ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠠᠵᠤ ᠠᠬᠤᠶᠢᠯᠠᠯ ᠢ ᠬᠠᠪᠰᠤᠷᠤᠨ ᠠᠵᠢᠯ ᠣᠯᠭᠤᠬᠤ ᠬᠤᠣᠰ ᠠᠵᠢᠯᠯᠠᠭ᠎ᠠ ᠶᠢ ᠣᠨᠣᠪᠴᠢᠲᠠᠢ ᠨᠠᠶᠢᠳᠠᠪᠤᠷᠢᠵᠢᠭᠤᠯᠤᠭᠰᠠᠨ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠢᠳᠠᠪᠤᠷᠢᠲᠠᠨ ᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ​︱ ᠪᠦᠬᠦ ᠤᠯᠤᠰ ᠤᠨ ᠬᠤᠲᠠ ᠬᠠᠮᠲᠤᠷᠠᠨ ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠬᠦ ᠬᠠᠪᠤᠷ ᠤᠨ ᠤᠯᠠᠷᠢᠯ ᠤᠨ ᠲᠤᠰᠬᠠᠢ ᠠᠵᠢᠯᠯᠠᠭ᠎ᠠ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2025/3/11
      2025 ᠣᠨ ᠤ 3 ᠰᠠᠷ᠎ᠠ ᠶᠢᠨ 9 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠵᠡᠷᠭᠡ ᠣᠯᠠᠨ ᠰᠠᠯᠠᠭ᠎ᠠ ᠮᠥᠴᠢᠷ ᠬᠠᠮᠲᠤᠷᠠᠨ ᠡᠷᠬᠢᠯᠡᠭᠰᠡᠨ ︽ᠪᠦᠬᠦ ᠤᠯᠤᠰ ᠤᠨ ᠬᠤᠲᠠ ᠬᠠᠮᠲᠤᠷᠠᠨ ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠬᠦ ᠬᠠᠪᠤᠷ ᠤᠨ ᠤᠯᠠᠷᠢᠯ ᠤᠨ ᠲᠤᠰᠬᠠᠢ ᠲᠠᠯᠠᠪᠤᠷ ᠤᠨ ᠠᠵᠢᠯᠯᠠᠭ᠎ᠠ ᠵᠢᠴᠢ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠤᠰᠬᠠᠢ ᠲᠠᠯᠠᠪᠤᠷ ᠤᠨ ᠠᠵᠢᠯᠲᠠᠨ ᠡᠯᠰᠡᠬᠦ ᠬᠤᠷᠠᠯ︾ ᠠᠮᠵᠢᠯᠲᠠ ᠲᠠᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠠᠵᠢᠯᠯᠠᠭ᠎ᠠ ᠳᠤ ᠣᠷᠣᠯᠴᠠᠪᠠ᠃ ᠲᠤᠰ ᠤᠳᠠᠭᠠᠨ ᠤ ᠠᠵᠢᠯᠲᠠᠨ ᠡᠯᠰᠡᠬᠦ ᠬᠤᠷᠠᠯ ᠨᠢ ︽ᠤᠮᠠᠷᠠᠲᠤ ᠬᠢᠯᠢ ᠳᠤ ᠠᠵᠢᠯᠯᠠᠵᠤ ᠢᠷᠡᠭᠡᠳᠦᠢ ᠶᠢᠨ ᠠᠵᠢᠯ ᠢ ᠲᠠᠲᠠᠬᠤ︾ ᠪᠠᠷ ᠭᠤᠣᠯ ᠰᠡᠳᠦᠪ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠭᠤᠯᠢ ᠪᠠ ᠠᠵᠤ ᠠᠬᠤᠶᠢᠯᠠᠯ ᠤᠨ ᠨᠠᠷᠢᠯᠢᠭ ᠣᠨᠣᠴᠠᠲᠠᠢ ᠪᠠᠷ ᠵᠣᠯᠭᠠᠭᠤᠯᠬᠤ ᠲᠠᠪᠴᠠᠩ ᠢ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃ ᠪᠦᠷᠢᠳᠬᠡᠯ ᠢ ᠦᠨᠳᠦᠰᠦᠯᠡᠪᠡᠯ᠂ ᠲᠤᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠨᠡᠶᠢᠲᠡ 280 ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ 1.27 ᠲᠦᠮᠡᠨ ᠠᠵᠢᠯ ᠤᠨ ᠪᠠᠶᠢᠷᠢ ᠬᠠᠩᠭᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠨᠡᠶᠢᠲᠡ 1.1 ᠲᠦᠮᠡᠨ ᠬᠥᠮᠦᠨ ᠤᠳᠠᠭ᠎ᠠ ᠣᠷᠣᠯᠴᠠᠵᠤ᠂ 5759 ᠬᠥᠮᠦᠨ ᠤᠳᠠᠭ᠎ᠠ ᠠᠵᠢᠯ ᠣᠯᠬᠤ ᠰᠠᠨᠠᠮᠵᠢ ᠲᠠᠢ ᠪᠣᠯᠪᠠ᠃
图片1.png
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ︽ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ︾ ᠪᠠ ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ︾ ᠶᠢᠨ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ ᠤᠨ ᠴᠢᠨᠠᠷ ᠰᠠᠶᠢᠲᠠᠢ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠲᠠᠷᠢᠶᠠᠯᠠᠩ ᠤᠨ ᠳᠠᠭᠠᠭᠤᠯᠤᠭᠴᠢ ᠠᠵᠤ ᠠᠬᠤᠶᠢᠯᠠᠯ᠂ ᠬᠤᠷᠰᠢᠶ᠎ᠠ ᠵᠢᠴᠢ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠭᠤᠣᠯᠳᠠᠯᠭ᠎ᠠ ᠲᠠᠢ ᠵᠣᠬᠢᠶᠠᠨ ᠪᠠᠶᠢᠭᠤᠯᠵᠤ ᠪᠠᠶᠢᠭᠠᠳ ᠠᠵᠢᠯᠲᠠᠨ ᠡᠯᠰᠡᠬᠦ ᠳᠤ ᠣᠷᠣᠯᠴᠠᠭᠤᠯᠵᠤ᠂ ᠲᠠᠷᠢᠬᠤ ᠮᠡᠷᠭᠡᠵᠢᠯ᠂ ᠮᠠᠯ ᠠᠵᠤ ᠠᠬᠤᠢ ᠮᠠᠯ ᠡᠮᠨᠡᠯᠭᠡ᠂ ᠤᠶᠤᠨᠴᠢ ᠲᠠᠷᠢᠶᠠᠯᠠᠩ ᠵᠡᠷᠭᠡ ᠬᠦᠷᠢᠶ᠎ᠡ ᠴᠠᠷᠠᠭᠠᠨ ᠳᠠᠬᠢ ᠠᠵᠢᠯ ᠤᠨ ᠪᠠᠶᠢᠷᠢ ᠶᠢ 1000 ᠭᠠᠷᠤᠢ ᠬᠠᠩᠭᠠᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠤ ᠲᠤᠰᠬᠠᠢ ᠠᠵᠢᠯ ᠤᠨ ᠪᠠᠶᠢᠷᠢ︾ ᠶᠢ ᠪᠠᠶᠢᠭᠤᠯᠵᠤ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠠᠵᠢᠯ ᠤᠨ ᠪᠠᠶᠢᠷᠢ ᠶᠢ ᠲᠣᠬᠢᠷᠠᠭᠤᠯᠬᠤ᠂ ᠠᠵᠢᠯ ᠣᠯᠭᠤᠯᠲᠠ ᠶᠢ ᠵᠢᠯᠣᠭᠤᠳᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠳᠡᠭᠡᠳᠦ ᠰᠤᠷᠭᠠᠭᠤᠯᠢ ᠲᠡᠭᠦᠰᠦᠭᠰᠡᠳ ᠢ ᠬᠥᠲᠥᠯᠥᠨ ᠵᠢᠯᠣᠭᠤᠳᠴᠤ ᠪᠠᠶᠢᠭᠠᠳ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ᠂ ᠬᠥᠳᠡᠭᠡ ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃      ᠲᠤᠰ ᠤᠳᠠᠭᠠᠨ ᠤ ᠠᠵᠢᠯᠯᠠᠭ᠎ᠠ  ᠨᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠴᠢᠬᠤᠯᠠ ᠦᠢᠯᠡᠳᠦᠯᠭᠡ ᠪᠣᠯᠤᠨ᠎ᠠ᠂ ᠵᠠᠰᠠᠭ ᠤᠨ ᠣᠷᠳᠣᠨ ᠪᠠ ᠰᠤᠷᠭᠠᠭᠤᠯᠢ ᠠᠵᠤ ᠠᠬᠤᠶᠢᠯᠠᠯ ᠬᠠᠮᠵᠢᠯᠴᠠᠨ ᠬᠦᠴᠦᠯᠡᠬᠦ ᠪᠠᠷ ᠳᠠᠮᠵᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠬᠢᠭᠡᠳ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠨᠢ ᠴᠢᠳᠠᠪᠤᠷᠢᠲᠠᠨ ᠤ ᠦᠢᠯᠡᠴᠢᠯᠡᠭᠡᠨ ᠤ ᠲᠣᠭᠲᠠᠴᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠮᠡᠷᠭᠡᠵᠢᠯ ᠤᠨ ᠬᠦᠰᠡᠯᠡᠩ ᠢᠶᠠᠨ ᠪᠡᠶᠡᠯᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠳᠤ ᠨᠡᠩ ᠥᠷᠭᠡᠨ ᠠᠭᠤᠳᠠᠮ ᠲᠠᠪᠴᠠᠩ ᠢ ᠪᠠᠶᠢᠭᠤᠯᠵᠤ ᠥᠭᠬᠦ ᠪᠣᠯᠤᠨ᠎ᠠ︕
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号