ᠤᠷᠢᠳ ᠬᠤᠵᠢᠳ ᠪᠠᠶᠠᠨᠨᠠᠭᠤᠷ ᠬᠤᠲᠠ᠂ ᠤᠯᠠᠭᠠᠨᠴᠠᠪ ᠬᠤᠲᠠ᠂ ᠤᠯᠠᠭᠠᠨᠬᠠᠳᠠ ᠬᠤᠲᠠ ᠵᠡᠷᠭᠡ ᠭᠠᠵᠠᠷ ᠲᠤ ᠪᠡᠯᠡ ᠣᠷᠣᠭᠤᠯᠤᠨ ᠦᠢᠯᠡᠳᠪᠦᠷᠢ ᠪᠠᠶᠢᠭᠤᠯᠵᠤ᠂ ᠥᠪᠥᠷ ᠮᠣᠩᠭᠤᠯ ᠤᠨ ᠵᠢᠮᠢᠰ ᠢᠳᠡᠰᠢᠨ ᠨᠤᠭᠤᠭ᠎ᠠ ᠶᠢᠨ ᠠᠵᠤ ᠦᠢᠯᠡᠰ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠮᠠᠨ ᠤ ᠣᠷᠣᠨ ᠲᠦᠭᠦᠬᠡᠢ ᠮᠠᠲ᠋ᠧᠷᠢᠶᠠᠯ ᠬᠠᠩᠭᠠᠬᠤ᠂ ᠨᠠᠷᠢᠯᠢᠭ ᠪᠣᠯᠪᠠᠰᠤᠷᠠᠭᠤᠯᠬᠤ᠂ ᠨᠠᠷᠠᠲᠤ ᠲᠡᠮᠳᠡᠭᠲᠦ ᠶᠢ ᠬᠠᠮᠲᠤ ᠪᠠᠷ ᠪᠠᠶᠢᠭᠤᠯᠬᠤ᠂ ᠪᠦᠲᠦᠭᠡᠭᠳᠡᠬᠦᠨ ᠢ ᠭᠠᠳᠠᠭᠰᠢ ᠭᠠᠷᠭᠠᠬᠤ ᠵᠡᠷᠭᠡ ᠶᠢᠨ ᠲᠣᠭᠤᠷᠢᠨ ᠳᠤ ᠱᠠᠨᠳᠦ᠋ᠩ ᠤᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠨᠠᠩ ᠣᠯᠠᠨ ᠱᠠᠨᠳᠦ᠋ᠩ ᠤᠨ ᠵᠢᠮᠢᠰ ᠨᠣᠭᠤᠭ᠎ᠠ ᠪᠣᠯᠪᠠᠰᠤᠷᠠᠭᠤᠯᠬᠤ ᠠᠵᠤ ᠠᠬᠤᠶᠢᠯᠠᠯ ᠢ ᠲᠠᠲᠠᠵᠤ ᠥᠪᠥᠷ ᠮᠣᠩᠭᠤᠯ ᠳᠤ ᠪᠡᠯᠡ ᠣᠷᠣᠭᠤᠯᠤᠨ ᠦᠢᠯᠡᠳᠪᠦᠷᠢ ᠪᠠᠶᠢᠭᠤᠯᠬᠤ ᠪᠠᠷ ᠴᠢᠷᠮᠠᠶᠢᠵᠤ᠂ ᠵᠢᠮᠢᠰ ᠨᠣᠭᠤᠭ᠎ᠠ ᠪᠣᠯᠪᠠᠰᠤᠷᠠᠭᠤᠯᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠭᠠᠳᠠᠭᠰᠢ ᠭᠠᠷᠭᠠᠬᠤ ᠠᠷᠭ᠎ᠠ ᠵᠠᠮ ᠢ ᠥᠷᠭᠡᠳᠬᠡᠵᠦ᠂ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号