ᠰᠠᠶᠢᠨ ᠦᠷ᠎ᠡ ᠶᠢ ᠰᠣᠩᠭᠤᠵᠤ ᠂ ᠰᠠᠶᠢᠨ ᠠᠮᠤ ᠪᠤᠳᠠᠭ᠎ᠠ ᠶᠢ ᠲᠠᠷᠢᠵᠤ ᠂ ᠮᠠᠯᠴᠢᠨ ᠲᠠᠷᠢᠶᠠᠴᠢᠨ ᠤ | ᠦᠷᠭᠦᠯᠵᠢᠯᠡᠨ ᠤᠨᠠᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ ᠃ ᠠᠳᠡ ᠥᠷᠭᠡᠨ | ᠣᠯᠠᠨ ᠮᠠᠯᠴᠢᠨ ᠲᠠᠷᠢᠶᠠᠴᠢᠨ ᠨᠠᠶᠢᠵᠠ ᠨᠠᠷ ᠲᠤ ᠦᠷ᠎ᠡ ᠰᠣᠩᠭᠤᠬᠤ ᠂ ᠦᠷ᠎ᠡ ᠬᠤᠳᠠᠯᠳᠤᠨ ᠠᠪᠬᠤ ᠳᠠᠭᠠᠨ ︽ ᠲᠠᠪᠤ | ᠶᠢ ᠠᠪᠬᠤ︾ ︽ ᠲᠠᠪᠤ ᠶᠢ ᠠᠪᠬᠤ ᠦᠭᠡᠢ ︾ ᠵᠠᠷᠴᠢᠮ ᠢ ᠪᠠᠲᠤ ᠴᠡᠭᠡᠵᠢᠯᠡᠬᠦ ᠬᠡᠷᠡᠭᠲᠡᠢ ᠭᠡᠵᠦ ᠰᠠᠨᠠᠭᠤᠯᠵᠤ ᠪᠠᠶᠢᠨ᠎ᠠ ᠃ | ︽ ᠲᠠᠪᠤ ᠶᠢ ᠠᠪᠬᠤ ︾ | ᠨᠢᠭᠡ ᠳᠤ ᠦᠨᠡᠮᠯᠡᠯ ᠢ ᠨᠢ ᠦᠵᠡᠬᠦ ᠬᠡᠷᠡᠭᠲᠡᠢ ᠃ ᠵᠢᠩᠬᠢᠨᠢ ᠦᠨᠡᠨᠴᠢ ᠢᠲᠡᠭᠡᠮᠵᠢ ᠲᠠᠢ ᠦᠷ᠎ᠡ ᠶᠢᠨ ᠠᠵᠤ | ᠠᠬᠤᠶᠢᠯᠠᠯ ᠪᠠ ᠡᠵᠡᠩᠨᠡᠯᠲᠡ ᠶᠢᠨ ᠳᠡᠯᠭᠡᠭᠦᠷ ᠢ ᠰᠣᠩᠭᠤᠵᠤ ᠦᠷ᠎ᠡ ᠬᠤᠳᠠᠯᠳᠤᠨ ᠠᠪᠬᠤ ᠬᠡᠷᠡᠭᠲᠡᠢ ᠂ | ᠡᠵᠡᠩᠨᠡᠯᠲᠡ ᠶᠢᠨ ᠦᠨᠡᠮᠯᠡᠯ ᠂ ᠨᠠᠶᠢᠳᠠᠯᠭ᠎ᠠ ᠪᠠᠷ ᠣᠷᠣᠯᠠᠨ ᠪᠣᠷᠣᠯᠠᠭᠤᠯᠬᠤ ᠭᠡᠷ᠎ᠡ ᠂ ᠳᠠᠩᠰᠠᠯᠠᠭᠤᠯᠤᠭᠰᠠᠨ | ᠬᠦᠰᠦᠨᠦᠭᠲᠦ ᠶᠢ ᠪᠠᠶᠢᠴᠠᠭᠠᠵᠤ ᠦᠵᠡᠬᠦ ᠴᠢᠬᠤᠯᠠᠲᠠᠢ ᠃ | ᠬᠤᠶᠠᠷ ᠲᠤ ᠱᠣᠰᠢᠭ᠎ᠠ ᠲᠡᠮᠳᠡᠭ ᠢ ᠨᠢ ᠪᠠᠶᠢᠴᠠᠭᠠᠬᠤ ᠬᠡᠷᠡᠭᠲᠡᠢ ᠃ ᠱᠣᠰᠢᠭ᠎ᠠ ᠲᠡᠮᠳᠡᠭ ᠪᠠ ᠬᠡᠷᠡᠭᠯᠡᠬᠦ | ᠲᠣᠳᠣᠷᠬᠠᠶᠢᠯᠠᠯᠲᠠ ᠳᠡᠭᠡᠷᠡᠬᠢ ᠦᠢᠯᠡᠳᠪᠦᠷᠢᠯᠡᠵᠦ ᠡᠵᠡᠩᠨᠡᠭᠴᠢ ᠶᠢᠨ ᠮᠡᠳᠡᠭᠡ ᠵᠠᠩᠭᠢ ᠂ ᠪᠠᠶᠢᠴᠠᠭᠠᠨ ᠰᠢᠯᠭᠠᠭᠰᠠᠨ | ᠡᠳᠦᠷ ᠬᠤᠭᠤᠴᠠᠭ᠎ᠠ ᠪᠠ ᠶᠠᠰᠤ ᠴᠢᠨᠠᠷ ᠤᠨ ᠪᠠᠲᠤᠯᠠᠭ᠎ᠠ ᠶᠢᠨ ᠬᠤᠭᠤᠴᠠᠭ᠎ᠠ ᠂ ᠳᠠᠷᠢᠬᠤ ᠳᠤ ᠲᠣᠬᠢᠷᠠᠬᠤ ᠣᠷᠣᠨ | ᠪᠦᠰᠡ ᠂ ᠭᠤᠣᠯ ᠰᠢᠨᠵᠢ ᠪᠠᠶᠢᠳᠠᠯ ᠂ ᠠᠶᠤᠯ ᠲᠦᠭᠰᠢᠭᠦᠷᠢ ᠶᠢᠨ ᠰᠠᠨᠠᠭᠤᠯᠤᠮᠵᠢ ᠵᠡᠷᠭᠡ ᠠᠭᠤᠯᠭ᠎ᠠ ᠶᠢ ᠪᠠᠶᠢᠴᠠᠭᠠᠨ | ᠦᠵᠡᠬᠦ ᠬᠡᠷᠡᠭᠲᠡᠢ ᠃ | ᠭᠤᠷᠪᠠ ᠳᠤ ᠶᠠᠰᠤ ᠴᠢᠨᠠᠷ ᠢ ᠨᠢ ᠦᠵᠡᠬᠦ ᠬᠡᠷᠡᠭᠲᠡᠢ ᠃ ᠤᠰᠤᠨ ᠤ ᠠᠭᠤᠯᠤᠭᠳᠠᠴᠠ ᠶᠢᠨ ᠵᠡᠭᠦᠯᠲᠡ ᠶᠢᠨ | ᠬᠡᠮᠵᠢᠭᠳᠡᠯ ᠨᠢ ᠬᠡᠳᠦᠢ ᠳᠣᠣᠷ᠎ᠠ ᠪᠣᠯ ᠲᠡᠳᠦᠢ ᠰᠠᠶᠢᠨ ᠂ ᠴᠡᠪᠡᠷᠴᠡ ᠂ ᠨᠠᠬᠢᠶᠠᠯᠠᠬᠤ ᠨᠤᠷᠮ᠎ᠠ ᠂ ᠴᠡᠪᠡᠷᠴᠡ ᠶᠢᠨ | ᠵᠡᠭᠦᠯᠲᠡ ᠶᠢᠨ ᠬᠡᠮᠵᠢᠭᠳᠡᠯ ᠨᠢ ᠬᠡᠳᠦᠢ ᠥᠨᠳᠥᠷ ᠪᠣᠯ ᠲᠡᠳᠦᠢ ᠰᠠᠶᠢᠨ ᠪᠠᠶᠢᠳᠠᠭ ᠃ | ᠳᠥᠷᠪᠡ ᠳᠤ ᠲᠠᠮᠠᠭ᠎ᠠ ᠲᠠᠢ ᠪᠢᠯᠧᠲ ᠪᠠᠷᠢᠮᠲᠠ ᠶᠢ ᠨᠢ ᠦᠯᠡᠳᠡᠭᠡᠬᠦ ᠬᠡᠷᠡᠭᠲᠡᠢ ᠃ ᠦᠷ᠎ᠡ ᠬᠤᠳᠠᠯᠳᠤᠨ | ᠠᠪᠬᠤ ᠳᠠᠭᠠᠨ ᠪᠣᠷᠣᠯᠠᠭᠤᠯᠬᠤ ᠳᠡᠯᠭᠡᠭᠦᠷ ᠠᠴᠠ ᠪᠠᠷᠢᠮᠲᠠ ᠪᠤᠶᠤ ᠲᠠᠮᠠᠭ᠎ᠠ ᠲᠠᠢ ᠪᠠᠷᠢᠮᠲᠠ ᠠᠪᠴᠤ ᠂ ᠦᠷ᠎ᠡ | ᠬᠤᠳᠠᠯᠳᠤᠨ ᠠᠪᠤᠭᠰᠠᠨ ᠭᠡᠷᠡᠴᠢ ᠪᠠᠷᠢᠮᠲᠠ ᠪᠠ ᠦᠷ᠎ᠡ ᠶᠢᠨ ᠪᠣᠭᠤᠳᠠᠯ ᠤᠨ ᠤᠭᠤᠲᠠ ︵ ᠱᠣᠰᠢᠭ᠎ᠠ ︶ ᠪᠠᠨ ᠲᠠᠷᠢᠶ᠎ᠠ | ᠬᠤᠷᠢᠶᠠᠭᠰᠠᠨ ᠤ ᠲᠠᠷᠠᠭ᠎ᠠ ᠪᠣᠯᠲᠠᠯ᠎ᠠ ᠬᠠᠳᠠᠭᠠᠯᠠᠬᠤ ᠬᠡᠷᠡᠭᠲᠡᠢ ᠃ | ᠲᠠᠪᠤ ᠳᠤ ᠡᠷᠬᠡ ᠠᠰᠢᠭ ᠢᠶᠠᠨ ᠬᠠᠮᠠᠭᠠᠯᠠᠬᠤ ᠬᠡᠷᠡᠭᠲᠡᠢ ᠃ ᠦᠷ᠎ᠡ ᠶᠢᠨ ᠶᠠᠰᠤ ᠴᠢᠨᠠᠷ ᠲᠤ ᠠᠰᠠᠭᠤᠳᠠᠯ ᠭᠠᠷᠬᠤ | ᠪᠤᠶᠤ ᠦᠷ᠎ᠡ ᠬᠡᠷᠡᠭᠯᠡᠭᠰᠡᠨ ᠠᠴᠠ ᠪᠣᠯᠵᠤ ᠬᠤᠬᠢᠷᠠᠯ ᠭᠠᠷᠬᠤ ᠦᠶ᠎ᠡ ᠳᠤ ᠂ ᠠᠯᠠᠭᠯᠠᠨ ᠳᠠᠷᠢᠭᠰᠠᠨ ᠲᠤᠬᠠᠢ ᠶᠢᠨ | ᠲᠠᠯᠠᠪᠤᠷ ᠵᠡᠷᠭᠡ ᠬᠤᠯᠪᠣᠭᠳᠠᠯ ᠪᠦᠬᠦᠢ ᠭᠡᠷᠡᠴᠢ ᠪᠠᠷᠢᠮᠲᠠ ᠶᠢ ᠰᠠᠶᠢᠲᠤᠷ ᠬᠠᠮᠠᠭᠠᠯᠠᠬᠤ ᠶᠢᠨ ᠬᠠᠮᠲᠤ ᠲᠤᠬᠠᠢ ᠶᠢᠨ | ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠂ ᠳᠣᠲᠣᠭᠠᠳᠤ ᠶᠢ ᠬᠠᠮᠠᠭᠠᠯᠠᠬᠤ ᠂ 12316 ᠵᠡᠷᠭᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠤ ᠴᠠᠭ ᠲᠤᠬᠠᠢ ᠳᠤᠨᠢ ᠵᠠᠭᠠᠯᠳᠤᠵᠤ ᠢᠯᠡᠴᠢᠯᠡᠨ ᠮᠡᠳᠡᠭᠦᠯᠬᠦ ᠬᠡᠷᠡᠭᠲᠡᠢ ᠃ | ︽ ᠲᠠᠪᠤ ᠶᠢ ᠠᠪᠬᠤ ᠦᠭᠡᠢ ︾ | ᠨᠢᠭᠡ ᠳᠤ ᠰᠣᠬᠤᠷ ᠪᠠᠯᠠᠢ ᠪᠠᠷ ᠲᠠᠭᠠᠵᠤ ᠪᠣᠯᠬᠤ ᠦᠭᠡᠢ ᠃ ᠲᠠᠷᠢᠶᠠᠨ ᠭᠠᠵᠠᠷ ᠤᠨ ᠬᠥᠷᠥᠰᠥ ᠰᠢᠷᠣᠢ ᠶᠢᠨ | ᠴᠢᠨᠠᠷ ᠂ ᠬᠦᠴᠦ ᠰᠢᠮ᠎ᠡ ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠵᠡᠷᠭᠡ ᠪᠠᠶᠢᠳᠠᠯ ᠢ ᠬᠠᠶᠢᠬᠤᠷᠤᠯ ᠦᠭᠡᠢ ᠪᠠᠷ ᠰᠣᠬᠤᠷ | ᠪᠠᠯᠠᠢ ᠪᠠᠷ ᠪᠤᠰᠤᠳ ᠢ ᠲᠠᠭᠠᠵᠤ ᠠᠪᠬᠤ ᠂ ᠬᠥᠮᠥᠨ ᠶᠠᠮᠠᠷ ᠡᠭᠦᠯᠳᠡᠷ ᠢ ᠲᠠᠷᠢᠪᠠᠯ ᠳᠠᠭᠠᠵᠤ ᠲᠡᠷᠡ ᠡᠭᠦᠯᠳᠡᠷ ᠢ ᠨᠢ | ᠲᠠᠷᠢᠬᠤ ᠠᠴᠠ ᠵᠠᠶᠢᠯᠠᠰᠬᠢᠬᠤ ᠬᠡᠷᠡᠭᠲᠡᠢ ᠃ | ᠬᠤᠶᠠᠷ ᠲᠤ ᠰᠢᠨ᠎ᠡ ᠬᠠᠨᠳᠤᠰᠢ ᠶᠢ ᠳᠠᠭᠠᠵᠤ ᠪᠣᠯᠬᠤ ᠦᠭᠡᠢ ᠃ ᠰᠢᠨ᠎ᠡ ᠡᠭᠦᠯᠳᠡᠷ ᠯᠠ ᠪᠣᠯ ᠰᠠᠶᠢᠨ ᠭᠡᠵᠦ | ᠦᠵᠡᠵᠦ ᠂ ᠲᠤᠰ ᠡᠭᠦᠯᠳᠡᠷ ᠨᠢ ᠬᠢᠨᠠᠨ ᠲᠣᠭᠲᠠᠭᠠᠯᠲᠠ ᠪᠤᠶᠤ ᠪᠦᠷᠢᠳᠬᠡᠯᠲᠡ ᠳᠤ ᠬᠢᠷᠢ ᠲᠡᠩᠴᠡᠭᠰᠡᠨ ᠡᠰᠡᠬᠦ ᠶᠢ | ᠬᠠᠮᠢᠶᠠᠷᠬᠤ ᠦᠭᠡᠢ ᠪᠠᠶᠢᠵᠤ ᠪᠤᠯᠬᠤ ᠦᠭᠡᠢ ᠃ | ᠭᠤᠷᠪᠠ ᠳᠤ ᠣᠷᠣᠨ ᠪᠦᠰᠡ ᠶᠢ ᠳᠠᠪᠠᠵᠤ ᠪᠣᠯᠬᠤ ᠦᠭᠡᠢ ᠃ ᠲᠠᠷᠢᠶ᠎ᠠ ᠲᠠᠷᠢᠬᠤ ᠳᠠᠭᠠᠨ ᠬᠤᠷᠠᠮᠠᠯ ᠰᠡᠷᠢᠭᠦᠨ | ᠪᠦᠰᠡ ᠶᠢᠨ ᠱᠠᠭᠠᠷᠳᠠᠯᠭ᠎ᠠ ᠶᠢ ᠦᠨᠳᠦᠰᠦᠯᠡᠨ ᠲᠣᠬᠢᠷᠠᠮᠵᠢᠲᠠᠢ ᠡᠭᠦᠯᠳᠡᠷ ᠢ ᠲᠠᠷᠢᠵᠤ ᠂ ᠣᠷᠣᠨ ᠪᠦᠰᠡ ᠶᠢ ᠳᠠᠪᠠᠵᠤ | ᠣᠷᠣᠢ ᠪᠣᠯᠪᠠᠰᠤᠷᠠᠬᠤ ᠡᠭᠦᠯᠳᠡᠷ ᠢ ᠰᠣᠩᠭᠤᠵᠤ ᠪᠣᠯᠬᠤ ᠦᠭᠡᠢ ᠃ | ᠳᠥᠷᠪᠡ ᠳᠤ ᠥᠨᠳᠥᠷ ᠢ ᠬᠥᠭᠡᠭᠡᠴᠡᠯᠳᠦᠵᠦ ᠪᠣᠯᠬᠤ ᠦᠭᠡᠢ ᠃ ᠥᠨᠳᠥᠷ ᠦᠨ᠎ᠡ ᠲᠠᠢ ᠦᠷ᠎ᠡ ᠯᠠᠪ ᠰᠠᠶᠢᠨ | ᠦᠷ᠎ᠡ ᠭᠡᠵᠦ ᠦᠵᠡᠬᠦ ᠠᠴᠠ ᠵᠠᠶᠢᠯᠠᠰᠬᠢᠪᠡᠯ ᠵᠣᠬᠢᠨ᠎ᠠ ᠃ | ᠲᠠᠪᠤ ᠳᠤ ᠤᠳᠠᠭᠠᠰᠢᠷᠠᠭᠤᠯᠵᠤ ᠪᠣᠯᠬᠤ ᠦᠭᠡᠢ ᠃ ᠴᠠᠭ ᠢ ᠠᠮᠵᠢᠨ ᠦᠷ᠎ᠡ ᠬᠤᠳᠠᠯᠳᠤᠨ ᠠᠪᠬᠤ ᠦᠭᠡᠢ ᠂ | ᠲᠠᠷᠢᠬᠤ ᠦᠶ᠎ᠡ ᠳᠤ ᠰᠠᠶ᠋ᠢ ᠦᠷ᠎ᠡ ᠬᠤᠳᠠᠯᠳᠤᠨ ᠠᠪᠬᠤ ᠪᠠᠷ ᠶᠠᠭᠠᠷᠠᠪᠠᠯ ᠂ ᠬᠠᠮᠤᠭ ᠤᠨ ᠰᠠᠶᠢᠨ ᠲᠠᠷᠢᠬᠤ ᠴᠠᠭ | ᠦᠶ᠎ᠡ ᠶᠢ ᠠᠯᠳᠠᠵᠤ ᠮᠡᠳᠡᠨ᠎ᠡ ᠃ | |