ᠠᠵᠠ ᠲᠣᠬᠢᠶᠠᠯ ᠢ ᠠᠮᠵᠢᠨ ᠢᠳᠡᠪᠬᠢᠲᠡᠢ ᠴᠢᠷᠮᠠᠶᠢᠨ ᠡᠬᠢᠯᠡᠭᠦᠯᠵᠦ ᠮᠡᠷᠭᠡᠵᠢᠯ ᠢ ᠠᠳᠬᠤᠵᠤ ᠦᠢᠯᠡᠳᠪᠦᠷᠢᠯᠡᠯ ᠢ ᠠᠬᠢᠭᠤᠯᠤᠨ᠎ᠠ — ᠮᠠᠨ ᠤ ᠣᠷᠣᠨ ︽ᠭᠠᠳᠠᠨᠠᠬᠢ ᠲᠠᠷᠢᠬᠢᠨ ᠤ ᠤᠶᠤᠨ ᠤ      ᠬᠥᠮᠥᠷᠭᠡ︾ ᠶᠢ ᠠᠰᠢᠭᠯᠠᠵᠤ᠂ ᠡᠷᠳᠡᠨᠢ ᠰᠢᠰᠢ ᠶᠢ ᠨᠢᠭᠲᠠ ᠳᠠᠷᠢᠵᠤ ᠨᠠᠷᠢᠯᠢᠭ ᠣᠨᠣᠴᠠᠲᠠᠢ ᠪᠠᠷ ᠥᠨᠳᠥᠷ ᠤᠨᠠᠯᠲᠠ ᠶᠢ ᠲᠣᠬᠢᠷᠠᠭᠤᠯᠤᠨ ᠡᠵᠡᠮᠳᠡᠬᠦ ᠮᠡᠷᠭᠡᠵᠢᠯ ᠢ ᠲᠦᠷᠭᠡᠨ ᠳᠡᠯᠭᠡᠷᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2025/3/13
      ᠣᠶᠢᠷ᠎ᠠ ᠶᠢᠨ ᠵᠢᠯ ᠠᠴᠠ᠂ ᠮᠠᠨ ᠤ ᠣᠷᠣᠨ ᠤᠯᠤᠰ ᠤᠨ ᠪᠦᠯᠬᠦᠮ ᠲᠠᠢ ᠢᠳᠡᠪᠬᠢᠲᠡᠢ ᠵᠣᠯᠭᠠᠭᠤᠯᠵᠤ᠂ ︽ᠭᠠᠳᠠᠨᠠᠬᠢ ᠲᠠᠷᠢᠬᠢᠨ ᠤ ᠤᠶᠤᠨ ᠤ ᠬᠥᠮᠥᠷᠭᠡ︾ ᠶᠢ ᠠᠰᠢᠭᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠠᠪᠤᠷ ᠤᠨ ᠲᠠᠷᠢᠶᠠᠯᠠᠭ᠎ᠠ ᠬᠢᠵᠦ᠂ ᠪᠣᠯᠪᠠᠰᠤᠷᠠᠯ ᠢᠶᠠᠷ ᠰᠠᠭᠤᠷᠢ ᠪᠠᠨ ᠪᠠᠲᠤᠳᠬᠠᠵᠤ᠂ ᠡᠷᠳᠡᠨᠢ ᠰᠢᠰᠢ ᠶᠢᠨ ᠦᠢᠯᠡᠳᠪᠦᠷᠢᠯᠡᠯ ᠤᠨ ᠴᠢᠳᠠᠪᠤᠷᠢ ᠶᠢᠨ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠳᠤ ᠬᠦᠴᠦ ᠨᠡᠮᠡᠷᠢᠯᠡᠵᠡᠢ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠬᠢᠵᠦ ᠪᠠᠶᠢᠭ᠎ᠠ ᠦᠶ᠎ᠡ ᠳᠤ᠂ ᠡᠯ᠎ᠡ ᠭᠠᠵᠠᠷ ᠤᠨ ᠬᠢᠨ ᠡᠷᠳᠡᠨᠢ ᠰᠢᠰᠢ ᠶᠢ ᠨᠢᠭᠲᠠ ᠳᠠᠷᠢᠬᠤ ᠶᠢ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠥᠨᠳᠥᠷ ᠤᠨᠠᠯᠲᠠ ᠶᠢᠨ ᠮᠡᠷᠭᠡᠵᠢᠯ ᠤᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠶᠢ ᠱᠠᠯᠠᠪᠳᠠᠨ ᠠᠬᠢᠭᠤᠯᠵᠤ᠂ ︽ᠨᠢᠭᠲᠠ ᠳᠠᠷᠢᠬᠤ+ᠨᠠᠷᠢᠯᠢᠭ ᠣᠨᠣᠴᠠᠲᠠᠢ ᠪᠠᠷ ᠤᠰᠤ ᠪᠣᠷᠳᠣᠭᠤᠷ ᠢ ᠲᠣᠬᠢᠷᠠᠭᠤᠯᠤᠨ ᠡᠵᠡᠮᠳᠡᠬᠦ︾ ᠬᠤᠣᠰ ᠴᠥᠮ᠎ᠡ ᠶᠢᠨ ᠬᠥᠳᠡᠯᠭᠡᠭᠦᠷ ᠲᠠᠢ ᠨᠢᠭᠲᠠ ᠤᠶᠠᠯᠳᠤᠭᠤᠯᠤᠨ᠂ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠭᠤᠣᠯᠯᠠᠬᠤ ᠬᠥᠳᠡᠯᠭᠡᠭᠦᠷ ᠢ ᠬᠥᠭᠵᠢᠭᠡᠪᠡ᠃ 
1.png
      ᠡᠷᠲᠡ ᠠᠴᠠ ᠠᠷᠭ᠎ᠠ ᠰᠦᠪᠡᠭᠴᠢᠯᠡᠵᠦ᠂ ᠬᠠᠷᠠᠯᠲᠠ ᠴᠢᠭᠯᠡᠯ ᠢᠶᠠᠨ ᠲᠣᠭᠲᠠᠭᠠᠬᠤ ᠪᠠᠷ ᠴᠢᠷᠮᠠᠶᠢᠵᠠᠢ᠃       2024 ᠣᠨ ᠤ ᠰᠡᠭᠦᠯᠴᠢ ᠪᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠠᠴᠠ ᠡᠷᠳᠡᠨᠢ ᠰᠢᠰᠢ ᠨᠢᠭᠲᠠ ᠳᠠᠷᠢᠬᠤ ᠶᠢ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠥᠨᠳᠥᠷ ᠤᠨᠠᠯᠲᠠ ᠶᠢᠨ ᠮᠡᠷᠭᠡᠵᠢᠯ ᠤᠨ ᠰᠣᠯᠢᠯᠴᠠᠭᠠᠨ ᠤ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠮᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠰᠤᠳᠤᠯᠤᠭᠴᠢ ᠶᠢᠨ ᠪᠦᠯᠬᠦᠮ ᠪᠠ ᠭᠤᠣᠯᠳᠠᠯᠭ᠎ᠠ ᠲᠠᠢ ᠠᠶᠢᠮᠠᠭ ᠬᠤᠲᠠ ᠲᠠᠢ 2024 ᠣᠨ ᠤ ᠠᠵᠢᠯ ᠤᠨ ᠠᠬᠢᠴᠠ ᠶᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ 2025 ᠣᠨ ᠤ ᠠᠵᠢᠯ ᠤᠨ ᠭᠤᠣᠯᠳᠠᠯᠭ᠎ᠠ ᠶᠢ ᠬᠠᠮᠲᠤ ᠪᠠᠷ ᠲᠥᠯᠥᠪᠯᠡᠨ᠂ ᠬᠤᠶᠠᠷ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃ 2025 ᠣᠨ ᠳᠤ᠂ ᠮᠠᠨ ᠤ ᠣᠷᠣᠨ ᠡᠷᠳᠡᠨᠢ ᠰᠢᠰᠢ ᠶᠢ ᠨᠢᠭᠲᠠ ᠳᠠᠷᠢᠵᠤ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ 2000 ᠲᠦᠮᠡᠨ ᠮᠦ ᠶᠢᠨ ᠥᠨᠳᠥᠷ ᠤᠨᠠᠯᠲᠠ ᠶᠢᠨ ᠮᠡᠷᠭᠡᠵᠢᠯ ᠢ ᠵᠢᠱᠢᠶ᠎ᠡ ᠦᠵᠡᠭᠦᠯᠦᠨ ᠳᠡᠯᠭᠡᠷᠡᠭᠦᠯᠬᠦ ᠪᠠᠷ ᠲᠥᠯᠥᠪᠯᠡᠵᠦ᠂ 3 ᠵᠠᠭᠤᠨ ᠲᠦᠮᠡᠨ ᠮᠦ ᠶᠢᠨ ᠣᠷᠣᠨ ᠪᠦᠰᠡ ᠶᠢᠨ ︽ᠲᠣᠨ ᠰᠠᠶᠢᠨ ᠲᠠᠷᠢᠶᠠᠨ ᠭᠠᠵᠠᠷ︾ ᠤᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠣᠶ ᠪᠣᠯᠭᠠᠨ᠎ᠠ᠃ ᠵᠢᠯ ᠤᠨ ᠡᠬᠢᠨ ᠳᠤ᠂ ᠥᠪᠡᠷᠲᠡᠭᠡᠨ ᠵᠠᠰᠠᠬᠤ ᠣᠷᠣᠨ ︽2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠳᠡᠨᠢ ᠰᠢᠰᠢ ᠶᠢ ᠨᠢᠭᠲᠠ ᠳᠠᠷᠢᠬᠤ ᠳᠤ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠥᠨᠳᠥᠷ ᠤᠨᠠᠯᠲᠠ ᠶᠢᠨ ᠮᠡᠷᠭᠡᠵᠢᠯ ᠢ ᠳᠡᠯᠭᠡᠷᠡᠭᠦᠯᠬᠦ ᠠᠵᠢᠯ ᠤᠨᠲᠥᠰᠥᠯ︾ ᠢ ᠱᠠᠯᠠᠪᠳᠠᠨ ᠲᠣᠭᠲᠠᠭᠠᠵᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠡᠯ᠎ᠡ ᠱᠠᠲᠤᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠪᠠ᠃ ᠪᠠᠶᠠᠨᠨᠠᠭᠤᠷ ᠬᠤᠳᠠ᠂ ᠲᠦᠩᠯᠢᠶᠣᠣ ᠬᠤᠳᠠ᠂ ᠤᠯᠠᠭᠠᠨᠬᠠᠳᠠ ᠬᠤᠳᠠ᠂ ᠣᠷᠳᠣᠰ ᠬᠤᠳᠠ᠂ ᠬᠥᠬᠡᠬᠤᠲᠠ ᠵᠡᠷᠭᠡ ᠠᠶᠢᠮᠠᠭ ᠬᠤᠳᠠ ᠪᠠᠰᠠ ᠯᠢ ᠱᠤᠤ ᠺᠦᠨ ᠰᠤᠳᠤᠯᠤᠭᠴᠢ ᠶᠢᠨ ᠪᠦᠯᠬᠦᠮ ᠲᠠᠢ ᠢᠳᠡᠪᠬᠢᠲᠡᠢ ᠪᠠᠷ ᠵᠣᠯᠭᠠᠭᠤᠯᠵᠤ᠂ ᠡᠯ᠎ᠡ ᠭᠠᠵᠠᠷ ᠤᠨ ᠮᠡᠷᠭᠡᠵᠢᠯ ᠤᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠠᠵᠢᠯ ᠤᠨ ᠰᠤᠳᠠᠯ ᠢ ᠠᠳᠬᠤᠨ ᠣᠨᠣᠰᠢᠯᠠᠵᠤ᠂ ᠪᠦᠬᠦ ᠵᠢᠯ ᠤᠨ ᠠᠵᠢᠯ ᠤᠨ ᠤᠷᠤᠭᠰᠢᠲᠠᠢ ᠶᠠᠪᠤᠭᠳᠠᠬᠤ ᠳᠤ ᠰᠠᠭᠤᠷᠢ ᠲᠠᠯᠪᠢᠵᠤ ᠥᠭᠴᠡᠢ᠃ 
2.png
      ᠪᠠᠭᠰᠢ ᠶᠢᠨ ᠡᠩᠨᠡᠭᠡ ᠶᠢ ᠪᠣᠯᠪᠠᠰᠤᠷᠠᠭᠤᠯᠵᠤ᠂ ᠮᠡᠷᠭᠡᠵᠢᠯ ᠤᠨ ᠪᠠᠲᠤᠯᠠᠭ᠎ᠠ ᠶᠢ ᠴᠢᠩᠭᠠᠳᠬᠠᠵᠠᠢ᠃       ᠮᠠᠨ ᠤ ᠣᠷᠣᠨ ᠤ ᠡᠯ᠎ᠡ ᠭᠠᠵᠠᠷ ᠤᠨ ᠬᠢᠨ ᠲᠠᠷᠢᠶᠠᠯᠠᠩ ᠤᠨ ᠴᠠᠭ ᠲᠤ ᠲᠠᠷᠢᠶᠠᠯᠠᠩ ᠤᠨ ᠮᠡᠷᠭᠡᠵᠢᠯ ᠤᠨ ᠪᠠᠭᠰᠢ ᠶᠢᠨ ᠪᠣᠯᠪᠠᠰᠤᠷᠠᠯ ᠢ ᠥᠷᠨᠢᠭᠦᠯᠬᠦ ᠶᠢ ᠴᠢᠩᠭ᠎ᠠ ᠠᠳᠬᠤᠵᠤ᠂ ᠣᠷᠣᠨ ᠨᠤᠲᠤᠭ ᠤᠨ ᠲᠤᠰᠬᠠᠢ ᠮᠡᠷᠭᠡᠵᠢᠯᠲᠡᠨ ᠤ ᠡᠩᠨᠡᠭᠡ ᠶᠢ ᠪᠠᠶᠢᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠴᠢᠨᠠᠷ ᠰᠠᠶᠢᠲᠠᠢ ᠠᠬᠢᠭᠤᠯᠬᠤ ᠳᠤ ᠮᠡᠷᠭᠡᠵᠢᠯ ᠤᠨ ᠰᠠᠭᠤᠷᠢ ᠶᠢ ᠪᠠᠲᠤ ᠲᠠᠯᠪᠢᠵᠤ ᠥᠭᠴᠡᠢ᠃ ᠲᠦᠩᠯᠢᠶᠣᠣ ᠬᠤᠲᠠ ︽ᠡᠭᠦᠯᠡᠨ ᠦᠵᠦᠭᠦᠷ + ᠪᠣᠳᠠᠲᠠᠢ ᠭᠠᠵᠠᠷ︾ ᠤᠨ ᠬᠤᠣᠰ ᠱᠤᠭᠤᠮ ᠤᠨ ᠪᠣᠯᠪᠠᠰᠤᠷᠠᠯ ᠤᠨ ᠵᠠᠭᠪᠤᠷ ᠢ ᠪᠣᠶ ᠪᠣᠯᠭᠠᠵᠤ᠂ ᠤᠯᠤᠰ ᠤᠨ ᠲᠤᠰᠬᠠᠢ ᠮᠡᠷᠭᠡᠵᠢᠯᠲᠡᠨ ᠢ ᠤᠷᠢᠵᠤ᠂ ᠵᠦᠢ ᠵᠣᠬᠢᠰᠲᠠᠢ ᠪᠠᠷ ᠨᠢᠭᠲᠠ ᠳᠠᠷᠢᠬᠤ᠂ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠵᠡᠷᠭᠡ ᠵᠠᠩᠭᠢᠯᠠᠭ᠎ᠠ ᠶᠢᠨ ᠮᠡᠷᠭᠡᠵᠢᠯ ᠳᠤ ᠴᠢᠭᠯᠡᠭᠦᠯᠦᠨ ᠲᠤᠰᠬᠠᠢ ᠰᠡᠳᠦᠪ ᠢᠶᠠᠷ ᠬᠢᠴᠢᠶᠡᠯᠯᠡᠵᠦ᠂ ᠲᠤᠬᠠᠢ ᠶᠢᠨ ᠭᠠᠵᠠᠷ ᠤᠨ ᠦᠢᠯᠡᠳᠪᠦᠷᠢᠯᠡᠯ ᠳᠤ ᠪᠠᠶᠢᠩᠭᠤ ᠲᠣᠬᠢᠶᠠᠯᠳᠤᠳᠠᠭ ᠠᠰᠠᠭᠤᠳᠠᠯ ᠤᠨ ᠲᠤᠬᠠᠢ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ ᠲᠥᠭᠡᠷᠢᠭᠳᠡᠯ ᠢ ᠨᠢ ᠲᠠᠶᠢᠯᠪᠠ᠃ ᠪᠠᠶᠠᠨᠨᠠᠭᠤᠷ ᠬᠤᠲᠠ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠮᠡᠷᠭᠡᠵᠢᠯ ᠤᠨ ᠪᠣᠯᠪᠠᠰᠤᠷᠠᠯ ᠤᠨ ᠭᠠᠷᠠᠭ ᠵᠢᠴᠢ ᠪᠠᠭᠰᠢ ᠶᠢᠨ  ᠪᠣᠯᠪᠠᠰᠤᠷᠠᠯ ᠤᠨ ᠠᠩᠭᠢ ᠶᠢ ᠬᠤᠷᠠᠯᠳᠤᠭᠤᠯᠵᠤ᠂ ᠬᠤᠲᠠ — ᠬᠤᠰᠢᠭᠤᠰᠢᠶᠠᠨ — ᠰᠢᠶᠠᠩ ᠪᠠᠯᠭᠠᠰᠤ — ᠠᠷᠠᠳ ᠤᠨ ᠪᠦᠯᠬᠦᠮ ︵ᠲᠠᠷᠢᠶᠠᠴᠢᠨ ᠮᠡᠷᠭᠡᠵᠢᠯᠲᠡᠨ ᠪᠠ ᠨᠤᠲᠤᠭ ᠤᠨ ᠮᠡᠷᠭᠡᠵᠢᠯᠲᠡᠨ︶ ᠳᠥᠷᠪᠡᠨ ᠱᠠᠲᠤᠨ ᠤ ᠮᠡᠷᠭᠡᠵᠢᠯ ᠤᠨ ᠵᠢᠯᠣᠭᠤᠳᠤᠯᠭ᠎ᠠ ᠶᠢᠨ ᠪᠦᠯᠬᠦᠮ ᠤᠨ ᠪᠠᠭᠰᠢ ᠶᠢᠨ ᠮᠡᠷᠭᠡᠵᠢᠯ ᠤᠨ ᠪᠣᠯᠪᠠᠰᠤᠷᠠᠯ ᠪᠠ ᠦᠢᠯᠡᠴᠢᠯᠡᠭᠡᠨ ᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠡᠢ᠃ ᠡᠯ᠎ᠡ ᠭᠠᠵᠠᠷ ᠤᠨ ᠲᠠᠷᠢᠶᠠᠯᠠᠩ ᠤᠨ ᠮᠡᠷᠭᠡᠵᠢᠯ ᠤᠨ ᠪᠠᠭᠰᠢ ᠶᠢᠨ ᠪᠣᠯᠪᠠᠰᠤᠷᠠᠯ ᠤᠨ ᠠᠩᠭᠢ ᠶᠢ ᠠᠮᠵᠢᠯᠲᠠ ᠲᠠᠢ ᠡᠷᠬᠢᠯᠡᠭᠰᠡᠨ ᠢᠶᠠᠷ᠂ ᠲᠠᠷᠢᠶᠠᠯᠠᠩ ᠤᠨ ᠮᠡᠷᠭᠡᠵᠢᠯ ᠤᠨ ︽ᠬᠤᠰᠢᠭᠤᠴᠢ︾  ᠶᠢ ᠬᠥᠮᠥᠵᠢᠭᠦᠯᠦᠭᠰᠡᠨ ᠢᠶᠠᠷ ᠪᠠᠷᠠᠬᠤ ᠦᠭᠡᠢ᠂ ᠨᠠᠩ ᠴᠤ ︽ᠴᠡᠭ ᠢᠶᠠᠷ ᠨᠡᠶᠢᠳᠡᠮ ᠢ ᠳᠠᠶᠢᠴᠢᠯᠠᠬᠤ᠂ ᠪᠥᠬᠦ ᠴᠠᠷᠠᠭ᠎ᠠ ᠪᠠᠷ ᠢᠶᠠᠨ ᠬᠤᠯᠪᠤᠭᠠᠯᠠᠨ ᠬᠥᠳᠡᠯᠦᠯᠴᠡᠬᠦ︾ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠢᠨ᠎ᠡ ᠪᠠᠶᠢᠷᠢᠰᠢᠯ ᠢ ᠪᠣᠶ ᠪᠣᠯᠭᠠᠵᠤ᠂ ᠲᠠᠷᠠᠭᠠᠴᠢ ᠶᠢᠨ ᠠᠯᠬᠤᠮ ᠳᠤ ᠮᠡᠷᠭᠡᠵᠢᠯ ᠤᠨ ᠪᠣᠯᠪᠠᠰᠤᠷᠠᠯ ᠢ ᠶᠡᠭᠡ ᠬᠡᠪᠴᠢᠶ᠎ᠡ ᠪᠠᠷ ᠥᠷᠨᠢᠭᠦᠯᠬᠦ ᠳᠤ ︽ᠲᠡᠷᠢᠭᠦᠨ ᠤ ᠵᠢᠭᠰᠠᠭᠠᠯ ᠢ ᠰᠠᠶᠢᠲᠤᠷ ᠬᠢᠵᠦ ᠥᠭᠭᠦᠭᠰᠡᠨ ᠪᠠᠶᠢᠨ᠎ᠠ᠃
3.png 
      ᠲᠦᠷᠭᠡᠨ ᠬᠥᠳᠡᠯᠦᠯᠴᠡᠵᠦ᠂ ᠨᠠᠷᠢᠯᠢᠭ ᠣᠨᠣᠴᠠᠲᠠᠢ ᠪᠠᠷ ᠦᠢᠯᠡᠴᠢᠯᠡᠬᠦ ᠶᠢ ᠥᠷᠭᠡᠳᠬᠡᠵᠡᠢ᠃      ᠣᠳᠣᠬᠠᠨ ᠳᠤ᠂ ᠭᠠᠯ ᠳᠦᠷᠡᠯᠵᠡᠭᠰᠡᠨ ᠮᠡᠲᠦ ᠮᠡᠷᠭᠡᠵᠢᠯ ᠤᠨ ᠪᠣᠯᠪᠠᠰᠤᠷᠠᠯ ᠡᠯ᠎ᠡ ᠭᠠᠵᠠᠷ ᠲᠤ ᠡᠭᠡᠯᠵᠢᠯᠡᠨ ᠶᠠᠪᠤᠭᠳᠠᠵᠤ ᠪᠠᠶᠢᠨ᠎ᠠ᠃ 2 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠡᠯ᠎ᠡ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠠᠯᠠᠭ᠎ᠠ ᠮᠥᠴᠢᠷ ᠯᠢ ᠱᠣᠸ ᠺᠦᠨ ᠤ ᠰᠤᠳᠤᠯᠤᠭᠴᠢ ᠶᠢᠨ ᠪᠦᠯᠬᠦᠮ ᠲᠠᠢ ᠬᠠᠮᠲᠤᠷᠠᠨ ᠮᠡᠷᠭᠡᠵᠢᠯ ᠤᠨ ᠵᠢᠯᠣᠭᠤᠳᠤᠯᠭ᠎ᠠ ᠶᠢᠨ ᠦᠢᠯᠡᠴᠢᠯᠡᠭᠡ ᠶᠢ ᠨᠡᠶᠢᠲᠡ 160 ᠭᠠᠷᠤᠢ ᠬᠥᠮᠥᠨ ᠤᠳᠠᠭ᠎ᠠ ᠥᠷᠨᠢᠭᠦᠯᠵᠦ᠂ ᠵᠢᠯᠣᠭᠤᠳᠤᠯᠭ᠎ᠠ ᠶᠢᠨ ᠦᠢᠯᠡᠴᠢᠯᠡᠭᠡ ᠶᠢᠨ ᠲᠠᠷᠢᠶᠠᠴᠢᠨ ᠡᠷᠦᠬᠡ ᠶᠢ ᠨᠡᠶᠢᠲᠡ 1300 ᠭᠠᠷᠤᠢ ᠬᠥᠮᠥᠨ ᠤᠳᠠᠭ᠎ᠠ ᠥᠷᠨᠢᠭᠦᠯᠪᠡ︔ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠲᠤᠰᠬᠠᠢ ᠰᠡᠳᠦᠪᠲᠦ ᠪᠣᠯᠪᠠᠰᠤᠷᠠᠯ ᠢ 140 ᠭᠠᠷᠤᠢ ᠬᠤᠭᠤᠴᠠᠭ᠎ᠠ ᠵᠣᠬᠢᠶᠠᠨ ᠪᠠᠶᠢᠭᠤᠯᠵᠤ᠂ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠢ 1200 ᠭᠠᠷᠤᠢ ᠬᠥᠮᠥᠨ ᠤᠳᠠᠭ᠎ᠠ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠪᠡᠶᠡᠴᠢ ᠴᠣᠭᠴᠠ ᠵᠢᠴᠢ ᠲᠠᠷᠢᠶᠠᠴᠢᠨ ᠡᠷᠦᠬᠡ ᠶᠢ 1.1 ᠲᠦᠮᠡᠨ ᠬᠥᠮᠥᠨ ᠤᠳᠠᠭ᠎ᠠ ᠪᠣᠯᠪᠠᠰᠤᠷᠠᠭᠤᠯᠵᠠᠢ᠂ ᠡᠭᠦᠨ ᠳᠤ ᠯᠢ ᠱᠣᠸ ᠺᠦᠨ ᠰᠤᠳᠤᠯᠤᠭᠴᠢ ᠶᠢᠨ ᠪᠦᠯᠬᠦᠮ 40 ᠭᠠᠷᠤᠢ ᠬᠤᠭᠤᠴᠠᠭ᠎ᠠ ᠪᠣᠯᠪᠠᠰᠤᠷᠠᠯ ᠳᠤ ᠣᠷᠣᠯᠴᠠᠵᠠᠢ᠃ ᠮᠡᠷᠭᠡᠵᠢᠯ ᠤᠨ ᠭᠠᠷ ᠳᠡᠪᠲᠡᠷ ᠢ 1.2 ᠲᠦᠮᠡ ᠭᠠᠷᠤᠢ ᠬᠤᠪᠢ ᠲᠠᠷᠬᠠᠭᠠᠵᠤ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠣᠬᠤᠷ ᠸᠢᠳᠢᠤ᠋ ᠶᠢ 40 ᠭᠠᠷᠤᠢ ᠦᠢᠯᠡᠳᠴᠦ᠂ ︽ᠲᠤᠰᠬᠠᠢ ᠮᠡᠷᠭᠡᠵᠢᠯᠲᠡᠨ ᠤ ᠬᠤᠯᠪᠣᠭᠠᠯᠠᠭᠰᠠᠨ ᠰᠠᠭᠤᠷᠢᠨ ᠭᠠᠵᠠᠷ᠂ ᠲᠠᠷᠢᠶᠠᠯᠠᠩ ᠤᠨ ᠮᠡᠷᠭᠡᠵᠢᠯᠲᠡᠨ ᠤ ᠳᠠᠭᠠᠭᠠᠴᠢᠯᠠᠭᠰᠠᠨ ᠬᠡᠰᠡᠭ ᠣᠷᠣᠨ᠂ ᠵᠢᠱᠢᠶ᠎ᠡ ᠦᠵᠡᠭᠦᠯᠬᠦ ᠡᠷᠦᠬᠡ ᠨᠢ ᠲᠠᠷᠢᠶᠠᠴᠢᠨ ᠡᠷᠦᠬᠡ ᠪᠠᠨ ᠳᠠᠶᠢᠴᠢᠯᠠᠬᠤ︾ ᠪᠣᠰᠤᠭ᠎ᠠ ᠴᠣᠭᠴᠠᠲᠤ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠣᠶ ᠪᠣᠯᠭᠠᠪᠠ᠃       ᠬᠠᠪᠤᠷ ᠤᠨ ᠲᠠᠷᠢᠶᠠᠯᠠᠭ᠎ᠠ ᠳᠤ ᠨᠢᠭᠡ ᠮᠥᠬᠦᠯᠢᠭ ᠦᠷ᠎ᠡ ᠲᠠᠷᠢᠪᠠᠯ ᠨᠠᠮᠤᠷ ᠤᠨ ᠬᠤᠷᠢᠶᠠᠯᠲᠠ ᠳᠤ ᠲᠦᠮᠡᠨ ᠳᠠᠮᠨᠠᠭᠤᠷ ᠠᠮᠤ ᠬᠤᠷᠢᠶᠠᠨ᠎ᠠ᠃ ᠡᠷᠳᠡᠨᠢ ᠰᠢᠰᠢ ᠶᠢ ᠨᠢᠭᠲᠠ ᠳᠠᠷᠢᠬᠤ ᠳᠤ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠥᠨᠳᠥᠷ ᠤᠨᠠᠯᠲᠠ ᠶᠢᠨ ᠮᠡᠷᠭᠡᠵᠢᠯ ᠢ ᠲᠦᠷᠭᠡᠪᠴᠢᠯᠡᠨ ᠳᠡᠯᠭᠡᠷᠡᠭᠦᠯᠦᠭᠰᠡᠨ ᠢᠶᠠᠷ 2025 ᠣᠨ ᠤ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠬᠤ ᠳᠤ ︽ᠵᠢᠷᠦᠬᠡ ᠴᠢᠩᠭᠠᠷᠠᠭᠤᠯᠬᠤ ᠡᠮ︾ ᠲᠠᠷᠢᠭᠰᠠᠨ ᠢᠶᠠᠷ ᠪᠠᠷᠠᠬᠤ ᠦᠭᠡᠢ᠂ ᠨᠡᠩ ᠴᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢᠶᠠᠷ ᠤᠯᠠᠮᠵᠢᠯᠠᠯᠲᠤ ᠲᠠᠷᠢᠶᠠᠯᠠᠩ ᠢ ᠲᠠᠬᠢᠨ ᠴᠣᠭᠴᠠᠯᠠᠭᠰᠠᠨ ᠪᠠᠶᠢᠨ᠎ᠠ᠃ ᠵᠠᠯᠭᠠᠭᠠᠳ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠦᠷᠭᠦᠯᠵᠢᠯᠡᠨ ᠭᠤᠣᠯᠳᠠᠯᠭ᠎ᠠ ᠲᠠᠢ ᠲᠥᠷᠥᠯ ᠵᠦᠢᠯ ᠳᠤ ᠲᠦᠰᠢᠭᠯᠡᠨ᠂ ᠰᠢᠯᠢᠳᠡᠭ ᠵᠢᠱᠢᠶ᠎ᠡ ᠦᠵᠡᠭᠦᠯᠬᠦ᠂ ᠦᠢᠯᠡᠴᠢᠯᠡᠭᠡ ᠶᠢ ᠰᠠᠶᠢᠲᠤᠷ ᠬᠢᠬᠦ ᠲᠠᠯ᠎ᠠ ᠪᠠᠷ ᠬᠦᠴᠦ ᠲᠠᠯᠪᠢᠵᠤ᠂ ᠮᠠᠨ ᠤ ᠣᠷᠣᠨ ᠤ ︽ᠬᠤᠶᠠᠷ ᠮᠢᠩᠭᠠᠨ ᠲᠦᠮᠡ︾ ᠶᠢᠨ ᠬᠠᠷᠠᠯᠲᠠ ᠶᠢ ᠪᠡᠶᠡᠯᠡᠭᠦᠯᠬᠦ ᠳᠤ ᠪᠠᠲᠤ ᠴᠢᠩᠭ᠎ᠠ ᠮᠡᠷᠭᠡᠵᠢᠯ ᠤᠨ ᠪᠠᠲᠤᠯᠠᠭ᠎ᠠ ᠬᠠᠩᠭᠠᠨ᠎ᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号