ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠠᠴᠠ 2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠵᠢᠴᠢ ᠱᠠᠲᠤ ᠦᠶ᠎ᠡ ᠶᠢᠨ ᠰᠢᠯᠭᠠᠨ ᠠᠪᠬᠤ ᠮᠡᠷᠭᠡᠵᠢᠯ ᠤᠨ ᠪᠣᠯᠪᠠᠰᠤᠷᠠᠯ ᠤᠨ ᠠᠩᠭᠢ ︵ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠵᠢᠯ ᠤᠨ ᠬᠥᠳᠡᠯᠦᠩᠭᠦᠢ 2025 ᠶᠢᠨ 5 ᠳ᠋ᠤᠭᠠᠷ ᠬᠤᠭᠤᠴᠠᠭ᠎ᠠ︶ ᠶᠢ ᠵᠣᠬᠢᠶᠠᠨ ᠪᠠᠶᠢᠭᠤᠯᠤᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/12
      ᠮᠠᠨ ᠤ ᠣᠷᠣᠨ ᠤ ᠳᠣᠲᠣᠷᠠᠬᠢ ᠠᠵᠢᠯ ᠤᠨ ᠬᠡᠮᠵᠢᠨ ᠰᠢᠯᠭᠠᠯᠲᠠ ᠶᠢᠨ ᠱᠠᠲᠤ ᠦᠶ᠎ᠡ ᠶᠢᠨ ᠰᠢᠯᠭᠠᠨ ᠠᠪᠬᠤ ᠠᠵᠢᠯ ᠢ ᠤᠯᠠᠮ ᠨᠢᠭᠡ ᠠᠯᠬᠤᠮ ᠥᠨᠳᠥᠷ ᠪᠦᠲᠦᠮᠵᠢᠲᠡᠢ ᠠᠬᠢᠭᠤᠯᠵᠤ᠂ ᠳᠣᠲᠣᠭᠠᠳᠤ ᠠᠵᠢᠯ ᠤᠨ ᠬᠡᠮᠵᠢᠨ ᠰᠢᠯᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠲᠤᠯᠠᠨ᠂ ᠦᠷ᠎ᠡ ᠪᠦᠲᠦᠭᠡᠯ ᠢ ᠬᠤᠷᠢᠶᠠᠩᠭᠤᠶᠢᠯᠠᠬᠤ ᠱᠠᠲᠤ ᠦᠶ᠎ᠡ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠨᠠᠶᠢᠳᠠᠪᠤᠷᠢᠲᠠᠢ ᠪᠠᠶᠢᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ 3 ᠰᠠᠷ᠎ᠠ ᠶᠢᠨ 5 ᠤ ᠡᠳᠦᠷ ᠠᠴᠠ 6 ᠤ ᠡᠳᠦᠷ ᠪᠣᠯᠲᠠᠯ᠎ᠠ᠂ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ︵ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠭᠡᠵᠦ ᠳᠦᠭᠦᠮᠴᠢᠯᠡᠨ᠎ᠡ︶ ᠠᠴᠠ 