ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠵᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ | ᠭᠦᠨᠵᠡᠭᠡᠶᠢᠷᠡᠨ ᠪᠣᠳᠠᠲᠠᠶᠢᠵᠢᠬᠤ ᠶᠢ ᠯᠠᠪᠳᠠᠭᠤᠨ ᠢᠶᠠᠷ ᠠᠬᠢᠭᠤᠯᠬᠤ ᠶᠢᠨ ᠲᠦᠯᠦᠭᠡ᠂ 2 ᠰᠠᠷ᠎ᠠ ᠶᠢᠨ 27 ᠤ ᠡᠳᠦᠷ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ ᠠᠴᠠ ᠠᠯᠠᠰᠢᠨ ᠦᠬᠡᠷ ᠠᠯᠠᠰᠢᠨ ᠬᠤᠨᠢ ᠶᠢ ᠨᠠᠷᠢᠯᠢᠭ ᠭᠦᠨᠵᠡᠭᠡᠢ ᠪᠣᠯᠪᠠᠰᠤᠷᠠᠭᠤᠯᠤᠨ ᠬᠥᠭᠵᠢᠭᠦᠯᠬᠦ ᠶᠢ | ᠠᠬᠢᠭᠤᠯᠬᠤ ᠶᠠᠷᠢᠯᠴᠠᠭ᠎ᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠂ ᠬᠤᠷᠠᠯ ᠳᠤ ᠣᠷᠣᠯᠴᠠᠭᠰᠠᠨ | ᠲᠥᠯᠥᠭᠡᠯᠡᠭᠴᠢᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠳᠣᠬᠠᠨ ᠳᠤ ᠲᠤᠯᠭᠠᠷᠠᠵᠤ ᠪᠠᠶᠢᠭ᠎ᠠ ᠪᠣᠭᠤᠮᠢ ᠶᠢᠨ | ᠠᠰᠠᠭᠤᠳᠠᠯ ᠢ ᠰᠢᠢᠳᠪᠦᠷᠢᠯᠡᠬᠦ᠂ ᠭᠤᠣᠯᠳᠠᠯᠭ᠎ᠠ ᠶᠢ ᠳᠣᠪᠤᠶᠢᠯᠭᠠᠬᠤ᠂ ᠬᠦᠴᠢᠷ ᠠᠰᠠᠭᠤᠳᠠᠯ ᠢ ᠰᠢᠢᠳᠪᠦᠷᠢᠯᠡᠬᠦ᠂ | ᠰᠢᠪᠲᠤᠯᠤᠯᠲᠠ ᠶᠢ ᠪᠡᠶᠡᠯᠡᠭᠦᠯᠬᠦ ᠶᠢᠨ ᠲᠣᠭᠤᠷᠢᠨ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠨᠠᠯ ᠰᠠᠨᠠᠭᠤᠯᠭ᠎ᠠ | ᠳᠤᠷᠠᠳᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠤᠨ ᠳᠡᠳ᠋ ᠳᠠᠷᠤᠭ᠎ᠠ ᠵᠠᠩ ᠢᠦᠢ ᠨᠥᠬᠦᠷ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | | | | | | ᠬᠤᠷᠠᠯ ᠠᠴᠠ᠂ ᠠᠯᠠᠰᠢᠨ ᠦᠬᠡᠷ ᠠᠯᠠᠰᠢᠨ ᠬᠤᠨᠢᠨ ᠤ ᠠᠵᠤ ᠦᠢᠯᠡᠰ ᠨᠢ ᠲᠠᠷᠢᠶᠠᠯᠠᠩ ᠮᠠᠯ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠳᠤ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠂ ᠨᠠᠷᠢᠯᠢᠭ ᠪᠣᠯᠪᠠᠰᠤᠷᠠᠭᠤᠯᠬᠤ ᠶᠢ ᠬᠥᠭᠵᠢᠭᠦᠯᠬᠦ ᠪᠣᠯ | ᠲᠡᠭᠦᠨ ᠤ ᠵᠠᠩᠭᠢᠯᠠᠭ᠎ᠠ ᠶᠢᠨ ᠭᠠᠷᠳᠠᠴᠠ ᠪᠣᠯᠣᠨ᠎ᠠ᠃ ᠤᠬᠠᠮᠰᠠᠷ ᠢᠶᠠᠨ ᠳᠡᠭᠡᠭᠰᠢᠯᠡᠭᠦᠯᠦᠨ ᠬᠥᠭᠵᠢᠯᠲᠡ ᠶᠢ ᠠᠬᠢᠭᠤᠯᠵᠤ᠂ | ᠪᠠᠶᠢᠳᠠᠯ ᠡᠭᠦᠷᠭᠡ ᠶᠢ ᠣᠨᠣᠪᠴᠢᠲᠠᠢ ᠡᠵᠡᠮᠳᠡᠵᠦ᠂ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠤᠳᠤ ᠶᠢᠨ | ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠵᠦ ᠭᠦᠢᠴᠡᠳ ᠠᠰᠢᠭᠯᠠᠵᠤ᠂ ᠠᠵᠤ | ᠠᠬᠤᠶᠢᠯᠠᠯ ᠤᠨ ᠨᠠᠷᠢᠯᠢᠭ ᠬᠡᠰᠡᠭᠯᠡᠭᠰᠡᠨ ᠮᠢᠬᠠᠨ ᠤ ᠪᠦᠲᠦᠭᠡᠭᠳᠡᠬᠦᠨ ᠪᠣᠯᠣᠨ ᠵᠢᠶᠠᠩ ᠲᠠᠢ ᠰᠢᠷᠠᠭᠰᠠᠨ ᠮᠢᠬ᠎ᠠ ᠵᠡᠷᠭᠡ | ᠪᠤᠯᠭᠤᠭᠰᠠᠨ ᠢᠳᠡᠭᠡᠨ ᠤ ᠪᠦᠲᠦᠭᠡᠭᠳᠡᠬᠦᠨ᠂ ᠪᠡᠯᠡᠨ ᠨᠣᠭᠤᠭ᠎ᠠ᠂ ᠬᠤᠨᠢᠨ ᠠᠷᠠᠰᠤᠨ ᠢᠳᠡᠭᠡᠨ᠂ ᠥᠭᠡᠬᠦ ᠲᠤᠰᠤᠨ ᠤ | ᠠᠰᠢᠭᠯᠠᠯᠲᠠ᠂ ᠡᠩᠬᠦᠷᠡᠢ ᠲᠡᠵᠢᠭᠡᠪᠦᠷᠢ ᠶᠢᠨ ᠪᠣᠷᠳᠤᠭ᠎ᠠ᠂ ᠢᠳᠡᠪᠬᠢ ᠪᠣᠳᠠᠰ ᠢ ᠭᠠᠷᠭᠠᠨ ᠠᠪᠬᠤ ᠵᠡᠷᠭᠡ ᠨᠠᠷᠢᠯᠢᠭ | ᠪᠣᠯᠪᠠᠰᠤᠷᠠᠭᠤᠯᠬᠤ ᠶᠢ ᠳᠡᠮᠵᠢᠬᠦ ᠬᠡᠷᠡᠭᠲᠡᠢ᠃ ᠵᠥᠷᠢᠶ᠎ᠡ ᠶᠢᠨ ᠲᠦᠭᠵᠢᠷᠡᠯ ᠢ ᠣᠨᠣᠪᠴᠢᠲᠠᠢ ᠡᠷᠢᠵᠦ᠂ ᠠᠵᠤ | ᠠᠬᠤᠶᠢᠯᠠᠯ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ | ᠪᠡᠯᠡ ᠮᠥᠩᠭᠦ ᠴᠤᠭᠯᠠᠭᠤᠯᠬᠤ ᠳᠡᠮᠵᠢᠯᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ᠂ ᠨᠡᠷᠡᠲᠦ | ᠲᠡᠮᠳᠡᠭᠲᠦ ᠶᠢᠨ ᠡᠵᠡᠩᠨᠡᠯᠲᠡ ᠪᠣᠷᠣᠯᠠᠭᠤᠯᠤᠯᠲᠠ ᠵᠡᠷᠭᠡ ᠬᠦᠴᠢᠷᠳᠡᠯ ᠲᠠᠢ ᠠᠰᠠᠭᠤᠳᠠᠯ ᠢ ᠡᠮᠬᠢᠯᠡᠵᠦ᠂ ᠲᠦᠷᠦ ᠶᠢᠨ | ᠪᠣᠳᠣᠯᠭ᠎ᠠ ᠶᠢᠨ ᠬᠠᠩᠭᠠᠯᠭ᠎ᠠ ᠶᠢ ᠴᠢᠭᠯᠡᠭᠦᠯᠬᠦ ᠴᠢᠨᠠᠷᠲᠠᠢ ᠪᠠᠷ ᠴᠢᠩᠭᠠᠳᠬᠠᠵᠤ᠂ ᠠᠵᠤ ᠠᠬᠤᠶᠢᠯᠠᠯ ᠤᠨ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠦᠷᠳᠡᠭ ᠤᠨ ᠬᠡᠯᠬᠢᠶ᠎ᠡ ᠶᠢ ᠳᠡᠭᠡᠭᠰᠢᠯᠡᠭᠦᠯᠬᠦ ᠳᠤ ᠶᠡᠭᠡ ᠬᠦᠴᠦ | ᠣᠷᠣᠭᠤᠯᠬᠤ ᠶᠢ ᠠᠬᠢᠭᠤᠯᠬᠤ ᠬᠡᠷᠡᠭᠲᠡᠢ᠃ ᠡᠪᠡᠳᠴᠢᠨ ᠳᠤᠨᠢ ᠲᠠᠭᠠᠷᠠᠭᠤᠯᠵᠤ ᠵᠣᠷ ᠭᠠᠷᠭᠠᠨ ᠶᠠᠰᠤ ᠴᠢᠨᠠᠷ ᠦᠷ᠎ᠡ | ᠠᠰᠢᠭ ᠢ ᠠᠳᠬᠤᠵᠤ᠂ ᠲᠡᠷᠢᠭᠦᠨ ᠤ ᠮᠤᠵᠢ ᠣᠷᠣᠨ ᠤ ᠠᠷᠭ᠎ᠠ ᠬᠢᠳᠡᠯ ᠢ ᠰᠤᠷᠤᠯᠴᠠᠨ ᠲᠣᠯᠢᠳᠠᠵᠤ᠂ ᠬᠠᠷᠠᠯᠲᠠ ᠲᠠᠢ ᠪᠠᠷ | ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠨ᠂ ᠠᠯᠠᠰᠢᠨ ᠦᠬᠡᠷ ᠠᠯᠠᠰᠢᠨ ᠬᠤᠨᠢ ᠪᠣᠯᠪᠠᠰᠤᠷᠠᠭᠤᠯᠬᠤ | ᠳᠠᠭᠠᠭᠤᠯᠤᠭᠴᠢ ᠠᠵᠤ ᠠᠬᠤᠶᠢᠯᠠᠯ ᠢ ᠲᠦᠷᠭᠡᠪᠴᠢᠯᠡᠨ ᠪᠣᠶᠢᠵᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠪᠣᠯᠪᠠᠰᠤᠷᠠᠭᠤᠯᠬᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠤᠨ ᠬᠠᠮᠢᠶ᠎ᠠ ᠪᠦᠬᠦᠢ ᠭᠠᠵᠠᠷ ᠠᠯᠪᠠᠨ ᠭᠡᠷ ᠲᠣᠪᠴᠢᠶ᠎ᠠ ᠶᠢᠨ ᠬᠠᠷᠢᠭᠤᠴᠠᠯᠭᠠᠲᠠᠨ᠂ ᠬᠠᠮᠢᠶ᠎ᠠ ᠪᠦᠬᠦᠢ | ᠠᠶᠢᠮᠠᠭ ᠬᠤᠲᠠ᠂ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠬᠦᠷᠢᠶᠡᠯᠡᠩ | ᠲᠣᠭᠤᠷᠢᠭ ᠤᠨ ᠬᠠᠷᠢᠭᠤᠴᠠᠯᠭᠠᠲᠠᠨ᠂ 7 ᠠᠵᠤ ᠠᠬᠤᠶᠢᠯᠠᠯ ᠤᠨ ᠲᠥᠯᠥᠭᠡᠯᠡᠭᠴᠢ ᠵᠢᠴᠢ ᠲᠠᠷᠢᠶᠠᠯᠠᠩ ᠳᠤ | ᠬᠤᠯᠪᠣᠭᠳᠠᠬᠤ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠲᠤᠰᠬᠠᠢ | ᠮᠡᠷᠭᠡᠵᠢᠯᠲᠡᠨ ᠬᠤᠷᠠᠯ ᠳᠤ ᠣᠷᠣᠯᠴᠠᠵᠠᠢ᠃ |