ᠬᠤᠨᠢᠨ ᠰᠦᠷᠦᠭ ᠤᠨ ᠬᠠᠪᠤᠷ ᠤᠨ ᠤᠯᠠᠷᠢᠯ ᠳᠤ ᠦᠷᠭᠦᠯᠵᠢ ᠡᠭᠦᠰᠬᠦ ᠡᠪᠡᠳᠴᠢᠨ ᠢ ᠤᠷᠢᠳᠴᠢᠯᠠᠨ ᠰᠡᠷᠭᠡᠶᠢᠯᠡᠵᠦ ᠵᠠᠰᠠᠬᠤ ᠲᠤᠬᠠᠢ ᠮᠡᠳᠡᠯᠭᠡ
ᠨᠡᠶᠢᠲᠡᠯᠡᠭᠰᠡᠨ ᠴᠠᠭ᠄
2025/3/1
      ᠲᠦᠷᠭᠡᠨ ᠴᠢᠨᠠᠷᠲᠠᠢ ᠬᠡᠢ ᠳᠦᠭᠦᠷᠬᠦ᠄ ᠡᠪᠦᠯ ᠤᠨ ᠤᠯᠠᠷᠢᠯ ᠳᠤ ᠬᠠᠰᠢᠶᠠᠯᠠᠨ ᠲᠡᠵᠢᠭᠡᠬᠦ ᠦᠶ᠎ᠡ ᠳᠤ ᠣᠷᠳᠣ ᠬᠤᠭᠤᠴᠠᠭ᠎ᠠ ᠪᠠᠷ ᠬᠠᠭᠤᠷᠠᠢ ᠡᠪᠡᠰᠦ ᠲᠡᠵᠢᠭᠡᠳᠡᠭ ᠪᠣᠯᠬᠤᠷ᠂ ᠬᠤᠨᠢ ᠢᠮᠠᠭ᠎ᠠ ᠬᠠᠪᠤᠷ ᠤᠨ ᠤᠯᠠᠷᠢᠯ ᠳᠤ ᠬᠠᠶᠠ ᠬᠥᠬᠡ ᠡᠪᠡᠰᠦ ᠢᠳᠡᠪᠡᠯ ᠠᠮᠠᠷᠬᠠᠨ ᠬᠡᠲᠦᠷᠡᠲᠡᠯ᠎ᠡ ᠢᠳᠡᠴᠢᠬᠡᠳᠡᠭ᠃ ᠬᠥᠬᠡ ᠡᠪᠡᠰᠦ ᠬᠤᠳᠣᠭᠤᠳᠤᠨ ᠳᠤ ᠮᠠᠰᠢ ᠲᠦᠷᠭᠡᠨ ᠢᠰᠴᠦ᠂ ᠶᠡᠭᠡ ᠬᠡᠮᠵᠢᠶᠡᠨ ᠤ ᠬᠡᠢ ᠪᠡᠶᠡᠲᠦ ᠡᠭᠦᠰᠬᠡᠵᠦ᠂ ᠬᠤᠨᠢᠨ ᠤ ᠭᠦᠵᠡᠭᠡ ᠶᠢ ᠲᠡᠯᠡᠳᠡᠭ᠂ ᠬᠡᠷᠪᠡ ᠴᠠᠭᠲᠤᠬᠠᠢ ᠳᠤᠨᠢ ᠠᠪᠤᠷᠠᠬᠤ ᠦᠭᠡᠢ ᠪᠤᠶᠤ ᠠᠪᠤᠷᠠᠬᠤ ᠠᠷᠭ᠎ᠠ ᠨᠢ ᠵᠣᠬᠢᠰ ᠦᠭᠡᠢ ᠪᠣᠯ ᠬᠤᠨᠢ ᠦᠬᠦᠳᠡᠭ ᠪᠠᠶᠢᠨ᠎ᠠ᠃ ᠡᠮᠨᠡᠨ ᠵᠠᠰᠠᠬᠤ ᠠᠷᠭ᠎ᠠ᠄ ᠤᠳᠠ ᠮᠣᠳᠣᠨ ᠤ ᠰᠢᠳᠠᠮ ᠢ ᠬᠤᠨᠢᠨ ᠤ ᠠᠮᠠᠨ ᠳᠤ ᠵᠠᠭᠤᠯᠭᠠᠵᠤ᠂ ᠬᠤᠶᠠᠷ ᠦᠵᠦᠭᠦᠷ ᠢ ᠨᠢ ᠳᠡᠭᠡᠰᠦ ᠪᠠᠷ ᠬᠤᠨᠢᠨ ᠤ ᠲᠣᠯᠣᠭᠠᠢ ᠳᠤ ᠤᠶᠠᠵᠤ᠂ ᠬᠤᠨᠢ ᠶᠢ ᠵᠠᠵᠢᠯᠤᠭᠤᠯᠬᠤ ᠶᠢᠨ ᠬᠠᠮᠲᠤ ᠭᠠᠷ ᠢᠶᠠᠷ ᠢᠶᠠᠨ ᠴᠡᠭᠡᠵᠢᠨ ᠤ ᠵᠡᠭᠦᠨ ᠬᠡᠰᠡᠭ ᠢ ᠨᠢ ᠢᠯᠢᠵᠦ ᠨᠤᠬᠤᠯᠠᠨ᠂ ᠬᠡᠶᠢᠯᠡᠬᠦ ᠳᠤᠨᠢ ᠲᠤᠰᠠᠯᠠᠨ᠎ᠠ᠃ ᠪᠠᠰᠠ 5—10 ᠭᠤᠳᠣᠯᠢ ᠶᠠᠩᠵᠤᠤᠷ ᠲᠠᠮᠠᠬᠢ ᠶᠢ ᠵᠠᠳᠠᠯᠵᠤ᠂ ᠬᠤᠶᠠᠷ ᠤᠳᠠᠭ᠎ᠠ ᠬᠤᠪᠢᠶᠠᠨ ᠬᠤᠨᠢᠨ ᠳᠤ ᠢᠳᠡᠭᠦᠯᠦᠨ᠎ᠡ᠂ ᠢᠯᠡᠷᠡᠯ ᠨᠢ ᠬᠥᠩᠭᠡᠨ ᠬᠤᠨᠢ ᠲᠠᠮᠠᠬᠢ ᠢᠳᠡᠭᠰᠡᠨ ᠤ ᠳᠠᠷᠠᠭ᠎ᠠ ᠨᠢᠭᠡ ᠴᠠᠭ ᠤᠨ ᠳᠣᠲᠣᠷ᠎ᠠ ᠡᠳᠡᠭᠡᠷᠡᠴᠢᠬᠡᠨ᠎ᠡ᠂ ᠪᠠᠰᠠ ᠰᠢᠨ᠎ᠡ ᠰᠣᠷᠭᠤᠭ ᠡᠪᠡᠰᠦ ᠮᠣᠳᠣᠨ ᠤ ᠦᠨᠡᠰᠦ 10—20 ᠭᠷᠡᠮ ᠢ 50—100 ᠮᠢᠯᠢᠯᠢᠲᠷ ᠤᠷᠭᠤᠮᠠᠯ ᠤᠨ ᠲᠣᠰᠣ ᠲᠠᠢ ᠬᠤᠯᠢᠵᠤ ᠤᠤᠭᠤᠯᠭᠠᠵᠤ ᠪᠣᠯᠣᠨ᠎ᠠ᠃ ᠬᠡᠷᠪᠡ ᠳᠡᠭᠡᠷᠡᠬᠢ ᠠᠷᠭ᠎ᠠ ᠶᠢ ᠬᠡᠷᠡᠭᠯᠡᠭᠰᠡᠨ ᠴᠦ ᠲᠤᠰᠠ ᠭᠠᠷᠬᠤ ᠦᠭᠡᠢ ᠪᠣᠯ ᠮᠠᠯ ᠤᠨ ᠡᠮᠴᠢ ᠪᠠᠷ ᠵᠡᠭᠦᠦ ᠬᠠᠳᠬᠤᠭᠤᠯᠤᠨ ᠬᠡᠢ ᠶᠢ ᠨᠢ ᠲᠠᠯᠪᠢᠬᠤ ᠬᠡᠷᠡᠭᠲᠡᠢ᠃       ᠬᠤᠣᠷᠳᠠᠯᠭ᠎ᠠ᠄ ᠬᠤᠨᠢ ᠢᠮᠠᠭ᠎ᠠ ᠲᠠᠷᠢᠶᠠᠯᠠᠩ ᠤᠨ ᠡᠮ ᠳᠤ ᠪᠣᠬᠢᠷᠲᠤᠭᠰᠠᠨ ᠬᠥᠬᠡ ᠡᠪᠡᠰᠦ᠂ ᠬᠤᠣᠷᠲᠤ ᠬᠡᠭᠡᠷ᠎ᠡ ᠶᠢᠨ ᠨᠣᠭᠤᠭ᠎ᠠ ᠵᠡᠷᠭᠡ ᠶᠢ ᠢᠳᠡᠪᠡᠯ ᠬᠤᠣᠷᠳᠠᠭᠳᠠᠨ᠎ᠠ᠃ ᠡᠮᠨᠡᠨ ᠵᠠᠰᠠᠬᠤ ᠠᠷᠭ᠎ᠠ᠄ ᠤᠷᠢᠳ ᠢᠶᠠᠷ ᠬᠢᠲᠤᠭ᠎ᠠ ᠪᠠᠷ ᠬᠤᠨᠢᠨ ᠤ ᠴᠢᠬᠢᠨ ᠤ ᠢᠷᠮᠡᠭ ᠢ ᠴᠤᠭᠤᠯᠬᠤ ᠪᠤᠶᠤ ᠬᠤᠨᠢᠨ ᠤ ᠠᠮᠠᠨ ᠳᠤ ᠮᠣᠳᠣᠨ ᠰᠢᠳᠠᠮ ᠵᠠᠭᠤᠯᠭᠠᠵᠤ᠂ ᠬᠤᠣᠷᠲᠤ ᠰᠢᠩᠭᠡᠨ ᠢ ᠰᠢᠯᠦᠰᠦᠨ ᠤ ᠳᠠᠭᠠᠤ ᠭᠠᠳᠠᠭᠰᠢᠯᠠᠭᠤᠯᠵᠤ᠂ ᠳᠠᠷᠠᠭ᠎ᠠ ᠨᠢ 5 ᠥᠨᠳᠡᠭᠡᠨ ᠤ ᠴᠠᠭᠠᠨ ᠢ ᠤᠤᠭᠤᠯᠭᠠᠬᠤ ᠶᠢᠨ ᠬᠠᠮᠲᠤ ᠠᠷᠠᠰᠤᠨ ᠳᠣᠣᠷ᠎ᠠ ᠠᠲᠷᠤᠫᠢᠨ ᠢ 2—5 ᠮᠢᠯᠢᠯᠢᠲᠷ ᠲᠠᠷᠢᠨ᠎ᠠ᠃       ᠬᠢᠮᠤᠷᠠᠭ᠎ᠠ᠄ ᠬᠠᠪᠤᠷ ᠤᠨ ᠤᠯᠠᠷᠢᠯ ᠳᠤ ᠭᠡᠨᠡᠳᠲᠡ ᠬᠠᠯᠠᠭᠤᠨ ᠭᠡᠨᠡᠳᠲᠡ ᠬᠦᠢᠲᠡᠷᠡᠵᠦ᠂ ᠬᠤᠨᠢ ᠢᠮᠠᠭ᠎ᠠ ᠠᠮᠠᠷᠬᠠᠨ ᠬᠢᠮᠤᠷᠠᠨ᠎ᠠ᠃ ᠡᠮᠨᠡᠨ ᠵᠠᠰᠠᠬᠤ ᠠᠷᠭ᠎ᠠ᠄ ᠡᠪᠡᠳᠴᠢᠨ ᠲᠠᠢ ᠬᠤᠨᠢᠨ ᠳᠤ ᠠᠮᠢᠨᠤᠫᠢᠷᠢᠨ ᠪᠤᠶᠤ ᠠᠨᠨᠠᠢ ᠣᠷᠴᠢᠮ ᠤᠨ 5—10 ᠮᠢᠯᠢᠯᠢᠲᠷ᠂ ᠫᠧᠨᠢᠼᠢᠯᠢᠨ 160 ᠲᠦᠮᠡᠨ ᠣᠯᠠᠨ ᠤᠯᠤᠰ ᠤᠨ ᠨᠢᠭᠡᠴᠢ᠂ ᠯᠢᠶᠠᠨ ᠮᠧᠶ ᠰᠦ 50 ᠲᠦᠮᠡᠨ ᠣᠯᠠᠨ ᠤᠯᠤᠰ ᠤᠨ ᠨᠢᠭᠡᠴᠢ᠂ ᠪᠠᠰᠠ ᠲᠦᠭᠦᠬᠡᠢ ᠭᠠ 100 ᠭᠷᠡᠮ᠂ ᠰᠣᠩᠭᠢᠨ᠎ᠠ 2 ᠶᠢ ᠨᠢᠴᠠᠯᠤᠨ ᠴᠢᠨᠠᠵᠤ᠂ 50—100 ᠭᠷᠡᠮ ᠪᠤᠷᠠᠮ ᠨᠡᠮᠡᠵᠦ ᠡᠳᠦᠷ ᠲᠤ 2 ᠤᠳᠠᠭ᠎ᠠ ᠤᠤᠭᠤᠯᠭᠠᠵᠤ᠂ ᠵᠠᠯᠭᠠᠭᠠᠳ 2 ᠡᠳᠦᠷ ᠤᠤᠭᠤᠯᠭᠠᠨ᠎ᠠ᠃       ᠰᠠᠭᠤᠯᠭᠠᠬᠤ᠄ ᠬᠠᠪᠤᠷ ᠤᠨ ᠤᠯᠠᠷᠢᠯ ᠳᠤ ᠬᠤᠨᠢ ᠢᠮᠠᠭ᠎ᠠ ᠭᠡᠨᠡᠳᠲᠡ ᠬᠥᠬᠡ ᠡᠪᠡᠰᠦ ᠢᠳᠡᠪᠡᠯ᠂ ᠬᠤᠳᠣᠭᠤᠳᠤ ᠭᠡᠳᠡᠰᠦ ᠳᠠᠳᠬᠤ ᠦᠭᠡᠢ ᠪᠠᠶᠢᠵᠤ᠂ ᠠᠮᠠᠷᠬᠠᠨ ᠰᠠᠭᠤᠯᠭᠠᠨ᠎ᠠ᠃ ᠵᠠᠰᠠᠬᠤ ᠠᠷᠭ᠎ᠠ᠄ ᠬᠥᠬᠡ ᠡᠪᠡᠰᠦ᠂ ᠬᠠᠭᠤᠷᠠᠢ ᠡᠪᠡᠰᠦ ᠶᠢ ᠬᠠᠪᠰᠤᠷᠭᠠᠨ ᠲᠡᠵᠢᠭᠡᠵᠦ᠂ ᠬᠤᠨᠢᠨ ᠤ ᠬᠤᠳᠣᠭᠤᠳᠤ ᠭᠡᠳᠡᠰᠦ ᠶᠢ ᠠᠭᠠᠵᠢᠮ ᠢᠶᠠᠷ ᠵᠣᠬᠢᠴᠠᠭᠤᠯᠤᠨ᠎ᠠ᠃ ᠰᠠᠭᠤᠯᠭᠠᠭᠰᠠᠨ ᠤ ᠳᠠᠷᠠᠭ᠎ᠠ ᠬᠤᠨᠢᠨ ᠳᠤ ᠭᠧᠨ᠋ᠲ᠋ᠠᠮᠢᠼᠢᠨ ᠤᠤᠭᠤᠯᠭᠠᠨ᠎ᠠ᠃       ᠮᠥᠯᠵᠢᠭᠦᠷ ᠬᠤᠷᠣᠬᠠᠢ ᠶᠢᠨ ᠡᠪᠡᠳᠴᠢᠨ᠄ ᠬᠠᠪᠤᠷ ᠤᠨ ᠤᠯᠠᠷᠢᠯ ᠳᠤ᠂ ᠬᠤᠨᠢ ᠢᠮᠠᠭ᠎ᠠ ᠪᠡᠯᠴᠢᠭᠡᠷᠯᠡᠬᠦ ᠶᠠᠪᠤᠴᠠ ᠳᠠᠭᠠᠨ ᠨᠠᠭᠤᠷ ᠤᠨ ᠤᠰᠤ᠂ ᠪᠤᠵᠠᠷ ᠡᠪᠡᠰᠦ ᠢᠳᠡᠵᠦ᠂ ᠮᠥᠯᠵᠢᠭᠦᠷ ᠬᠤᠷᠣᠬᠠᠢ ᠶᠢᠨ ᠡᠪᠡᠳᠴᠢᠨ ᠳᠤ ᠠᠮᠠᠷᠬᠠᠨ ᠨᠡᠷᠪᠡᠭᠳᠡᠨ᠎ᠡ᠃ ᠡᠶᠢᠮᠦ ᠠᠴᠠ 3—4 ᠰᠠᠷ᠎ᠠ ᠳᠤ ᠬᠤᠨᠢᠨ ᠰᠦᠷᠦᠭ ᠤᠨ ᠬᠤᠷᠣᠬᠠᠢ ᠶᠢ ᠬᠥᠭᠡᠭᠡᠬᠦ ᠬᠡᠷᠡᠭᠲᠡᠢ᠃ ᠬᠤᠷᠣᠬᠠᠢ ᠬᠥᠭᠡᠭᠡᠬᠦ ᠠᠷᠭ᠎ᠠ᠄ ᠪᠡᠶ᠎ᠡ ᠶᠢᠨ ᠳᠣᠲᠣᠷᠠᠬᠢ ᠮᠥᠯᠵᠢᠭᠦᠷ ᠬᠤᠷᠣᠬᠠᠢ ᠶᠢ ᠬᠥᠭᠡᠭᠡᠬᠦ ᠳᠤ ᠵᠡᠭᠦᠨ ᠡᠷᠭᠢᠯᠭᠡᠲᠦ ᠢᠮᠢᠳᠠᠽᠤᠯ᠂ ᠤᠯᠠᠭᠠᠨ ᠬᠦᠬᠦᠷ ᠢᠮᠢᠳᠠᠽᠤᠯ᠂ ᠬᠤᠷᠣᠬᠠᠢ ᠠᠯᠠᠬᠤ ᠤᠳᠤᠨ ᠵᠡᠷᠭᠡ ᠡᠮ ᠢ ᠬᠡᠷᠡᠭᠯᠡᠨ᠎ᠡ᠃ ᠪᠡᠶ᠎ᠡ ᠶᠢᠨ ᠭᠠᠳᠠᠨᠠᠬᠢ ᠮᠥᠯᠵᠢᠭᠦᠷ ᠬᠤᠷᠣᠬᠠᠢ ᠶᠢ ᠬᠥᠭᠡᠭᠡᠬᠦ ᠳᠤ ᠳ᠋ᠢ ᠪᠠᠢ ᠴᠥᠩ  ᠲᠠᠢ ᠪᠦᠯᠢᠶᠡᠨ ᠤᠰᠤ ᠪᠠᠷ ᠬᠤᠨᠢ ᠶᠢ ᠤᠬᠢᠶᠠᠬᠤ ᠪᠤᠶᠤ ᠱᠢ ᠽᠣᠣ ᠱᠠ ᠡᠦ ᠳ᠋ᠢ ᠨᠤᠨᠳᠠᠭ ᠵᠡᠷᠭᠡ ᠡᠮ ᠢ ᠬᠡᠷᠡᠭᠯᠡᠨ᠎ᠡ᠃ 
 
ᠢᠷᠡᠯᠲᠡ᠄ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号