2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠬᠤᠷᠢᠶᠠᠩᠭᠤᠶᠢᠯᠠᠬᠤ ᠵᠢᠴᠢ ᠰᠢᠯᠭᠠᠨ ᠠᠪᠬᠤ ᠰᠢᠷᠢᠰ ᠪᠣᠯᠪᠠᠰᠤᠷᠠᠯ ᠤᠨ ᠬᠤᠷᠠᠯ ᠤᠨ ᠨᠢᠭᠡᠳᠦᠭᠡᠷ ᠬᠤᠭᠤᠴᠠᠭ᠎ᠠ ︵ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠵᠢᠴᠢ ᠱᠠᠲᠤ ᠦᠶ᠎ᠡ ᠶᠢᠨ ᠰᠢᠯᠭᠠᠨ ᠠᠪᠬᠤ ᠮᠡᠷᠭᠡᠵᠢᠯ ᠤᠨ ᠪᠣᠯᠪᠠᠰᠤᠷᠠᠯ ᠤᠨ ᠠᠩᠭᠢ︶ ᠶᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠵᠢᠯ ᠤᠨ ᠠᠯᠪᠠᠨ ᠭᠡᠷ ᠤᠨ ᠳᠡᠳ᠋ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ ᠨᠠᠮ ᠤᠨ ᠬᠤᠷᠢᠶ᠎ᠠ ᠶᠢᠨ ᠱᠦᠵᠢ᠂ ᠡᠷᠬᠢᠯᠡᠭᠴᠢ ᠬᠣ᠋ ᠶᠢᠦ ᠯᠢᠨ ᠪᠣᠯᠪᠠᠰᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠲᠤᠰᠬᠠᠢ ᠠᠩᠭᠢ ᠶᠢᠨ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ ᠬᠥᠷᠥᠰᠥ ᠰᠢᠷᠣᠢ ᠶᠢᠨ ᠪᠣᠷᠳᠣᠭᠤᠷ ᠪᠠ ᠤᠰᠤ ᠠᠷᠪᠢᠯᠠᠬᠤ ᠲᠠᠷᠢᠶᠠᠯᠠᠩ ᠤᠨ ᠮᠡᠷᠭᠡᠵᠢᠯ ᠤᠨ ᠭᠠᠵᠠᠷ ᠤᠨ ᠳᠠᠷᠤᠭ᠎ᠠ ᠭᠤᠤ ᠹᠠᠨ ᠱᠧᠨ ᠪᠣᠯᠪᠠᠰᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠲᠤᠰᠬᠠᠢ ᠠᠩᠭᠢ ᠶᠢᠨ ᠠᠵᠢᠯᠲᠠᠨ᠂ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠠᠵᠢᠯ ᠢ ᠰᠢᠯᠭᠠᠨ ᠠᠪᠬᠤ ᠲᠤᠰᠬᠠᠢ ᠮᠡᠷᠭᠡᠵᠢᠯᠲᠡᠨ᠂ 12 ᠠᠶᠢᠮᠠᠭ ᠬᠤᠲᠠ ᠶᠢᠨ ᠮᠡᠷᠭᠡᠵᠢᠯ ᠤᠨ ᠬᠠᠷᠢᠭᠤᠴᠠᠯᠭᠠᠲᠠᠨ ᠪᠠ 98 ᠬᠤᠰᠢᠭᠤ ᠰᠢᠶᠠᠨ ᠤ ᠮᠡᠷᠭᠡᠵᠢᠯᠲᠡᠨ ᠨᠡᠶᠢᠲᠡ 310 