ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠮᠧᠩ ᠨᠦᠩ ᠴᠤᠸᠠᠩ︾ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ 110 ᠠᠵᠢᠯ ᠤᠨ ᠪᠠᠶᠢᠷᠢᠯᠠᠭᠤᠯᠤᠯᠲᠠ ᠵᠢᠴᠢ ᠲᠠᠷᠢᠶᠠᠯᠠᠩ ᠤᠨ ᠭᠠᠳᠠᠨ᠎ᠠ ᠠᠴᠠ ᠣᠷᠣᠵᠤ ᠢᠷᠡᠭᠰᠡᠨ ᠳᠦᠷᠰᠦ ᠶᠢᠨ ᠰᠡᠷᠭᠡᠶᠢᠯᠡᠨ ᠡᠵᠡᠮᠳᠡᠬᠦ ᠠᠵᠢᠯ ᠤᠨ ᠪᠣᠯᠪᠠᠰᠤᠷᠠᠯ ᠤᠨ ᠠᠩᠭᠢ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2025/3/11
      3 ᠰᠠᠷ᠎ᠠ ᠶᠢᠨ 10 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠮᠧᠩ ᠨᠦᠩ ᠴᠤᠸᠠᠩ︾ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ 110 ᠠᠵᠢᠯ ᠤᠨ ᠪᠠᠶᠢᠷᠢᠯᠠᠭᠤᠯᠤᠯᠲᠠ ᠵᠢᠴᠢ ᠲᠠᠷᠢᠶᠠᠯᠠᠩ ᠤᠨ ᠭᠠᠳᠠᠨ᠎ᠠ ᠠᠴᠠ ᠣᠷᠣᠵᠤ ᠢᠷᠡᠭᠰᠡᠨ ᠳᠦᠷᠰᠦ ᠶᠢᠨ ᠰᠡᠷᠭᠡᠶᠢᠯᠡᠨ ᠡᠵᠡᠮᠳᠡᠬᠦ ᠠᠵᠢᠯ ᠤᠨ ᠪᠣᠯᠪᠠᠰᠤᠷᠠᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠧᠩ ᠹᠧᠩ ᠵᠥᠩ ᠪᠣᠯᠪᠠᠰᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠠᠵᠠᠷ ᠤᠨ ᠳᠠᠷᠤᠭ᠎ᠠ ᠭᠦᠸᠧ ᠰᠢᠶᠣᠤ ᠯᠢᠨ ᠬᠤᠷᠠᠯ ᠢ ᠡᠷᠬᠢᠯᠡᠪᠡ᠃
1.png
      ᠪᠣᠯᠪᠠᠰᠤᠷᠠᠯ ᠤᠨ ᠬᠤᠷᠠᠯ ᠳᠡᠭᠡᠷ᠎ᠡ ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠥᠪᠥᠷ ᠮᠣᠩᠭᠤᠯ ᠤᠨ ᠬᠤᠪᠢᠶᠠᠷᠢ ᠺᠣᠮᠫᠠᠨᠢ ᠶᠢ ᠤᠷᠢᠵᠤ ᠶᠦᠨ ᠺᠧ ᠦᠢᠯᠡᠴᠢᠯᠡᠭᠡᠨ ᠤ ᠰᠢᠰᠲ᠋ᠧᠮ ᠤᠨ ᠬᠡᠷᠡᠭᠯᠡᠭᠡᠨ ᠤ ᠶᠠᠪᠤᠴᠠ ᠶᠢᠨ ᠴᠢᠳᠠᠮᠵᠢ ᠶᠢᠨ ᠵᠠᠳᠠᠯᠤᠯᠲᠠ᠂ ᠪᠠᠷᠢᠮᠵᠢᠶᠠᠵᠢᠭᠰᠠᠨ ᠦᠢᠯᠡᠴᠢᠯᠡᠭᠡᠨ ᠤ ᠦᠭᠡ ᠬᠡᠯᠡᠬᠦ ᠮᠡᠷᠭᠡᠵᠢᠯ ᠬᠢᠭᠡᠳ ᠨᠡᠪᠲᠡᠷᠡᠯᠴᠡᠬᠦ ᠮᠡᠷᠭᠡᠵᠢᠯ ᠵᠡᠷᠭᠡ ᠲᠠᠯ᠎ᠠ ᠪᠠᠷ ᠬᠢᠴᠢᠶᠡᠯᠯᠡᠭᠦᠯᠪᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠤᠨ ᠳᠡᠳ᠋ ᠰᠠᠯᠠᠭᠠᠨ ᠳᠠᠷᠤᠭ᠎ᠠ ᠪᠦᠦ ᠬᠠᠨ ︽ᠥᠪᠥᠷ ᠮᠣᠩᠭᠤᠯ ᠤᠨ ᠲᠠᠷᠢᠶᠠᠯᠠᠩ ᠤᠨ ᠭᠠᠳᠠᠨ᠎ᠠ ᠠᠴᠠ ᠣᠷᠣᠵᠤ ᠢᠷᠡᠭᠰᠡᠨ ᠳᠦᠷᠰᠦ ᠶᠢ ᠰᠡᠷᠭᠡᠶᠢᠯᠡᠬᠦ ᠪᠠ ᠠᠷᠭᠠᠴᠠᠭᠠᠬᠤ︾ ᠲᠤᠰᠬᠠᠢ ᠰᠡᠳᠦᠪᠲᠦ ᠬᠢᠴᠢᠶᠡᠯ ᠢ ᠲᠠᠶᠢᠯᠪᠤᠷᠢᠯᠠᠪᠠ᠃ 12 ᠠᠶᠢᠮᠠᠭ ᠬᠤᠲᠠ ᠶᠢᠨ ︽96326︾ ᠲᠠᠷᠢᠶᠠᠯᠠᠩ ᠮᠠᠯ ᠠᠵᠤ ᠠᠬᠤᠢ ᠶᠢᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠵᠠᠯᠭᠠᠭᠴᠢ ︽ᠮᠧᠩ ᠨᠦᠩ ᠴᠤᠸᠠᠩ︾ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ 110 ᠤᠲᠠᠰᠤ ᠵᠠᠯᠭᠠᠬᠤ ᠠᠵᠢᠯ ᠢ ᠬᠡᠷᠬᠢᠨ ᠰᠠᠶᠢᠲᠤᠷ ᠬᠢᠬᠦ ᠲᠤᠬᠠᠢ ᠳᠡᠰ ᠳᠠᠷᠠᠭᠠᠯᠠᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃
2.png
      ᠬᠤᠷᠠᠯ ᠠᠴᠠ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠷ ︽ᠮᠧᠩ ᠨᠦᠩ ᠴᠤᠸᠠᠩ︾ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ 110 ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ︽ᠠᠰᠠᠭᠤᠯᠲᠠ ᠪᠠᠶᠢᠪᠠᠯ ᠵᠠᠪᠠᠯ ᠬᠠᠷᠢᠭᠤᠯᠬᠤ᠂ ᠪᠠᠴᠢᠮ ᠪᠠᠶᠢᠪᠠᠯ ᠵᠠᠪᠠᠯ ᠠᠪᠤᠷᠠᠬᠤ᠂ ᠲᠦᠷᠭᠡᠨ ᠪᠥᠭᠡᠳ ᠴᠠᠭ ᠲᠤᠬᠠᠢ ᠳᠤᠨᠢ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ︾ ᠣᠨᠣᠯᠵᠢᠬᠤᠨ ᠢ ᠪᠠᠷᠢᠮᠲᠠᠯᠠᠵᠤ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ 110 ᠦᠢᠯᠡᠴᠢᠯᠡᠭᠡᠨ ᠤ ᠲᠤᠰᠬᠠᠢ ᠬᠤᠷᠰᠢᠶ᠎ᠠ ᠶᠢᠨ ᠲᠠᠷᠢᠵᠤ ᠲᠡᠵᠢᠭᠡᠨ ᠦᠷᠡᠵᠢᠭᠦᠯᠬᠦ ᠡᠷᠦᠬᠡ︾ ᠵᠡᠷᠭᠡ ᠵᠠᠭᠪᠤᠷ ᠢᠶᠠᠷ ᠳᠠᠮᠵᠢᠭᠤᠯᠤᠨ᠂ ᠤᠲᠠᠰᠤ ᠪᠠᠷ ᠠᠰᠠᠭᠤᠨ ᠯᠠᠪᠯᠠᠬᠤ᠂ ᠸᠢᠴᠠᠲ ᠬᠠᠷᠢᠯᠴᠠᠨ ᠬᠥᠳᠡᠯᠦᠯᠴᠡᠬᠦ᠂ ᠠᠯᠤᠰ ᠠᠴᠠ ᠣᠨᠣᠰᠢᠯᠠᠬᠤ᠂ ᠰᠦᠯᠵᠢᠶᠡᠨ ᠳᠡᠭᠡᠷ᠎ᠡ ᠰᠡᠵᠢᠭ ᠢ ᠨᠢ ᠬᠠᠷᠢᠭᠤᠯᠬᠤ᠂ ᠸᠢᠳᠢᠤ᠋ ᠪᠠᠷ ᠤᠬᠠᠭᠤᠯᠤᠨ ᠲᠠᠶᠢᠯᠪᠤᠷᠢᠯᠠᠬᠤ᠂ ᠮᠡᠳᠡᠭᠡ ᠵᠠᠩᠭᠢ ᠬᠦᠷᠭᠡᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠯᠪᠠᠰᠤᠷᠠᠯ ᠬᠢᠬᠦ᠂ ᠲᠤᠬᠠᠢ ᠶᠢᠨ ᠭᠠᠵᠠᠷ ᠲᠤᠨᠢ ᠵᠢᠯᠣᠭᠤᠳᠬᠤ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠤᠭᠰᠠᠨ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠢ ᠰᠢᠭᠤᠳ ᠡᠷᠦᠬᠡ ᠳᠤ ᠬᠦᠷᠭᠡᠬᠦ᠂ ᠰᠠᠶᠢᠨ ᠦᠷ᠎ᠡ ᠰᠠᠶᠢᠨ ᠠᠷᠭ᠎ᠠ ᠶᠢ ᠰᠢᠭᠤᠳ ᠲᠠᠷᠢᠶᠠᠨ ᠳᠤ ᠣᠷᠣᠭᠤᠯᠬᠤ᠂ ᠮᠡᠷᠭᠡᠵᠢᠯ ᠤᠨ ᠭᠤᠣᠯᠳᠠᠯᠭ᠎ᠠ ᠶᠢ ᠰᠢᠭᠤᠳ ᠬᠦᠮᠦᠨ ᠳᠤ ᠬᠦᠷᠭᠡᠬᠦ ᠶᠢ ᠪᠡᠶᠡᠯᠡᠭᠦᠯᠵᠦ᠂ ᠰᠢᠨ᠎ᠡ ᠲᠥᠷᠥᠯ ᠵᠦᠢᠯ᠂ ᠰᠢᠨ᠎ᠡ ᠮᠡᠷᠭᠡᠵᠢᠯ᠂ ᠰᠢᠨ᠎ᠡ ᠵᠠᠭᠪᠤᠷ ᠢ ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠦᠢᠯᠡᠳᠦᠯᠭᠡ ᠶᠢᠨ ᠲᠤᠷᠰᠢᠯᠭ᠎ᠠ ᠪᠠ ᠪᠣᠳᠠᠲᠤ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠡᠭᠦᠨ ᠤ ᠬᠠᠮᠲᠤ᠂ ᠡᠯ᠎ᠡ ᠭᠠᠵᠠᠷ ᠤᠨ ᠬᠢᠨ ᠭᠠᠳᠠᠨ᠎ᠠ ᠠᠴᠠ ᠣᠷᠣᠵᠤ ᠢᠷᠡᠭᠰᠡᠨ ᠳᠦᠷᠰᠦ ᠶᠢ ᠰᠡᠷᠭᠡᠶᠢᠯᠡᠨ ᠡᠵᠡᠮᠳᠡᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠳᠡᠮ ᠤᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠷ᠎ᠡ ᠪᠦᠲᠦᠭᠡᠯ ᠢ ᠭᠦᠢᠴᠡᠳ ᠠᠭᠤᠳᠠᠯᠤᠨ ᠬᠡᠷᠡᠭᠯᠡᠵᠦ᠂ ᠭᠠᠳᠠᠨ᠎ᠠ ᠠᠴᠠ ᠣᠷᠣᠵᠤ ᠢᠷᠡᠭᠰᠡᠨ ᠳᠦᠷᠰᠦ ᠶᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠠᠵᠠᠷ ᠤᠨ ᠬᠠᠷᠢᠭᠤᠴᠠᠯᠭᠠᠲᠠᠨ ᠵᠢᠴᠢ ᠬᠠᠮᠢᠶ᠎ᠠ ᠪᠦᠬᠦᠢ ᠬᠥᠮᠦᠰ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ ᠳᠡᠳ᠋ ᠡᠷᠬᠢᠯᠡᠭᠴᠢ ᠵᠢᠴᠢ ᠬᠠᠮᠢᠶ᠎ᠠ ᠪᠦᠬᠦᠢ ᠭᠠᠵᠠᠷ ᠲᠠᠰᠤᠭ ᠤᠨ ᠬᠠᠷᠢᠭᠤᠴᠠᠯᠭᠠᠲᠠᠨ᠂ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠯᠠᠭᠠᠨ ᠤ ᠬᠠᠷᠢᠭᠤᠴᠠᠯᠭᠠᠲᠠᠨ ᠵᠢᠴᠢ ᠦᠢᠯᠡᠴᠢᠯᠡᠭᠡᠨ ᠤ ᠬᠠᠯᠠᠮᠰᠢᠯ ᠤᠲᠠᠰᠤᠨ ᠤ ᠵᠠᠯᠭᠠᠭᠴᠢ ᠲᠤᠰ ᠤᠳᠠᠭᠠᠨ ᠤ ᠪᠣᠯᠪᠠᠰᠤᠷᠠᠯ ᠳᠤ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号