3 ᠰᠠᠷ᠎ᠠ ᠶᠢᠨ 11 ᠤ ᠡᠳᠦᠷ᠂ ᠳ᠋ᠠᠶᠢᠲ᠋ᠠ ᠪᠠᠷ ᠢᠷᠡᠭᠡᠳᠦᠢ ᠶᠢᠨ ᠬᠥᠳᠡᠯᠭᠡᠭᠦᠷ ᠪᠣᠯᠭᠠᠬᠤ᠄ DeepSeek | ᠣᠶᠤᠨᠲᠤ ᠪᠠᠭᠠᠵᠢ ᠶᠢᠨ ᠦᠢᠯᠡᠳᠦᠯᠭᠡ ᠪᠠ ᠬᠡᠷᠡᠭᠯᠡᠭᠡᠨ ᠤ ᠪᠣᠯᠪᠠᠰᠤᠷᠠᠯ ᠤᠨ ᠠᠩᠭᠢ ᠶᠢ ᠬᠥᠬᠡᠬᠤᠲᠠ ᠳᠤ ᠡᠷᠬᠢᠯᠡᠪᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ ᠤᠨ ᠵᠠᠬ᠎ᠠ ᠳᠡᠯᠭᠡᠭᠦᠷ ᠬᠢᠭᠡᠳ ᠭᠠᠳᠠᠭᠠᠳᠤ ᠬᠠᠮᠲᠤᠷᠠᠯᠴᠠᠭᠠᠨ ᠤ ᠭᠠᠵᠠᠷ᠂ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠦᠢᠯᠡᠴᠢᠯᠡᠭᠡᠨ ᠤ | ᠲᠥᠪ ᠤᠨ ᠬᠠᠮᠢᠶ᠎ᠠ ᠪᠦᠬᠦᠢ ᠬᠥᠮᠥᠰ ᠲᠣᠰ ᠪᠣᠯᠪᠠᠰᠤᠷᠠᠯ ᠳᠤ ᠣᠷᠣᠯᠴᠠᠵᠠᠢ᠃ | | | | | | DeepSeek ᠨᠢ ᠬᠡᠷᠡᠭᠯᠡᠭᠴᠢᠳ ᠲᠤ ᠰᠢᠭᠤᠳ ᠬᠠᠨᠳᠤᠭᠤᠯᠤᠭᠰᠠᠨ ᠪᠤᠶᠤ ᠨᠡᠭᠡᠭᠡᠨ | ᠬᠥᠭᠵᠢᠭᠦᠯᠦᠭᠴᠢ ᠶᠢ ᠳᠡᠮᠵᠢᠭᠰᠡᠨ ᠤ ᠬᠤᠪᠢ ᠳᠤ᠂ ᠣᠶᠤᠨᠴᠢ ᠶᠠᠷᠢᠯᠴᠠᠭ᠎ᠠ᠂ ᠲᠧᠺᠰᠲ ᠡᠭᠦᠰᠬᠡᠬᠦ᠂ ᠦᠭᠡ ᠶᠢᠨ | ᠤᠳᠬ᠎ᠠ ᠶᠢᠨ ᠣᠶᠢᠯᠠᠭᠠᠯᠲᠠ᠂ ᠪᠣᠳᠣᠯᠭ᠎ᠠ ᠶᠢᠨ ᠮᠥᠷᠳᠡᠯᠭᠡ᠂ ᠣᠷᠣᠯᠠᠯ ᠺᠣᠳ᠋ ᠤᠨ ᠡᠭᠦᠰᠦᠯᠲᠡ ᠶᠢ ᠨᠥᠬᠦᠪᠦᠷᠢᠯᠡᠬᠦ | ᠵᠡᠷᠭᠡ ᠬᠡᠷᠡᠭᠯᠡᠭᠡᠨ ᠤ ᠦᠵᠡᠭᠳᠡᠯ ᠢ ᠬᠠᠩᠭᠠᠵᠤ᠂ ᠰᠦᠯᠵᠢᠶ᠎ᠡ ᠪᠠᠷ ᠡᠷᠢᠬᠦ ᠪᠠ ᠭᠦᠨᠵᠡᠭᠡᠢ ᠰᠡᠳᠬᠢᠬᠦ ᠵᠠᠭᠪᠤᠷ ᠢ | ᠳᠡᠮᠵᠢᠬᠦ ᠶᠢᠨ ᠬᠠᠮᠲᠤ ᠪᠢᠴᠢᠭ ᠮᠠᠲ᠋ᠧᠷᠢᠶᠠᠯ ᠢ ᠳᠡᠭᠡᠭᠰᠢ ᠳᠠᠮᠵᠢᠭᠤᠯᠬᠤ ᠶᠢ ᠳᠡᠮᠵᠢᠵᠦ᠂ ᠡᠯ᠎ᠡ ᠲᠥᠷᠥᠯ ᠤᠨ ᠪᠢᠴᠢᠭ | ᠮᠠᠲ᠋ᠧᠷᠢᠶᠠᠯ ᠵᠢᠴᠢ ᠵᠢᠷᠤᠭ ᠲᠠᠬᠢ ᠥᠰᠥᠭ ᠪᠢᠴᠢᠭ ᠤᠨ ᠠᠭᠤᠯᠭ᠎ᠠ ᠶᠢ ᠰᠢᠷᠪᠢᠵᠦ ᠤᠩᠰᠢᠵᠤ ᠲᠠᠶᠢᠯᠤᠨ᠎ᠠ᠃ | ᠣᠳᠣᠬᠠᠨ ᠳᠤ AI ᠬᠥᠭᠵᠢᠯᠲᠡ ᠨᠢ ᠨᠢᠭᠡᠨᠲᠡ ᠡᠳᠦᠷ ᠲᠤᠳᠤᠮ ᠤᠨ ᠦᠢᠯᠡᠳᠪᠦᠷᠢᠯᠡᠯ ᠠᠮᠢᠳᠤᠷᠠᠯ ᠳᠤ ᠠᠯᠬᠤᠮ | ᠠᠯᠬᠤᠮ ᠢᠶᠠᠷ ᠭᠦᠨᠵᠡᠭᠡᠶᠢᠷᠡᠵᠦ᠂ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠠᠵᠤ ᠦᠢᠯᠡᠰ ᠤᠨ | ᠰᠢᠨ᠎ᠡ ᠶᠢ ᠡᠭᠦᠳᠬᠦ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ | ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠬᠤᠯᠪᠣᠭᠳᠠᠯ ᠪᠦᠬᠦᠢ ᠬᠥᠮᠥᠰ DeepSeek ᠨᠠᠩ | ᠥᠨᠳᠥᠷ ᠪᠦᠲᠦᠮᠵᠢᠲᠡᠶ ᠪᠠᠷ ᠬᠡᠷᠡᠭᠯᠡᠨ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠤᠬᠠᠭᠤᠯᠭ᠎ᠠ ᠪᠠ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ | ᠨᠠᠷᠠᠲᠤ ᠲᠥᠷᠥᠯ ᠲᠡᠮᠳᠡᠭᠲᠦ ᠶᠢᠨ ᠵᠢᠭᠰᠠᠭᠠᠯ ᠢ ᠪᠥᠬᠦ ᠲᠠᠯ᠎ᠠ ᠪᠠᠷ ᠪᠠᠶᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ | ᠨᠠᠷᠠᠲᠤ ᠲᠥᠷᠥᠯ ᠲᠡᠮᠳᠡᠭᠲᠦ ᠶᠢᠨ ᠭᠠᠳᠠᠭᠰᠢ ᠭᠠᠷᠬᠤ ᠶᠢ ᠲᠦᠯᠬᠢᠨ ᠠᠬᠢᠭᠤᠯᠵᠤ ᠪᠣᠯᠣᠨ᠎ᠠ᠃ |