ᠣᠳᠣᠬᠠᠨ ᠳᠤ ᠬᠠᠪᠤᠷ ᠤᠨ ᠲᠠᠷᠢᠶᠠᠯᠠᠭ᠎ᠠ ᠪᠣᠯᠵᠤ ᠂ ᠬᠠᠪᠤᠷ ᠤᠨ ᠤᠯᠠᠷᠢᠯ ᠤᠨ ᠲᠠᠷᠢᠶᠠᠯᠠᠩ ᠤᠨ | ᠮᠠᠰᠢᠨᠴᠢᠯᠠᠯᠲᠠ ᠶᠢᠨ ᠦᠢᠯᠡᠳᠪᠦᠷᠢᠯᠡᠯ ᠢ ᠪᠦᠬᠦ ᠬᠦᠴᠦᠨ ᠢᠶᠠᠷ ᠢᠶᠠᠨ ᠪᠠᠲᠤᠯᠠᠬᠤ ᠶᠢᠨ ᠲᠥᠯᠥᠭᠡ᠂ ᠣᠶᠢᠷ᠎ᠠ ᠶᠢᠨ | ᠬᠤᠭᠤᠴᠠᠭᠠᠨ ᠳᠤ᠂ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠠᠷᠢᠭᠤᠴᠠᠯᠭᠠᠲᠠᠨ | ᠬᠤᠷᠢᠨᠭᠡᠷ ᠰᠢᠶᠠᠨ᠂ ᠢᠦᠢ ᠴᠢᠦᠸᠡᠨ ᠲᠣᠭᠤᠷᠢᠭ ᠲᠤ ᠬᠦᠷᠴᠦ ᠲᠠᠷᠢᠶᠠᠯᠠᠩ ᠤᠨ ᠮᠠᠰᠢᠨᠴᠢᠯᠠᠯᠲᠠ ᠶᠢᠨ ᠠᠵᠢᠯ ᠢ | ᠵᠢᠯᠣᠭᠤᠳᠪᠠ᠃ ᠡᠩ ᠲᠡᠷᠢᠭᠦᠨ ᠳᠤ ᠰᠢᠶᠠᠨ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ | ᠮᠥᠴᠢᠷ ᠤᠨ 2025 ᠣᠨ ᠤ ᠲᠠᠷᠢᠶᠠᠯᠠᠩ ᠤᠨ ᠮᠠᠰᠢᠨᠴᠢᠯᠠᠯᠲᠠ ᠶᠢᠨ ᠠᠵᠢᠯ ᠤᠨ ᠲᠣᠬᠢᠷᠠᠭᠤᠯᠤᠯᠲᠠ ᠪᠠ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠮᠠᠰᠢᠨ ᠪᠠᠭᠠᠵᠢ ᠪᠡᠯᠡᠳᠬᠡᠯ ᠤᠨ ᠪᠠᠶᠢᠳᠠᠯ ᠢ ᠣᠶᠢᠯᠠᠭᠠᠬᠤ ᠶᠢᠨ ᠬᠠᠮᠲᠤ ᠲᠠᠷᠢᠶᠠᠯᠠᠩ ᠤᠨ | ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠤ ᠨᠥᠬᠦᠪᠥᠷᠢ᠂ ᠲᠠᠷᠢᠶᠠᠯᠠᠩ ᠤᠨ ᠮᠠᠰᠢᠨ ᠤ ᠬᠡᠷᠡᠭᠯᠡᠭᠡᠨ ᠠᠴᠠ ᠭᠠᠷᠭᠠᠬᠤ | ᠨᠥᠬᠦᠪᠥᠷᠢ ᠪᠠ ᠲᠠᠷᠢᠶᠠᠯᠠᠩ ᠤᠨ ᠮᠠᠰᠢᠨ ᠤ ᠲᠠᠷᠢᠶᠠᠨ ᠭᠠᠵᠠᠷ ᠢ ᠭᠦᠨ ᠰᠤᠯᠠᠷᠠᠭᠤᠯᠬᠤ ᠵᠡᠷᠭᠡ ᠠᠵᠢᠯ ᠢ ᠥᠷᠨᠢᠭᠦᠯᠬᠦ | ᠲᠤᠬᠠᠢ ᠰᠠᠨᠠᠯ ᠢᠶᠠᠨ ᠰᠣᠯᠢᠯᠴᠠᠵᠤ ᠵᠢᠭᠠᠨ ᠵᠢᠯᠣᠭᠤᠳᠪᠠ᠃ | | | | | | ᠬᠤᠷᠢᠨᠭᠡᠷ ᠰᠢᠶᠠᠨ ᠤ ᠭᠤᠸᠠᠩ ᠯᠦᠩ ᠲᠠᠷᠢᠶᠠᠯᠠᠩ ᠤᠨ ᠮᠠᠰᠢᠨ ᠪᠠᠭᠠᠵᠢ ᠪᠣᠷᠣᠯᠠᠭᠤᠯᠬᠤ ᠬᠢᠵᠠᠭᠠᠷᠲᠤ ᠺᠣᠮᠫᠠᠨᠢ᠂ | ᠥᠪᠥᠷ ᠮᠣᠩᠭᠤᠯ ᠤᠨ ᠰᠢᠨ ᠶᠠᠩ ᠲᠠᠷᠢᠶᠠᠯᠠᠩ ᠤᠨ ᠮᠠᠰᠢᠨ ᠤ ᠲᠥᠬᠦᠭᠡᠷᠦᠮᠵᠢ ᠶᠢᠨ ᠬᠢᠵᠠᠭᠠᠷᠲᠤ ᠺᠣᠮᠫᠠᠨᠢ ᠳᠤ | ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠲᠠᠷᠢᠶᠠᠯᠠᠩ ᠤᠨ ᠮᠠᠰᠢᠨ | ᠪᠠᠭᠠᠵᠢ ᠶᠢᠨ ᠪᠡᠯᠡᠳᠬᠡᠯ ᠠᠵᠢᠯ ᠤᠨ ᠪᠠᠶᠢᠳᠠᠯ ᠢ ᠨᠡᠪᠲᠡᠷᠡᠯᠴᠡᠵᠦ᠂ ᠣᠳᠣᠬᠠᠨ ᠳᠤ ᠠᠵᠤ ᠠᠬᠤᠶᠢᠯᠠᠯ ᠤᠨ ᠪᠠᠷᠠᠭ᠎ᠠ | ᠪᠡᠯᠡᠳᠬᠡᠭᠰᠡᠨ ᠪᠠᠶᠢᠳᠠᠯ ᠵᠢᠴᠢ ᠲᠠᠷᠢᠶᠠᠯᠠᠩ ᠤᠨ ᠮᠠᠰᠢᠨ ᠪᠠᠭᠠᠵᠢ ᠶᠢᠨ ᠰᠡᠯᠪᠢᠭ ᠲᠣᠨᠤᠭ ᠢ ᠦᠨᠳᠦᠰᠦᠨ ᠳᠡᠭᠡᠨ | ᠪᠣᠳᠠᠲᠠᠶᠢᠵᠢᠭᠤᠯᠬᠤ ᠶᠢᠨ ᠬᠠᠮᠲᠤ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠢ ᠪᠠᠷᠠᠭ᠎ᠠ ᠣᠷᠣᠭᠤᠯᠬᠤ ᠪᠣᠭᠤᠮᠲᠠ ᠶᠢ | ᠴᠢᠩᠭ᠎ᠠ ᠠᠳᠬᠤᠵᠤ᠂ ᠰᠢᠨ᠎ᠡ ᠪᠠᠷ ᠬᠤᠳᠠᠯᠳᠤᠨ ᠠᠪᠤᠭᠰᠠᠨ ᠮᠠᠰᠢᠨ ᠡᠷᠦᠬᠡ ᠳᠤ ᠬᠤᠳᠠᠯᠳᠤᠨ ᠠᠪᠬᠤ ᠠᠴᠠ | ᠡᠮᠦᠨᠡᠬᠢ ᠪᠣᠯᠪᠠᠰᠤᠷᠠᠯ ᠬᠢᠵᠦ᠂ ᠪᠣᠷᠣᠯᠠᠭᠤᠯᠭ᠎ᠠ ᠶᠢᠨ ᠳᠠᠷᠠᠭᠠᠬᠢ ᠮᠥᠷᠳᠡᠨ ᠦᠢᠯᠡᠴᠢᠯᠡᠬᠦ ᠠᠵᠢᠯ ᠢ ᠰᠠᠶᠢᠲᠤᠷ ᠬᠢᠬᠦ | ᠬᠡᠷᠡᠭᠲᠡᠢ ᠭᠡᠵᠦ ᠱᠠᠭᠠᠷᠳᠠᠪᠠ᠃ ᠬᠤᠷᠢᠨᠭᠡᠷ ᠰᠢᠶᠠᠨ ᠤ ᠳ᠋ᠧ ᠶᠤᠸᠠᠨ ᠭᠦ᠋ ᠲᠡᠵᠢᠭᠡᠨ ᠦᠷᠡᠵᠢᠭᠦᠯᠬᠦ ᠭᠡᠷ ᠪᠦᠯᠢ ᠶᠢᠨ | ᠲᠠᠷᠢᠶᠠᠯᠠᠩ ᠮᠠᠯᠵᠢᠯ ᠤᠨ ᠲᠡᠯᠡᠪᠡᠢ᠂ ᠢᠦᠢ ᠴᠢᠦᠸᠡᠨ ᠲᠣᠭᠤᠷᠢᠭ ᠤᠨ ᠯᠢᠶᠠᠨ ᠰᠢᠨ ᠲᠠᠷᠢᠵᠤ ᠲᠡᠵᠢᠭᠡᠨ ᠦᠷᠡᠵᠢᠭᠦᠯᠬᠦ | ᠲᠠᠷᠢᠶᠠᠴᠢᠨ ᠤ ᠲᠤᠰᠬᠠᠢ ᠬᠤᠷᠰᠢᠶ᠎ᠠ ᠳᠤ ᠬᠦᠷᠴᠦ᠂ ᠣᠳᠣᠬᠠᠨ ᠤ ᠣᠳᠣ ᠶᠢᠨ ᠪᠠᠶᠢᠭ᠎ᠠ ᠲᠠᠷᠢᠶᠠᠯᠠᠩ ᠤᠨ ᠮᠠᠰᠢᠨ | ᠪᠠᠭᠠᠵᠢ ᠶᠢᠨ ᠬᠡᠷᠡᠭᠯᠡᠯᠲᠡ ᠶᠢᠨ ᠪᠠᠶᠢᠳᠠᠯ ᠵᠢᠴᠢ ᠡᠨᠡ ᠵᠢᠯ ᠤᠨ ᠮᠠᠰᠢᠨ ᠬᠤᠳᠠᠯᠳᠤᠨ ᠠᠪᠬᠤ ᠬᠡᠷᠡᠭᠴᠡᠭᠡ᠂ | ᠲᠠᠷᠢᠶᠠᠯᠠᠩ ᠤᠨ ᠮᠠᠰᠢᠨ ᠪᠠᠭᠠᠵᠢ ᠶᠢ ᠪᠠᠶᠢᠴᠠᠭᠠᠨ ᠵᠠᠰᠠᠭᠰᠠᠨ ᠪᠠᠶᠢᠳᠠᠯ ᠢ ᠣᠶᠢᠯᠠᠭᠠᠬᠤ ᠶᠢᠨ ᠬᠠᠮᠲᠤ ᠲᠠᠷᠢᠶᠠᠯᠠᠩ ᠤᠨ | ᠮᠠᠰᠢᠨ ᠤ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠲᠠᠷᠢᠶᠠᠯᠠᠩ ᠮᠠᠯᠵᠢᠯ ᠤᠨ ᠲᠡᠯᠡᠪᠡᠢ᠂ | ᠬᠤᠷᠰᠢᠶ᠎ᠠ ᠶᠢ ᠲᠠᠷᠢᠶᠠᠯᠠᠩ ᠤᠨ ᠮᠠᠰᠢᠨ ᠤ ᠵᠢᠯᠣᠭᠤᠴᠢ ᠶᠢᠨ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ | ᠪᠣᠯᠪᠠᠰᠤᠷᠠᠯ ᠤᠨ ᠠᠵᠢᠯ ᠢ ᠰᠠᠶᠢᠲᠤᠷ ᠬᠢᠵᠦ᠂ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠢ ᠦᠨᠡᠨᠬᠦ ᠪᠠᠲᠤᠯᠠᠵᠤ᠂ | ᠡᠨᠡ ᠵᠢᠯ ᠤᠨ ᠲᠠᠷᠢᠶᠠᠯᠠᠩ ᠤᠨ ᠮᠠᠰᠢᠨ ᠪᠠᠭᠠᠵᠢ ᠶᠢ ᠪᠠᠶᠢᠴᠠᠭᠠᠨ ᠵᠠᠰᠠᠬᠤ ᠠᠵᠢᠯ ᠢ ᠤᠷᠢᠳᠴᠢᠯᠠᠨ ᠲᠥᠯᠥᠪᠵᠢᠭᠦᠯᠵᠦ᠂ | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ | ᠳᠠᠷᠠᠭᠠᠴᠢ ᠶᠢᠨ ᠠᠯᠬᠤᠮ ᠳᠤ᠂ ᠪᠢᠳᠡ ᠦᠷᠭᠦᠯᠵᠢᠯᠡᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ | ᠲᠠᠷᠢᠶᠠᠯᠠᠩ ᠤᠨ ᠮᠠᠰᠢᠨ ᠪᠠᠭᠠᠵᠢ ᠶᠢᠨ ᠪᠡᠯᠡᠳᠬᠡᠯ ᠤᠨ ᠪᠠᠶᠢᠳᠠᠯ᠂ ᠲᠠᠷᠢᠶᠠᠯᠠᠩ ᠤᠨ ᠮᠠᠰᠢᠨ ᠪᠠᠭᠠᠵᠢ ᠶᠢ ᠪᠠᠶᠢᠴᠠᠭᠠᠨ | ᠵᠠᠰᠠᠬᠤ ᠵᠢᠴᠢ ᠲᠠᠷᠢᠶᠠᠯᠠᠩ ᠤᠨ ᠮᠠᠰᠢᠨ ᠤ ᠠᠶᠤᠯᠭᠦᠢ ᠦᠢᠯᠡᠳᠪᠦᠷᠢᠯᠡᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ | ᠬᠢᠵᠦ᠂ ᠲᠠᠷᠢᠶᠠᠯᠠᠩ ᠤᠨ ᠮᠠᠰᠢᠨ ᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠂ ᠡᠯ᠎ᠡ ᠬᠤᠰᠢᠭᠤ ᠰᠢᠶᠠᠨ ᠲᠣᠭᠤᠷᠢᠭ ᠢ ᠢᠳᠡᠪᠬᠢᠲᠡᠢ ᠵᠢᠯᠣᠭᠤᠳᠴᠤ ᠪᠠᠶᠢᠭᠠᠳ | ᠲᠠᠷᠢᠶᠠᠯᠠᠩ ᠤᠨ ᠮᠠᠰᠢᠨ ᠢ ᠪᠠᠶᠢᠴᠠᠭᠠᠨ ᠵᠠᠰᠠᠬᠤ ᠠᠵᠢᠯ ᠢ ᠴᠢᠩᠭᠠᠳᠬᠠᠵᠤ᠂ ᠲᠠᠷᠢᠶᠠᠯᠠᠩ ᠤᠨ ᠮᠠᠰᠢᠨ ᠢ | ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ 2025 ᠣᠨ ᠤ | ᠲᠠᠷᠢᠶᠠᠯᠠᠩ ᠤᠨ ᠮᠠᠰᠢᠨᠴᠢᠯᠠᠯᠲᠠ ᠶᠢᠨ ᠠᠵᠢᠯ ᠢ ᠥᠷᠨᠢᠭᠦᠯᠬᠦ ᠳᠤ ᠰᠠᠭᠤᠷᠢ ᠲᠠᠯᠪᠢᠵᠤ ᠥᠭᠭᠦᠨ᠎ᠡ᠃ |