ᠭᠠᠷᠤᠢ ᠬᠥᠮᠦᠨ ᠬᠤᠷᠠᠯ ᠳᠤ ᠣᠷᠣᠯᠴᠠᠵᠠᠢ᠃ ᠡᠭᠦᠨ ᠳᠤ ᠰᠦᠯᠵᠢᠶᠡᠨ ᠭᠠᠳᠠᠨᠠᠬᠢ ᠬᠤᠷᠠᠯ ᠳᠤ ᠣᠷᠣᠯᠴᠠᠭᠰᠠᠨ ᠬᠥᠮᠦᠨ 50 ᠪᠠᠶᠢᠵᠤ᠂ ᠰᠦᠯᠵᠢᠶᠡᠨ ᠳᠡᠭᠡᠷᠡᠬᠢ ᠬᠤᠷᠠᠯ ᠳᠤ 260 ᠭᠠᠷᠤᠢ ᠬᠥᠮᠦᠨ ᠣᠷᠣᠯᠴᠠᠵᠠᠢ᠃ ᠪᠣᠯᠪᠠᠰᠤᠷᠠᠯ ᠤᠨ ᠭᠤᠣᠯ ᠬᠤᠷᠠᠯ ᠤᠨ ᠲᠠᠯᠠᠪᠠᠢ ᠶᠢ ᠬᠥᠬᠡᠬᠤᠲᠠ ᠳᠤ ᠪᠠᠶᠢᠷᠢᠯᠠᠭᠤᠯᠵᠤ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ᠳᠤ ᠬᠤᠪᠢᠶᠠᠷᠢ ᠬᠤᠷᠠᠯ ᠤᠨ ᠲᠠᠯᠠᠪᠠᠢ ᠳᠣᠭᠢᠷᠠᠭᠤᠯᠪᠠ᠃ 
图片1.png
       ᠡᠷᠬᠢᠯᠡᠭᠴᠢ ᠬᠣ᠋ ᠶᠢᠦ ᠯᠢᠨ ᠠᠴᠠ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ ᠳᠣᠲᠣᠭᠠᠳᠤ ᠠᠵᠢᠯ ᠢ ᠰᠢᠯᠭᠠᠨ ᠠᠪᠬᠤ᠂ ᠦᠷ᠎ᠡ ᠪᠦᠲᠦᠭᠡᠯ ᠢ ᠬᠤᠷᠢᠶᠠᠩᠭᠤᠶᠢᠯᠠᠬᠤ᠂ ᠲᠤᠭ᠎ᠠ ᠪᠠᠷᠢᠮᠲᠠ ᠶᠢᠨ ᠨᠢᠭᠤᠴᠠ ᠶᠢ ᠬᠠᠮᠠᠭᠠᠯᠠᠬᠤ ᠵᠡᠷᠭᠡ ᠳᠥᠷᠪᠡᠨ ᠲᠠᠯ᠎ᠠ ᠶᠢᠨ ᠠᠵᠢᠯ ᠢ ᠴᠢᠬᠤᠯᠠᠴᠢᠯᠠᠭᠰᠠᠨ ᠤ ᠬᠠᠮᠲᠤ ᠠᠶᠢᠮᠠᠭ ᠬᠤᠲᠠ ᠬᠤᠰᠢᠭᠤ ᠰᠢᠶᠠᠨ᠂ ᠰᠢᠯᠭᠠᠨ ᠠᠪᠬᠤ ᠲᠤᠰᠬᠠᠢ ᠮᠡᠷᠭᠡᠵᠢᠯᠲᠡᠨ᠂ ᠶᠠᠰᠤ ᠴᠢᠨᠠᠷ ᠤᠨ ᠡᠵᠡᠮᠳᠡᠯ ᠤᠨ ᠰᠢᠨᠵᠢᠯᠡᠨ ᠰᠢᠯᠭᠠᠬᠤ ᠲᠠᠰᠤᠭ ᠲᠤ ᠭᠤᠷᠪᠠᠨ ᠱᠠᠭᠠᠷᠳᠠᠯᠭ᠎ᠠ ᠳᠤᠷᠠᠳᠪᠠ᠂ ᠨᠢᠭᠡ ᠳᠤ ᠠᠶᠢᠮᠠᠭ ᠬᠤᠲᠠ ᠬᠤᠰᠢᠭᠤ ᠰᠢᠶᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠠᠶᠢᠮᠠᠭ ᠬᠤᠲᠠ ᠬᠤᠰᠢᠭᠤ ᠰᠢᠶᠠᠨ ᠤ ᠠᠵᠢᠯᠲᠠᠳ ᠬᠠᠮᠢᠶ᠎ᠠ ᠪᠦᠬᠦᠢ ᠮᠡᠷᠭᠡᠵᠢᠯ ᠤᠨ ᠠᠷᠭ᠎ᠠ ᠪᠠᠷᠢᠯ ᠢ ᠡᠵᠡᠮᠰᠢᠵᠦ᠂ ᠠᠵᠢᠯ ᠤᠨ ᠲᠥᠯᠥᠪᠯᠡᠭᠡ ᠲᠣᠭᠲᠠᠭᠠᠵᠤ᠂ ᠬᠠᠷᠠᠯᠲᠠ ᠶᠢᠨ ᠡᠭᠦᠷᠭᠡ ᠪᠠᠨ ᠲᠣᠳᠣᠷᠬᠠᠶᠢᠯᠠᠨ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠵᠢᠴᠢ ᠳᠣᠲᠣᠭᠠᠳᠤ ᠶᠢᠨ ᠠᠵᠢᠯ ᠤᠨ ᠱᠠᠲᠤ ᠦᠶ᠎ᠡ ᠶᠢᠨ ᠰᠢᠯᠭᠠᠨ ᠠᠪᠬᠤ ᠠᠵᠢᠯ ᠢ ᠴᠠᠭ ᠬᠤᠭᠤᠴᠠᠭ᠎ᠠ ᠶᠣᠰᠣᠭᠠᠷ ᠪᠡᠶᠡᠯᠡᠭᠦᠯᠬᠦ ᠬᠡᠷᠡᠭᠲᠡᠢ᠃ ᠬᠤᠶᠠᠷ ᠲᠤ ᠰᠢᠯᠭᠠᠨ ᠠᠪᠬᠤ ᠲᠤᠰᠬᠠᠢ ᠮᠡᠷᠭᠡᠵᠢᠯᠲᠡᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ ᠰᠢᠯᠭᠠᠨ ᠠᠪᠬᠤ ᠶᠠᠪᠤᠴᠠ ᠳᠤ ᠠᠵᠢᠯ ᠤᠨ ᠰᠠᠬᠢᠯᠭ᠎ᠠ ᠪᠠᠲᠤ ᠪᠠ ᠠᠷᠢᠭᠤᠨ ᠴᠢᠬᠡᠴᠢ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠬᠡᠯᠪᠡᠷᠢ ᠶᠢᠨ ᠦᠵᠡᠯ ᠪᠠ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠶᠢ ᠡᠷᠡᠰ ᠬᠤᠷᠢᠭᠯᠠᠬᠤ ᠬᠡᠷᠡᠭᠲᠡᠢ᠃ ᠭᠤᠷᠪᠠ ᠳᠤ ᠶᠠᠰᠤ ᠴᠢᠨᠠᠷ ᠤᠨ ᠡᠵᠡᠮᠳᠡᠯ ᠤᠨ ᠰᠢᠨᠵᠢᠯᠡᠨ ᠰᠢᠯᠭᠠᠬᠤ ᠲᠠᠰᠤᠭ ᠨᠢ ᠮᠡᠷᠭᠡᠵᠢᠯ ᠤᠨ ᠵᠢᠯᠣᠭᠤᠳᠣᠯᠭ᠎ᠠ ᠶᠢ ᠰᠠᠶᠢᠲᠤᠷ ᠬᠢᠬᠦ ᠬᠡᠷᠡᠭᠲᠡᠢ᠃ ᠶᠠᠰᠤ ᠴᠢᠨᠠᠷ ᠤᠨ ᠡᠵᠡᠮᠳᠡᠯ ᠤᠨ ᠰᠢᠨᠵᠢᠯᠡᠨ ᠰᠢᠯᠭᠠᠬᠤ ᠲᠠᠰᠤᠭ ᠤᠨ ᠬᠢᠨ ᠮᠡᠷᠭᠡᠵᠢᠯ ᠤᠨ ᠵᠢᠯᠣᠭᠤᠳᠣᠯᠭ᠎ᠠ ᠪᠠ ᠶᠠᠰᠤ ᠴᠢᠨᠠᠷ ᠤᠨ ᠡᠵᠡᠮᠳᠡᠯ ᠢ ᠦᠷᠭᠦᠯᠵᠢᠯᠡᠨ ᠥᠷᠨᠢᠭᠦᠯᠵᠦ᠂ ᠠᠰᠠᠭᠤᠳᠠᠯ ᠢ ᠣᠨᠣᠪᠴᠢᠲᠠᠢ ᠡᠷᠢᠵᠦ᠂ ᠰᠢᠯᠲᠠᠭᠠᠨ ᠢ ᠵᠠᠳᠠᠯᠵᠤ᠂ ᠲᠤᠭ᠎ᠠ ᠪᠠᠷᠢᠮᠲᠠ ᠶᠢ ᠰᠤᠳᠤᠯᠤᠨ ᠮᠠᠭᠠᠳᠯᠠᠵᠤ᠂ ᠲᠠᠬᠢᠨ ᠬᠡᠮᠵᠢᠭᠰᠡᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠲᠤᠯᠠᠬᠤ ᠬᠡᠷᠡᠭᠲᠡᠢ᠃
图片2.png
