ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢ ᠰᠣᠩᠭᠤᠨ ᠲᠣᠭᠲᠠᠭᠠᠬᠤ ᠦᠢᠯᠡ | ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠢᠯᠡ᠂ ᠡᠷᠬᠡ ᠲᠡᠭᠰᠢ᠂ ᠲᠥᠪ ᠭᠤᠣᠯᠴᠢ ᠵᠠᠬ᠎ᠠ | ᠳᠡᠯᠭᠡᠭᠦᠷ ᠤᠨ ᠥᠷᠢᠰᠥᠯᠳᠦᠭᠡᠨ ᠤ ᠡᠮᠬᠢ ᠳᠢᠭᠯᠢᠮ ᠢ ᠪᠠᠶᠢᠭᠤᠯᠤᠨ ᠬᠠᠮᠠᠭᠠᠯᠠᠬᠤ ᠶᠢᠨ ᠲᠤᠰᠠᠳᠠ᠂ ᠰᠤᠳᠤᠯᠤᠨ | ᠲᠣᠭᠲᠠᠭᠠᠬᠤ ᠪᠠᠷ ᠳᠠᠮᠵᠢᠨ᠂ ᠡᠳᠦᠭᠡ ᠨᠡᠶᠢᠭᠡᠮ ᠨᠡᠶᠢᠲᠡ ᠳᠤ ᠢᠯᠡ ᠪᠠᠷ ᠠᠳᠠᠯᠢᠳᠬᠠᠨ ᠰᠣᠩᠭᠤᠬᠤ ᠬᠤᠳᠠᠯᠳᠤᠨ | ᠠᠪᠬᠤ ᠶᠢᠨ ᠣᠷᠣᠯᠠᠨ ᠭᠦᠢᠴᠡᠳᠬᠡᠬᠦ ᠪᠠᠶᠢᠭᠤᠯᠤᠮᠵᠢ ᠶᠢ ᠳᠣᠣᠷᠠᠬᠢ ᠮᠡᠲᠦ ᠵᠠᠷᠯᠠᠵᠤ ᠪᠠᠶᠢᠨ᠎ᠠ᠄ | ᠨᠢᠭᠡ᠂ ᠠᠳᠠᠯᠢᠳᠬᠠᠨ ᠰᠣᠩᠭᠤᠬᠤ ᠨᠢᠭᠡᠴᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ | ᠬᠤᠶᠠᠷ᠂ ᠠᠳᠠᠯᠢᠳᠬᠠᠨ ᠰᠣᠩᠭᠤᠬᠤ ᠣᠷᠣᠯᠠᠨ ᠭᠦᠢᠴᠡᠳᠬᠡᠬᠦ ᠲᠥᠷᠥᠯ ᠵᠦᠢᠯ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠤᠨ ᠬᠤᠳᠠᠯᠳᠤᠨ ᠠᠪᠬᠤ ᠪᠠᠷᠠᠭ᠎ᠠ᠂ ᠦᠢᠯᠡᠴᠢᠯᠡᠭᠡᠨ ᠤ ᠲᠥᠷᠥᠯ᠂ | ᠪᠠᠷᠢᠯᠭ᠎ᠠ ᠶᠢᠨ ᠲᠥᠷᠥᠯ ᠤᠨ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃ | ᠭᠤᠷᠪᠠ᠂ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠳᠤ ᠨᠠᠶᠢᠳᠠᠬᠤ ᠠᠵᠢᠯ ᠤᠨ | ᠠᠭᠤᠯᠭ᠎ᠠ | ︵ᠨᠢᠭᠡ︶ ᠬᠤᠳᠠᠯᠳᠤᠨ ᠠᠪᠬᠤ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠵᠤ᠂ ᠬᠤᠳᠠᠯᠳᠤᠨ ᠠᠪᠬᠤ ᠶᠢ | ᠵᠣᠬᠢᠶᠠᠨ ᠪᠠᠶᠢᠭᠤᠯᠬᠤ ᠵᠢᠴᠢ ᠬᠤᠳᠠᠯᠳᠤᠨ ᠠᠪᠬᠤ ᠶᠢᠨ ᠡᠮᠦᠨᠡᠬᠢ ᠬᠤᠭᠤᠴᠠᠭᠠᠨ ᠤ ᠯᠠᠪᠯᠠᠯᠭ᠎ᠠ᠂ ᠭᠡᠷ᠎ᠡ ᠲᠣᠭᠲᠠᠬᠤ | ᠵᠡᠷᠭᠡ ᠤᠴᠢᠷ ᠶᠠᠪᠤᠳᠠᠯ ᠢ ᠬᠠᠩᠭᠠᠬᠤ ᠬᠡᠷᠡᠭᠲᠡᠢ᠃ | ︵ᠬᠤᠶᠠᠷ︶ ᠬᠤᠳᠠᠯᠳᠤᠨ ᠠᠪᠬᠤ ᠪᠦᠬᠦ ᠶᠠᠪᠤᠴᠠ ᠶᠢ ᠲᠡᠮᠳᠡᠭᠯᠡᠵᠦ᠂ ᠬᠤᠳᠠᠯᠳᠤᠨ ᠠᠪᠬᠤ ᠪᠦᠬᠦ ᠶᠠᠪᠤᠴᠠ ᠶᠢᠨ | ᠪᠢᠴᠢᠭ ᠮᠠᠲ᠋ᠧᠷᠢᠶᠠᠯ ᠢ ᠡᠮᠬᠢᠯᠡᠬᠦ ᠶᠢᠨ ᠬᠠᠮᠲᠤ᠂ ᠬᠤᠳᠠᠯᠳᠤᠨ ᠠᠪᠬᠤ ᠠᠵᠢᠯ ᠪᠠᠷᠠᠭᠰᠠᠨ ᠤ ᠳᠠᠷᠠᠭ᠎ᠠ 10 ᠡᠳᠦᠷ ᠤᠨ | ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ | ᠲᠥᠪ ᠲᠤ ᠰᠢᠯᠵᠢᠭᠦᠯᠦᠨ ᠲᠤᠰᠢᠶᠠᠬᠤ ᠬᠡᠷᠡᠭᠲᠡᠢ᠃ | ︵ᠭᠤᠷᠪᠠ︶ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠵᠠᠰᠠᠭ ᠤᠨ ᠣᠷᠳᠣᠨ ᠤ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠱᠠᠭᠠᠷᠳᠠᠭᠰᠠᠨ ᠬᠤᠳᠠᠯᠳᠤᠨ ᠠᠪᠬᠤ ᠶᠢᠨ ᠣᠷᠣᠯᠠᠨ ᠭᠦᠢᠴᠡᠳᠬᠡᠬᠦ | ᠪᠠᠶᠢᠭᠤᠯᠤᠮᠵᠢ ᠨᠢ ᠪᠡᠶᠡᠯᠡᠭᠦᠯᠬᠦ ᠴᠢᠬᠤᠯᠠᠲᠠᠢ ᠠᠵᠢᠯ᠃ | ᠳᠥᠷᠪᠡ᠂ ᠬᠢᠷᠢ ᠭᠡᠮ ᠤᠨ ᠨᠥᠬᠦᠴᠡᠯ | ︵ᠨᠢᠭᠡ︶ ᠡᠷᠬᠡᠪᠰᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ | ᠬᠤᠳᠠᠯᠳᠤᠨ ᠠᠪᠬᠤ ᠬᠠᠤᠯᠢ︾ ᠶᠢᠨ ᠬᠤᠷᠢᠨ ᠬᠤᠶᠠᠳᠤᠭᠠᠷ ᠵᠦᠢᠯ ᠳᠤ ᠲᠣᠭᠲᠠᠭᠠᠭᠰᠠᠨ ᠨᠥᠬᠦᠴᠡᠯ ᠢ ᠪᠦᠷᠢᠯᠳᠦᠭᠦᠯᠬᠦ | ᠬᠡᠷᠡᠭᠲᠡᠢ᠃ | 1.ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠵᠤ ᠡᠭᠦᠷᠭᠡᠯᠡᠬᠦ ᠴᠢᠳᠠᠪᠤᠷᠢ ᠲᠠᠢ ᠪᠠᠶᠢᠬᠤ | ᠬᠡᠷᠡᠭᠲᠡᠢ︔ | 2.ᠰᠠᠶᠢᠨ ᠰᠠᠶᠢᠬᠠᠨ ᠬᠤᠳᠠᠯᠳᠤᠭᠠᠨ ᠤ ᠢᠲᠡᠭᠡᠯ ᠬᠦᠨᠳᠦ ᠪᠠ ᠪᠦᠷᠢᠨ ᠲᠡᠭᠦᠯᠳᠡᠷ ᠡᠳ᠋ ᠤᠨ ᠶᠠᠪᠤᠳᠠᠯ ᠤᠨ | ᠨᠢᠭᠲᠠᠯᠠᠨ ᠪᠣᠳᠣᠬᠤ ᠳᠦᠷᠢᠮ ᠲᠠᠢ ᠪᠠᠶᠢᠬᠤ ᠬᠡᠷᠡᠭᠲᠡᠢ︔ | 3.ᠣᠷᠣᠯᠠᠨ ᠳᠠᠭᠠᠭᠠᠴᠢᠯᠠᠯᠲᠠ ᠵᠠᠷᠯᠠᠬᠤ ᠶᠢ ᠭᠦᠢᠴᠡᠳᠬᠡᠬᠦ ᠳᠤ ᠬᠡᠷᠡᠭᠰᠡᠬᠦ ᠲᠥᠬᠦᠭᠡᠷᠦᠮᠵᠢ ᠪᠠ ᠲᠤᠰᠬᠠᠢ | ᠮᠡᠷᠭᠡᠵᠢᠯ ᠤᠨ ᠴᠢᠳᠠᠪᠤᠷᠢ ᠲᠠᠢ ᠪᠠᠶᠢᠬᠤ ᠬᠡᠷᠡᠭᠲᠡᠢ︔ | 4.ᠬᠠᠤᠯᠢ ᠶᠣᠰᠣᠭᠠᠷ ᠭᠠᠶᠢᠯᠢ ᠲᠠᠲᠠᠪᠤᠷᠢ ᠪᠣᠯᠤᠨ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ | ᠲᠤᠰᠢᠶᠠᠭᠰᠠᠨ ᠰᠠᠶᠢᠨ ᠰᠠᠶᠢᠬᠠᠨ ᠲᠡᠮᠳᠡᠭᠯᠡᠯ ᠲᠠᠢ ᠪᠠᠶᠢᠬᠤ ᠬᠡᠷᠡᠭᠲᠡᠢ︔ | 5.ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠠᠴᠠ ᠡᠮᠦᠨᠡᠬᠢ ᠭᠤᠷᠪᠠᠨ | ᠵᠢᠯ ︵2022 ᠣᠨ ᠤ 1 ᠰᠠᠷ᠎ᠠ ᠶᠢᠨ 1 ᠤ ᠡᠳᠦᠷ ᠠᠴᠠ ᠭᠤᠶᠤᠴᠢᠯᠠᠯ ᠤᠨ ᠪᠢᠴᠢᠭ ᠮᠠᠲ᠋ᠧᠷᠢᠶᠠᠯ ᠢᠶᠠᠨ ᠲᠤᠰᠢᠶᠠᠬᠤ | ᠡᠴᠦᠰ ᠤᠨ ᠬᠤᠭᠤᠴᠠᠭ᠎ᠠ ᠬᠦᠷᠲᠡᠯ᠎ᠡ︶ ᠤᠨ ᠳᠣᠲᠣᠷ᠎ᠠ᠂ ᠡᠵᠡᠩᠨᠡᠯᠲᠡ ᠶᠢᠨ ᠠᠵᠢᠯᠯᠠᠭ᠎ᠠ ᠶᠢᠨ ᠳᠤᠮᠳᠠ ᠬᠠᠤᠯᠢ ᠶᠢ | ᠬᠦᠨᠳᠦ ᠨᠣᠴᠢᠲᠠᠢ ᠵᠥᠷᠢᠴᠡᠭᠰᠡᠨ ᠲᠡᠮᠳᠡᠭᠯᠡᠯ ᠪᠠᠶᠢᠬᠤ ᠦᠭᠡᠢ᠄ ᠳᠤᠮᠳᠠᠳᠤ ᠤᠯᠤᠰ ᠤᠨ ᠵᠠᠰᠠᠭ ᠤᠨ ᠣᠷᠳᠣᠨ ᠤ | ᠬᠤᠳᠠᠯᠳᠤᠨ ᠠᠪᠬᠤ ᠰᠦᠯᠵᠢᠶ᠎ᠡ ︵www.ccgp.gov.cn︶ ᠶᠢᠨ ︽ᠵᠠᠰᠠᠭ ᠤᠨ ᠣᠷᠳᠣᠨ ᠤ ᠬᠤᠳᠠᠯᠳᠤᠨ | ᠠᠪᠬᠤ ᠬᠠᠤᠯᠢ ᠶᠢ ᠬᠦᠨᠳᠦ ᠨᠣᠴᠢᠲᠠᠢ ᠵᠥᠷᠢᠴᠡᠵᠦ ᠢᠲᠡᠭᠡᠯ ᠠᠯᠳᠠᠭᠰᠠᠨ ᠦᠶᠯᠡ ᠠᠵᠢᠯᠯᠠᠭ᠎ᠠ ᠶᠢᠨ ᠲᠡᠮᠳᠡᠭᠯᠡᠯ ᠤᠨ | ᠨᠡᠷᠡᠰ︾ ᠲᠤ ᠵᠢᠭᠰᠠᠭᠠᠭᠳᠠᠭᠰᠠᠨ ᠦᠭᠡᠢ︔ ︽ᠢᠲᠡᠭᠡᠮᠵᠢᠲᠦ ᠳᠤᠮᠳᠠᠳᠤ ᠤᠯᠤᠰ︾ ᠤᠨ ᠰᠦᠯᠵᠢᠶ᠎ᠡ ︵www. | creditchina.gov.cn︶ ᠶᠢᠨ ᠢᠲᠡᠭᠡᠯ ᠠᠯᠳᠠᠭᠰᠠᠨ ᠭᠦᠢᠴᠡᠳᠬᠡᠭᠳᠡᠭᠴᠢ᠂ ᠬᠦᠨᠳᠦ ᠶᠡᠭᠡ ᠭᠠᠶᠢᠯᠢ | ᠲᠠᠲᠠᠪᠤᠷᠢ ᠶᠢᠨ ᠬᠠᠤᠯᠢ ᠵᠥᠷᠢᠴᠡᠭᠰᠡᠨ ᠬᠡᠷᠡᠭ ᠤᠨ ᠲᠤᠬᠠᠢ ᠶᠢᠨ ᠬᠥᠮᠥᠨ ᠤ ᠨᠡᠷᠡᠰ᠂ ᠵᠠᠰᠠᠭ ᠤᠨ ᠣᠷᠳᠣᠨ ᠤ | ᠬᠤᠳᠠᠯᠳᠤᠨ ᠠᠪᠬᠤ ᠠᠵᠢᠯᠯᠠᠭ᠎ᠠ ᠶᠢᠨ ᠬᠠᠤᠯᠢ ᠵᠥᠷᠢᠴᠡᠭᠰᠡᠨ ᠬᠦᠨᠳᠦ ᠨᠣᠴᠢᠲᠠᠢ ᠢᠲᠡᠭᠡᠯ ᠠᠯᠳᠠᠭᠰᠠᠨ ᠨᠡᠷᠡᠰ ᠲᠤ | ᠵᠢᠭᠰᠠᠭᠠᠭᠳᠠᠭᠰᠠᠨ ᠦᠭᠡᠢ᠂ ᠡᠵᠡᠩᠨᠡᠯᠲᠡ ᠶᠢᠨ ᠠᠵᠢᠯᠯᠠᠭ᠎ᠠ ᠶᠢᠨ ᠳᠤᠮᠳᠠ ᠬᠠᠤᠯᠢ ᠰᠠᠬᠢᠯᠭ᠎ᠠ ᠶᠢ ᠵᠥᠷᠢᠴᠡᠭᠰᠡᠨ ᠬᠦᠨᠳᠦ | ᠶᠡᠭᠡ ᠲᠡᠮᠳᠡᠭᠯᠡᠯ ᠵᠢᠴᠢ ᠮᠠᠭᠤ ᠦᠶᠯᠡ ᠠᠵᠢᠯᠯᠠᠭ᠎ᠠ ᠶᠢᠨ ᠲᠡᠮᠳᠡᠭᠯᠡᠯ ᠪᠠᠶᠢᠬᠤ ᠦᠭᠡᠢ ᠪᠥᠭᠡᠳ ︽ᠢᠲᠡᠭᠡᠮᠵᠢᠲᠦ | ᠳᠤᠮᠳᠠᠳᠤ ᠤᠯᠤᠰ︾ ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ᠶᠢᠨ | ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠮᠠᠭᠤ ᠦᠶᠯᠡ | ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ︾ ᠤᠨ ᠪᠠᠶᠢᠴᠠᠭᠠᠨ ᠯᠠᠪᠯᠠᠯᠲᠠ ᠶᠢᠨ ᠵᠢᠷᠤᠭ ᠢ ᠬᠠᠩᠭᠠᠬᠤ ᠬᠡᠷᠡᠭᠲᠡᠢ᠃ | ︵ᠬᠤᠶᠠᠷ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ | ᠠᠪᠬᠤ ᠰᠦᠯᠵᠢᠶ᠎ᠡ ︵ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ᠶᠢᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠰᠦᠯᠵᠢᠶ᠎ᠡ︶ ᠳᠤ ᠳᠠᠩᠰᠠᠯᠠᠭᠤᠯᠵᠤ᠂ ᠵᠠᠰᠠᠭ ᠤᠨ | ᠣᠷᠳᠣᠨ ᠤ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠨᠡᠷᠡᠰ ᠤᠨ ᠵᠢᠭᠰᠠᠭᠠᠯᠲᠠ ᠳᠤ | ᠣᠷᠣᠭᠰᠠᠨ ᠬᠤᠯᠪᠣᠭᠳᠠᠯ ᠪᠦᠬᠦᠢ ᠭᠡᠷᠡᠴᠢ ᠶᠢ ᠬᠠᠩᠭᠠᠬᠤ ᠬᠡᠷᠡᠭᠲᠡᠢ᠃ | ︵ᠭᠤᠷᠪᠠ︶ ᠨᠢᠭᠡᠴᠡ ᠶᠢᠨ ᠬᠠᠷᠢᠭᠤᠴᠠᠯᠭᠠᠲᠠᠨ ᠨᠢ ᠠᠳᠠᠯᠢ ᠨᠢᠭᠡ ᠬᠥᠮᠥᠨ ᠪᠤᠶᠤ ᠰᠢᠭᠤᠳ ᠬᠤᠪᠢ ᠡᠵᠡᠮᠳᠡᠬᠦ᠂ | ᠬᠠᠮᠢᠶᠠᠷᠬᠤ ᠬᠠᠷᠢᠴᠠᠭ᠎ᠠ ᠲᠠᠢ ᠠᠳᠠᠯᠢ ᠪᠤᠰᠤ ᠭᠤᠶᠤᠴᠢᠯᠠᠭᠴᠢ ᠪᠠᠶᠢᠪᠠᠯ᠂ ᠲᠣᠰ ᠠᠳᠠᠯᠢᠳᠬᠠᠨ ᠰᠣᠩᠭᠤᠬᠤ | ᠠᠵᠢᠯᠯᠠᠭ᠎ᠠ ᠳᠤ ᠵᠡᠷᠭᠡᠪᠡᠷ ᠣᠷᠣᠯᠴᠠᠵᠤ ᠪᠣᠯᠬᠤ ᠦᠭᠡᠢ᠃ | ︵ᠳᠥᠷᠪᠡ︶ ᠲᠣᠰ ᠲᠥᠷᠥᠯ ᠵᠦᠢᠯ ᠳᠤ ᠭᠤᠶᠤᠴᠢᠯᠠᠭᠴᠢ ᠶᠢᠨ ᠬᠤᠯᠪᠣᠭᠠᠲᠤ ᠴᠣᠭᠴᠠ ᠶᠢᠨ ᠬᠡᠯᠪᠡᠷᠢ ᠪᠠᠷ | ᠲᠣᠰ ᠠᠳᠠᠯᠢᠳᠬᠠᠨ ᠰᠣᠩᠭᠤᠬᠤ ᠠᠵᠢᠯᠯᠠᠭ᠎ᠠ ᠳᠤ ᠣᠷᠣᠯᠴᠠᠬᠤ ᠶᠢ ᠭᠥᠯᠢᠶᠡᠨ ᠠᠪᠬᠤ ᠦᠭᠡᠢ᠃ | ᠲᠠᠪᠤ᠂ ᠨᠡᠷ᠎ᠡ ᠮᠡᠳᠡᠭᠦᠯᠬᠦ ᠠᠷᠭ᠎ᠠ | ︵ᠨᠢᠭᠡ︶ ᠠᠳᠠᠯᠢᠳᠬᠠᠨ ᠰᠣᠩᠭᠤᠵᠤ ᠨᠡᠷ᠎ᠡ ᠮᠡᠳᠡᠭᠦᠯᠬᠦ᠃ ᠰᠠᠨᠠᠭᠠᠴᠢᠯᠠᠭ᠎ᠠ ᠲᠠᠢ ᠬᠤᠳᠠᠯᠳᠤᠨ ᠠᠪᠬᠤ ᠶᠢ | ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠠᠳᠠᠯᠢᠳᠬᠠᠨ ᠰᠣᠩᠭᠤᠬᠤ ᠭᠤᠶᠤᠴᠢᠯᠠᠯ ᠤᠨ ᠪᠢᠴᠢᠭ ᠮᠠᠲ᠋ᠧᠷᠢᠶᠠᠯ | ᠵᠣᠬᠢᠶᠠᠵᠤ᠂ 2025 ᠣᠨ ᠤ 3 ᠰᠠᠷ᠎ᠠ ᠶᠢᠨ 18 ᠤ ᠡᠳᠦᠷ ᠤᠨ 17 ᠴᠠᠭ ᠠᠴᠠ ᠡᠮᠦᠨ᠎ᠡ᠂ ᠭᠤᠶᠤᠴᠢᠯᠠᠯ ᠤᠨ | ᠪᠢᠴᠢᠭ ᠮᠠᠲ᠋ᠧᠷᠢᠶᠠᠯ ᠤᠨ PDF ᠬᠡᠪᠯᠡᠯ ᠢ nmgntjsjdk@163.com ᠢᠮᠧᠯ ᠳᠤ ᠳᠡᠮᠵᠢᠭᠤᠯᠬᠤ ᠶᠢᠨ | ᠬᠠᠮᠲᠤ᠂ ᠪᠢᠲᠡᠭᠦᠮᠵᠢᠯᠡᠭᠰᠡᠨ ᠭᠤᠶᠤᠴᠢᠯᠠᠯ ᠤᠨ ᠪᠢᠴᠢᠭ ᠮᠠᠲ᠋ᠧᠷᠢᠶᠠᠯ ︵ᠨᠢᠭᠡ ᠵᠢᠩᠬᠢᠨᠢ ᠳᠥᠷᠪᠡᠨ ᠳᠡᠳ᠋︶ ᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠤᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠤᠨ | 1417 ᠲᠠᠰᠤᠭ ᠲᠤ ᠲᠤᠰᠢᠶᠠᠭᠠᠷᠠᠢ᠃ | ︵ᠬᠤᠶᠠᠷ︶ ᠭᠤᠶᠤᠴᠢᠯᠠᠯ ᠤᠨ ᠪᠢᠴᠢᠭ ᠮᠠᠲ᠋ᠧᠷᠢᠶᠠᠯ ᠤᠨ ᠪᠦᠷᠢᠯᠳᠦᠯ᠃ ᠭᠤᠣᠯ ᠠᠭᠤᠯᠭ᠎ᠠ ᠳᠤ ᠪᠠᠭᠲᠠᠬᠤ | ᠶᠣᠰᠣᠲᠠᠢ ᠪᠣᠯᠪᠠᠴᠤ ᠡᠭᠦᠨ ᠳᠤ ᠬᠢᠵᠠᠭᠠᠷᠯᠠᠭᠳᠠᠬᠤ ᠦᠭᠡᠢ᠄ | 1.ᠠᠳᠠᠯᠢᠳᠬᠠᠨ ᠰᠣᠩᠭᠤᠬᠤ ᠠᠮᠠᠯᠠᠯᠲᠠ ᠶᠢᠨ ᠪᠢᠴᠢᠭ︔ | 2.ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ ᠵᠢᠴᠢ ᠬᠠᠤᠯᠢ ᠪᠠᠷ | ᠲᠣᠭᠲᠠᠭᠠᠭᠰᠠᠨ ᠲᠥᠯᠥᠭᠡᠯᠡᠭᠴᠢ ᠶᠢᠨ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︔ | 3.ᠮᠡᠳᠡᠭᠦᠯᠦᠭᠰᠡᠨ ᠦᠨ᠎ᠡ ᠶᠢᠨ ᠨᠠᠷᠢᠨ ᠬᠦᠰᠦᠨᠦᠭᠲᠦ︔ | 4.ᠭᠤᠶᠤᠴᠢᠯᠠᠭᠴᠢ ᠶᠢᠨ ᠲᠠᠨᠢᠯᠴᠠᠭᠤᠯᠭ᠎ᠠ︔ | 5.ᠲᠣᠮᠢᠯᠠᠬᠤ ᠪᠠᠷ ᠪᠠᠶᠢᠭ᠎ᠠ ᠬᠥᠮᠥᠨ ᠤ ᠪᠠᠶᠢᠳᠠᠯ︔ | 6.ᠠᠵᠢᠯ ᠤᠨ ᠦᠷ᠎ᠡ ᠪᠦᠲᠦᠮᠵᠢ ᠶᠢᠨ ᠨᠠᠷᠢᠨ ᠬᠦᠰᠦᠨᠦᠭᠲᠦ︔ | 7.ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠲᠥᠰᠥᠯ︔ | 8.ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠨᠥᠬᠦᠴᠡᠯ ᠢ ᠭᠡᠷᠡᠴᠢᠯᠡᠬᠦ ᠮᠠᠲ᠋ᠧᠷᠢᠶᠠᠯ︔ | 9.ᠪᠤᠰᠤᠳ ᠮᠠᠲ᠋ᠧᠷᠢᠶᠠᠯ ᠤᠳ᠃ | ︵ᠭᠤᠷᠪᠠ︶ ᠠᠳᠠᠯᠢᠳᠬᠠᠨ ᠰᠣᠩᠭᠤᠬᠤ ᠠᠷᠭ᠎ᠠ ᠬᠡᠯᠪᠡᠷᠢ᠃ ᠶᠡᠷᠦᠩᠬᠡᠶᠢᠯᠡᠨ ᠦᠨᠡᠯᠡᠨ ᠵᠢᠱᠢᠬᠦ ᠠᠷᠭ᠎ᠠ ᠶᠢ | ᠬᠡᠷᠡᠭᠯᠡᠨ᠂ ᠣᠯᠣᠭᠰᠠᠨ ᠬᠤᠪᠢ ᠶᠢᠨ ᠥᠨᠳᠥᠷ ᠠᠴᠠ ᠳᠣᠣᠷ᠎ᠠ ᠲᠠᠰ ᠳᠠᠷᠠᠭᠠᠯᠠᠯ ᠢᠶᠠᠷ ᠰᠢᠯᠢᠭᠳᠡᠭᠰᠡᠨ ᠨᠢᠭᠡᠴᠡ ᠶᠢ | ᠲᠠᠨᠢᠯᠴᠠᠭᠤᠯᠵᠤ᠂ ᠬᠤᠪᠢ ᠶᠢᠨ ᠥᠷᠲᠡᠭ ᠤᠨ ᠪᠦᠷᠢᠨ ᠬᠤᠪᠢ 100 ᠬᠤᠪᠢ ᠪᠣᠯᠣᠨ᠎ᠠ᠂ ᠳᠠᠭᠠᠯᠳᠤᠭᠤᠯᠤᠯ ᠳᠤ | ᠨᠠᠷᠢᠪᠴᠢᠯᠠᠨ ᠦᠵᠡᠭᠡᠷᠡᠢ᠃ | ᠵᠢᠷᠭᠤᠭ᠎ᠠ᠂ ᠬᠢᠷᠢ ᠬᠡᠮ ᠤᠨ ᠬᠤᠭᠤᠴᠠᠭ᠎ᠠ | ᠭᠡᠷ᠎ᠡ ᠲᠣᠭᠲᠠᠭᠠᠭᠰᠠᠨ ᠡᠳᠦᠷ ᠠᠴᠠ ᠡᠬᠢᠯᠡᠨ ᠭᠤᠷᠪᠠᠨ ᠵᠢᠯ᠃ | ᠲᠤᠯᠤᠭ᠎ᠠ᠂ ᠪᠤᠰᠤᠳ ᠵᠦᠢᠯ | ︵ᠨᠢᠭᠡ︶ ᠠᠳᠠᠯᠢᠳᠬᠠᠨ ᠰᠣᠩᠭᠤᠬᠤ ᠳᠤ ᠣᠷᠣᠯᠴᠠᠭᠰᠠᠨ ᠣᠷᠤᠯᠠᠨ ᠭᠦᠢᠴᠡᠳᠭᠡᠬᠦ ᠪᠠᠶᠢᠭᠤᠯᠤᠮᠵᠢ ᠶᠢᠨ | ᠲᠤᠰᠢᠶᠠᠭᠰᠠᠨ ᠮᠠᠲ᠋ᠧᠷᠢᠶᠠᠯ ᠨᠢ ᠦᠨᠡᠨ ᠠᠴᠠ ᠵᠥᠪ ᠢ ᠡᠷᠢᠵᠦ᠂ ᠬᠡᠪ ᠵᠠᠭᠪᠤᠷ ᠨᠢ ᠵᠢᠷᠤᠮᠵᠢᠯ ᠲᠠᠢ᠂ ᠮᠠᠲ᠋ᠧᠷᠢᠶᠠᠯ ᠨᠢ | ᠪᠦᠷᠢᠨ ᠭᠦᠢᠴᠡᠳ ᠪᠠᠶᠢᠬᠤ ᠬᠡᠷᠡᠭᠲᠡᠢ᠂ ᠬᠡᠷᠪᠡ ᠬᠤᠳᠠᠯ ᠬᠠᠭᠤᠷᠮᠠᠭ ᠮᠠᠲ᠋ᠧᠷᠢᠶᠠᠯ ᠲᠤᠰᠢᠶᠠᠭᠰᠠᠨ ᠪᠠ ᠬᠤᠯᠪᠣᠭᠳᠠᠯ | ᠪᠦᠬᠦᠢ ᠪᠠᠶᠢᠳᠠᠯ ᠢ ᠨᠢᠭᠤᠨ ᠳᠠᠯᠳᠠᠯᠠᠭᠰᠠᠨ ᠪᠠᠶᠢᠪᠠᠯ᠂ ᠪᠠᠶᠢᠴᠠᠭᠠᠨ ᠲᠣᠳᠣᠯᠠᠭᠰᠠᠨ ᠤ ᠲᠠᠷᠠᠭ᠎ᠠ ᠲᠡᠭᠦᠨ ᠤ | ᠰᠣᠩᠭᠤᠭᠤᠯᠢ ᠳᠤ ᠣᠷᠣᠯᠴᠠᠬᠤ ᠬᠢᠷᠢ ᠬᠡᠮ ᠢ ᠨᠢ ᠬᠠᠰᠤᠨ᠎ᠠ᠃ | ︵ᠬᠤᠶᠠᠷ︶ ᠠᠳᠠᠯᠢᠳᠬᠠᠨ ᠰᠣᠩᠭᠤᠬᠤ ᠳᠤ ᠣᠷᠣᠯᠴᠠᠭᠰᠠᠨ ᠣᠷᠤᠯᠠᠨ ᠭᠦᠢᠴᠡᠳᠭᠡᠬᠦ ᠪᠠᠶᠢᠭᠤᠯᠤᠮᠵᠢ ᠨᠢ | ᠭᠤᠣᠯᠴᠢ ᠪᠠᠷ ᠥᠷᠢᠰᠦᠯᠳᠦᠬᠦ ᠵᠠᠷᠴᠢᠮ ᠢ ᠵᠢᠷᠤᠮᠯᠠᠬᠤ ᠬᠡᠷᠡᠭᠲᠡᠢ᠂ ᠮᠠᠭᠤ ᠰᠠᠨᠠᠭ᠎ᠠ ᠲᠠᠢ ᠪᠠᠷ ᠰᠥᠯᠪᠡᠭᠡᠯᠳᠦᠵᠦ ᠪᠣᠯᠬᠤ | ᠦᠭᠡᠢ᠂ ᠪᠤᠰᠤᠳ ᠭᠤᠶᠤᠴᠢᠯᠠᠭᠴᠢ ᠶᠢᠨ ᠥᠷᠢᠰᠦᠯᠳᠦᠬᠦ ᠠᠵᠢᠯᠯᠠᠭ᠎ᠠ ᠶᠢ ᠬᠠᠷᠰᠢᠯᠠᠵᠤ ᠪᠣᠯᠬᠤ ᠦᠭᠡᠢ᠂ ᠠᠳᠠᠯᠢᠳᠬᠠᠨ | ᠰᠣᠩᠭᠤᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠭᠰᠠᠨ ᠨᠢᠭᠡᠴᠡ ᠪᠤᠶᠤ ᠪᠤᠰᠤᠳ ᠣᠷᠤᠯᠠᠨ ᠭᠦᠢᠴᠡᠳᠭᠡᠬᠦ | ᠪᠠᠶᠢᠭᠤᠯᠤᠮᠵᠢ ᠶᠢᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ ᠪᠣᠯᠬᠤ ᠦᠭᠡᠢ᠃ | ︵ᠭᠤᠷᠪᠠ︶ ᠬᠢᠷᠢ ᠬᠡᠮ ᠢ ᠬᠢᠨᠠᠨ ᠪᠠᠶᠢᠴᠠᠭᠠᠬᠤ ᠶᠠᠪᠤᠴᠠ ᠳᠤ ᠠᠳᠠᠯᠢᠳᠬᠠᠨ ᠰᠣᠩᠭᠤᠬᠤ ᠳᠤ ᠣᠷᠣᠯᠴᠠᠭᠰᠠᠨ | ᠣᠷᠤᠯᠠᠨ ᠭᠦᠢᠴᠡᠳᠭᠡᠬᠦ ᠪᠠᠶᠢᠭᠤᠯᠤᠮᠵᠢ ᠳᠤ ᠳᠣᠣᠷᠠᠬᠢ ᠮᠡᠲᠦ ᠪᠠᠶᠢᠳᠠᠯ ᠲᠠᠢ ᠪᠠᠶᠢᠬᠤ ᠶᠢ ᠣᠯᠵᠤ ᠮᠡᠳᠡᠪᠡᠯ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠦᠢᠯᠡᠴᠢᠯᠡᠭᠡᠨ ᠤ ᠲᠥᠪ ᠨᠢ ᠲᠡᠳᠡᠨ ᠤ ᠣᠷᠣᠯᠴᠠᠬᠤ ᠶᠢ ᠴᠠᠭᠠᠵᠠᠯᠠᠬᠤ ᠡᠷᠬᠡ ᠲᠠᠢ᠄ ᠢᠲᠡᠭᠡᠯ ᠠᠯᠳᠠᠭᠰᠠᠨ | ᠭᠦᠢᠴᠡᠳᠬᠡᠭᠳᠡᠭᠴᠢ ᠶᠢᠨ ᠨᠡᠷᠡᠰ᠂ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ ᠬᠡᠷᠡᠭ ᠤᠨ | ᠲᠤᠬᠠᠢ ᠶᠢᠨ ᠬᠥᠮᠥᠨ ᠤ ᠨᠡᠷᠡᠰ᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠢᠨ ᠬᠠᠤᠯᠢ ᠠᠴᠠ ᠬᠦᠨᠳᠦ | ᠨᠣᠴᠢᠲᠠᠢ ᠵᠥᠷᠢᠴᠡᠭᠰᠡᠨ ᠢᠲᠡᠭᠡᠯ ᠠᠯᠳᠠᠭᠰᠠᠨ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠲᠤ ᠵᠢᠭᠰᠠᠭᠠᠭᠳᠠᠭᠰᠠᠨ︔ | ᠬᠤᠳᠠᠯ ᠬᠠᠭᠤᠷᠮᠠᠭ ᠮᠠᠲ᠋ᠧᠷᠢᠶᠠᠯ ᠬᠠᠩᠭᠠᠵᠤ ᠪᠠᠶᠢᠭᠠᠳ ᠳᠠᠭᠠᠭᠠᠴᠢᠯᠠᠯᠲᠠ ᠣᠯᠣᠭᠰᠠᠨ︔ ᠵᠦᠢ ᠪᠤᠰᠤ ᠠᠷᠭ᠎ᠠ | ᠪᠠᠷᠢᠯ ᠢᠶᠠᠷ ᠪᠤᠰᠤᠳ ᠭᠤᠶᠤᠴᠢᠯᠠᠭᠴᠢ ᠶᠢ ᠭᠦᠳᠬᠡᠨ ᠭᠠᠳᠠᠭᠤᠷᠴᠢᠯᠠᠭᠰᠠᠨ︔ ᠪᠣᠳᠠᠲᠤ ᠬᠡᠷᠡᠭ ᠤᠨ ᠦᠨᠳᠦᠰᠦ | ᠪᠠᠷᠢᠮᠲᠠ ᠪᠠᠷ ᠳᠤᠲᠠᠮᠠᠭ ᠪᠠᠶᠢᠳᠠᠯ ᠤᠨ ᠳᠣᠣᠷ᠎ᠠ ᠰᠡᠵᠢᠭ ᠲᠠᠢ ᠵᠠᠭᠠᠯᠳᠤᠯᠭ᠎ᠠ ᠬᠢᠭᠰᠡᠨ︔ ᠲᠤᠰ ᠤᠳᠠᠭᠠᠨ ᠤ | ᠬᠦᠮᠦᠷᠭᠡᠯᠡᠬᠦ ᠠᠵᠢᠯᠯᠠᠭ᠎ᠠ ᠶᠢᠨ ᠬᠡᠪ ᠢᠶᠠᠷ ᠶᠠᠪᠤᠭᠳᠠᠬᠤ ᠶᠢ ᠵᠣᠷᠢᠭᠤᠳᠠ ᠰᠠᠮᠠᠭᠤᠷᠠᠭᠤᠯᠤᠭᠰᠠᠨ ᠪᠠᠶᠢᠳᠠᠯ ᠢ ᠪᠠᠭᠲᠠᠨ᠎ᠠ᠃ | ᠨᠠᠢᠮᠠ᠂ ᠬᠠᠷᠢᠯᠴᠠᠬᠤ ᠠᠷᠭ᠎ᠠ ᠬᠡᠯᠪᠡᠷᠢ ᠵᠢᠴᠢ ᠬᠠᠷᠢᠯᠴᠠᠬᠤ ᠬᠥᠮᠥᠨ | ᠬᠠᠷᠢᠯᠴᠠᠬᠤ ᠬᠥᠮᠥᠨ᠄ ᠹᠧᠩ ᠬᠠᠢ ᠢᠦᠢ | ᠬᠠᠷᠢᠯᠴᠠᠬᠤ ᠤᠲᠠᠰᠤ᠄ 0471-6652227 | ᠢᠮᠧᠯ᠄ nmgntjsjdk@163.com | | ᠳᠠᠭᠠᠯᠳᠤᠭᠤᠯᠤᠯ 1᠄ ᠬᠤᠪᠢ ᠲᠣᠭᠲᠠᠭᠠᠬᠤ ᠠᠷᠭ᠎ᠠ | ᠳᠠᠭᠠᠯᠳᠤᠭᠤᠯᠤᠯ 2᠄ ᠠᠳᠠᠯᠢᠳᠬᠠᠨ ᠰᠤᠩᠭᠤᠬᠤ ᠭᠤᠶᠤᠴᠢᠯᠠᠬᠤ ᠪᠢᠴᠢᠭ ᠮᠠᠲ᠋ᠧᠷᠢᠶᠠᠯ ᠤᠨ ᠬᠡᠯᠪᠡᠷᠢ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠦᠪ | 2025 ᠣᠨ ᠤ 3 ᠰᠠᠷ᠎ᠠ ᠶᠢᠨ 13 ᠤ ᠡᠳᠦᠷ | |