      ᠲᠤᠰ ᠤᠳᠠᠭᠠᠨ ᠤ ᠪᠣᠯᠪᠠᠰᠤᠷᠠᠯ ᠨᠢ ᠣᠨᠣᠯ ᠤᠨ ᠪᠣᠳᠠᠲᠤ ᠪᠣᠯᠪᠠᠰᠤᠷᠠᠯ ᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠪᠣᠯᠪᠠᠰᠤᠷᠠᠯ ᠤᠨ ᠠᠩᠭᠢ ᠳᠡᠭᠡᠷ᠎ᠡ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠫᠷᠤᠹᠧᠰᠰᠤᠷ ᡂᠢ ᠸᠧᠨ ᠹᠧᠩ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠬᠤᠵᠢᠷᠯᠢᠭ ᠭᠠᠵᠠᠷ ᠤᠨ ᠬᠥᠷᠥᠰᠥ ᠰᠢᠷᠣᠢ ᠶᠢᠨ ᠲᠤᠰᠬᠠᠢ ᠰᠡᠳᠦᠪᠲᠦ ᠪᠠᠶᠢᠴᠠᠭᠠᠯᠲᠠ ᠶᠢᠨ ᠦᠷ᠎ᠡ ᠪᠦᠲᠦᠭᠡᠯ ᠢ ᠬᠤᠷᠢᠶᠠᠩᠭᠤᠶᠢᠯᠠᠬᠤ ᠵᠢᠴᠢ ᠮᠡᠳᠡᠭᠦᠯᠦᠯᠲᠡ ᠨᠠᠶᠢᠷᠠᠭᠤᠯᠤᠨ ᠵᠣᠬᠢᠶᠠᠬᠤ ᠠᠭᠤᠯᠭ᠎ᠠ ᠶᠢ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠲᠤᠰᠬᠠᠢ ᠠᠩᠭᠢ ᠶᠢᠨ ᠰᠤᠳᠤᠯᠤᠭᠴᠢ ᠭᠤᠸ᠎ᠠ ᠪᠠ ᠪᠠᠢ ᠵᠢᠶᠠ ᠵᠢᠶᠦ᠋ᠨ᠂ ᠲᠠᠩ ᠬᠤᠩ ᠪᠦᠸᠧ ᠨᠥᠬᠦᠷ ᠲᠤᠰ ᠲᠤᠰ ᠳᠣᠲᠣᠭᠠᠳᠤ ᠶᠢᠨ ᠰᠢᠯᠭᠠᠨ ᠲᠤᠷᠰᠢᠬᠤ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠵᠢᠴᠢ ᠮᠡᠳᠡᠭᠦᠯᠦᠯᠲᠡ ᠨᠠᠶᠢᠷᠠᠭᠤᠯᠤᠨ ᠵᠣᠬᠢᠶᠠᠬᠤ᠂ ᠳᠣᠲᠣᠭᠠᠳᠤ ᠶᠢᠨ ᠠᠵᠢᠯ ᠤᠨ ᠰᠢᠯᠭᠠᠨ ᠬᠢᠨᠠᠬᠤ ᠱᠠᠲᠤ ᠦᠶ᠎ᠡ ᠶᠢᠨ ᠰᠢᠯᠭᠠᠨ ᠠᠪᠬᠤ ᠮᠡᠷᠭᠡᠵᠢᠯ ᠤᠨ ᠭᠤᠣᠯᠳᠠᠯᠭ᠎ᠠ᠂ ᠰᠢᠶᠠᠨ ᠤ ᠱᠠᠲᠤᠨ ᠤ ᠦᠷ᠎ᠡ ᠪᠦᠲᠦᠭᠡᠯ ᠢ ᠨᠠᠶᠢᠷᠠᠭᠤᠯᠤᠨ ᠵᠣᠬᠢᠶᠠᠬᠤ ᠲᠤᠭ᠎ᠠ ᠪᠠᠷᠢᠮᠲᠠ ᠶᠢᠨ ᠡᠮᠬᠢᠳᠬᠡᠯ ᠪᠠᠶᠢᠭᠤᠯᠬᠤ ᠲᠠᠯ᠎ᠠ ᠪᠠᠷ ᠨᠠᠷᠢᠨ ᠲᠠᠶᠢᠯᠤᠮᠵᠢ ᠬᠢᠵᠠᠢ᠂ ᠬᠤᠷᠠᠯ ᠳᠤ ᠣᠷᠣᠯᠴᠠᠭᠰᠠᠳ ᠪᠣᠯᠪᠠᠰᠤᠷᠠᠯ ᠤᠨ ᠠᠭᠤᠯᠭ᠎ᠠ ᠲᠠᠢ ᠤᠶᠠᠯᠳᠤᠭᠤᠯᠤᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠪᠠ ᠮᠡᠳᠡᠭᠦᠯᠦᠯᠲᠡ ᠨᠠᠶᠢᠷᠠᠭᠤᠯᠤᠨ ᠵᠣᠬᠢᠶᠠᠬᠤ ᠪᠣᠳᠠᠲᠠᠢ ᠪᠣᠯᠪᠠᠰᠤᠷᠠᠯ ᠬᠢᠪᠡ᠃      ᠲᠤᠰ ᠤᠳᠠᠭᠠᠨ ᠤ ᠪᠣᠯᠪᠠᠰᠤᠷᠠᠯ ᠨᠢ ᠡᠯ᠎ᠡ ᠭᠠᠵᠠᠷ ᠤᠨ ᠮᠡᠷᠭᠡᠵᠢᠯᠲᠡᠨ ᠤ ᠪᠠᠶᠢᠴᠠᠭᠠᠨ ᠰᠢᠯᠭᠠᠭᠰᠠᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠵᠢᠴᠢ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠳᠣᠲᠣᠭᠠᠳᠤ ᠠᠵᠢᠯ ᠤᠨ ᠱᠠᠲᠤᠨ ᠤ ᠰᠢᠯᠭᠠᠨ ᠠᠪᠬᠤ ᠮᠡᠷᠭᠡᠵᠢᠯ ᠤᠨ ᠪᠠᠷᠢᠮᠵᠢᠶ᠎ᠠ ᠶᠢ ᠲᠣᠳᠣᠷᠬᠠᠶᠢᠯᠠᠵᠤ᠂ ᠳᠣᠲᠣᠭᠠᠳᠤ ᠠᠵᠢᠯ ᠤᠨ ᠱᠠᠲᠤᠨ ᠤ ᠰᠢᠯᠭᠠᠨ ᠠᠪᠬᠤ ᠶᠢ ᠪᠦᠬᠦ ᠲᠠᠯ᠎ᠠ ᠪᠠᠷ ᠥᠷᠨᠢᠭᠦᠯᠬᠦ ᠳᠤ ᠪᠦᠲᠦᠮᠵᠢᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠳᠣᠲᠣᠭᠠᠳᠤ ᠶᠢᠨ ᠠᠵᠢᠯ ᠤᠨ ᠪᠠᠶᠢᠴᠠᠭᠠᠨ ᠰᠢᠯᠭᠠᠬᠤ ᠱᠠᠲᠤ ᠦᠶ᠎ᠡ ᠶᠢᠨ ᠰᠢᠯᠭᠠᠨ ᠠᠪᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠵᠢᠴᠢ ᠳᠣᠲᠣᠭᠠᠳᠤ ᠠᠵᠢᠯ ᠤᠨ ᠰᠢᠯᠭᠠᠨ ᠠᠪᠬᠤ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠦᠷ᠎ᠡ ᠪᠦᠲᠦᠭᠡᠯ ᠢ ᠬᠤᠷᠢᠶᠠᠩᠭᠤᠶᠢᠯᠠᠬᠤ ᠱᠠᠲᠤᠨ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ᠃      ᠢᠷᠡᠯᠲᠡ᠄ ᠥᠪᠥᠷ ᠮᠣᠩᠭᠤᠯ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ
 
ᠢᠷᠡᠯᠲᠡ᠄ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号