︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠵᠢᠯᠤᠭᠤᠳᠬᠤ ᠰᠠᠨᠠᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠬᠢᠨᠠᠨ ᠬᠡᠮᠵᠢᠵᠦ ᠦᠨᠡᠯᠡᠬᠦ ᠠᠷᠭ᠎ᠠ︾ ᠳᠤ ᠵᠠᠰᠠᠪᠤᠷᠢ ᠣᠷᠣᠭᠤᠯᠵᠤ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2025/3/13
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠡᠳ᠋ ᠤᠨ ᠵᠠᠰᠠᠭ ᠤᠨ ᠬᠦᠷᠢᠶᠡᠨ ᠳᠤ ᠤᠯᠠᠮ ᠨᠢᠭᠡ ᠠᠯᠬᠤᠮ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ ᠦᠢᠯᠡᠴᠢᠯᠡᠭᠡ ᠶᠢ ᠰᠢᠯᠢᠳᠡᠭᠵᠢᠭᠦᠯᠬᠦ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠪᠠᠷ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠢᠨᠠᠨ ᠬᠡᠮᠵᠢᠵᠦ ᠦᠨᠡᠯᠡᠬᠦ ᠳᠦᠷᠢᠮ ᠢ ᠲᠡᠭᠦᠯᠳᠡᠷᠵᠢᠭᠦᠯᠦᠨ᠂ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠣᠨᠣᠪᠴᠢᠲᠠᠶ ᠦᠨᠡᠯᠡᠬᠦ ᠶᠢᠨ ᠲᠤᠰᠠᠳᠠ᠂ ᠡᠳᠦᠭᠡ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠵᠢᠯᠤᠭᠤᠳᠬᠤ ᠰᠠᠨᠠᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠬᠢᠨᠠᠨ ᠬᠡᠮᠵᠢᠵᠦ ᠦᠨᠡᠯᠡᠬᠦ ᠠᠷᠭ᠎ᠠ︾ ᠶᠢ ᠳᠠᠷᠤᠮᠠᠯᠯᠠᠨ ᠲᠠᠷᠬᠠᠭᠠᠯ᠎ᠠ᠂ ᠵᠢᠷᠤᠮᠯᠠᠨ ᠬᠡᠷᠡᠭᠵᠢᠭᠦᠯᠲᠦᠭᠡᠢ᠃                              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                            ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ                                         2025 ᠣᠨ ᠤ 3 ᠰᠠᠷ᠎ᠠ ᠶᠢᠨ 12 ᠤ ᠡᠳᠦᠷ         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠵᠢᠯᠤᠭᠤᠳᠬᠤ ᠰᠠᠨᠠᠯ      ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠪᠣᠯ ᠨᠠᠩ ᠣᠯᠠᠨ ᠡᠬᠢ ᠪᠠᠶᠠᠯᠢᠭ ᠤᠨ ᠬᠦᠴᠦᠨ ᠵᠦᠢᠯ ᠢ ᠬᠥᠳᠡᠭᠡ ᠲᠣᠰᠬᠤᠨ ᠳᠤ ᠴᠤᠭᠯᠠᠷᠠᠭᠤᠯᠬᠤ ᠶᠢ ᠬᠥᠲᠥᠯᠥᠨ ᠵᠢᠯᠤᠭᠤᠳᠬᠤ ᠪᠠ ᠳᠠᠶᠢᠴᠢᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠭᠰᠠᠨ ᠬᠥᠭᠵᠢᠯᠲᠡ ᠶᠢᠨ ᠠᠷᠭ᠎ᠠ ᠵᠠᠮ ᠢ ᠬᠠᠶᠢᠨ ᠰᠦᠪᠡᠭᠴᠢᠯᠡᠵᠦ᠂ ᠬᠥᠳᠡᠭᠡ ᠲᠣᠰᠬᠤᠨ ᠤ ᠠᠵᠤ ᠦᠢᠯᠡᠰ ᠤᠨ ᠪᠥᠬᠦ ᠬᠡᠯᠬᠢᠶ᠎ᠡ ᠶᠢᠨ ᠲᠠᠰ ᠳᠡᠪᠰᠢᠬᠦ ᠶᠢ ᠠᠬᠢᠭᠤᠯᠤᠨ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠦᠲᠦᠮᠵᠢᠲᠡᠶ ᠭᠠᠷᠳᠠᠴᠠ ᠮᠥᠨ᠃ ᠮᠠᠨ ᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠵᠢᠷᠤᠮᠵᠢᠭᠤᠯᠬᠤ ᠶᠢᠨ ᠲᠤᠰᠠᠳᠠ᠂ ᠡᠳᠦᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠵᠢᠯᠤᠭᠤᠳᠬᠤ ᠰᠠᠨᠠᠯ ᠢ ᠲᠣᠭᠲᠠᠭᠠᠪᠠ᠃       ᠨᠢᠭᠡ᠂ ᠦᠨᠳᠦᠰᠦᠨ ᠵᠠᠷᠴᠢᠮ      ᠲᠠᠷᠢᠶᠠᠴᠢᠨ ᠪᠣᠯᠬᠤ᠂ ᠲᠠᠷᠢᠶᠠᠯᠠᠩ ᠤᠨ ᠠᠵᠢᠯ ᠬᠢᠬᠦ᠂ ᠲᠠᠷᠢᠶᠠᠯᠠᠩ ᠤᠨ ᠲᠥᠯᠥᠭᠡ ᠦᠢᠯᠡᠴᠢᠯᠡᠬᠦ᠂ ᠲᠠᠷᠢᠶᠠᠯᠠᠩ ᠢ ᠬᠥᠭᠵᠢᠭᠦᠯᠬᠦ ᠦᠨᠳᠦᠰᠦᠨ ᠵᠣᠷᠢᠯᠲᠠ ᠶᠢ ᠪᠠᠷᠢᠮᠲᠠᠯᠠᠬᠤ ᠲᠠᠯ᠎ᠠ ᠪᠠᠷ᠂ ᠮᠠᠨ ᠤ ᠣᠷᠣᠨ ᠤ ᠳᠠᠪᠠᠭᠤᠯᠢᠭ ᠣᠨᠴᠠᠯᠢᠭᠲᠤ ᠠᠵᠤ ᠦᠢᠯᠡᠰ ᠲᠤ ᠰᠠᠭᠤᠷᠢᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠦᠷ᠎ᠡ ᠠᠰᠢᠭ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠳ ᠤᠨ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠰᠢᠭ ᠲᠤᠰᠠ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠬᠤ  ᠪᠠᠷ ᠭᠤᠣᠯ ᠡᠭᠦᠷᠭᠡ ᠪᠣᠯᠭᠠᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠭᠦᠨᠵᠡᠭᠡᠢ ᠠᠬᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠠᠷᠭ᠎ᠠ ᠵᠠᠮ ᠤᠨ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ︵ᠳᠣᠷᠣᠭᠰᠢ ᠠᠵᠤ ᠦᠢᠯᠡᠰ ᠤᠨ ᠬᠦᠷᠢᠶᠡᠯᠡᠩ ᠭᠡᠵᠦ ᠲᠣᠪᠴᠢᠯᠠᠨ᠎ᠠ︶ ᠶᠢ ᠬᠦᠴᠦᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃       ︵ᠨᠢᠭᠡ︶ ᠭᠤᠣᠯᠯᠠᠬᠤ ᠠᠵᠤ ᠦᠢᠯᠡᠰ ᠢ ᠳᠣᠪᠤᠶᠢᠯᠭᠠᠵᠤ᠂ ᠥᠨᠳᠥᠷ ᠪᠠᠷᠢᠮᠵᠢᠶᠠᠲᠤ ᠠᠵᠤ ᠦᠢᠯᠡᠰ ᠤᠨ ᠬᠦᠷᠢᠶᠡᠯᠡᠩ ᠢ ᠪᠠᠶᠢᠭᠤᠯᠬᠤ ᠬᠡᠷᠡᠭᠲᠡᠢ᠃ ᠡᠯ᠎ᠡ ᠭᠠᠵᠠᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠭᠤᠣᠯᠳᠠᠭᠤ ᠡᠷᠳᠡᠨᠢ ᠰᠢᠰᠢ᠂ ᠪᠤᠭᠤᠳᠠᠢ᠂ ᠲᠥᠮᠥᠰᠥ᠂ ᠰᠢᠷ᠎ᠠ ᠪᠤᠷᠴᠠᠭ᠂ ᠲᠤᠲᠤᠷᠭ᠎ᠠ᠂ ᠨᠠᠷᠢᠮᠤ᠂ ᠶᠤᠤᠮᠠᠢ᠂ ᠨᠡᠷᠡᠨ ᠬᠤᠸᠠᠷ᠂ ᠰᠢᠬᠢᠷ ᠯᠤᠤᠪᠠᠩ᠂ ᠲᠥᠬᠦᠭᠡᠷᠥᠮᠵᠢᠲᠦ ᠢᠳᠡᠰᠢᠨ ᠨᠣᠭᠤᠭ᠎ᠠ᠂ ᠡᠯᠳᠡᠪ ᠠᠮᠤ ᠡᠯᠳᠡᠪ ᠪᠤᠷᠴᠠᠭ᠂ ᠰᠠᠭᠠᠯᠢ ᠶᠢᠨ ᠦᠨᠢᠶ᠎ᠡ᠂ ᠠᠯᠠᠰᠢᠨ ᠦᠬᠡᠷ᠂ ᠠᠯᠠᠰᠢᠨ ᠬᠤᠨᠢ᠂ ᠢᠮᠠᠭᠠᠨ ᠨᠣᠣᠯᠣᠭᠤᠷ᠂ ᠭᠠᠭ᠋ᠠᠢ᠂ ᠵᠢᠭᠦᠷᠲᠡᠨ᠂ ᠮᠣᠷᠢ᠂ ᠬᠤᠣᠰ ᠪᠥᠬᠦᠲᠦ ᠲᠡᠮᠡᠭᠡ᠂ ᠲᠡᠵᠢᠭᠡᠯ ᠡᠪᠡᠰᠦ᠂ ᠤᠰᠤᠨ ᠭᠠᠷᠤᠯᠲᠠ ᠵᠡᠷᠭᠡ ᠳᠠᠪᠠᠭᠤᠯᠢᠭ ᠭᠤᠣᠯ ᠠᠵᠤ ᠦᠢᠯᠡᠰ ᠤᠨ ᠭᠤᠣᠯᠳᠠᠯᠭ᠎ᠠ ᠶᠢᠨ ᠲᠣᠭᠤᠷᠢᠨ ᠳᠤ ᠬᠡᠪᠴᠢᠶᠡᠵᠢᠭᠦᠯᠦᠭᠰᠡᠨ ᠲᠦᠭᠦᠬᠡᠢ ᠮᠠᠲ᠋ᠧᠷᠢᠶᠠᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠬᠢᠵᠢᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠪᠣᠯᠪᠠᠰᠤᠷᠠᠭᠤᠯᠬᠤ ᠶᠢ ᠰᠠᠶᠢᠲᠤᠷ ᠬᠥᠭᠵᠢᠭᠦᠯᠦᠨ ᠪᠦᠲᠦᠭᠡᠨ ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠂ ᠥᠷᠲᠡᠭ ᠤᠨ ᠬᠡᠯᠬᠢᠶ᠎ᠡ ᠶᠢ ᠳᠡᠭᠡᠭᠰᠢᠯᠡᠭᠦᠯᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠂ ᠳᠠᠪᠠᠭᠤᠯᠢᠭ ᠭᠤᠣᠯᠯᠠᠬᠤ ᠠᠵᠤ ᠦᠢᠯᠡᠰ ᠢᠶᠠᠷ ᠭᠤᠣᠯ ᠪᠣᠯᠭᠠᠭᠰᠠᠨ ᠥᠨᠳᠥᠷ ᠪᠠᠷᠢᠮᠵᠢᠶᠠᠲᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠪᠦᠲᠦᠭᠡᠨ ᠪᠠᠶᠢᠭᠤᠯᠬᠤ ᠬᠡᠷᠡᠭᠲᠡᠢ᠃       ︵ᠬᠤᠶᠠᠷ︶ ᠵᠠᠬ᠎ᠠ ᠳᠡᠯᠭᠡᠭᠦᠷ ᠢᠶᠠᠷ ᠭᠤᠣᠯᠯᠠᠭᠤᠯᠬᠤ ᠶᠢ ᠳᠣᠪᠤᠶᠢᠯᠭᠠᠵᠤ᠂ ᠵᠠᠰᠠᠭ ᠤᠨ ᠣᠷᠳᠣᠨ ᠤ ᠬᠥᠲᠥᠯᠥᠨ ᠵᠢᠯᠤᠭᠤᠳᠬᠤ ᠶᠢ ᠴᠢᠩᠭᠠᠷᠠᠭᠤᠯᠬᠤ ᠬᠡᠷᠡᠭᠲᠡᠢ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠤ ᠦᠢᠯᠡᠰ ᠤᠨ ᠬᠥᠭᠵᠢᠯᠲᠡ᠂ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ᠂ ᠦᠢᠯᠡᠳᠬᠦᠨ ᠤ ᠡᠵᠡᠩᠨᠡᠯᠲᠡ ᠪᠣᠷᠣᠯᠠᠭᠤᠯᠤᠯᠲᠠ ᠵᠡᠷᠭᠡ ᠲᠠᠯ᠎ᠠ ᠪᠠᠷ ᠬᠢ ᠭᠤᠣᠯᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠵᠦᠢᠯ ᠤᠨ ᠪᠦᠲᠦᠮᠵᠢᠲᠡᠶ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠪᠤᠢ ᠪᠣᠯᠭᠠᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠦᠢᠯᠡᠴᠢᠯᠡᠭᠡᠨ ᠤ ᠴᠢᠳᠠᠪᠤᠷᠢ ᠶᠢᠨ ᠳᠡᠭᠡᠭᠰᠢᠯᠡᠯᠲᠡ ᠶᠢ ᠴᠢᠩᠭᠠᠳᠬᠠᠵᠤ᠂ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠴᠦ᠂ ᠨᠢᠭᠡᠳᠦᠯᠲᠡᠢ ᠲᠥᠯᠥᠪᠯᠡᠨᠨᠡᠶᠢᠲᠡ ᠳᠤᠨᠢ ᠬᠠᠷᠠᠭᠠᠯᠵᠠᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠡᠶᠡᠯᠡᠭᠦᠯᠬᠦ ᠬᠡᠷᠡᠭᠲᠡᠢ᠃       ︵ᠭᠤᠷᠪᠠ︶ ᠣᠯᠠᠨ ᠲᠠᠯ᠎ᠠ ᠶᠢᠨ ᠬᠢᠨ ᠤ ᠣᠷᠣᠯᠴᠠᠬᠤ ᠶᠢ ᠳᠣᠪᠤᠶᠢᠯᠭᠠᠵᠤ᠂ ᠮᠠᠯᠴᠢᠨ ᠲᠠᠷᠢᠶᠠᠴᠢᠳ ᠤᠨ ᠠᠰᠢᠭ ᠭᠥᠷᠳᠡᠬᠦ ᠶᠢ ᠪᠠᠲᠤᠯᠠᠬᠤ ᠬᠡᠷᠡᠭᠲᠡᠢ᠃ ᠲᠠᠷᠢᠶᠠᠯᠠᠩ ᠳᠤ ᠦᠢᠯᠡᠴᠢᠯᠡᠬᠦ᠂ ᠲᠠᠷᠢᠶᠠᠯᠠᠩ ᠢ ᠳᠡᠮᠵᠢᠬᠦ᠂ ᠲᠠᠷᠢᠶᠠᠴᠢᠳ ᠲᠤ ᠠᠰᠢᠭ ᠬᠦᠷᠲᠡᠭᠡᠬᠦ ᠵᠠᠷᠴᠢᠮ ᠢ ᠢᠮᠠᠭᠲᠠ ᠪᠠᠷᠢᠮᠲᠠᠯᠠᠵᠤ᠂ ᠠᠰᠢᠭ ᠲᠤᠰᠠ ᠶᠢᠨ ᠬᠤᠯᠪᠣᠯᠳᠤᠯ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠤ ᠦᠢᠯᠡᠰ ᠤᠨ ᠠᠭᠤᠰᠤᠯᠴᠠᠯ᠂ ᠦᠢᠯᠡᠴᠢᠯᠡᠭᠡᠨ ᠤ ᠠᠭᠤᠰᠤᠯᠴᠠᠯ᠂ ᠪᠦᠲᠦᠭᠡᠨ ᠪᠠᠶᠢᠭᠤᠯᠤᠯᠲᠠ ᠶᠢᠨ ᠠᠭᠤᠰᠤᠯᠴᠠᠯ ᠢ ᠴᠢᠬᠤᠯᠠᠴᠢᠯᠠᠵᠤ᠂ ᠤᠯᠠᠨ ᠡᠰᠢᠴᠢᠯᠡᠭᠰᠡᠨ ᠨᠡᠶᠢᠭᠡᠮ ᠤᠨ ᠬᠦᠴᠦᠨ ᠢ ᠲᠠᠲᠠᠵᠤ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ᠂ ᠮᠠᠯᠴᠢᠨ ᠲᠠᠷᠢᠶᠠᠴᠢᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠲᠠᠶᠢᠴᠢᠯᠠᠵᠤ᠂ ᠮᠠᠯᠴᠢᠨ ᠲᠠᠷᠢᠶᠠᠴᠢᠨ ᠳᠤ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠦᠷ᠎ᠡ ᠪᠦᠲᠦᠭᠡᠯ ᠢ ᠬᠤᠪᠢᠶᠠᠨ  ᠡᠳ᠋ᠯᠡᠭᠦᠯᠬᠦ ᠬᠡᠷᠡᠭᠲᠡᠢ᠃       ︵ᠳᠥᠷᠪᠡ︶ ᠪᠣᠬᠢᠷᠲᠤᠯ ᠦᠭᠡᠢ ᠬᠥᠭᠵᠢᠯᠲᠡ ᠶᠢ ᠳᠣᠪᠤᠶᠢᠯᠭᠠᠵᠤ᠂ ᠠᠮᠢ ᠠᠬᠤᠢ ᠶᠢᠨ ᠨᠥᠬᠦᠷᠰᠡᠭ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠠᠮᠢ ᠠᠬᠤᠢ ᠶᠢᠨ ᠣᠷᠴᠢᠯ ᠢᠶᠠᠷ ᠤᠳᠤᠷᠢᠳᠤᠮᠵᠢ ᠪᠣᠯᠭᠠᠵᠤ᠂ ᠲᠠᠷᠢᠶᠠᠯᠠᠩ ᠤᠨ ᠤᠰᠤ ᠠᠷᠪᠢᠯᠠᠬᠤ᠂ ᠬᠢᠮᠢ ᠶᠢᠨ ᠪᠣᠷᠳᠣᠭᠤᠷ ᠲᠠᠷᠢᠶᠠᠨ ᠡᠮ ᠤᠨ ᠬᠡᠮᠵᠢᠶ᠎ᠡ ᠶᠢ ᠬᠢᠵᠠᠭᠠᠷᠯᠠᠬᠤ ᠣᠷᠣᠭᠤᠯᠬᠤ ᠶᠢ ᠪᠠᠭᠠᠰᠬᠠᠬᠤ᠂ ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ᠂ ᠪᠠᠭᠠᠰᠤᠨ ᠪᠣᠬᠢᠷᠲᠤᠯ ᠤᠨ ᠡᠬᠢ ᠪᠠᠶᠠᠯᠢᠭ ᠢ ᠠᠰᠢᠭᠯᠠᠬᠤ ᠶᠢ ᠬᠡᠷᠡᠭᠵᠢᠭᠦᠯᠦᠨ᠂ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ᠂ ᠡᠷᠭᠢᠯᠲᠡᠲᠦ ᠬᠥᠭᠵᠢᠯᠲᠡ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ︽ᠨᠢᠭᠡ ᠶᠢ ᠬᠢᠵᠠᠭᠠᠷᠯᠠᠵᠤ ᠬᠤᠶᠠᠷ ᠢ ᠪᠠᠭᠠᠰᠬᠠᠵᠤ ᠭᠤᠷᠪᠠ ᠶᠢ ᠦᠨᠳᠦᠰᠦᠨ ᠳᠡᠭᠡᠨ ᠪᠠᠶᠢᠯᠭᠠᠬᠤ︾᠂ ᠪᠣᠬᠢᠷ ᠤᠰᠤ᠂ ᠬᠠᠶᠠᠭᠳᠠᠮᠠᠯ ᠬᠡᠢ ᠶᠢᠨ ᠭᠠᠳᠠᠭᠰᠢᠯᠠᠭᠤᠯᠤᠯᠲᠠ ᠶᠢ ᠪᠠᠷᠢᠮᠵᠢᠶ᠎ᠠ ᠳᠤ ᠬᠦᠷᠦᠭᠦᠯᠬᠦ᠂ ᠬᠤᠭ ᠨᠣᠪᠰᠢ ᠶᠢ ᠪᠦᠲᠦᠮᠵᠢᠲᠡᠶ ᠰᠢᠢᠳᠪᠦᠷᠢᠯᠡᠬᠦ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠣᠬᠢᠷᠲᠤᠯ ᠦᠭᠡᠢ ᠬᠥᠭᠵᠢᠯᠲᠡ ᠶᠢᠨ ᠵᠠᠭᠪᠤᠷ ᠢ ᠤᠷᠢᠳᠠᠪᠠᠷ ᠪᠡᠶᠡᠯᠡᠭᠦᠯᠬᠦ ᠬᠡᠷᠡᠭᠲᠡᠢ᠃       ᠬᠤᠶᠠᠷ᠂ ᠭᠤᠣᠯ ᠡᠭᠦᠷᠭᠡ      ︵ᠨᠢᠭᠡ︶ ᠭᠤᠣᠯᠯᠠᠬᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠨ ᠮᠠᠨᠳᠤᠬᠤ ᠶᠢ ᠬᠥᠲᠥᠯᠥᠨ ᠳᠠᠭᠠᠭᠤᠯᠬᠤ ᠣᠷᠣᠨ ᠢ ᠪᠦᠲᠦᠭᠡᠨ ᠪᠠᠶᠢᠭᠤᠯᠤᠨ᠎ᠠ᠃ ᠲᠤᠬᠠᠢ ᠶᠢᠨ ᠭᠠᠵᠠᠷ ᠤᠨ ᠳᠠᠪᠠᠭᠤᠯᠢᠭ ᠭᠤᠣᠯᠯᠠᠬᠤ ᠠᠵᠤ ᠦᠢᠯᠡᠰ ︵2 ᠠᠴᠠ ᠬᠡᠲᠦᠷᠡᠬᠦ ᠦᠭᠡᠢ︶ ᠲᠤ ᠲᠦᠰᠢᠭᠯᠡᠨ᠂ ᠠᠮᠢ ᠠᠬᠤᠢ ᠶᠢᠨ ᠳᠠᠪᠠᠭᠤᠯᠢᠭ ᠢ ᠪᠠᠳᠠᠷᠠᠭᠤᠯᠵᠤ᠂ ᠨᠢᠭᠡ ᠪᠦᠯᠦᠭ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠲᠦᠭᠦᠬᠡᠢ ᠮᠠᠲ᠋ᠧᠷᠢᠶᠠᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠤᠨ ᠪᠦᠲᠦᠭᠡᠵᠦ᠂ ᠳᠠᠷᠢᠵᠤ ᠲᠡᠵᠢᠭᠡᠬᠦ ᠶᠢ ᠤᠶᠠᠯᠳᠤᠭᠤᠯᠤᠭᠰᠠᠨ ᠠᠮᠢ ᠠᠬᠤᠢ ᠶᠢᠨ ᠣᠷᠴᠢᠯᠳᠤᠭᠤᠯᠤᠨ ᠠᠰᠢᠭᠯᠠᠬᠤ ᠵᠠᠭᠪᠤᠷ ᠢ ᠳᠡᠯᠭᠡᠷᠡᠭᠦᠯᠦᠨ᠂ ᠠᠮᠢ ᠠᠬᠤᠢ ᠶᠢᠨ ᠣᠷᠴᠢᠯᠲᠤ ᠲᠠᠷᠢᠶᠠᠯᠠᠩ ᠮᠠᠯ ᠠᠵᠤ ᠠᠬᠤᠢ ᠶᠢ ᠪᠠᠶᠢᠭᠤᠯᠵᠤ᠂ ᠪᠥᠬᠦ ᠤᠯᠤᠰ ᠲᠤ ᠨᠠᠷᠠᠲᠠᠢ ᠪᠣᠬᠢᠷᠲᠤᠯ ᠦᠭᠡᠢ ᠣᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ ᠰᠠᠭᠤᠷᠢᠨ ᠭᠠᠵᠠᠷ ᠢ ᠪᠣᠶ ᠪᠣᠯᠭᠠᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ  ᠪᠣᠯᠪᠠᠰᠤᠷᠠᠭᠤᠯᠬᠤ ᠦᠢᠯᠡᠰ ᠤᠨ ᠪᠥᠭᠡᠮᠨᠡᠷᠡᠯ ᠤᠨ ᠮᠠᠶ᠋ᠢᠭ ᠤᠨ ᠬᠥᠭᠵᠢᠯᠲᠡ ᠪᠠ ᠨᠠᠷᠠᠲᠤ ᠲᠥᠷᠥᠯ ᠲᠡᠮᠳᠡᠭᠵᠢᠭᠦᠯᠦᠨ ᠡᠵᠡᠩᠨᠡᠨ ᠪᠣᠷᠣᠯᠠᠭᠤᠯᠬᠤ ᠶᠢ ᠠᠬᠢᠭᠤᠯᠵᠤ᠂ ᠠᠵᠤ ᠦᠢᠯᠡᠰ ᠤᠨ ᠬᠦᠷᠢᠶᠡᠯᠡᠩ ᠢ ᠨᠠᠷᠠᠲᠤ ᠲᠥᠷᠥᠯ ᠲᠡᠮᠳᠡᠭᠲᠦ ᠪᠠᠷ ᠲᠣᠪᠣᠶᠢᠮ᠎ᠠ᠂ ᠡᠵᠡᠩᠨᠡᠯᠲᠡ ᠶᠢᠨ ᠬᠡᠯᠪᠡᠷᠢ ᠪᠠᠶᠢᠳᠠᠯ ᠵᠦᠢ ᠵᠣᠬᠢᠰᠲᠠᠢ᠂ ᠦᠷ᠎ᠡ ᠠᠰᠢᠭ ᠢᠶᠠᠷ ᠢᠯᠡᠷᠬᠡᠢ᠂ ᠠᠮᠢ ᠠᠬᠤᠢ ᠪᠠᠷ ᠰᠠᠶᠢᠨ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠣᠷᠣᠨ ᠪᠣᠯᠭᠠᠨ ᠪᠠᠶᠢᠭᠤᠯᠤᠨ᠎ᠠ᠃       ︵ᠬᠤᠶᠠᠷ︶ ᠦᠢᠯᠡᠳᠪᠦᠷᠢᠯᠡᠯ ᠤᠨ ᠬᠦᠴᠦᠨ ᠵᠦᠢᠯ ᠤᠨ ᠴᠤᠭᠯᠠᠷᠠᠯ ᠢ ᠠᠬᠢᠭᠤᠯᠵᠤ᠂ ᠣᠲᠣ ᠦᠶ᠎ᠡ ᠶᠢᠨ ᠮᠡᠷᠭᠡᠵᠢᠯ ᠬᠢᠭᠡᠳ ᠲᠣᠨᠤᠭ ᠲᠥᠬᠦᠭᠡᠷᠦᠮᠵᠢ ᠶᠢᠨ ᠬᠤᠷᠠᠮᠠᠯ ᠣᠷᠣᠨ ᠢ ᠪᠦᠲᠦᠭᠡᠨ ᠪᠠᠶᠢᠭᠤᠯᠤᠨ᠎ᠠ᠃ ᠵᠠᠬ᠎ᠠ ᠳᠡᠯᠭᠡᠭᠦᠷ᠂ ᠬᠥᠷᠥᠩᠭᠡ᠂ ᠮᠡᠳᠡᠭᠡ ᠵᠠᠩᠭᠢ᠂ ᠴᠢᠳᠠᠪᠤᠷᠢᠲᠠᠨ ᠵᠡᠷᠭᠡ ᠣᠳᠣ ᠦᠶ᠎ᠡ ᠶᠢᠨ ᠦᠢᠯᠡᠳᠪᠦᠷᠢᠯᠡᠯ ᠤᠨ ᠡᠯᠧᠮᠧᠨ᠋ᠲ ᠢ ᠴᠤᠭᠯᠠᠭᠤᠯᠵᠤ᠂ ᠲᠠᠷᠢᠶᠠᠯᠠᠩ ᠰᠢᠨᠵᠢᠯᠡᠬᠦ ᠤᠬᠠᠭᠠᠨ ᠰᠤᠷᠭᠠᠨ ᠬᠥᠮᠦᠵᠢᠯ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠶᠡᠭᠡ ᠬᠤᠯᠪᠣᠭᠠᠯᠠᠯ᠂ ᠶᠡᠭᠡ ᠬᠠᠮᠵᠢᠯᠴᠠᠭ᠎ᠠ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠲᠣᠭᠠᠴᠢᠯᠠᠯᠲᠠ᠂ ᠣᠶᠤᠨᠴᠢᠯᠠᠭᠰᠠᠨ ᠦᠷ᠎ᠡ ᠪᠦᠲᠦᠭᠡᠯ ᠢ ᠳᠡᠯᠭᠡᠷᠡᠭᠦᠯᠦᠨ᠂ ᠲᠡᠷᠢᠭᠦᠨ ᠤ ᠮᠡᠷᠭᠡᠵᠢᠯ ᠪᠠ ᠲᠣᠨᠤᠭ ᠲᠥᠬᠦᠭᠡᠷᠦᠮᠵᠢ ᠶᠢ ᠢᠵᠢ ᠪᠦᠷᠢᠳᠦᠭᠦᠯᠦᠨ ᠬᠡᠷᠡᠭᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠪᠦᠲᠦᠮᠵᠢᠲᠡᠶ ᠲᠣᠭᠲᠠᠴᠠ ᠶᠢ ᠬᠠᠶᠢᠨ ᠰᠦᠪᠡᠭᠴᠢᠯᠡᠵᠦ᠂ ᠠᠵᠤ ᠦᠢᠯᠡᠰ ᠤᠨ ᠬᠦᠷᠢᠶᠡᠯᠡᠩ ᠢ ᠲᠡᠷᠢᠭᠦᠨ ᠤ ᠮᠡᠷᠭᠡᠵᠢᠯ ᠤᠨ ᠬᠢᠷᠢ ᠬᠡᠮᠵᠢᠶ᠎ᠡ  ᠲᠠᠢ᠂ ᠮᠥᠩᠭᠦᠨ ᠭᠦᠢᠯᠭᠡᠭᠡᠨ ᠤ ᠳᠡᠮᠵᠢᠯᠭᠡ ᠪᠠᠷ ᠬᠦᠴᠦᠲᠡᠢ᠂ ᠪᠡᠯᠡᠳᠬᠡᠮᠵᠢ ᠲᠣᠨᠤᠭ ᠲᠥᠬᠦᠭᠡᠷᠦᠮᠵᠢ ᠶᠢ ᠢᠵᠢ ᠪᠦᠷᠢᠳᠦᠭᠦᠯᠦᠭᠰᠡᠨ ᠣᠲᠣ ᠦᠶ᠎ᠡ ᠶᠢᠨ ᠮᠡᠷᠭᠡᠵᠢᠯ ᠤᠨ ᠬᠤᠷᠠᠮᠠᠯ ᠣᠷᠣᠨ ᠪᠣᠯᠭᠠᠨ ᠪᠠᠶᠢᠭᠤᠯᠤᠨ᠎ᠠ᠃       ︵ᠭᠤᠷᠪᠠ︶ ᠦᠢᠯᠡᠳᠪᠦᠷᠢᠯᠡᠬᠦ ᠪᠤᠯᠪᠠᠰᠤᠷᠠᠭᠤᠯᠬᠤ ᠪᠣᠷᠣᠯᠠᠭᠤᠯᠬᠤ ᠶᠢ ᠨᠢᠭᠡ ᠴᠣᠭᠴᠠᠵᠢᠭᠤᠯᠬᠤ ᠶᠢ ᠠᠬᠢᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠣᠷᠣᠨ ᠢ ᠪᠦᠲᠦᠭᠡᠨ ᠪᠠᠶᠢᠭᠤᠯᠤᠨ᠎ᠠ᠃ ᠳᠠᠷᠢᠵᠤ ᠲᠡᠵᠢᠭᠡᠬᠦ ᠶᠢ ᠣᠷᠭᠠᠨᠢᠭ ᠢᠶᠠᠷ ᠤᠶᠠᠯᠳᠤᠭᠤᠯᠤᠭᠰᠠᠨ᠂ ᠦᠢᠯᠡᠳᠪᠦᠷᠢᠯᠡᠬᠦ᠂  ᠪᠣᠯᠪᠠᠰᠤᠷᠠᠭᠤᠯᠬᠤ᠂ ᠬᠤᠷᠢᠶᠠᠨ ᠬᠠᠳᠠᠭᠠᠯᠠᠬᠤ᠂ ᠪᠠᠷᠠᠭᠠᠨ ᠤ ᠭᠦᠢᠯᠭᠡᠭᠡᠨ᠂ ᠪᠣᠷᠤᠯᠠᠭᠤᠯᠭ᠎ᠠ ᠶᠢ ᠨᠢᠭᠡ ᠴᠣᠭᠴᠠᠵᠢᠭᠤᠯᠤᠭᠰᠠᠨ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠠᠮᠢ ᠠᠬᠤᠢ ᠶᠢᠨ ᠦᠨ᠎ᠡ ᠥᠷᠲᠡᠭ᠂ ᠰᠣᠶᠣᠯ ᠤᠨ ᠦᠨ᠎ᠡ ᠥᠷᠲᠡᠭ᠂ ᠰᠡᠯᠡᠭᠦᠴᠡᠯ ᠤᠨ ᠦᠨ᠎ᠡ ᠥᠷᠲᠡᠭ ᠢ ᠠᠭᠤᠳᠠᠯᠵᠤ᠂ ︽ᠣᠶᠤᠨᠲᠤ ᠲᠠᠷᠢᠶᠠᠯᠠᠩ︾ ᠤᠨ ᠠᠵᠢᠯᠯᠠᠭ᠎ᠠ ᠶᠢ ᠬᠡᠷᠡᠭᠵᠢᠭᠦᠯᠦᠨ᠂ ᠠᠵᠤ ᠦᠢᠯᠡᠰ ᠤᠨ ᠬᠦᠷᠢᠶᠡᠯᠡᠩ ᠤᠨ ᠲᠣᠭᠠᠴᠢᠯᠠᠭᠰᠠᠨ ᠲᠠᠪᠴᠠᠩ ᠵᠢᠴᠢ ᠢᠵᠢ ᠪᠦᠷᠢᠳᠦᠭᠦᠯᠬᠦ ᠦᠢᠯᠡᠴᠢᠯᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ᠂ ᠥᠷᠲᠡᠭ ᠤᠨ ᠬᠡᠯᠬᠢᠶ᠎ᠡ ᠶᠢ ᠳᠠᠬᠢᠨ ᠪᠠᠶᠢᠭᠤᠯᠬᠤ ᠪᠠ ᠲᠠᠰ ᠳᠡᠪᠰᠢᠭᠦᠯᠬᠦ ᠶᠢ ᠠᠬᠢᠭᠤᠯᠵᠤ᠂ ᠠᠵᠤ ᠦᠢᠯᠡᠰ ᠤᠨ ᠬᠦᠷᠢᠶᠡᠯᠡᠩ ᠢ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠭᠦᠨᠵᠡᠭᠡᠢ ᠠᠭᠤᠰᠤᠯᠴᠠᠨ ᠬᠥᠭᠵᠢᠬᠦ ᠣᠷᠣᠨ ᠪᠣᠯᠭᠠᠨ ᠪᠠᠶᠢᠭᠤᠯᠤᠨ᠎ᠠ᠃       ︵ᠳᠥᠷᠪᠡ︶ ᠡᠵᠡᠩᠨᠡᠯᠲᠡ ᠶᠢᠨ ᠭᠤᠣᠯ ᠴᠣᠭᠴᠠ ᠶᠢᠨ ᠬᠦᠷᠢᠶᠡᠯᠡᠩ ᠳᠤ ᠣᠷᠣᠵᠤ ᠡᠵᠡᠩᠨᠡᠬᠦ ᠶᠢ ᠵᠣᠷᠢᠭᠵᠢᠭᠤᠯᠵᠤ᠂ ᠲᠠᠷᠢᠶᠠᠯᠠᠩ ᠲᠠᠢ ᠬᠤᠯᠪᠤᠭᠠᠯᠠᠨ ᠲᠠᠷᠢᠶᠠᠯᠠᠩ ᠢ ᠳᠠᠶᠢᠴᠢᠯᠠᠭᠰᠠᠨ ᠦᠷ᠎ᠡ ᠪᠦᠲᠦᠮᠵᠢ ᠶᠢᠨ ᠣᠷᠣᠨ ᠢ ᠪᠦᠲᠦᠭᠡᠨ ᠪᠠᠶᠢᠭᠤᠯᠤᠨ᠎ᠠ᠃ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ ᠮᠠᠯᠴᠢᠨ ᠲᠠᠷᠢᠶᠠᠴᠢᠨ ᠤ ᠬᠤᠷᠰᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠲᠣᠯᠣᠭᠠᠶᠢᠯᠠᠭᠴᠢ ᠠᠵᠤ ᠠᠬᠤᠶᠢᠯᠠᠯ᠂ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠬᠦᠷᠢᠶᠡᠯᠡᠩ ᠳᠤ ᠣᠷᠣᠵᠤ ᠬᠥᠭᠵᠢᠬᠦ ᠶᠢ ᠵᠣᠷᠢᠭᠵᠢᠭᠤᠯᠤᠨ ᠬᠥᠲᠥᠯᠥᠨ ᠵᠢᠯᠤᠭᠤᠳᠴᠤ᠂ ᠵᠠᠬᠢᠶᠠᠯᠠᠭ᠎ᠠ ᠶᠢᠨ ᠲᠠᠷᠢᠶᠠᠯᠠᠩ᠂ ᠬᠤᠪᠢ ᠣᠷᠣᠭᠤᠯᠤᠨ ᠬᠤᠷᠰᠢᠬᠤ᠂ ᠬᠤᠪᠢ ᠨᠤᠭᠤᠯᠤᠨ ᠪᠤᠳᠤᠵᠤ ᠬᠡᠮᠵᠢᠶᠡᠵᠢᠭᠦᠯᠬᠦ᠂ ᠨᠡᠶᠢᠭᠡᠮᠴᠢᠯᠡᠭᠰᠡᠨ ᠦᠢᠯᠡᠴᠢᠯᠡᠭᠡ᠂ ᠬᠥᠳᠡᠯᠮᠦᠷᠢ ᠠᠵᠢᠯ ᠣᠯᠭᠤᠯᠲᠠ ᠵᠡᠷᠭᠡ ᠬᠡᠯᠪᠡᠷᠢ ᠪᠠᠷ ᠣᠯᠠᠨ ᠡᠰᠢᠵᠢᠭᠰᠡᠨ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠵᠠᠭᠪᠤᠷ ᠢ ᠭᠤᠣᠯᠳᠠᠯᠭ᠎ᠠ ᠲᠠᠢ ᠪᠠᠶᠢᠭᠤᠯᠵᠤ᠂ ᠲᠣᠭᠲᠠᠭᠤᠨ ᠢᠶᠠᠷ ᠠᠵᠢᠯᠯᠠᠵᠤ ᠳᠡᠶᠢᠯᠬᠦ᠂ ᠦᠷᠭᠦᠯᠵᠢᠯᠡᠬᠦ᠂ ᠬᠥᠭᠵᠢᠵᠦ ᠳᠡᠶᠢᠯᠬᠦ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠪᠠᠶᠢᠭᠤᠯᠵᠤ᠂ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠤᠨ ᠲᠦᠭᠡᠮᠡᠯ ᠬᠠᠷᠠᠭᠠᠯᠵᠠᠯ ᠤᠨ ᠬᠦᠷᠢᠶᠡᠯᠡᠩ ᠤᠨ ᠳᠣᠲᠣᠷᠠᠬᠢ ᠮᠠᠯᠴᠢᠨ ᠲᠠᠷᠢᠶᠠᠴᠢᠨ ᠢ ᠦᠨᠡᠨᠬᠦ ᠪᠠᠲᠤᠯᠠᠨ᠎ᠠ᠃       ︵ᠲᠠᠪᠤ︶ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠰᠢᠰᠲ᠋ᠧᠮ᠂ ᠦᠢᠯᠡᠳᠪᠦᠷᠢᠯᠡᠯ ᠤᠨ ᠰᠢᠰᠲ᠋ᠧᠮ᠂ ᠠᠵᠤ ᠦᠢᠯᠡᠰ ᠤᠨ ᠰᠢᠰᠲ᠋ᠧᠮ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ  ᠶᠢ ᠲᠦᠷᠭᠡᠳᠬᠡᠵᠦ᠂ ᠲᠥᠷᠥᠯ ᠵᠦᠢᠯ ᠢᠶᠠᠷ ᠰᠢᠯᠢᠳᠡᠭ ᠢ ᠪᠣᠶᠢᠵᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠪᠠ ᠪᠠᠷᠢᠮᠵᠢᠶᠠᠵᠢᠭᠤᠯᠤᠨ ᠦᠢᠯᠡᠳᠪᠦᠷᠢᠯᠡᠬᠦ ᠶᠢ ᠠᠬᠢᠭᠤᠯᠵᠤ᠂ ᠭᠡᠷᠡᠴᠢᠯᠡᠯ ᠤᠨ ᠪᠣᠬᠢᠷᠲᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠠ ᠭᠠᠵᠠᠷ ᠵᠦᠢ ᠶᠢᠨ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ ᠢ ᠪᠣᠶᠢᠵᠢᠭᠤᠯᠵᠤ᠂ ᠠᠮᠠᠯᠠᠯᠲᠠ ᠶᠢᠨ ᠪᠠᠷᠢᠮᠵᠢᠶ᠎ᠠ ᠳᠤ ᠬᠦᠷᠦᠭᠦᠯᠵᠦ ᠬᠢᠷᠢ ᠲᠡᠩᠴᠡᠭᠰᠡᠨ ᠦᠨᠡᠮᠯᠡᠯ ᠤᠨ ᠳᠦᠷᠢᠮ ᠢ ᠬᠡᠷᠡᠭᠵᠢᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠬᠡᠪ ᠳᠠᠭᠤᠷᠢᠶᠠᠯ ᠢ ᠪᠣᠶ ᠪᠣᠯᠭᠠᠵᠤ᠂ ᠠᠵᠤ ᠦᠢᠯᠡᠰ ᠤᠨ ᠬᠦᠷᠢᠶᠡᠯᠡᠩ ᠢ ᠲᠠᠷᠢᠶᠠᠯᠠᠩ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠪᠣᠬᠢᠷᠲᠤᠯ ᠦᠭᠡᠢ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠪᠣᠯᠭᠠᠨ᠎ᠠ᠃       ᠭᠤᠷᠪᠠ᠂ ᠦᠨᠳᠦᠰᠦᠨ ᠨᠥᠬᠦᠴᠡᠯ      ︵ᠨᠢᠭᠡ︶ ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ ᠨᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠪᠠᠶᠢᠬᠤ ᠬᠡᠷᠡᠭᠲᠡᠢ᠃ ᠠᠵᠤ ᠦᠢᠯᠡᠰ ᠤᠨ ᠬᠦᠷᠢᠶᠡᠯᠡᠩ ᠳᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ ᠤ ᠵᠥᠪᠰᠢᠶᠡᠷᠡᠭᠰᠡᠨ ᠲᠤᠰᠬᠠᠢ ᠵᠦᠢᠯ ᠤᠨ ᠲᠥᠯᠦᠪᠵᠢᠭᠦᠯᠭᠡ ᠪᠠ ᠪᠦᠲᠦᠭᠡᠨ ᠪᠠᠶᠢᠭᠤᠯᠤᠯᠲᠠ ᠶᠢᠨ ᠲᠥᠰᠥᠯ ᠪᠠᠶᠢᠬᠤ ᠬᠡᠷᠡᠭᠲᠡᠢ᠂ ᠲᠤᠬᠠᠢ ᠶᠢᠨ ᠭᠠᠵᠠᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠶᠡᠷᠦᠩᠬᠡᠢ ᠱᠠᠭᠠᠷᠳᠠᠯᠭ᠎ᠠ ᠳᠤ ᠨᠡᠶᠢᠴᠡᠵᠦ᠂ ᠠᠵᠤ ᠦᠢᠯᠡᠰ ᠤᠨ ᠪᠠᠶᠢᠷᠢᠰᠢᠯ ᠢ ᠰᠢᠶᠠᠨ ᠤ ᠬᠡᠪᠴᠢᠶᠡᠨ ᠤ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠭᠤᠣᠯ ᠣᠷᠣᠨ ᠢᠶᠠᠷ ᠭᠤᠣᠯ ᠪᠣᠯᠭᠠᠵᠤ᠂ ᠪᠠᠶᠢᠭᠠᠯᠢ ᠶᠢᠨ ᠭᠠᠵᠠᠷ ᠵᠦᠢ ᠶᠢᠨ ᠵᠠᠭᠠᠭ ᠱᠤᠭᠤᠮ ᠢ ᠲᠣᠳᠣᠷᠬᠠᠢ ᠵᠠᠭᠠᠭᠯᠠᠨ ᠲᠣᠭᠲᠠᠭᠠᠵᠤ᠂ ᠬᠡᠪᠴᠢᠶᠡᠵᠢᠭᠰᠡᠨ ᠪᠠᠷᠢᠮᠵᠢᠶᠠᠵᠢᠭᠰᠠᠨ ᠳᠠᠷᠢᠵᠤ ᠲᠡᠵᠢᠭᠡᠬᠦ ᠰᠠᠭᠤᠷᠢᠨ ᠭᠠᠵᠠᠷ ᠢᠶᠠᠷ ᠲᠦᠰᠢᠭ ᠪᠣᠯᠭᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ  ᠪᠣᠯᠪᠠᠰᠤᠷᠠᠭᠤᠯᠬᠤ᠂ ᠬᠦᠯᠳᠡᠭᠡᠭᠰᠡᠨ ᠪᠠᠷᠠᠭᠠᠨ ᠤ ᠬᠦᠢᠯᠭᠡᠭᠡ᠂ ᠨᠡᠶᠢᠭᠡᠮᠴᠢᠯᠡᠭᠰᠡᠨ ᠦᠢᠯᠡᠴᠢᠯᠡᠭᠡ ᠪᠠᠷ ᠲᠤᠯᠭᠠᠭᠤᠷᠢᠯᠠᠯ ᠪᠣᠯᠭᠠᠨ᠂ ᠠᠰᠢᠭ ᠲᠤᠰᠠ ᠶᠢ ᠬᠤᠯᠪᠣᠭᠳᠠᠭᠤᠯᠬᠤ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ᠂ ᠵᠠᠮ ᠬᠠᠷᠢᠯᠴᠠᠭ᠎ᠠ ᠶᠢ ᠬᠤᠯᠪᠣᠬᠤ ᠪᠠᠷ ᠰᠠᠭᠤᠷᠢ ᠪᠣᠯᠭᠠᠨ᠂ ᠰᠤᠮᠤ ᠰᠢᠶᠠᠩ ᠪᠠᠯᠭᠠᠰᠤ ᠠᠯᠤᠰᠯᠠᠨ ᠪᠦᠲᠦᠭᠡᠨ ᠪᠠᠶᠢᠭᠤᠯᠬᠤ ᠶᠢ ᠲᠥᠯᠥᠪᠵᠢᠭᠦᠯᠦᠭᠰᠡᠨ ᠰᠠᠭᠤᠷᠢᠨ ᠳᠡᠭᠡᠷ᠎ᠡ᠂ ᠣᠷᠣᠨ ᠪᠦᠰᠡ ᠶᠢᠨ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠴᠢᠳᠠᠮᠵᠢ ᠶᠢᠨ ᠪᠠᠶᠢᠷᠢᠰᠢᠭᠤᠯᠤᠯ ᠢ ᠨᠢᠭᠡᠳᠦᠯᠲᠡᠢ ᠲᠥᠯᠥᠪᠯᠡᠨ᠂ ᠬᠠᠪᠲᠠᠭᠠᠢ ᠬᠡᠰᠡᠭ ᠤᠨ ᠴᠢᠳᠠᠮᠵᠢ ᠨᠢ ᠲᠣᠳᠣᠷᠬᠠᠢ᠂ ᠡᠷᠬᠢᠨ ᠲᠣᠭᠤᠷᠢᠨ ᠤ ᠠᠵᠤ ᠦᠢᠯᠡᠰ ᠤᠨ ᠳᠠᠶᠢᠴᠢᠯᠠᠯᠲᠠ ᠨᠢ ᠢᠯᠡᠷᠬᠡᠢ᠂ ᠲᠠᠷᠢᠶᠠᠴᠢᠨ ᠮᠠᠯᠴᠢᠳ  ᠤᠨ ᠣᠷᠣᠯᠭ᠎ᠠ ᠶᠢᠨ ᠨᠡᠮᠡᠭᠳᠡᠯ ᠨᠢ ᠢᠯᠡᠷᠬᠡᠢ ᠦᠷ᠎ᠡ ᠪᠦᠲᠦᠮᠵᠢ ᠲᠠᠢ ᠰᠠᠴᠤᠷᠠᠭ ᠣᠷᠣᠨ ᠢ ᠪᠤᠢ ᠪᠣᠯᠭᠠᠨ᠎ᠠ᠃       ︵ᠬᠤᠶᠠᠷ︶ ᠭᠤᠣᠯᠯᠠᠬᠤ ᠠᠵᠤ ᠦᠢᠯᠡᠰ ᠤᠨ ᠳᠠᠪᠠᠭᠤᠯᠢᠭ ᠨᠢ ᠢᠯᠡᠷᠬᠡᠢ ᠪᠠᠶᠢᠬᠤ ᠬᠡᠷᠡᠭᠲᠡᠢ᠃ ᠠᠵᠤ ᠦᠢᠯᠡᠰ ᠤᠨ ᠬᠦᠷᠢᠶᠡᠯᠡᠩ ᠤᠨ ᠭᠤᠣᠯᠯᠠᠬᠤ ᠠᠵᠤ ᠦᠢᠯᠡᠰ ᠢ ᠡᠩ ᠤᠨ ᠪᠠᠶᠢᠳᠠᠯ ᠳᠤ 2 ᠠᠴᠠ ᠬᠡᠲᠦᠷᠡᠭᠦᠯᠵᠦ ᠪᠣᠯᠬᠤ ᠦᠭᠡᠢ᠂ ᠭᠤᠣᠯᠯᠠᠬᠤ ᠠᠵᠤ ᠦᠢᠯᠡᠰ ᠤᠨ ᠦᠢᠯᠡᠳᠬᠦᠨ ᠤ ᠥᠷᠲᠡᠭ ᠢ ᠠᠵᠤ ᠦᠢᠯᠡᠰ ᠤᠨ ᠬᠦᠷᠢᠶᠡᠯᠡᠩ ᠤᠨ ᠦᠢᠯᠡᠳᠬᠦᠨ ᠤ ᠶᠡᠷᠦᠩᠬᠡᠢ ᠥᠷᠲᠡᠭ ᠤᠨ 50% ᠠᠴᠠ ᠳᠣᠷᠣᠭᠰᠢ ᠪᠠᠶᠢᠯᠭᠠᠵᠤ ᠪᠣᠯᠬᠤ ᠦᠭᠡᠢ︔ ᠠᠵᠤ ᠦᠢᠯᠡᠰ ᠤᠨ ᠬᠦᠷᠢᠶᠡᠯᠡᠩ ᠤᠨ ᠦᠢᠯᠡᠳᠬᠦᠨ ᠤ ᠶᠡᠷᠦᠩᠬᠡᠢ ᠥᠷᠳᠡᠭ ᠢ 20  ᠳ᠋ᠥᠢᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠬᠦ ᠬᠡᠷᠡᠭᠲᠡᠢ᠃ ᠭᠤᠣᠯᠯᠠᠬᠤ ᠠᠵᠤ ᠦᠢᠯᠡᠰ ᠨᠢ ︽ᠦᠢᠯᠡᠳᠪᠦᠷᠢᠯᠡᠬᠦ + ᠪᠣᠯᠪᠠᠰᠤᠷᠠᠭᠤᠯᠬᠤ + ᠰᠢᠨᠵᠢᠯᠡᠬᠦ ᠤᠬᠠᠭᠠᠨ ᠲᠧᠭᠨᠢᠭ ᠮᠡᠷᠭᠡᠵᠢᠯ︾ ᠤᠨ ᠬᠥᠭᠵᠢᠯᠲᠡ ᠶᠢᠨ ᠣᠨᠣᠯᠵᠢᠬᠤᠨ ᠳᠤ ᠨᠡᠶᠢᠴᠡᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ  ᠪᠣᠯᠪᠠᠰᠤᠷᠠᠭᠤᠯᠬᠤ ᠦᠢᠯᠡᠰ ᠤᠨ ᠲᠥᠪᠯᠡᠷᠡᠭᠰᠡᠨ᠂ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠥᠭᠵᠢᠯᠲᠡ ᠪᠠᠷ ᠰᠠᠶᠢᠨ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠤᠨ ᠳᠠᠪᠠᠭᠤᠯᠢᠭ ᠢᠶᠠᠷ ᠢᠯᠡᠷᠬᠡᠢ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠪᠣᠶ ᠪᠣᠯᠭᠠᠬᠤ ᠬᠡᠷᠡᠭᠲᠡᠢ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠪᠠᠷ ᠭᠤᠣᠯ ᠤᠳᠤᠷᠢᠳᠤᠮᠵᠢ ᠪᠣᠯᠭᠠᠭᠰᠠᠨ ᠠᠵᠤ ᠦᠢᠯᠡᠰ ᠤᠨ ᠬᠦᠷᠢᠶᠡᠯᠡᠩ ᠨᠢ ᠭᠤᠣᠯ ᠤᠳᠤᠷᠢᠳᠤᠮᠵᠢ ᠪᠣᠯᠬᠤ ᠠᠵᠤ ᠦᠢᠯᠡᠰ ᠢ ᠲᠤᠪᠤᠶᠢᠯᠭᠠᠭᠰᠠᠨ ᠰᠠᠭᠤᠷᠢᠨ ᠳᠡᠭᠡᠷ᠎ᠡ᠂ ᠪᠤᠰᠤᠳ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠬᠠᠮᠲᠤ ᠳᠤᠨᠢ ᠬᠠᠷᠠᠭᠠᠯᠵᠠᠵᠤ᠂ ᠲᠤᠰᠠᠭᠠᠷ ᠬᠦᠷᠢᠶᠡᠯᠡᠩ ᠲᠣᠭᠤᠷᠢᠭ ︵ᠡᠰᠡᠬᠦᠯ᠎ᠡ ᠮᠠᠯ  ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠣᠷᠣᠨ ᠬᠡᠰᠡᠭ︶  ᠤᠨ ᠶᠡᠷᠦᠩᠬᠡᠢ ᠥᠷᠳᠡᠭ ᠢ 30 ᠳ᠋ᠦᠡᠭᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠬᠦ ᠬᠡᠷᠡᠭᠲᠡᠢ᠂ ᠡᠭᠦᠨ ᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠦᠢᠯᠡᠰ ᠤᠨ ᠦᠢᠯᠡᠳᠬᠦᠨ ᠤ ᠥᠷᠳᠡᠭ ᠤᠨ ᠬᠤᠪᠢ ᠶᠢᠨ ᠵᠢᠩ ᠢ 50% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠰᠣᠩᠭᠤᠭᠰᠠᠨ ᠣᠨᠴᠠᠯᠢᠭᠲᠤ ᠠᠵᠤ ᠦᠢᠯᠡᠰ ᠪᠤᠶᠤ ᠲᠤᠯᠭᠠᠭᠤᠷᠢ ᠠᠵᠤ ᠦᠢᠯᠡᠰ ᠨᠢ ᠥᠪᠡᠷᠲᠡᠭᠡᠨ ᠵᠠᠰᠠᠬᠤ ᠣᠷᠣᠨ ᠪᠤᠶᠤ ᠪᠥᠬᠦ ᠤᠯᠤᠰ ᠲᠤ ᠨᠡᠯᠢᠶᠡᠳ ᠴᠢᠩᠭ᠎ᠠ ᠥᠷᠢᠰᠦᠯᠳᠦᠭᠡᠨ ᠤ ᠳᠠᠪᠠᠭᠤᠯᠢᠭ ᠲᠠᠢ ᠪᠠᠶᠢᠵᠤ᠂ ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢᠨ ᠣᠷᠣᠨ ᠪᠦᠰᠡ ᠶᠢᠨ ᠲᠡᠷᠢᠭᠦᠨ ᠤ ᠪᠠᠶᠢᠬᠤ ᠬᠡᠷᠡᠭᠲᠡᠢ᠃       ︵ᠭᠤᠷᠪᠠ︶ ᠤᠳᠤ ᠦᠶ᠎ᠡ ᠶᠢᠨ ᠦᠢᠯᠡᠳᠪᠦᠷᠢᠯᠡᠯ ᠤᠨ ᠡᠯᠧᠮᠧᠨ᠋ᠲ ᠤᠨ ᠴᠤᠭᠯᠠᠷᠠᠯ ᠪᠠᠶᠢᠬᠤ ᠬᠡᠷᠡᠭᠲᠡᠢ᠃ ᠭᠤᠣᠯᠯᠠᠬᠤ ᠠᠵᠤ ᠦᠢᠯᠡᠰ ᠢ ᠣᠷᠣᠭᠤᠯᠤᠨ ᠠᠪᠴᠢᠷᠠᠬᠤ ᠪᠠ ᠶᠡᠭᠡ ᠳᠡᠭᠡᠳᠦ ᠰᠤᠷᠭᠠᠭᠤᠯᠢ ᠯᠤᠭ᠎ᠠ ᠬᠠᠮᠲᠤᠷᠠᠯᠴᠠᠬᠤ ᠶᠢᠨ ᠲᠣᠭᠤᠷᠢᠨ ᠳᠤ ᠰᠢᠨᠵᠢᠯᠡᠬᠦ ᠤᠬᠠᠭᠠᠨ ᠤ ᠰᠤᠳᠤᠯᠤᠯ ᠤᠨ ᠲᠠᠪᠴᠠᠩ ᠪᠠᠶᠢᠭᠤᠯᠵᠤ᠂ ᠲᠤᠰᠬᠠᠢ ᠮᠡᠷᠭᠡᠵᠢᠯ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠴᠦᠨ ᠢ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ᠂ ᠡᠵᠡᠩᠨᠡᠯᠲᠡ ᠳᠤ ᠣᠷᠣᠯᠴᠠᠭᠤᠯᠵᠤ᠂ ᠬᠥᠲᠥᠴᠢ ᠠᠵᠤ ᠠᠬᠤᠶᠢᠯᠠᠯ᠂ ᠮᠠᠯᠴᠢᠨ ᠲᠠᠷᠢᠶᠠᠴᠢᠨ ᠤ ᠬᠤᠷᠰᠢᠶ᠎ᠠ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠦᠴᠦᠨ ᠪᠣᠯᠭᠠᠨ᠎ᠠ᠃ ᠬᠦᠷᠢᠶᠡᠯᠡᠩ ᠤᠨ ᠳᠣᠲᠣᠷᠠᠬᠢ ᠥᠪᠡᠷᠲᠡᠭᠡᠨ ᠵᠠᠰᠠᠬᠤ ᠣᠷᠣᠨ ᠤ ᠱᠠᠲᠤᠨ  ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢᠨ ᠬᠥᠲᠥᠴᠢ ᠠᠵᠤ ᠠᠬᠤᠶᠢᠯᠠᠯ ᠢ 3 ᠡᠷᠦᠬᠡ ᠠᠴᠠ ᠳᠤᠲᠠᠭᠤ ᠦᠭᠡᠢ ᠪᠠᠶᠢᠯᠭᠠᠵᠤ᠂ ᠠᠶᠢᠮᠠᠭ ᠬᠤᠲᠠ ᠶᠢᠨ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢᠨ ᠬᠥᠲᠥᠴᠢ ᠠᠵᠤ ᠠᠬᠤᠶᠢᠯᠠᠯ ᠢ 5 ᠡᠷᠦᠬᠡ ᠠᠴᠠ ᠳᠤᠲᠠᠭᠤ ᠦᠭᠡᠢ ᠪᠠᠶᠢᠯᠭᠠᠵᠤ᠂ ᠲᠠᠷᠢᠶᠠᠯᠠᠩ ᠲᠠᠢ ᠬᠤᠯᠪᠤᠭᠠᠯᠠᠨ ᠲᠠᠷᠢᠶᠠᠯᠠᠩ ᠢ ᠳᠠᠶᠢᠴᠢᠯᠠᠬᠤ ᠦᠷ᠎ᠡ ᠪᠦᠲᠦᠮᠵᠢ ᠨᠢ ᠢᠯᠡᠷᠬᠡᠢ᠂ ᠦᠢᠯᠡᠳᠪᠦᠷᠢᠯᠡᠯ ᠡᠵᠡᠩᠨᠡᠯᠲᠡ ᠶᠢᠨ ᠰᠢᠰᠲ᠋ᠧᠮᠵᠢ ᠨᠢ ᠪᠦᠷᠢᠨ ᠲᠡᠭᠦᠯᠳᠡᠷ᠂ ᠬᠡᠪᠴᠢᠶᠡᠲᠦ ᠡᠵᠡᠩᠨᠡᠯᠲᠡ ᠨᠢ ᠢᠯᠡᠷᠬᠡᠢ ᠪᠠᠶᠢᠵᠤ᠂ ᠰᠠᠶᠢᠨ ᠡᠭᠦᠯᠳᠡᠷ ᠰᠠᠶᠢᠨ ᠠᠷᠭ᠎ᠠ ᠰᠠᠶᠢᠨ ᠲᠣᠬᠢᠶᠠᠯ ᠢ ᠢᠵᠢ ᠪᠦᠷᠢᠳᠦᠭᠦᠯᠵᠦ᠂ ᠮᠠᠰᠢᠨᠴᠢᠯᠠᠯᠲᠠ᠂ ᠮᠡᠳᠡᠭᠡ ᠵᠠᠩᠭᠢᠴᠢᠯᠠᠯᠲᠠ᠂ ᠲᠣᠭᠠᠴᠢᠯᠠᠯᠲᠠ ᠶᠢᠨ ᠬᠢᠷᠢ ᠬᠡᠮᠵᠢᠶ᠎ᠡ ᠨᠢ ᠨᠡᠯᠢᠶᠡᠳ ᠥᠨᠳᠥᠷ ᠪᠠᠶᠢᠬᠤ ᠬᠡᠷᠡᠭᠲᠡᠢ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠪᠠᠷ ᠭᠤᠣᠯᠯᠠᠭᠤᠯᠤᠭᠰᠠᠨ ᠠᠵᠤ ᠦᠢᠯᠡᠰ ᠤᠨ ᠬᠦᠷᠢᠶᠡᠯᠡᠩ ᠳᠤ᠂ ᠵᠢᠯ ᠤᠨ ᠪᠣᠷᠤᠯᠠᠭᠤᠯᠭ᠎ᠠ ᠶᠢᠨ ᠣᠷᠣᠯᠭ᠎ᠠ ᠨᠢ 2000 ᠲᠦᠮᠡᠨ ᠲᠥᠭᠦᠷᠢᠭ ᠠᠴᠠ ᠳᠡᠭᠡᠭᠰᠢᠬᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠠᠬᠤᠶᠢᠯᠠᠯ ᠢ 10 ᠡᠷᠦᠬᠡ ᠠᠴᠠ ᠳᠣᠣᠷ᠎ᠠ ᠪᠠᠶᠢᠯᠭᠠᠵᠤ ᠪᠣᠯᠬᠤ ᠦᠭᠡᠢ ︵ᠡᠭᠦᠨ ᠳᠤ ᠵᠢᠯ ᠤᠨ ᠪᠣᠷᠤᠯᠠᠭᠤᠯᠭ᠎ᠠ ᠶᠢᠨ ᠣᠷᠣᠯᠭ᠎ᠠ ᠨᠢ 3 ᠳ᠋ᠦᠩᠰᠢᠭᠤᠷ ᠲᠥᠭᠦᠷᠢᠭ ᠠᠴᠠ ᠳᠡᠭᠡᠭᠰᠢ︶᠂ ᠡᠰᠡᠬᠦᠯ᠎ᠡ ᠠᠵᠢᠯ ᠲᠥᠷᠥᠯ ᠤᠨ ᠳᠠᠪᠠᠭᠤᠯᠢᠭ ᠲᠠᠢ ᠪᠣᠯᠪᠠᠰᠤᠷᠠᠭᠤᠯᠬᠤ ᠠᠵᠤ ᠠᠬᠤᠶᠢᠯᠠᠯ 2 ᠠᠴᠠ ᠳᠡᠭᠡᠭᠰᠢ ︵ᠵᠢᠯ ᠤᠨ ᠪᠣᠷᠤᠯᠠᠭᠤᠯᠭ᠎ᠠ ᠶᠢᠨ ᠣᠷᠣᠯᠭ᠎ᠠ ᠨᠢ 5 ᠳ᠋ᠦᠩᠰᠢᠭᠤᠷ ᠲᠥᠭᠦᠷᠢᠭ ᠢ ᠳᠠᠪᠠᠭᠰᠠᠨ︶ ᠴᠤᠭᠯᠠᠷᠠᠭᠰᠠᠨ ᠪᠠᠶᠢᠬᠤ ᠬᠡᠷᠡᠭᠲᠡᠢ᠃       ︵ᠳᠥᠷᠪᠡ︶ ᠪᠣᠬᠢᠷᠲᠤᠯ ᠦᠭᠡᠢ ᠬᠥᠭᠵᠢᠯᠲᠡ ᠶᠢᠨ ᠦᠷ᠎ᠡ ᠪᠦᠲᠦᠮᠵᠢ ᠲᠣᠪᠣᠶᠢᠮ᠎ᠠ ᠪᠠᠶᠢᠬᠤ ᠬᠡᠷᠡᠭᠲᠡᠢ᠃ ᠠᠵᠤ ᠦᠢᠯᠡᠰ ᠤᠨ ᠬᠦᠷᠢᠶᠡᠯᠡᠩ ᠤᠨ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠳᠤ ᠬᠠᠶᠠᠭᠳᠠᠮᠠᠯ ᠪᠣᠳᠠᠰ ᠢ ᠨᠡᠶᠢᠳᠡᠮ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠡᠶᠡᠯᠡᠭᠦᠯᠵᠦ᠂ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 80% ᠠᠴᠠ ᠳᠡᠭᠡᠭᠰᠢ ᠳᠤ ᠬᠦᠷᠦᠭᠦᠯᠦᠨ᠎ᠡ︔ ᠥᠨᠳᠥᠷ ᠪᠦᠲᠦᠮᠵᠢᠲᠡᠶ ᠪᠣᠬᠢᠷᠲᠤᠯ ᠦᠭᠡᠢ ᠲᠡᠵᠢᠭᠡᠨ ᠦᠷᠡᠵᠢᠭᠦᠯᠵᠦ ᠳᠠᠷᠢᠬᠤ ᠮᠡᠷᠭᠡᠵᠢᠯ ᠪᠠ ᠪᠡᠯᠡᠳᠬᠡᠮᠵᠢ ᠲᠣᠨᠤᠭ ᠲᠥᠬᠦᠭᠡᠷᠦᠮᠵᠢ ᠪᠦᠷᠢᠨ ᠲᠡᠭᠦᠯᠳᠡᠷ ᠪᠠᠶᠢᠵᠤ᠂ ᠡᠰᠢ ᠰᠦᠷᠡᠯ᠂ ᠲᠠᠷᠢᠶᠠᠯᠠᠩ ᠤᠨ ᠵᠤᠯᠤᠮ᠎ᠠ ᠪᠦᠷᠬᠦᠪᠴᠢ ᠶᠢ ᠪᠦᠲᠦᠮᠵᠢᠲᠡᠶ ᠰᠢᠢᠳᠪᠦᠷᠢᠯᠡᠬᠦ ᠪᠤᠶᠤ ᠠᠰᠢᠭᠯᠠᠵᠤ᠂ ᠬᠦᠷᠢᠶᠡᠯᠡᠩ ᠤᠨ ᠳᠣᠲᠣᠷᠠᠬᠢ ᠪᠣᠶ ᠪᠦᠬᠦᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠢᠷᠡᠯᠲᠡ ᠶᠢ ᠡᠷᠢᠬᠦ ᠶᠢ ᠪᠡᠶᠡᠯᠡᠭᠦᠯᠵᠦ᠂ ᠲᠣᠭᠲᠠᠭᠰᠠᠨ ᠬᠡᠮᠵᠢᠶ᠎ᠡ ᠪᠠᠷ ᠰᠤᠭᠤᠴᠢᠨ ᠪᠠᠶᠢᠴᠠᠭᠠᠬᠤ ᠳᠤ ᠬᠢᠷᠢ ᠲᠡᠩᠴᠡᠭᠰᠡᠨ ᠨᠣᠷᠮ᠎ᠠ ᠶᠢ 98% ᠠᠴᠠ ᠳᠡᠭᠡᠭᠰᠢ ᠳᠤ ᠬᠦᠷᠦᠭᠦᠯᠦᠨ᠎ᠡ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠦᠢᠯᠡᠰ ᠢᠶᠠᠷ ᠭᠤᠣᠯᠯᠠᠭᠤᠯᠤᠭᠰᠠᠨ ᠠᠵᠤ ᠦᠢᠯᠡᠰ ᠤᠨ ᠬᠦᠷᠢᠶᠡᠯᠡᠩ ᠳᠤ ᠣᠷᠣᠵᠤ ᠰᠠᠭᠤᠭᠰᠠᠨ ᠠᠵᠤ ᠠᠬᠤᠶᠢᠯᠠᠯ ᠨᠢ ᠪᠦᠷᠢᠨ ᠲᠡᠭᠦᠯᠳᠡᠷ ᠶᠠᠰᠤ ᠴᠢᠨᠠᠷ ᠤᠨ ᠬᠠᠮᠢᠶᠠᠷᠤᠯᠲᠠ ᠬᠢᠭᠡᠳ ᠶᠠᠰᠤ ᠴᠢᠨᠠᠷ ᠤᠨ ᠡᠵᠡᠮᠳᠡᠯ ᠤᠨ ᠰᠢᠰᠲ᠋ᠧᠮᠵᠢ ᠶᠢ ᠪᠦᠷᠢᠳᠦᠭᠦᠯᠵᠦ᠂ ISO9001 ᠶᠠᠰᠤ ᠴᠢᠨᠠᠷ ᠤᠨ ᠰᠢᠰᠲ᠋ᠧᠮᠵᠢ ᠶᠢᠨ ᠭᠡᠷᠡᠴᠢᠯᠡᠯ᠂ HACCP ᠭᠡᠷᠡᠴᠢᠯᠡᠯ ᠵᠡᠷᠭᠡ ᠶᠢᠨ ᠬᠢᠨᠠᠨ ᠲᠣᠭᠲᠠᠭᠠᠯᠲᠠ ᠶᠢ ᠥᠩᠭᠡᠷᠡᠭᠦᠯᠦᠭᠰᠡᠨ ᠪᠠᠶᠢᠬᠤ ᠬᠡᠷᠡᠭᠲᠡᠢ᠃       ︵ᠲᠠᠪᠤ︶ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠠᠵᠢᠯ ᠢᠯᠡᠳᠲᠡ ᠦᠷ᠎ᠡᠪᠦᠲᠦᠮᠵᠢ  ᠲᠠᠢ ᠪᠠᠶᠢᠬᠤ ᠬᠡᠷᠡᠭᠲᠡᠢ᠃ ᠨᠢᠭᠲᠠ ᠬᠡᠯᠪᠡᠷᠢ ᠶᠢᠨ ᠲᠠᠷᠢᠶᠠᠯᠠᠩ  ᠤᠨ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠠᠶᠢᠭᠤᠯᠵᠤ᠂ ︽ᠮᠠᠯᠵᠢᠬᠤ ᠲᠠᠷᠢᠶᠠᠯᠠᠬᠤ ᠡᠷᠦᠬᠡ + ᠬᠤᠷᠰᠢᠶ᠎ᠠ + ᠬᠥᠲᠥᠴᠢ ᠠᠵᠤ ᠠᠬᠤᠶᠢᠯᠠᠯ︾ ︽ᠮᠠᠯᠵᠢᠬᠤ ᠲᠠᠷᠢᠶᠠᠯᠠᠬᠤ ᠡᠷᠦᠬᠡ + ᠬᠥᠲᠥᠴᠢ ᠠᠵᠤ ᠠᠬᠤᠶᠢᠯᠠᠯ︾ ᠵᠡᠷᠭᠡ ᠬᠥᠭᠵᠢᠯᠲᠡ ᠶᠢᠨ ᠵᠠᠭᠪᠤᠷ ᠢᠶᠠᠷ ᠳᠠᠮᠵᠢᠭᠤᠯᠤᠨ᠂ ᠬᠤᠪᠢ ᠣᠷᠣᠭᠤᠯᠤᠨ ᠬᠤᠷᠰᠢᠬᠤ᠂ ᠵᠠᠬᠢᠶᠠᠯᠠᠭ᠎ᠠ ᠶᠢᠨ ᠭᠡᠷ᠎ᠡ ᠲᠣᠭᠲᠠᠬᠤ᠂ ᠦᠢᠯᠡᠴᠢᠯᠡᠭᠡᠨ ᠤ ᠬᠠᠮᠵᠢᠯᠴᠠᠭ᠎ᠠ ᠬᠢᠬᠦ᠂ ᠰᠢᠯᠵᠢᠭᠦᠯᠦᠨ ᠤᠷᠢᠨ ᠬᠡᠷᠡᠭᠯᠡᠬᠦ᠂ ᠠᠵᠤ ᠦᠶᠢᠯᠡᠰᠵᠢᠭᠰᠡᠨ ᠬᠤᠯᠪᠣᠭᠠᠲᠤ ᠴᠣᠭᠴᠠ ᠵᠡᠷᠭᠡ ᠣᠯᠠᠨ ᠵᠦᠢᠯ ᠤᠨ ᠬᠡᠯᠪᠡᠷᠢ ᠶᠢ ᠠᠪᠴᠤ᠂ ᠮᠠᠯᠴᠢᠨ ᠲᠠᠷᠢᠶᠠᠴᠢᠨ ᠢ ᠳᠠᠶᠢᠴᠢᠯᠠᠨ ᠠᠵᠤ ᠦᠢᠯᠡᠰ ᠤᠨ ᠬᠥᠭᠵᠢᠯᠲᠡ ᠶᠢᠨ ᠬᠡᠯᠬᠢᠶ᠎ᠡ ᠳᠤ ᠣᠷᠣᠭᠤᠯᠵᠤ ᠥᠷᠲᠡᠭ ᠨᠡᠮᠡᠭᠳᠡᠯ ᠤᠨ ᠠᠰᠢᠭ ᠣᠷᠣᠯᠭ᠎ᠠ ᠶᠢ ᠪᠡᠶᠡᠯᠡᠭᠦᠯᠦᠨ᠎ᠡ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠦᠢᠯᠡᠰ ᠢᠶᠠᠷ ᠭᠤᠣᠯᠯᠠᠭᠤᠯᠤᠭᠰᠠᠨ ᠠᠵᠤ ᠦᠢᠯᠡᠰ ᠤᠨ ᠬᠦᠷᠢᠶᠡᠯᠡᠩ ᠨᠢ ︽ᠬᠥᠲᠥᠴᠢ ᠠᠵᠤ ᠠᠬᠤᠶᠢᠯᠠᠯ + ᠰᠠᠭᠤᠷᠢᠨ ᠭᠠᠵᠠᠷ + ᠬᠤᠷᠰᠢᠶ᠎ᠠ + ᠮᠠᠯᠵᠢᠬᠤ ᠲᠠᠷᠢᠶᠠᠯᠠᠬᠤ ᠡᠷᠦᠬᠡ︾ ︽ᠬᠦᠷᠢᠶᠡᠯᠡᠩ ᠲᠣᠭᠤᠷᠢᠭ + ᠬᠠᠮᠲᠤ ᠶᠢᠨ ᠠᠵᠤ ᠠᠬᠤᠢ + ᠮᠠᠯᠵᠢᠬᠤ ᠲᠠᠷᠢᠶᠠᠯᠠᠬᠤ ᠡᠷᠦᠬᠡ︾ ᠵᠡᠷᠭᠡ ᠠᠰᠢᠭ ᠲᠤᠰᠠ ᠪᠠᠨ ᠬᠤᠯᠪᠣᠬᠤ ᠲᠣᠭᠲᠠᠴᠠ ᠶᠢ ᠦᠨᠳᠦᠰᠦᠨ ᠳᠡᠭᠡᠨ ᠪᠣᠶ ᠪᠣᠯᠭᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠠᠬᠤᠶᠢᠯᠠᠯ ᠤᠨ ᠲᠦᠭᠦᠬᠡᠢ ᠮᠠᠲ᠋ᠧᠷᠢᠶᠠᠯ ᠤᠨ ᠵᠠᠬᠢᠶᠠᠯᠠᠭ᠎ᠠ ᠶᠢᠨ ᠬᠠᠭᠤᠳᠠᠰᠤ ᠪᠠᠷ ᠬᠤᠳᠠᠯᠳᠤᠨ ᠠᠪᠬᠤ ᠬᠠᠷᠢᠴᠠᠯ ᠢ 60%  ᠠᠴᠠ ᠳᠠᠪᠠᠭᠤᠯᠤᠨ᠎ᠠ᠃ ᠬᠦᠷᠢᠶᠡᠯᠡᠩ ᠤᠨ ᠳᠣᠲᠣᠷᠠᠬᠢ ᠮᠠᠯᠴᠢᠨ ᠲᠠᠷᠢᠶᠠᠴᠢᠨ ᠤ ᠬᠥᠮᠥᠨ ᠳᠤᠮᠳᠠᠴᠢ ᠶᠢᠨ ᠲᠤᠬᠢᠷᠠᠭᠤᠯᠵᠤ ᠪᠤᠯᠬᠤᠶᠢᠴᠠ ᠣᠷᠣᠯᠭ᠎ᠠ ᠶᠢ ᠲᠤᠬᠠᠢ ᠶᠢᠨ ᠭᠠᠵᠠᠷ ᠤᠨ ᠳᠤᠮᠳᠠᠴᠢ ᠬᠢᠷᠢ ᠬᠡᠮᠵᠢᠶ᠎ᠡ ᠶᠢᠨ 25% ᠠᠴᠠ ᠳᠡᠭᠡᠭᠰᠢ ᠪᠠᠶᠢᠯᠭᠠᠨ᠎ᠠ᠃       ︵ᠵᠢᠷᠭᠤᠭ᠎ᠠ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠠᠷᠭ᠎ᠠ ᠬᠡᠮᠵᠢᠶ᠎ᠡ ᠨᠢ ᠬᠦᠴᠦᠲᠡᠢ ᠪᠠᠶᠢᠬᠤ ᠬᠡᠷᠡᠭᠲᠡᠢ᠃ ᠣᠷᠣᠨ ᠨᠤᠲᠤᠭ ᠤᠨ ᠵᠠᠰᠠᠭ ᠤᠨ ᠣᠷᠳᠣᠨ ᠠᠵᠤ ᠦᠢᠯᠡᠰ ᠤᠨ ᠬᠦᠷᠢᠶᠡᠯᠡᠩ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠱᠠᠲᠤᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠰᠢᠭᠯᠠᠵᠤ ᠪᠠᠶᠢᠭᠠᠳ ᠠᠵᠤ ᠦᠢᠯᠡᠰ ᠤᠨ ᠬᠦᠷᠢᠶᠡᠯᠡᠩ ᠤᠨ ᠰᠠᠭᠤᠷᠢ ᠪᠦᠲᠦᠭᠡᠨ ᠪᠠᠶᠢᠭᠤᠯᠤᠯᠲᠠ ᠳᠤ ᠤᠷᠢᠳᠠᠪᠠᠷ ᠬᠡᠷᠡᠭᠯᠡᠵᠦ᠂ ᠭᠠᠵᠠᠷ ᠬᠡᠷᠡᠭᠯᠡᠬᠦ ᠴᠠᠬᠢᠯᠭᠠᠨ ᠬᠡᠷᠡᠭᠯᠡᠬᠦ᠂ ᠡᠳ᠋ ᠤᠨ ᠵᠠᠰᠠᠭ ᠤᠨ ᠳᠡᠮᠵᠢᠯᠭᠡ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠡᠷᠡᠭᠯᠡᠭᠡ᠂ ᠴᠢᠳᠠᠪᠤᠷᠢᠲᠠᠨ ᠤ ᠲᠤᠯᠭᠠᠭᠤᠷᠢᠯᠠᠯ ᠵᠡᠷᠭᠡ ᠲᠠᠯ᠎ᠠ ᠪᠠᠷ ᠲᠣᠳᠣᠷᠬᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠲᠠᠢ ᠪᠠᠶᠢᠬᠤ ᠬᠡᠷᠡᠭᠲᠡᠢ᠃ ᠬᠦᠷᠢᠶᠡᠯᠡᠩ ᠤᠨ ᠳᠣᠲᠣᠷᠠᠬᠢ ᠤᠰᠤ᠂ ᠴᠠᠬᠢᠯᠭᠠᠨ᠂ ᠵᠠᠮ᠂ ᠳᠤᠯᠠᠭᠠᠯᠠᠭ᠎ᠠ᠂ ᠮᠡᠳᠡᠭᠡ᠂ ᠲᠣᠣᠷ ᠰᠦᠯᠵᠢᠶ᠎ᠡ ᠵᠡᠷᠭᠡ ᠰᠠᠭᠤᠷᠢ ᠲᠥᠬᠦᠭᠡᠷᠦᠮᠵᠢ ᠨᠢ ᠦᠢᠯᠡᠳᠪᠦᠷᠢᠯᠡᠯ ᠡᠵᠡᠩᠨᠡᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠪᠣᠯᠪᠠᠰᠤᠷᠠᠭᠤᠯᠬᠤ᠂ ᠭᠦᠢᠯᠭᠡᠭᠡᠨ ᠳᠤ ᠬᠠᠳᠠᠭᠠᠯᠠᠵᠤ ᠲᠡᠭᠡᠭᠡᠪᠦᠷᠢᠯᠡᠬᠦ ᠵᠡᠷᠭᠡ ᠲᠣᠨᠤᠭ ᠲᠥᠬᠦᠭᠡᠷᠦᠮᠵᠢ ᠨᠢ ᠦᠨᠳᠦᠰᠦᠨ ᠳᠡᠭᠡᠨ ᠢᠵᠢ ᠪᠦᠷᠢᠳᠦᠭᠦᠯᠦᠨ᠎ᠡ᠃       ︵ᠳᠣᠯᠤᠭ᠎ᠠ︶ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ ᠬᠠᠷᠢᠶᠠᠲᠤ ᠣᠷᠣᠨ ᠤ ᠵᠠᠰᠠᠭ ᠤᠨ ᠣᠷᠳᠣᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠦᠲᠦᠮᠵᠢᠲᠡᠶ ᠠᠵᠢᠯ ᠢ ᠵᠣᠬᠢᠴᠠᠭᠤᠯᠤᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠮᠥᠩᠭᠦᠨ ᠭᠦᠢᠯᠭᠡᠭᠡᠨ ᠪᠠ ᠨᠡᠶᠢᠭᠡᠮ ᠤᠨ ᠬᠥᠷᠥᠩᠭᠡ ᠶᠢᠨ ᠬᠦᠷᠢᠶᠡᠯᠡᠩ ᠳᠤ ᠣᠷᠣᠵᠤ ᠪᠡᠯᠡ ᠣᠷᠣᠭᠤᠯᠤᠨ ᠪᠦᠲᠦᠭᠡᠨ ᠪᠠᠶᠢᠭᠤᠯᠬᠤ ᠶᠢ ᠬᠥᠲᠥᠯᠥᠨ ᠵᠢᠯᠤᠭᠤᠳᠴᠤ᠂ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠪᠠᠶᠢᠭᠠᠳ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠶᠢᠨ ᠬᠠᠮᠲᠤ ᠱᠠᠭᠠᠷᠳᠠᠯᠭ᠎ᠠ ᠶᠣᠰᠣᠭᠠᠷ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ ᠲᠥᠷᠥᠯ ᠵᠦᠢᠯ ᠤᠨ ᠠᠬᠢᠴᠠ ᠶᠢ ᠲᠤᠰᠬᠠᠢ ᠲᠤᠰᠢᠶᠠᠯ ᠢᠶᠠᠷ ᠲᠣᠬᠢᠷᠠᠭᠤᠯᠤᠨ᠂ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠪᠦᠷᠢᠳᠬᠡᠨ ᠵᠠᠳᠠᠯᠵᠤ᠂ ᠲᠤᠷᠰᠢᠯᠭ᠎ᠠ ᠪᠠᠨ ᠳ᠋ᠦᠩᠨᠡᠬᠦ ᠵᠠᠭᠪᠤᠷ ᠢ ᠪᠦᠷᠢᠳᠬᠡᠨ ᠵᠠᠳᠠᠯᠵᠤ᠂ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠥᠨᠳᠥᠷ ᠦᠷ᠎ᠡ ᠪᠦᠲᠦᠮᠵᠢᠲᠡᠶ ᠬᠠᠮᠢᠶᠠᠷᠤᠯᠲᠠ ᠶᠢᠨ ᠦᠢᠯᠡᠴᠢᠯᠡᠭᠡᠨ ᠤ ᠲᠣᠭᠲᠠᠴᠠ ᠶᠢ ᠪᠣᠶ ᠪᠣᠯᠭᠠᠨ᠎ᠠ᠃       ᠳᠥᠷᠪᠡ᠂ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ      ᠨᠢᠭᠡ ᠳᠤ ᠵᠤᠬᠢᠶᠠᠨ ᠪᠠᠶᠢᠭᠤᠯᠤᠯᠳᠠ  ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯ ᠬᠠᠷᠢᠶ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠪᠣᠯᠣᠨ᠎ᠠ᠂ ᠪᠦᠲᠦᠭᠡᠨ ᠪᠠᠶᠢᠭᠤᠯᠤᠯᠲᠠ ᠶᠢᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠬᠦᠴᠦᠨ ᠢ ᠰᠠᠶᠢᠲᠤᠷ ᠨᠢᠭᠡᠳᠦᠯᠲᠡᠢ ᠲᠥᠯᠥᠪᠯᠡᠨ᠂ ᠵᠠᠰᠠᠭ ᠤᠨ ᠣᠷᠳᠣᠨ ᠲᠦᠷᠦᠭᠦᠯᠡᠨ ᠤᠳᠤᠷᠢᠳᠬᠤ᠂ ᠰᠠᠯᠠᠭ᠎ᠠ ᠮᠥᠴᠢᠷ ᠤᠳ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠨᠡᠶᠢᠭᠡᠮ ᠨᠡᠶᠢᠲᠡ ᠪᠠᠷ ᠢᠶᠠᠨ ᠥᠷᠭᠡᠨ ᠢᠶᠠᠷ ᠣᠷᠣᠯᠴᠠᠬᠤ ᠠᠵᠢᠯ ᠤᠨ ᠲᠣᠭᠲᠠᠴᠠ ᠶᠢ ᠪᠣᠶ ᠪᠣᠯᠭᠠᠵᠤ᠂ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠶᠠᠪᠤᠳᠠᠯ ᠢ ᠵᠣᠬᠢᠴᠠᠭᠤᠯᠤᠨ ᠠᠬᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠬᠤᠶᠠᠷ ᠲᠤ ᠪᠦᠲᠦᠭᠡᠨ ᠪᠠᠶᠢᠭᠤᠯᠤᠯᠲᠠ ᠶᠢᠨ ᠲᠥᠰᠥᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠢ᠃ ᠨᠢᠭᠡᠨᠲᠡ ᠪᠠᠶᠢᠭᠤᠯᠬᠤ  ᠶᠢ ᠵᠦᠪᠰᠢᠶᠡᠷᠡᠭᠰᠡᠨ ᠠᠵᠤ ᠦᠢᠯᠡᠰ ᠤᠨ ᠬᠦᠷᠢᠶᠡᠯᠡᠩ ᠨᠢ ᠠᠵᠤ ᠦᠢᠯᠡᠰ ᠤᠨ ᠰᠠᠭᠤᠷᠢ ᠲᠠᠢ ᠪᠠᠨ ᠤᠶᠠᠯᠳᠤᠭᠤᠯᠤᠨ᠂ ᠠᠵᠤ ᠦᠢᠯᠡᠰ ᠤᠨ ᠬᠥᠭᠵᠢᠯᠲᠡ ᠶᠢᠨ ᠳᠤᠲᠠᠭᠤᠳᠠᠯ ᠪᠠᠭᠤᠷᠠᠢ ᠲᠠᠯ᠎ᠠ ᠶᠢ ᠣᠨᠣᠪᠴᠢᠲᠠᠶ ᠡᠷᠢᠵᠦ᠂ ᠭᠤᠣᠯᠯᠠᠬᠤ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠢ ᠲᠣᠳᠣᠷᠬᠠᠶᠢᠯᠠᠵᠤ᠂ ᠠᠵᠤ ᠦᠢᠯᠡᠰ ᠤᠨ ᠬᠦᠷᠢᠶᠡᠯᠡᠩ ᠤᠨ ᠴᠢᠳᠠᠮᠵᠢ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠢ ᠰᠠᠶᠢᠲᠤᠷ ᠲᠥᠯᠥᠪᠵᠢᠭᠦᠯᠵᠦ᠂ ᠪᠦᠲᠦᠭᠡᠨ ᠪᠠᠶᠢᠭᠤᠯᠬᠤ ᠬᠡᠪᠴᠢᠶ᠎ᠡ ᠶᠢ ᠵᠦᠢ ᠵᠣᠬᠢᠰᠲᠠᠢ ᠲᠣᠭᠲᠠᠭᠠᠨ᠂ ᠭᠦᠢᠴᠡᠳ ᠪᠠᠶᠢᠴᠠᠭᠠᠨ ᠰᠤᠳᠤᠯᠵᠤ ᠨᠤᠲᠠᠯᠠᠭᠰᠠᠨ ᠰᠠᠭᠤᠷᠢᠨ ᠳᠡᠭᠡᠷ᠎ᠡ᠂ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠥᠰᠥᠯ ᠢ ᠰᠠᠶᠢᠲᠤᠷ ᠲᠣᠭᠲᠠᠭᠠᠵᠤ᠂ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠵᠠᠯᠭᠠᠯᠳᠤᠬᠤ ᠴᠢᠨᠠᠷ ᠪᠠ ᠦᠷᠬᠦᠯᠵᠢᠯᠡᠬᠦᠶᠢᠴᠡ ᠴᠢᠨᠠᠷ ᠢ ᠦᠨᠡᠨᠬᠦ ᠪᠠᠲᠤᠯᠠᠬᠤ ᠬᠡᠷᠡᠭᠲᠡᠢ᠃ ᠲᠥᠰᠥᠯ ᠢ ᠳᠠᠩᠰᠠᠯᠠᠭᠤᠯᠤᠭᠰᠠᠨ ᠤ ᠳᠠᠷᠠᠭ᠎ᠠ ᠵᠠᠷᠴᠢᠮ ᠳᠡᠭᠡᠷ᠎ᠡ ᠪᠠᠨ ᠵᠠᠰᠠᠪᠤᠷᠢ ᠣᠷᠣᠭᠤᠯᠵᠤ ᠪᠣᠯᠬᠤ ᠦᠭᠡᠢ᠃ ᠭᠤᠷᠪᠠ ᠳᠤ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠨᠡᠮᠡᠭᠳᠡᠭᠦᠯᠬᠦ ᠬᠡᠷᠡᠭᠲᠡᠢ᠃ ᠠᠵᠤ ᠦᠢᠯᠡᠰ ᠤᠨ ᠬᠦᠷᠢᠶᠡᠯᠡᠩ ᠤᠨ ᠬᠠᠷᠢᠶ᠎ᠠ ᠭᠠᠵᠠᠷ ᠨᠢ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠪᠠ ᠡᠳ᠋ ᠤᠨ ᠵᠠᠰᠠᠭ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠵᠦ᠂ ᠴᠢᠭᠯᠡᠭᠦᠯᠬᠦ ᠴᠢᠨᠠᠷᠲᠠᠢ ᠲᠡᠳᠬᠦᠬᠦ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠵᠦ᠂ ᠨᠡᠶᠢᠭᠡᠮ ᠤᠨ ᠬᠥᠷᠥᠩᠭᠡ ᠶᠢᠨ ᠠᠵᠤ ᠦᠢᠯᠡᠰ ᠤᠨ ᠬᠥᠭᠵᠢᠯᠲᠡ ᠳᠤ ᠣᠷᠣᠯᠴᠠᠬᠤ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ ᠪᠠᠶᠢᠭᠠᠳ ᠬᠡᠯᠬᠢᠶᠡᠰᠦ ᠶᠢ ᠨᠥᠬᠦᠪᠦᠷᠢᠯᠡᠵᠦ ᠬᠡᠯᠬᠢᠶᠡᠰᠦ ᠶᠢ ᠤᠷᠲᠤᠳᠬᠠᠬᠤ ᠶᠢ ᠴᠢᠩᠭᠠᠳᠬᠠᠬᠤ ᠬᠡᠷᠡᠭᠲᠡᠢ᠃ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ᠂ ᠪᠡᠯᠡ ᠮᠥᠩᠭᠦ ᠶᠢ ᠵᠣᠯᠭᠠᠭᠤᠯᠬᠤ᠂ ᠬᠠᠪᠰᠤᠷᠤᠨ ᠲᠡᠳᠬᠦᠬᠦ ᠪᠡᠯᠡ ᠮᠥᠩᠭᠦ ᠪᠠ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠪᠡᠯᠡ ᠮᠥᠩᠭᠦ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠳᠠᠬᠢ ᠦᠢᠯᠡᠳᠦᠯ ᠢ ᠭᠦᠢᠴᠡᠳ ᠪᠠᠳᠠᠷᠠᠭᠤᠯᠵᠤ᠂ ︽ᠠᠷᠭ᠎ᠠ ᠵᠠᠮ ᠢ ᠰᠠᠮᠠᠭᠤᠷᠠᠭᠤᠯᠬᠤ ᠦᠭᠡᠢ᠂ ᠬᠡᠷᠡᠭᠴᠡᠭᠡ ᠶᠢ ᠬᠤᠪᠢᠷᠠᠭᠤᠯᠬᠤ ᠦᠭᠡᠢ︾ ᠪᠠᠶᠢᠬᠤ ᠵᠠᠷᠴᠢᠮ ᠶᠣᠰᠣᠭᠠᠷ᠂ ᠣᠷᠳᠣ ᠬᠤᠭᠤᠴᠠᠭᠠᠨ ᠤ ᠪᠦᠲᠦᠮᠵᠢᠲᠡᠶ ᠣᠷᠣᠭᠤᠯᠤᠯᠲᠠ ᠶᠢᠨ ᠲᠣᠭᠲᠠᠴᠠ ᠶᠢ ᠢᠳᠡᠪᠬᠢᠲᠡᠢ ᠰᠦᠪᠡᠭᠴᠢᠯᠡᠨ ᠪᠠᠶᠢᠭᠤᠯᠵᠤ᠂ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢᠨ ᠪᠣᠭᠤᠮᠢ ᠶᠢ ᠠᠷᠢᠯᠭᠠᠵᠤ᠂ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠢ᠃ ᠳᠥᠷᠪᠡ ᠳᠤ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠬᠡᠷᠡᠭᠲᠡᠢ᠃ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠨᠢ ᠲᠠᠷᠢᠶᠠᠯᠠᠩ ᠢᠶᠠᠷ ᠦᠨᠳᠦᠰᠦ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠢᠯᠡᠷᠡᠭᠦᠯᠵᠦ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠠᠵᠤ ᠦᠢᠯᠡᠰ ᠤᠨ ᠬᠦᠷᠢᠶᠡᠯᠡᠩ ᠤᠨ ᠲᠥᠬᠦᠭᠡᠷᠦᠮᠵᠢ ᠶᠢᠨ ᠢᠵᠢ ᠪᠦᠷᠢᠳᠦᠭᠦᠯᠬᠦ᠂ ᠡᠯᠧᠮᠧᠨ᠋ᠲ ᠤᠨ ᠪᠠᠲᠤᠯᠠᠭ᠎ᠠ᠂ ᠠᠮᠢ ᠠᠬᠤᠢ ᠶᠢᠨ ᠬᠠᠮᠠᠭᠠᠯᠠᠯᠲᠠ᠂ ᠠᠶᠤᠯ ᠦᠭᠡᠢ ᠦᠢᠯᠡᠳᠪᠦᠷᠢᠯᠡᠯ ᠵᠡᠷᠭᠡ ᠲᠠᠯ᠎ᠠ ᠪᠠᠷ ᠬᠢ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠴᠢᠭᠯᠡᠭᠦᠯᠬᠦ ᠴᠢᠨᠠᠷᠲᠠᠢ ᠪᠠᠷ ᠡᠳ᠋ ᠤᠨ ᠵᠠᠰᠠᠭ᠂ ᠢᠲᠡᠭᠡᠮᠵᠢᠲᠦ ᠵᠢᠭᠡᠯᠡᠯᠭᠡ᠂ ᠳᠠᠭᠠᠳᠬᠠᠯ᠂ ᠴᠢᠳᠠᠪᠤᠷᠢᠲᠠᠨ᠂ ᠭᠠᠵᠠᠷ ᠬᠡᠷᠡᠭᠯᠡᠬᠦ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠨᠥᠬᠦᠴᠡᠯ ᠢ ᠰᠠᠶᠢᠵᠢᠷᠠᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠵᠤ ᠦᠢᠯᠡᠰ ᠤᠨ ᠬᠦᠷᠢᠶᠡᠯᠡᠩ ᠤᠨ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠵᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠯᠠᠨ ᠬᠦᠷᠢᠶᠡᠯᠡᠩ ᠢ ᠨᠢᠭᠡ ᠴᠣᠭᠴᠠᠵᠢᠭᠤᠯᠤᠭᠰᠠᠨ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ᠲᠠᠪᠤ ᠳᠤ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠨᠢ ᠠᠵᠤ ᠦᠢᠯᠡᠰ ᠤᠨ ᠬᠦᠷᠢᠶᠡᠯᠡᠩ ᠳᠤ ︽ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ᠂ ᠬᠥᠳᠡᠯᠦᠩᠭᠦᠢ ᠪᠠᠷ ᠬᠠᠮᠢᠶᠠᠷᠬᠤ᠂ ᠰᠢᠯᠢᠳᠡᠭ ᠨᠢ ᠰᠢᠯᠢᠭᠳᠡᠵᠦ ᠰᠢᠭᠠᠷᠤ ᠨᠢ ᠰᠢᠭᠰᠢᠭᠳᠡᠬᠦ︾ ᠬᠠᠮᠢᠶᠠᠷᠤᠯᠲᠠ ᠶᠢᠨ ᠲᠣᠭᠲᠠᠴᠠ ᠶᠢ ᠬᠡᠷᠡᠭᠵᠢᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠲᠠᠷᠢᠶᠠᠯᠠᠩ ᠲᠠᠢ ᠬᠤᠯᠪᠤᠭᠠᠯᠠᠨ ᠲᠠᠷᠢᠶᠠᠯᠠᠩ ᠢ ᠳᠠᠶᠢᠴᠢᠯᠠᠬᠤ ᠦᠷ᠎ᠡ ᠪᠦᠲᠦᠮᠵᠢ ᠪᠠᠷ ᠢᠯᠡᠷᠬᠡᠢ᠂ ᠪᠡᠯᠡ ᠮᠥᠩᠭᠦ ᠶᠢ ᠰᠠᠯᠭᠠᠨ ᠥᠭᠬᠦ ᠶᠢ ᠴᠠᠭ ᠲᠤᠬᠠᠢ ᠳᠤᠨᠢ ᠪᠣᠳᠠᠲᠠᠶᠢᠵᠢᠭᠤᠯᠵᠤ᠂ ᠣᠨ ᠤ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠳᠤ ᠬᠢᠷᠢ ᠲᠡᠩᠴᠡᠭᠰᠡᠨ ᠠᠵᠤ ᠦᠢᠯᠡᠰ ᠤᠨ ᠬᠦᠷᠢᠶᠡᠯᠡᠩ ᠤᠨ ᠰᠢᠯᠢᠳᠡᠭ ᠢ ᠨᠢ ᠰᠣᠩᠭᠤᠨ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠳᠤ ᠮᠡᠳᠡᠭᠦᠯᠦᠨ᠎ᠡ᠃ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠦᠷ᠎ᠡ ᠪᠦᠲᠦᠮᠵᠢ ᠨᠢ ᠢᠯᠡᠷᠬᠡᠢ ᠪᠤᠰᠤ᠂ ᠠᠮᠵᠢᠯᠲᠠ ᠪᠦᠲᠦᠮᠵᠢ ᠶᠢᠨ ᠦᠨᠡᠯᠡᠯᠲᠡ ᠨᠢ ᠬᠢᠷᠢ ᠲᠡᠩᠴᠡᠭᠰᠡᠨ ᠦᠭᠡᠢ ᠪᠣᠯ ᠪᠦᠲᠦᠭᠡᠨ ᠪᠠᠶᠢᠭᠤᠯᠬᠤ ᠬᠢᠷᠢ ᠬᠡᠮ ᠢ ᠨᠢ ᠬᠠᠰᠤᠵᠤ᠂ ᠲᠤᠰᠬᠠᠢ ᠵᠦᠢᠯ ᠤᠨ ᠱᠠᠩᠨᠠᠵᠤ ᠲᠤᠰᠠᠯᠠᠬᠤ ᠪᠡᠯᠡ ᠮᠥᠩᠭᠦ ᠶᠢ ᠨᠢ ᠡᠭᠡᠭᠦᠯᠦᠨ ᠬᠤᠷᠢᠶᠠᠵᠤ᠂ ᠬᠤᠬᠢᠷᠠᠯ ᠪᠠ ᠨᠥᠯᠥᠭᠡ ᠤᠴᠠᠷᠠᠭᠤᠯᠤᠭᠰᠠᠨ ᠪᠣᠯ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠢ᠃ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ ︽ᠡᠮᠦᠨ᠎ᠡ ᠵᠠᠬ᠎ᠠ ᠶᠢᠨ ᠵᠢᠯᠤᠭᠤᠳᠬᠤ ᠭᠠᠵᠠᠷ︾ ᠤᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠮᠥᠷᠳᠡᠨ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠰᠢᠮᠳᠠᠭᠤᠯᠬᠤ ᠪᠠᠷ ᠪᠠᠷᠠᠬᠤ ᠦᠭᠡᠢ ᠪᠠᠰᠠ ᠲᠥᠷᠥᠯ ᠵᠦᠢᠯ ᠤᠨ ᠠᠵᠢᠯ ᠳᠠᠭᠤᠰᠤᠭᠰᠠᠨ ᠢ ᠬᠢᠨᠠᠨ ᠬᠠᠷᠭᠤᠭᠤᠯᠵᠤ ᠰᠢᠯᠭᠠᠨ ᠠᠪᠬᠤ ᠶᠢ ᠬᠠᠷᠢᠭᠤᠴᠠᠬᠤ ᠬᠡᠷᠡᠭᠲᠡᠢ᠂ ᠪᠠᠰᠠ ᠬᠠᠷᠢᠶ᠎ᠠ ᠪᠦᠬᠦᠢ ᠠᠵᠤ ᠦᠢᠯᠡᠰ ᠤᠨ ᠬᠦᠷᠢᠶᠡᠯᠡᠩ ᠢ ᠬᠠᠪᠰᠤᠷᠤᠨ ᠲᠤᠷᠰᠢᠯᠭ᠎ᠠ ᠶᠢᠨ ᠵᠠᠭᠪᠤᠷ ᠢ ᠳ᠋ᠦᠩᠨᠡᠨ ᠡᠮᠬᠢᠯᠡᠵᠦ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠤᠬᠠᠭᠤᠯᠤᠨ ᠥᠷᠭᠡᠳᠬᠡᠬᠦ ᠬᠡᠷᠡᠭᠲᠡᠢ᠃       ᠲᠠᠪᠤ᠂ ᠪᠡᠯᠡ ᠮᠥᠩᠭᠦ ᠶᠢᠨ ᠬᠡᠷᠡᠭᠯᠡᠯᠲᠡ      ︵ᠨᠢᠭᠡ︶ ᠵᠢᠷᠤᠮᠵᠢᠭᠰᠠᠨ ᠬᠠᠮᠢᠶᠠᠷᠤᠯᠲᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ  ᠠᠴᠠ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠨᠡᠷᠡᠰ ᠲᠤ ᠵᠢᠭᠰᠠᠭᠠᠭᠳᠠᠭᠰᠠᠨ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠲᠤᠰᠬᠠᠢ ᠵᠦᠢᠯ ᠤᠨ ᠡᠳ᠋ ᠤᠨ ᠵᠠᠰᠠᠭ ᠤᠨ ᠱᠠᠩᠨᠠᠵᠤ ᠲᠤᠰᠠᠯᠠᠬᠤ ᠪᠡᠯᠡ ᠮᠥᠩᠭᠦ ᠲᠣᠬᠢᠷᠠᠭᠤᠯᠤᠨ᠎ᠠ᠃ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠱᠠᠩᠨᠠᠵᠤ ᠲᠤᠰᠠᠯᠠᠬᠤ ᠪᠡᠯᠡ ᠮᠥᠩᠭᠦ ᠶᠢᠨ ᠪᠣᠳᠠᠲᠠᠢ ᠳᠡᠮᠵᠢᠬᠦ ᠲᠥᠷᠥᠯ ᠵᠦᠢᠯ ᠤᠨ ᠠᠭᠤᠯᠭ᠎ᠠ᠂ ᠳᠡᠮᠵᠢᠬᠦ ᠠᠷᠭ᠎ᠠ ᠮᠠᠶ᠋ᠢᠭ᠂ ᠳᠡᠮᠵᠢᠬᠦ ᠡᠲᠡᠭᠡᠳ ᠢ ᠲᠣᠳᠣᠷᠬᠠᠶᠢᠯᠠᠵᠤ᠂ ᠣᠨ ᠤ ᠪᠡᠯᠡ ᠮᠥᠩᠭᠦ ᠬᠡᠷᠡᠭᠯᠡᠬᠦ ᠲᠥᠯᠥᠪᠯᠡᠭᠡ ᠶᠢ ᠨᠠᠷᠢᠯᠢᠭᠵᠢᠭᠤᠯᠬᠤ ᠬᠡᠷᠡᠭᠲᠡᠢ᠃ ᠪᠤᠰᠤᠳ ᠢᠵᠢ ᠪᠦᠷᠢᠳᠦᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠴᠤ ᠲᠥᠷᠥᠯ ᠵᠦᠢᠯ ᠤᠨ ᠠᠭᠤᠯᠭ᠎ᠠ᠂ ᠪᠦᠲᠦᠭᠡᠨ ᠪᠠᠶᠢᠭᠤᠯᠤᠯᠲᠠ ᠶᠢᠨ ᠠᠬᠢᠴᠠ᠂ ᠪᠡᠯᠡ ᠮᠥᠩᠭᠦ ᠶᠢᠨ ᠠᠷᠭ᠎ᠠ ᠵᠠᠮ ᠢ ᠲᠣᠳᠣᠷᠬᠠᠶᠢᠯᠠᠵᠤ᠂ ᠬᠡᠷᠡᠭᠵᠢᠭᠦᠯᠬᠦ ᠲᠥᠰᠥᠯ ᠢ ᠬᠡᠷᠡᠭᠵᠢᠭᠦᠯᠬᠦ ᠳᠤ ᠬᠢᠯᠪᠠᠷ᠂ ᠨᠠᠶᠢᠳᠠᠪᠤᠷᠢᠵᠢᠭᠤᠯᠵᠤ ᠪᠣᠯᠬᠤ᠂ ᠰᠢᠯᠭᠠᠨ ᠦᠨᠡᠯᠡᠵᠦ ᠪᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃       ︵ᠬᠤᠶᠠᠷ︶ ᠳᠡᠮᠵᠢᠬᠦ ᠠᠷᠭ᠎ᠠ ᠮᠠᠶ᠋ᠢᠭ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠬᠡᠷᠡᠭᠯᠡᠬᠦ ᠶᠢ ᠴᠢᠩᠭᠠᠳᠬᠠᠵᠤ᠂ ᠠᠵᠤ ᠦᠢᠯᠡᠰ ᠤᠨ ᠬᠦᠷᠢᠶᠡᠯᠡᠩ ᠤᠨ ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠰᠠᠶᠢᠵᠢᠷᠠᠭᠤᠯᠬᠤ᠂ ᠣᠯᠠᠨ ᠨᠡᠶᠢᠲᠡ ᠶᠢᠨ ᠲᠥᠬᠦᠭᠡᠷᠦᠮᠵᠢ ᠶᠢᠨ ᠦᠢᠯᠡᠴᠢᠯᠡᠭᠡᠨ ᠤ ᠴᠢᠳᠠᠪᠤᠷᠢ᠂ ᠲᠠᠷᠢᠶᠠᠯᠠᠩ ᠲᠠᠢ ᠬᠤᠯᠪᠤᠭᠠᠯᠠᠨ ᠲᠠᠷᠢᠶᠠᠯᠠᠩ ᠢ ᠳᠠᠶᠢᠴᠢᠯᠠᠬᠤ ᠴᠢᠳᠠᠪᠤᠷᠢ᠂ ᠠᠵᠤ ᠦᠢᠯᠡᠰ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠂ ᠠᠵᠤ ᠦᠢᠯᠡᠰ ᠤᠨ ᠬᠡᠯᠬᠢᠶᠡᠰᠦ ᠶᠢ ᠤᠷᠲᠤᠳᠬᠠᠬᠤ᠂ ᠭᠤᠣᠯᠯᠠᠬᠤ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠬᠤ ᠳᠤ ᠭᠤᠣᠯᠳᠠᠯᠭ᠎ᠠ ᠲᠠᠢ ᠬᠡᠷᠡᠭᠯᠡᠵᠦ᠂ ᠭᠤᠣᠯᠳᠠᠯᠭ᠎ᠠ ᠶᠢ ᠳᠣᠪᠤᠶᠢᠯᠭᠠᠬᠤ᠂ ᠲᠥᠪᠯᠡᠷᠡᠭᠦᠯᠦᠨ ᠬᠡᠷᠡᠭᠯᠡᠬᠦ᠂ ᠰᠢᠨ᠎ᠡ ᠶᠢ ᠡᠭᠦᠳᠬᠦ ᠠᠷᠭ᠎ᠠ ᠮᠠᠶ᠋ᠢᠭ᠂ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠬᠦ ᠵᠠᠷᠴᠢᠮ ᠶᠣᠰᠣᠭᠠᠷ᠂ ᠰᠢᠭᠤᠳ ᠨᠥᠬᠦᠪᠦᠷᠢᠯᠡᠬᠦ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ᠂ ᠱᠠᠩᠨᠠᠬᠤ ᠪᠠᠷ ᠨᠥᠬᠦᠪᠦᠷᠢᠯᠡᠬᠦ ᠶᠢ ᠣᠷᠣᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠲᠣᠬᠢᠷᠠᠭᠤᠯᠵᠤ ᠪᠣᠯᠣᠨ᠎ᠠ᠃       ︵ᠭᠤᠷᠪᠠ︶ ᠬᠡᠷᠡᠭᠯᠡᠬᠦ ᠬᠡᠪᠴᠢᠶ᠎ᠡ᠃ ᠲᠤᠰᠬᠠᠢ ᠪᠡᠯᠡ ᠮᠥᠩᠭᠦ ᠶᠢᠨ ᠬᠡᠷᠡᠭᠯᠡᠯᠲᠡ ᠳᠤ ︽ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢ ᠴᠢᠩᠭ᠎ᠠ ᠬᠡᠷᠡᠭᠵᠢᠭᠦᠯᠵᠦ᠂ ᠠᠵᠤ ᠦᠢᠯᠡᠰ ᠤᠨ ᠬᠦᠷᠢᠶᠡᠯᠡᠩ ᠤᠨ ᠬᠡᠪᠴᠢᠶᠡᠵᠢᠭᠦᠯᠦᠨ ᠳᠠᠷᠢᠵᠤ ᠲᠡᠵᠢᠭᠡᠬᠦ ᠰᠠᠭᠤᠷᠢᠨ ᠭᠠᠵᠠᠷ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ᠂ ᠬᠥᠮᠥᠷᠭᠡᠯᠡᠨ ᠬᠠᠳᠠᠭᠠᠯᠠᠬᠤ ᠰᠢᠨ᠎ᠡ ᠰᠣᠷᠭᠤᠭ ᠪᠠᠶᠢᠯᠭᠠᠬᠤ ᠬᠦᠯᠳᠡᠭᠡᠭᠰᠡᠨ ᠪᠠᠷᠠᠭᠠᠨ ᠤ ᠭᠦᠢᠯᠭᠡᠭᠡᠨ᠂ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠳᠡᠮᠵᠢᠵᠦ᠂ ᠪᠠᠰᠠ ᠲᠣᠭᠠᠴᠢᠯᠠᠭᠰᠠᠨ ᠬᠠᠮᠢᠶᠠᠷᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠵᠢᠯᠴᠠᠨ ᠰᠢᠨ᠎ᠡ ᠶᠢ ᠡᠭᠦᠳᠬᠦ ᠲᠠᠪᠴᠠᠩ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠬᠤ ᠪᠠ ᠤᠬᠠᠭᠤᠯᠤᠨ ᠳᠡᠯᠭᠡᠷᠡᠭᠦᠯᠬᠦ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠵᠦ ᠪᠣᠯᠣᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠪᠣᠯᠪᠠᠰᠤᠷᠠᠭᠤᠯᠬᠤ ᠦᠢᠯᠡᠰ ᠢᠶᠠᠷ ᠭᠤᠣᠯᠯᠠᠭᠤᠯᠤᠭᠰᠠᠨ ᠠᠵᠤ ᠦᠢᠯᠡᠰ ᠤᠨ ᠬᠦᠷᠢᠶᠡᠯᠡᠩ ᠨᠢ ᠪᠣᠯᠪᠠᠰᠤᠷᠠᠭᠤᠯᠬᠤ ᠠᠵᠤ ᠠᠬᠤᠶᠢᠯᠠᠯ ᠤᠨ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠦᠢᠯᠡᠳᠪᠦᠷᠢᠯᠡᠯ ᠤᠨ ᠱᠤᠭᠤᠮ ᠢ ᠰᠢᠨ᠎ᠡ ᠪᠠᠷ ᠪᠠᠶᠢᠭᠤᠯᠬᠤ ᠪᠤᠶᠤ ᠥᠷᠭᠡᠳᠬᠡᠨ ᠪᠠᠶᠢᠭᠤᠯᠬᠤ ᠶᠢ ᠲᠡᠮᠵᠢᠵᠤ᠂ ᠤᠶᠤᠯᠢᠭ ᠦᠢᠯᠡᠳᠬᠦ᠂ ᠠᠮᠢᠳᠤ ᠪᠣᠳᠠᠰ ᠤᠨ ᠨᠡᠶᠢᠯᠡᠯᠭᠡ᠂ ᠬᠤᠬᠢᠷᠠᠯ ᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠵᠡᠷᠭᠡ ᠰᠢᠨ᠎ᠡ ᠮᠡᠷᠭᠡᠵᠢᠯ ᠤᠨ ᠲᠤᠨᠤᠭ ᠲᠥᠬᠦᠭᠡᠷᠦᠮᠵᠢ ᠶᠢ ᠬᠡᠷᠡᠭᠯᠡᠨ ᠰᠢᠨᠡᠳᠬᠡᠨ ᠥᠭᠡᠷᠡᠴᠢᠯᠡᠵᠦ᠂ ᠬᠡᠷᠡᠭᠯᠡᠬᠦ ᠪᠡᠯᠡ ᠮᠥᠩᠭᠦ ᠶᠢᠨ ᠡᠵᠡᠯᠡᠬᠦ ᠬᠠᠷᠢᠴᠠᠯ ᠢ 70% ᠶᠢᠨ ᠳᠣᠲᠣᠷ᠎ᠠ ᠬᠢᠵᠠᠭᠠᠷᠯᠠᠵᠤ᠂ ᠲᠥᠷᠥᠯ ᠵᠦᠢᠯ ᠨᠢᠭᠡᠪᠦᠷᠢ ᠳᠤ ᠭᠤᠣᠯ ᠴᠣᠭᠴᠠ ᠶᠢᠨ ᠪᠣᠳᠠᠲᠠᠢ ᠣᠷᠣᠭᠤᠯᠤᠭᠰᠠᠨ 30% ᠶᠢᠨ ᠬᠢᠵᠠᠭᠠᠷ ᠲᠤᠭ᠎ᠠ ᠶᠢ ᠦᠨᠳᠦᠰᠦᠯᠡᠨ ᠱᠠᠩᠨᠠᠵᠤ ᠨᠥᠬᠦᠪᠦᠷᠢᠯᠡᠵᠦ ᠪᠣᠯᠣᠨ᠎ᠠ᠂ ᠬᠠᠮᠤᠭ ᠤᠨ ᠥᠨᠳᠥᠷ ᠲᠡᠭᠡᠨ 300 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ᠲᠤᠰᠬᠠᠢ ᠵᠦᠢᠯ ᠤᠨ ᠪᠡᠯᠡ ᠮᠥᠩᠭᠦ ᠶᠢᠨ ᠣᠷᠣᠭᠤᠯᠤᠯᠲᠠ ᠠᠴᠠ ᠪᠣᠶ ᠪᠣᠯᠤᠭᠰᠠᠨ ᠡᠳ᠋ ᠬᠥᠷᠥᠩᠭᠡ ᠨᠢ ᠨᠥᠬᠦᠴᠡᠯ ᠪᠦᠷᠢᠳᠦᠭᠰᠡᠨ ᠢ  ᠨᠢ ᠭᠠᠴᠠᠭ᠎ᠠ ︵ᠲᠣᠰᠬᠤᠨ︶ ᠶᠢᠨ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠳᠤ ᠬᠤᠪᠢ ᠪᠣᠯᠭᠠᠨ ᠨᠤᠭᠤᠯᠤᠨ ᠪᠤᠳᠤᠵᠤ ᠬᠡᠮᠵᠢᠶᠡᠵᠢᠭᠦᠯᠦᠨ ᠥᠭᠴᠦ᠂ ᠭᠠᠴᠠᠭ᠎ᠠ ︵ᠲᠣᠰᠬᠤᠨ︶ ᠶᠢᠨ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠳᠤ ᠬᠡᠷᠡᠭᠯᠡᠵᠦ᠂ ᠮᠠᠯᠴᠢᠨ ᠲᠠᠷᠢᠶᠠᠴᠢᠳ ᠲᠤ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠠᠰᠢᠭ ᠣᠯᠵᠠᠪᠤᠷᠢ ᠶᠢ ᠣᠷᠳᠣ ᠬᠤᠭᠤᠴᠠᠭ᠎ᠠ ᠪᠠᠷ ᠬᠤᠪᠢᠶᠠᠨ ᠡᠳ᠋ᠯᠡᠭᠦᠯᠦᠨ᠎ᠡ᠃         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠬᠢᠨᠠᠨ ᠬᠡᠮᠵᠢᠵᠦ ᠦᠨᠡᠯᠡᠬᠦ ᠠᠷᠭ᠎ᠠ         ᠨᠢᠭᠡᠳᠦᠭᠡᠷ ᠪᠦᠯᠦᠭ  ᠶᠡᠷᠦᠩᠬᠡᠢ ᠳᠦᠷᠢᠮ      ᠨᠢᠭᠡᠳᠦᠭᠡᠷ ᠵᠦᠢᠯ  ᠶᠡᠷᠦᠩᠬᠡᠢ ᠱᠦᠵᠢ ᠰᠢ ᠶᠢᠨ ᠫᠢᠩ ᠤᠨ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ  ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠰᠠᠶᠢᠲᠤᠷ ᠪᠡᠶᠡᠯᠡᠭᠦᠯᠦᠨ᠎ᠡ᠃ ᠲᠠᠷᠢᠶᠠᠴᠢᠨ ᠪᠣᠯᠬᠤ᠂ ᠲᠠᠷᠢᠶᠠᠯᠠᠩ ᠤᠨ ᠠᠵᠢᠯ ᠬᠢᠬᠦ᠂ ᠲᠠᠷᠢᠶᠠᠯᠠᠩ ᠤᠨ ᠲᠥᠯᠥᠭᠡ ᠵᠢᠳᠬᠦᠬᠦ᠂ ᠲᠠᠷᠢᠶᠠᠯᠠᠩ ᠢ ᠬᠥᠭᠵᠢᠭᠦᠯᠬᠦ ᠦᠨᠳᠦᠰᠦᠨ ᠵᠣᠷᠢᠯᠲᠠ ᠶᠢ ᠪᠠᠷᠢᠮᠲᠠᠯᠠᠬᠤ ᠲᠠᠯ᠎ᠠ ᠪᠠᠷ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠭᠦᠨᠵᠡᠭᠡᠢ ᠲᠦᠯᠬᠢᠨ ᠠᠬᠢᠭᠤᠯᠵᠤ᠂ ᠮᠠᠯᠴᠢᠨ ᠲᠠᠷᠢᠶᠠᠴᠢᠳ ᠤᠨ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠰᠢᠭ ᠲᠤᠰᠠ ᠶᠢ ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠤᠨ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠠᠷᠭ᠎ᠠ ᠵᠠᠮ ᠤᠨ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ︵ᠳᠣᠷᠣᠭᠰᠢ ᠠᠵᠤ ᠦᠢᠯᠡᠰ ᠤᠨ ᠬᠦᠷᠢᠶᠡᠯᠡᠩ ᠭᠡᠵᠦ ᠲᠣᠪᠴᠢᠯᠠᠨ᠎ᠠ︶ ᠶᠢ ᠬᠦᠴᠦᠯᠡᠨ ᠠᠬᠢᠭᠤᠯᠤᠨ᠎ᠠ᠃ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠪᠠᠶᠢᠳᠠᠯ ᠢ ᠴᠠᠭ ᠲᠤᠬᠠᠢ ᠳᠤᠨᠢ ᠲᠤᠰᠬᠠᠵᠤ᠂ ᠣᠨᠣᠪᠴᠢᠲᠠᠶ ᠦᠨᠡᠯᠡᠵᠦ᠂ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠬᠠᠷᠠᠭᠤᠯᠤᠨ᠂ ᠬᠢᠨᠠᠨ ᠬᠡᠮᠵᠢᠵᠦ ᠦᠨᠡᠯᠡᠬᠦ ᠳᠦᠷᠢᠮ ᠢ ᠲᠡᠭᠦᠯᠳᠡᠷᠵᠢᠭᠦᠯᠬᠦ ᠶᠢᠨ ᠲᠤᠰᠠᠳᠠ᠂ ︽ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠬᠢᠨᠠᠨ ᠬᠡᠮᠵᠢᠵᠦ ᠦᠨᠡᠯᠡᠬᠦ ᠠᠷᠭ᠎ᠠ︾ ᠪᠠᠷ ᠯᠠᠪᠯᠠᠯᠲᠠ ᠪᠣᠯᠭᠠᠵᠤ᠂ ᠲᠣᠰ ᠠᠷᠭ᠎ᠠ ᠶᠢ ᠲᠣᠭᠲᠠᠭᠠᠪᠠ᠃       ᠬᠤᠶᠠᠳᠤᠭᠠᠷ ᠵᠦᠢᠯ  ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠳᠤ ︽ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ︾ ᠤᠳᠤᠷᠢᠳᠤᠮᠵᠢ ᠶᠢ ᠪᠠᠷᠢᠮᠲᠠᠯᠠᠵᠤ᠂ ︽ᠦᠢᠯᠡᠳᠪᠦᠷᠢᠯᠡᠬᠦ + ᠪᠣᠯᠪᠠᠰᠤᠷᠠᠭᠤᠯᠬᠤ + ᠭᠠᠳᠠᠭᠰᠢ ᠭᠠᠷᠭᠠᠬᠤ + ᠰᠢᠨᠵᠢᠯᠡᠬᠦ ᠤᠬᠠᠭᠠᠨ ᠲᠧᠭᠨᠢᠭ ᠮᠡᠷᠭᠡᠵᠢᠯ︾ ᠢ ᠪᠦᠲᠦᠭᠡᠨ ᠪᠠᠶᠢᠭᠤᠯᠬᠤ ᠣᠳᠣ ᠦᠶ᠎ᠡ ᠶᠢᠨ ᠬᠥᠭᠵᠢᠯᠲᠡ ᠶᠢᠨ ᠣᠶᠢᠯᠠᠭᠠᠭᠳᠠᠬᠤᠨ ᠶᠣᠰᠣᠭᠠᠷ᠂ ᠲᠠᠷᠢᠶᠠᠯᠠᠩ ᠮᠠᠯ ᠠᠵᠤ ᠠᠬᠤᠢ ᠶᠢᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠭᠤᠣᠯᠳᠠᠭᠤ ᠡᠷᠳᠡᠨᠢ ᠰᠢᠰᠢ᠂ ᠪᠤᠭᠤᠳᠠᠢ᠂ ᠲᠥᠮᠥᠰᠥ᠂ ᠰᠢᠷ᠎ᠠ ᠪᠤᠷᠴᠠᠭ᠂ ᠲᠤᠲᠤᠷᠭ᠎ᠠ᠂ ᠨᠠᠷᠢᠮᠤ᠂ ᠶᠤᠤᠮᠠᠢ᠂ ᠨᠡᠷᠡᠨ ᠬᠤᠸᠠᠷ᠂ ᠰᠢᠬᠢᠷ ᠯᠤᠤᠪᠠᠩ᠂ ᠲᠥᠬᠦᠭᠡᠷᠥᠮᠵᠢᠲᠦ ᠢᠳᠡᠰᠢᠨ ᠨᠣᠭᠤᠭ᠎ᠠ᠂ ᠡᠯᠳᠡᠪ ᠠᠮᠤ ᠡᠯᠳᠡᠪ ᠪᠤᠷᠴᠠᠭ᠂ ᠰᠠᠭᠠᠯᠢ ᠶᠢᠨ ᠦᠨᠢᠶ᠎ᠡ᠂ ᠠᠯᠠᠰᠢᠨ ᠦᠬᠡᠷ᠂ ᠠᠯᠠᠰᠢᠨ ᠬᠤᠨᠢ᠂ ᠢᠮᠠᠭᠠᠨ ᠨᠣᠣᠯᠣᠭᠤᠷ᠂ ᠬᠤᠣᠰ ᠪᠥᠬᠦᠲᠦ ᠲᠡᠮᠡᠭᠡ᠂ ᠭᠠᠭ᠋ᠠᠢ᠂ ᠮᠣᠷᠢ᠂ ᠵᠢᠭᠦᠷᠲᠡᠨ᠂ ᠲᠡᠵᠢᠭᠡᠯ ᠡᠪᠡᠰᠦ᠂ ᠤᠰᠤᠨ ᠭᠠᠷᠤᠯᠲᠠ ᠵᠡᠷᠭᠡ ᠳᠠᠪᠠᠭᠤᠯᠢᠭ ᠣᠨᠴᠠᠯᠢᠭᠲᠤ ᠭᠤᠣᠯᠯᠠᠬᠤ ᠠᠵᠤ ᠦᠢᠯᠡᠰ ᠤᠨ ᠲᠣᠭᠤᠷᠢᠨ ᠳᠤ᠂ ᠦᠢᠯᠡᠳᠪᠦᠷᠢᠯᠡᠯ ᠤᠨ ᠬᠦᠴᠦᠨ ᠵᠦᠢᠯ ᠢ ᠬᠦᠷᠢᠶᠡᠯᠡᠩ ᠲᠣᠭᠤᠷᠢᠭ ᠳᠠᠰᠢ ᠲᠥᠪᠯᠡᠷᠡᠭᠦᠯᠬᠦ᠂ ᠳᠠᠪᠠᠭᠤᠯᠢᠭ ᠠᠵᠤ ᠦᠢᠯᠡᠰ ᠢ ᠬᠦᠷᠢᠶᠡᠯᠡᠩ ᠲᠣᠭᠤᠷᠢᠭ ᠳᠠᠰᠢ ᠲᠥᠪᠯᠡᠷᠡᠭᠦᠯᠬᠦ᠂ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠬᠦᠷᠢᠶᠡᠯᠡᠩ ᠲᠣᠭᠤᠷᠢᠭ ᠳᠠᠰᠢ ᠬᠡᠯᠪᠡᠶᠢᠯᠭᠡᠬᠦ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠭᠰᠠᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ ᠪᠣᠶ ᠪᠣᠯᠭᠠᠨ᠎ᠠ᠃       ᠭᠤᠷᠪᠠᠳᠤᠭᠠᠷ ᠵᠦᠢᠯ  ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭ᠎ᠠ ᠶᠢᠨ ᠬᠢᠵᠠᠭᠠᠷᠯᠠᠯ ᠨᠢ 2 ᠵᠢᠯ ᠪᠠᠶᠢᠵᠤ᠂ ︽ᠣᠨ ᠤ ᠬᠢᠨᠠᠨ ᠬᠡᠮᠵᠢᠬᠦ᠂ ᠰᠢᠯᠢᠳᠡᠭ ᠨᠢ ᠰᠢᠯᠢᠭᠳᠡᠵᠦᠰᠢᠭᠠᠷᠤ  ᠨᠢ ᠰᠢᠭᠰᠢᠭᠳᠡᠬᠦ︾ ᠬᠠᠮᠢᠶᠠᠷᠤᠯᠲᠠ ᠶᠢᠨ ᠲᠣᠭᠲᠠᠴᠠ ᠶᠢ ᠬᠡᠷᠡᠭᠵᠢᠭᠦᠯᠦᠨ᠂ ᠪᠠᠶᠢᠭᠤᠯᠬᠤ ᠶᠢ ᠵᠥᠪᠰᠢᠶᠡᠷᠡᠭᠰᠡᠨ ᠠᠵᠤ ᠦᠢᠯᠡᠰ ᠤᠨ ᠬᠦᠷᠢᠶᠡᠯᠡᠩ ᠳᠤ ᠬᠤᠶᠠᠳᠤᠭᠠᠷ ᠵᠢᠯ ᠤᠨ ᠡᠬᠢᠨ ᠳᠤ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠬᠢᠨ᠎ᠡ︔ ᠪᠦᠲᠦᠭᠡᠨ ᠪᠠᠶᠢᠭᠤᠯᠬᠤ ᠬᠤᠭᠤᠴᠠᠭ᠎ᠠ ᠳᠦᠭᠦᠷᠦᠭᠰᠡᠨ ᠤ ᠳᠠᠷᠠᠭ᠎ᠠ ᠬᠠᠷᠠᠯᠲᠠᠲᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠵᠤ᠂ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠥᠩᠭᠡᠷᠡᠭᠡᠭᠰᠡᠨ ᠠᠵᠤ ᠦᠢᠯᠡᠰ ᠤᠨ ᠬᠦᠷᠢᠶᠡᠯᠡᠩ ᠢ ᠮᠠᠭᠠᠳᠯᠠᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠠᠴᠠ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠪᠡᠯᠡ ᠮᠥᠩᠭᠦ ᠶᠢ ᠤᠷᠢᠳᠠᠪᠠᠷ ᠬᠡᠯᠪᠡᠶᠢᠯᠭᠡᠵᠦ᠂ ᠰᠢᠯᠢᠳᠡᠭ ᠢ ᠨᠢ ᠰᠣᠩᠭᠤᠨ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠳᠤ ᠮᠡᠳᠡᠭᠦᠯᠦᠨ᠎ᠡ᠃       ᠳᠥᠷᠪᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠨᠢ ᠠᠵᠤ ᠦᠢᠯᠡᠰ ᠤᠨ ᠬᠦᠷᠢᠶᠡᠯᠡᠩ ᠤᠨ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ ᠪᠠ ᠪᠦᠲᠦᠭᠡᠨ ᠪᠠᠶᠢᠭᠤᠯᠬᠤ ᠶᠢ ᠵᠦᠪᠰᠢᠶᠡᠷᠡᠬᠦ ᠠᠵᠢᠯ  ᠢ ᠵᠣᠬᠢᠶᠠᠨ ᠪᠠᠶᠢᠭᠤᠯᠬᠤ ᠶᠢ ᠬᠠᠷᠢᠭᠤᠴᠠᠵᠤ᠂ ᠪᠦᠲᠦᠭᠡᠨ ᠪᠠᠶᠢᠭᠤᠯᠬᠤ ᠬᠤᠭᠤᠴᠠᠭᠠᠨ ᠳᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠠᠷᠢᠭᠤᠴᠠᠨ ᠵᠢᠯᠤᠭᠤᠳᠴᠤ᠂ ᠳᠤᠮᠳᠠ ᠬᠤᠭᠤᠴᠠᠭᠠᠨ ᠤ ᠦᠨᠡᠯᠡᠨ ᠵᠢᠱᠢᠬᠦ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠪᠠ ᠮᠠᠭᠠᠳᠯᠠᠨ ᠳᠤᠭᠳᠠᠭᠠᠬᠤ ᠵᠡᠷᠭᠡ ᠠᠵᠢᠯ ᠢ ᠥᠷᠨᠢᠭᠦᠯᠦᠨ᠎ᠡ︔ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ ︽ᠡᠮᠦᠨ᠎ᠡ ᠵᠠᠬ᠎ᠠ ᠶᠢᠨ ᠵᠢᠯᠤᠭᠤᠳᠬᠤ ᠭᠠᠵᠠᠷ︾ ᠤᠨ ᠦᠢᠯᠡᠳᠦᠯ ᠢ ᠪᠠᠳᠠᠷᠠᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠮᠥᠷᠳᠡᠨ ᠬᠢᠨᠠᠨ ᠬᠠᠮᠢᠶᠠᠷᠬᠤ ᠶᠢ ᠬᠠᠷᠢᠭᠤᠴᠠᠨ᠂ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠠ ᠪᠡᠯᠡ ᠮᠥᠩᠭᠦ ᠰᠣᠯᠢᠵᠤ ᠥᠭᠬᠦ ᠶᠢ ᠬᠢᠨᠠᠨ ᠵᠢᠯᠤᠭᠤᠳᠴᠤ᠂ ᠲᠥᠷᠥᠯ ᠵᠦᠢᠯ ᠤᠨ ᠬᠢᠨᠠᠨ ᠬᠠᠷᠭᠤᠭᠤᠯᠵᠤ ᠰᠢᠯᠭᠠᠨ ᠠᠪᠬᠤ ᠰᠠᠨᠠᠯ ᠢ ᠳᠤᠷᠠᠳᠬᠤ ᠶᠢᠨ ᠬᠠᠮᠲᠤ᠂ ᠠᠵᠤ ᠦᠢᠯᠡᠰ ᠤᠨ ᠬᠦᠷᠢᠶᠡᠯᠡᠩ ᠢ ᠬᠠᠪᠰᠤᠷᠤᠨ ᠲᠤᠷᠰᠢᠯᠭ᠎ᠠ ᠶᠢᠨ ᠵᠠᠭᠪᠤᠷ ᠢ ᠳ᠋ᠦᠩᠨᠡᠨ ᠡᠮᠬᠢᠯᠡᠵᠦ᠂ ᠤᠬᠠᠭᠤᠯᠭ᠎ᠠ ᠶᠢᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠪᠣᠯ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠪᠣᠯᠣᠨ᠎ᠠ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠᠷ ᠲᠦᠷᠦᠭᠦᠯᠡᠭᠦᠯᠦᠭᠰᠡᠨ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ ᠪᠦᠷᠢᠳᠬᠡᠬᠦ ᠳᠦᠷᠢᠮ ᠢ ᠪᠠᠶᠢᠭᠤᠯᠵᠤ᠂ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠴᠤᠭᠯᠠᠭᠤᠯᠬᠤ ᠪᠠ ᠲᠠᠭᠯᠠᠨ ᠮᠡᠳᠡᠭᠦᠯᠵᠦ᠂ ᠥᠪᠡᠷ ᠢ ᠪᠠᠨ ᠦᠨᠡᠯᠡᠬᠦ ᠶᠢ ᠥᠷᠨᠢᠭᠦᠯᠦᠨ᠂ ᠬᠠᠮᠢᠶ᠎ᠠ ᠪᠦᠬᠦᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠮᠡᠳᠡᠭᠦᠯᠦᠨ ᠬᠦᠷᠭᠡᠬᠦ ᠬᠡᠷᠡᠭᠲᠡᠢ᠃ ᠠᠵᠤ ᠦᠢᠯᠡᠰ ᠤᠨ ᠬᠦᠷᠢᠶᠡᠯᠡᠩ ᠤᠨ ᠬᠢᠨᠠᠨ ᠬᠡᠮᠵᠢᠵᠦ ᠦᠨᠡᠯᠡᠬᠦ ᠠᠵᠢᠯ ᠢ ᠥᠷᠨᠢᠭᠦᠯᠬᠦ ᠳᠤ ᠲᠤᠭ᠎ᠠ ᠪᠠᠷᠢᠮᠲᠠ ᠶᠢᠨ ᠦᠨᠡᠨ ᠪᠣᠳᠠᠲᠠᠢ ᠪᠥᠭᠡᠳ ᠨᠠᠶᠢᠳᠠᠪᠤᠷᠢᠲᠠᠢ ᠪᠠᠶᠢᠬᠤ ᠶᠢ ᠦᠨᠡᠨᠬᠦ ᠪᠠᠲᠤᠯᠠᠵᠤ᠂ ᠠᠷᠭ᠎ᠠ ᠪᠠᠷᠢᠯ ᠨᠢ ᠳᠥᠭᠦᠮ ᠳᠥᠲᠡ ᠪᠥᠭᠡᠳ ᠬᠡᠷᠡᠭᠵᠢᠭᠦᠯᠬᠦ ᠳᠤ ᠬᠢᠯᠪᠠᠷ᠂ ᠦᠷ᠎ᠡ ᠳ᠋ᠦᠩ ᠨᠢ ᠪᠤᠰᠤᠳᠴᠢ ᠪᠥᠭᠡᠳ ᠲᠥᠪ ᠭᠤᠥᠯᠴᠢ ᠪᠠᠶᠢᠬᠤ ᠬᠡᠷᠡᠭᠲᠡᠢ᠃       ᠬᠤᠶᠠᠳᠤᠭᠠᠷ ᠪᠦᠯᠦᠭ   ᠬᠢᠨᠠᠨ ᠬᠡᠮᠵᠢᠵᠦ ᠦᠨᠡᠯᠡᠬᠦ ᠭᠦᠢᠴᠡᠳᠬᠡᠯ ᠲᠤᠭ᠎ᠠ      ᠲᠠᠪᠤᠳᠤᠭᠠᠷ ᠵᠦᠢᠯ  ᠭᠤᠣᠯᠯᠠᠬᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ᠂ ᠦᠢᠯᠡᠳᠪᠦᠷᠢᠯᠡᠯ ᠤᠨ ᠬᠦᠴᠦᠨ ᠵᠦᠢᠯ ᠤᠨ ᠴᠤᠭᠯᠠᠷᠠᠯ ᠢ ᠠᠬᠢᠭᠤᠯᠬᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ᠂ ᠮᠠᠯᠴᠢᠨ ᠲᠠᠷᠢᠶᠠᠴᠢᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠬᠤ᠂ ᠠᠵᠤ ᠦᠢᠯᠡᠰ ᠤᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠪᠠ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠵᠡᠷᠭᠡ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢᠨ ᠲᠣᠭᠤᠷᠢᠨ ᠳᠤ᠂ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠬᠢᠨᠠᠨ ᠬᠡᠮᠵᠢᠵᠦ ᠦᠨᠡᠯᠡᠯᠲᠡ ᠬᠢᠨ᠎ᠡ᠃       ᠵᠢᠷᠭᠤᠳᠤᠭᠠᠷ ᠵᠦᠢᠯ   ᠬᠢᠨᠠᠨ ᠬᠡᠮᠵᠢᠬᠦ ᠭᠦᠢᠴᠡᠳᠬᠡᠯ ᠲᠤᠭ᠎ᠠ ᠳᠤ 6 ᠲᠠᠯ᠎ᠠ ᠶᠢ ᠪᠠᠭᠲᠠᠭᠠᠨ᠎ᠠ᠃       ︵ᠨᠢᠭᠡ︶ ᠰᠠᠭᠤᠷᠢ ᠪᠠᠶᠢᠳᠠᠯ᠃ ᠡᠭᠦᠨ ᠳᠤ ᠠᠵᠤ ᠦᠢᠯᠡᠰ ᠤᠨ ᠬᠦᠷᠢᠶᠡᠯᠡᠩ ᠤᠨ ᠡᠵᠡᠯᠡᠬᠦ ᠲᠠᠯᠠᠪᠠᠶ᠂ ᠠᠵᠤ ᠦᠢᠯᠡᠰ ᠤᠨ ᠬᠦᠷᠢᠶᠡᠯᠡᠩ ᠤᠨ ᠦᠢᠯᠡᠳᠪᠦᠷᠢᠯᠡᠯ ᠤᠨ ᠴᠢᠨᠠᠷᠲᠠᠢ ᠬᠡᠷᠡᠭᠯᠡᠬᠦ ᠭᠠᠵᠠᠷ ᠤᠨ ᠲᠠᠯᠠᠪᠠᠶ ︵ᠲᠠᠷᠢᠶᠠᠨ ᠭᠠᠵᠠᠷ ᠪᠤᠶᠤ ᠲᠡᠵᠢᠭᠡᠨ ᠦᠷᠡᠵᠢᠭᠦᠯᠬᠦ ᠦᠢᠯᠡᠰ ᠲᠤ ᠬᠡᠷᠡᠭᠯᠡᠬᠦ ᠭᠠᠵᠠᠷ ᠤᠨ ᠲᠠᠯᠠᠪᠠᠶ︶᠂ ᠦᠢᠯᠡᠳᠬᠦᠨ ᠤ ᠶᠡᠷᠦᠩᠬᠡᠢ ᠥᠷᠲᠡᠭ ︵ᠬᠤᠶᠠᠳᠤᠭᠠᠷ ᠠᠵᠤ ᠦᠢᠯᠡᠰ᠂ ᠭᠤᠷᠪᠠᠳᠤᠭᠠᠷ ᠠᠵᠤ ᠦᠢᠯᠡᠰ ᠤᠨ ᠦᠢᠯᠡᠳᠬᠦᠨ ᠤ ᠥᠷᠲᠡᠭ ᠢ ᠲᠣᠰ ᠲᠣᠰ ᠪᠦᠷᠢᠳᠬᠡᠨ᠎ᠡ︶᠂ ᠬᠦᠷᠢᠶᠡᠯᠡᠩ ᠤᠨ ᠳᠣᠲᠣᠷᠠᠬᠢ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠠᠵᠤ ᠠᠬᠤᠶᠢᠯᠠᠯ ᠤᠨ ᠪᠥᠬᠦ ᠵᠢᠯ ᠤᠨ ᠭᠠᠶᠢᠯᠢ ᠲᠤᠰᠢᠶᠠᠬᠤ ᠶᠡᠷᠦᠩᠬᠡᠢ ᠲᠤᠭ᠎ᠠ᠂ ᠬᠠᠮᠤᠷᠬᠤ ᠵᠠᠰᠠᠭ ᠵᠠᠬᠢᠷᠭᠠᠨ ᠤ ᠲᠣᠰᠬᠤᠨ ᠤ ᠲᠤᠭ᠎ᠠ ᠬᠡᠮᠵᠢᠶ᠎ᠡ᠂ ᠬᠦᠷᠢᠶᠡᠯᠡᠩ ᠤᠨ ᠳᠣᠲᠣᠷᠠᠬᠢ ᠲᠠᠷᠢᠶᠠᠯᠠᠬᠤ ᠮᠠᠯᠵᠢᠬᠤ ᠡᠷᠦᠬᠡ ᠶᠢᠨ ᠲᠤᠭ᠎ᠠ ᠬᠡᠮᠵᠢᠶ᠎ᠡ᠂ ᠪᠥᠬᠦ ᠬᠤᠰᠢᠭᠤ ᠰᠢᠶᠠᠨ ︵ᠬᠤᠲᠠ᠂ ᠲᠣᠭᠤᠷᠢᠭ︶ ᠤ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠥᠬᠦ ᠥᠷᠲᠡᠭ ᠵᠡᠷᠭᠡ ᠭᠦᠢᠴᠡᠳᠬᠡᠯ ᠲᠤᠭ᠎ᠠ ᠪᠠᠭᠲᠠᠨ᠎ᠠ᠃       ︵ᠬᠤᠶᠠᠷ︶ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ᠃ ᠡᠭᠦᠨ ᠳᠤ ᠠᠵᠤ ᠦᠢᠯᠡᠰ ᠤᠨ ᠬᠦᠷᠢᠶᠡᠯᠡᠩ ᠤᠨ ᠭᠤᠣᠯᠯᠠᠬᠤ ᠠᠵᠤ ᠦᠢᠯᠡᠰ ᠲᠤ ᠬᠡᠷᠡᠭᠯᠡᠬᠦ ᠭᠠᠵᠠᠷ ᠤᠨ ᠶᠡᠷᠦᠩᠬᠡᠢ ᠲᠠᠯᠠᠪᠠᠶ ᠭᠤᠣᠯᠯᠠᠬᠤ ᠠᠵᠤ ᠦᠢᠯᠡᠰ ᠤᠨ ᠬᠡᠪᠴᠢᠶᠡᠵᠢᠭᠦᠯᠦᠨ ᠳᠠᠷᠢᠵᠤ ᠲᠡᠵᠢᠭᠡᠨ ᠦᠷᠡᠵᠢᠭᠦᠯᠬᠦ ᠲᠠᠯᠠᠪᠠᠶ᠂ ᠭᠤᠣᠯᠯᠠᠬᠤ ᠠᠵᠤ ᠦᠢᠯᠡᠰ ᠤᠨ ᠦᠢᠯᠡᠳᠬᠦᠨ ᠤ ᠶᠡᠷᠦᠩᠬᠡᠢ ᠥᠷᠲᠡᠭ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠤᠯᠲᠠ ᠶᠢᠨ ᠶᠡᠷᠦᠩᠬᠡᠢ ᠬᠡᠮᠵᠢᠶ᠎ᠡ᠂ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠡᠵᠡᠩᠨᠡᠯᠲᠡ ᠶᠢᠨ ᠣᠷᠣᠯᠭ᠎ᠠ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢᠨ ᠬᠥᠲᠥᠴᠢ ᠠᠵᠤ ᠠᠬᠤᠶᠢᠯᠠᠯ ᠤᠨ ᠲᠤᠭ᠎ᠠ ᠬᠡᠮᠵᠢᠶ᠎ᠡ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢᠨ ᠬᠤᠯᠪᠣᠭᠠᠲᠤ ᠴᠣᠭᠴᠠ ᠶᠢᠨ ᠲᠤᠭ᠎ᠠ ᠬᠡᠮᠵᠢᠶ᠎ᠡ᠂ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠲᠤᠭ᠎ᠠ ᠬᠡᠮᠵᠢᠶ᠎ᠡ᠂ ᠮᠠᠯᠴᠢᠨ ᠲᠠᠷᠢᠶᠠᠴᠢᠨ ᠤ ᠬᠤᠷᠰᠢᠶ᠎ᠠ ᠶᠢᠨ ᠲᠤᠭ᠎ᠠ ᠬᠡᠮᠵᠢᠶ᠎ᠡ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠲᠤᠭ᠎ᠠ ᠬᠡᠮᠵᠢᠶ᠎ᠡ ᠵᠡᠷᠭᠡ ᠭᠦᠢᠴᠡᠳᠬᠡᠯ ᠲᠤᠭ᠎ᠠ ᠪᠠᠭᠲᠠᠨ᠎ᠠ᠃       ︵ᠭᠤᠷᠪᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠤᠨ ᠪᠠᠶᠢᠳᠠᠯ᠃ ᠡᠭᠦᠨ ᠳᠤ ᠭᠤᠣᠯᠯᠠᠬᠤ ᠠᠵᠤ ᠦᠢᠯᠡᠰ ᠤᠨ ᠲᠤᠰᠬᠠᠢ ᠮᠡᠷᠭᠡᠵᠢᠯᠲᠡᠨ ᠤ ᠪᠦᠯᠬᠦᠮ ᠨᠡᠶᠢᠲᠡ ᠶᠢᠨ ᠲᠤᠭ᠎ᠠ ᠬᠡᠮᠵᠢᠶ᠎ᠡ᠂ ᠲᠠᠷᠢᠮᠠᠯ ᠤᠨ ᠵᠦᠢᠯ ᠤᠨ ᠲᠠᠷᠢᠶᠠᠯᠠᠵᠤ ᠬᠤᠷᠢᠶᠠᠬᠤ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ᠂ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠮᠠᠰᠢᠨᠴᠢᠯᠠᠯᠲᠠ ᠶᠢᠨ ᠨᠣᠷᠮ᠎ᠠ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠦᠢᠲᠡᠨ ᠬᠥᠮᠥᠷᠭᠡ ᠶᠢᠨ ᠶᠡᠷᠦᠩᠬᠡᠢ ᠪᠠᠭᠲᠠᠭᠠᠮᠵᠢ᠂ ᠣᠶᠤᠨᠲᠤ ᠲᠠᠷᠢᠶᠠᠯᠠᠩ ᠤᠨ ᠮᠠᠰᠢᠨ ᠤ ᠨᠠᠷᠢᠯᠢᠭ ᠣᠨᠣᠴᠠᠲᠠᠢ ᠪᠠᠷ ᠠᠵᠢᠯᠯᠠᠬᠤ ᠲᠠᠯᠠᠪᠠᠶ ᠵᠡᠷᠭᠡ ᠭᠦᠢᠴᠡᠳᠬᠡᠯ ᠲᠤᠭ᠎ᠠ ᠪᠠᠭᠲᠠᠨ᠎ᠠ᠃       ︵ᠳᠥᠷᠪᠡ︶ ᠪᠣᠬᠢᠷᠲᠤᠯ ᠦᠭᠡᠢ ᠬᠥᠭᠵᠢᠯᠲᠡ ᠶᠢᠨ ᠪᠠᠶᠢᠳᠠᠯ᠃ ᠡᠭᠦᠨ ᠳᠤ ᠠᠵᠤ ᠦᠢᠯᠡᠰ ᠤᠨ ᠬᠦᠷᠢᠶᠡᠯᠡᠩ ᠤᠨ ᠤᠰᠤ ᠠᠷᠪᠢᠯᠠᠬᠤ ᠤᠰᠤᠯᠠᠯᠲᠠ ᠶᠢᠨ ᠪᠦᠷᠬᠦᠴᠡ ᠶᠢᠨ ᠲᠠᠯᠠᠪᠠᠶ᠂ ᠬᠢᠮᠢ ᠶᠢᠨ ᠪᠣᠷᠳᠣᠭᠤᠷ ᠬᠡᠷᠡᠭᠯᠡᠬᠦ ᠬᠡᠮᠵᠢᠶ᠎ᠡ᠂ ᠲᠠᠷᠢᠶᠠᠨ ᠡᠮ ᠬᠡᠷᠡᠭᠯᠡᠬᠦ ᠬᠡᠮᠵᠢᠶ᠎ᠡ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠶᠡᠷᠦᠩᠬᠡᠶᠢᠯᠡᠨ ᠠᠰᠢᠭᠯᠠᠬᠤ ᠨᠣᠷᠮ᠎ᠠ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ᠂ ᠲᠠᠷᠢᠶᠠᠯᠠᠩ ᠤᠨ ᠰᠦᠯᠢᠶᠥᠦ ᠪᠦᠷᠬᠦᠪᠴᠢ ᠶᠢ ᠬᠤᠷᠢᠶᠠᠨ ᠠᠪᠴᠤ ᠰᠢᠢᠳᠪᠦᠷᠢᠯᠡᠬᠦ ᠨᠣᠷᠮ᠎ᠠ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠰᠤᠭᠤᠴᠢᠨ ᠪᠠᠶᠢᠴᠠᠭᠠᠬᠤ ᠪᠦᠯᠦᠭ ᠤᠳᠠᠭ᠎ᠠ᠂ ᠬᠢᠷᠢ ᠲᠡᠩᠴᠡᠭᠰᠡᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠦᠯᠦᠭ ᠤᠳᠠᠭ᠎ᠠ᠂ ᠬᠦᠷᠢᠶᠡᠯᠡᠩ ᠤᠨ ᠳᠣᠲᠣᠷᠠᠬᠢ ᠪᠣᠬᠢᠷᠲᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠢ ᠭᠡᠷᠡᠴᠢᠯᠡᠬᠦ ᠲᠤᠭ᠎ᠠ ᠬᠡᠮᠵᠢᠶ᠎ᠡ ᠵᠡᠷᠭᠡ ᠭᠦᠢᠴᠡᠳᠬᠡᠯ ᠲᠤᠭ᠎ᠠ ᠪᠠᠭᠲᠠᠨ᠎ᠠ᠃       ︵ᠲᠠᠪᠤ︶ ᠲᠠᠷᠢᠶᠠᠴᠢᠨ ᠲᠠᠢ ᠬᠤᠯᠪᠣᠭᠠᠯᠠᠵᠤ ᠲᠠᠷᠢᠶᠠᠴᠢᠨ ᠢ ᠳᠠᠶᠢᠴᠢᠯᠠᠭᠰᠠᠨ ᠪᠠᠶᠢᠳᠠᠯ᠃ ᠡᠭᠦᠨ ᠳᠤ ᠬᠦᠷᠢᠶᠡᠯᠡᠩ ᠤᠨ ᠳᠣᠲᠣᠷᠠᠬᠢ ᠮᠠᠯᠵᠢᠬᠤ ᠲᠠᠷᠢᠶᠠᠯᠠᠬᠤ ᠡᠷᠦᠬᠡ ᠬᠢᠭᠡᠳ ᠡᠵᠡᠩᠨᠡᠯᠲᠡ ᠶᠢᠨ ᠭᠤᠣᠯ ᠴᠣᠭᠴᠠ ᠶᠢᠨ ᠪᠠᠶᠢᠭᠤᠯᠤᠭᠰᠠᠨ ᠠᠰᠢᠭ ᠲᠤᠰᠠ ᠶᠢᠨ ᠬᠤᠯᠪᠣᠯᠳᠤᠭᠰᠠᠨ ᠡᠷᠦᠬᠡ ᠶᠢᠨ ᠲᠤᠭ᠎ᠠ ︵ᠳᠠᠶᠢᠴᠢᠯᠠᠬᠤ ᠠᠷᠭ᠎ᠠ ᠮᠠᠶ᠋ᠢᠭ᠄ ᠬᠤᠪᠢ ᠣᠷᠣᠭᠤᠯᠤᠨ ᠬᠤᠷᠰᠢᠬᠤ᠂ ᠵᠠᠬᠢᠶᠠᠯᠠᠭ᠎ᠠ ᠶᠢᠨ ᠲᠠᠷᠢᠶᠠᠯᠠᠩ ᠮᠠᠯ ᠠᠵᠤ ᠠᠬᠤᠢ᠂ ︽ᠭᠠᠵᠠᠷ ᠰᠢᠷᠣᠢ ᠶᠢᠨ ᠡᠷᠭᠢᠯᠲᠡ + ᠰᠠᠭᠤᠷᠢ ᠶᠢ ᠪᠠᠲᠤᠯᠠᠨ ᠠᠰᠢᠭ ᠬᠤᠪᠢᠶᠠᠬᠤ︾ ᠵᠡᠷᠭᠡ ᠠᠷᠭ᠎ᠠ ᠮᠠᠶ᠋ᠢᠭ ᠢᠶᠠᠷ ᠮᠠᠯᠵᠢᠬᠤ ᠲᠠᠷᠢᠶᠠᠯᠠᠬᠤ ᠡᠷᠦᠬᠡ ᠶᠢᠨ ᠲᠤᠭ᠎ᠠ ᠬᠡᠮᠵᠢᠶ᠎ᠡ ᠶᠢ ᠳᠠᠶᠢᠴᠢᠯᠠᠬᠤ ᠭᠡᠵᠦ ᠬᠤᠪᠢᠶᠠᠨ᠎ᠠ︶ ᠪᠠᠭᠲᠠᠨ᠎ᠠ᠃ ᠬᠠᠮᠲᠤ ᠶᠢᠨ ᠡᠳ᠋ ᠬᠥᠷᠥᠩᠭᠡ ᠶᠢ ᠬᠡᠮᠵᠢᠶᠡᠵᠢᠭᠦᠯᠦᠨ ᠬᠤᠪᠢ ᠣᠷᠣᠭᠤᠯᠤᠭᠰᠠᠨ ᠵᠠᠰᠠᠭ ᠵᠠᠬᠢᠷᠭᠠᠨ ᠤ ᠲᠣᠰᠬᠤᠨ ᠤ ᠲᠤᠭ᠎ᠠ ᠬᠡᠮᠵᠢᠶ᠎ᠡ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠳᠤᠮᠳᠠᠴᠢ ᠣᠷᠣᠯᠭ᠎ᠠ᠂ ᠬᠦᠷᠢᠶᠡᠯᠡᠩ ᠲᠤ ᠣᠷᠣᠵᠤ ᠠᠵᠢᠯ ᠣᠯᠣᠭᠰᠠᠨ ᠮᠠᠯᠴᠢᠨ ᠲᠠᠷᠢᠶᠠᠴᠢᠨ ᠤ ᠲᠤᠭ᠎ᠠ᠂ ᠬᠦᠷᠢᠶᠡᠯᠡᠩ ᠤᠨ ᠳᠣᠲᠣᠷᠠᠬᠢ ᠮᠠᠯᠴᠢᠨ ᠲᠠᠷᠢᠶᠠᠴᠢᠨ ᠤ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ᠂ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠤ ᠮᠠᠯᠴᠢᠨ ᠲᠠᠷᠢᠶᠠᠴᠢᠨ ᠤ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠵᠡᠷᠭᠡ ᠭᠦᠢᠴᠡᠳᠬᠡᠯ ᠲᠤᠭ᠎ᠠ ᠪᠠᠭᠲᠠᠨ᠎ᠠ᠃       ︵ᠵᠢᠷᠭᠤᠭ᠎ᠠ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠪᠠᠶᠢᠳᠠᠯ᠃ ᠡᠭᠦᠨ ᠳᠤ ᠡᠯ᠎ᠡ ᠱᠠᠲᠤᠨ ᠤ ᠡᠳ᠋ ᠤᠨ ᠵᠠᠰᠠᠭ ᠤᠨ ᠲᠥᠷᠥᠯ ᠵᠦᠢᠯ ᠤᠨ ᠣᠷᠣᠭᠤᠯᠤᠭᠰᠠᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠲᠤᠭ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠱᠠᠩᠨᠠᠵᠤ ᠲᠤᠰᠠᠯᠠᠬᠤ ᠪᠡᠯᠡ ᠮᠥᠩᠭᠦ ᠶᠢᠨ ᠬᠡᠷᠡᠭᠯᠡᠯᠲᠡ ᠶᠢᠨ ᠠᠬᠢᠴᠠ᠂ ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ ᠶᠢᠨ ᠣᠷᠣᠭᠤᠯᠤᠯᠲᠠ᠂ ᠠᠵᠢᠯ ᠡᠬᠢᠯᠡᠭᠦᠯᠬᠦ ᠲᠥᠷᠥᠯ ᠵᠦᠢᠯ ᠤᠨ ᠲᠤᠭ᠎ᠠ᠂ ᠠᠰᠢᠭᠯᠠᠯᠲᠠ ᠳᠤ ᠣᠷᠣᠭᠤᠯᠬᠤ ᠲᠥᠷᠥᠯ ᠵᠦᠢᠯ ᠤᠨ ᠲᠤᠭ᠎ᠠ ᠪᠠᠭᠲᠠᠨ᠎ᠠ᠃       ᠳᠣᠯᠣᠳᠤᠭᠠᠷ ᠵᠦᠢᠯ   ᠡᠯ᠎ᠡ ᠠᠵᠤ ᠦᠢᠯᠡᠰ ᠤᠨ ᠬᠦᠷᠢᠶᠡᠯᠡᠩ ᠬᠢᠨᠠᠨ ᠬᠡᠮᠵᠢᠵᠦ ᠪᠦᠷᠢᠳᠬᠡᠬᠦ ᠳᠦᠷᠢᠮ ᠢ ᠪᠠᠶᠢᠭᠤᠯᠵᠤ᠂ ᠮᠡᠳᠡᠭᠡ ᠵᠠᠩᠭᠢᠴᠢ ᠲᠤᠮᠢᠯᠠᠨ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠴᠤᠭᠯᠠᠭᠤᠯᠬᠤ ᠪᠠ ᠲᠠᠭᠯᠠᠨ ᠮᠡᠳᠡᠭᠦᠯᠬᠦ ᠶᠢ ᠬᠠᠷᠢᠭᠤᠴᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠥᠪᠡᠷ ᠢ ᠪᠠᠨ ᠦᠨᠡᠯᠡᠬᠦ ᠶᠢ ᠥᠷᠨᠢᠭᠦᠯᠬᠦ ᠶᠢᠨ ᠬᠠᠮᠲᠤ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ᠮᠡᠳᠡᠭᠦᠯᠦᠨ ᠬᠦᠷᠭᠡᠵᠦ ᠬᠢᠨᠠᠭᠤᠯᠤᠭᠰᠠᠨ ᠤ ᠳᠠᠷᠠᠭ᠎ᠠ᠂ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠬᠢᠨᠠᠨ ᠬᠡᠮᠵᠢᠵᠦ ᠦᠨᠡᠯᠡᠭᠰᠡᠨ ᠲᠤᠭ᠎ᠠ ᠪᠠᠷᠢᠮᠲᠠ ᠪᠠᠨ ᠮᠡᠳᠡᠭᠦᠯᠦᠨ ᠬᠦᠷᠭᠡᠬᠦ ᠬᠡᠷᠡᠭᠲᠡᠢ᠃       ᠨᠠᠢᠮᠠᠳᠤᠭᠠᠷ ᠵᠦᠢᠯ   ᠭᠤᠣᠯᠯᠠᠬᠤ ᠠᠵᠤ ᠦᠢᠯᠡᠰ ᠤᠨ ᠬᠥᠭᠵᠢᠯᠲᠡ ᠶᠢᠨ ᠬᠢᠷᠢ ᠬᠡᠮᠵᠢᠶ᠎ᠡ ᠨᠢ ᠪᠥᠬᠦ ᠣᠷᠣᠨ ᠳᠤ ᠲᠡᠷᠢᠭᠦᠨ ᠤ᠂ ᠮᠡᠷᠭᠡᠵᠢᠯ ᠲᠣᠨᠣᠭᠯᠠᠯ ᠤᠨ ᠬᠢᠷᠢ ᠬᠡᠮᠵᠢᠶ᠎ᠡ ᠨᠢ ᠣᠷᠣᠨ ᠪᠦᠰᠡ ᠳᠤ ᠲᠡᠷᠢᠭᠦᠨ ᠤ᠂ ᠪᠣᠬᠢᠷᠲᠤᠯ ᠦᠭᠡᠢ ᠬᠥᠭᠵᠢᠯᠲᠡ ᠶᠢᠨ ᠦᠷ᠎ᠡ ᠪᠦᠲᠦᠮᠵᠢ ᠨᠢ ᠲᠣᠪᠣᠶᠢᠮ᠎ᠠ᠂ ᠮᠠᠯᠴᠢᠨ ᠲᠠᠷᠢᠶᠠᠴᠢᠨ ᠢ ᠳᠠᠶᠢᠴᠢᠯᠠᠬᠤ ᠦᠢᠯᠡᠳᠦᠯ ᠨᠢ ᠢᠯᠡᠷᠬᠡᠢ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠠᠷᠭ᠎ᠠ ᠬᠡᠮᠵᠢᠶ᠎ᠡ ᠨᠢ ᠬᠦᠴᠦᠲᠡᠢ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠨᠢ ᠪᠦᠷᠢᠨ ᠲᠡᠭᠦᠯᠳᠡᠷ᠂ ᠪᠡᠯᠡ ᠮᠥᠩᠭᠦ ᠶᠢᠨ ᠬᠡᠷᠡᠭᠯᠡᠯᠲᠡ ᠨᠢ ᠥᠨᠳᠥᠷ ᠦᠷ᠎ᠡ ᠪᠦᠲᠦᠮᠵᠢ ᠲᠠᠢ ᠵᠢᠷᠤᠮᠵᠢᠯ ᠲᠠᠢ ᠵᠡᠷᠭᠡ ᠦᠨᠡᠯᠡᠬᠦ ᠨᠥᠬᠦᠴᠡᠯ ᠶᠣᠰᠣᠭᠠᠷ᠂ ᠠᠵᠤ ᠦᠢᠯᠡᠰ ᠤᠨ ᠬᠦᠷᠢᠶᠡᠯᠡᠩ ᠤᠨ ᠬᠥᠭᠵᠢᠯᠲᠡ ᠶᠢᠨ ᠬᠢᠷᠢ ᠬᠡᠮᠵᠢᠶ᠎ᠡ ᠳᠤ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠬᠢᠨ᠎ᠡ᠃       ᠶᠢᠰᠦᠳᠦᠭᠡᠷ ᠵᠦᠢᠯ  ᠠᠮᠵᠢᠯᠲᠠ ᠪᠦᠲᠦᠮᠵᠢ ᠶᠢ ᠦᠨᠡᠯᠡᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ ᠳᠤ 6 ᠲᠠᠯ᠎ᠠ ᠶᠢ ᠪᠠᠭᠲᠠᠭᠠᠨ᠎ᠠ᠃       ︵ᠨᠢᠭᠡ︶ ᠭᠤᠣᠯᠯᠠᠬᠤ ᠠᠵᠤ ᠦᠢᠯᠡᠰ ᠤᠨ ᠶᠡᠷᠦᠩᠬᠡᠶᠢᠯᠡᠭᠰᠡᠨ ᠦᠷ᠎ᠡ ᠠᠰᠢᠭ᠃ ᠡᠭᠦᠨ ᠳᠤ ᠬᠥᠳᠡᠯᠮᠦᠷᠢ ᠦᠢᠯᠡᠳᠪᠦᠷᠢᠯᠡᠯ ᠤᠨ ᠨᠤᠷᠮ᠎ᠠ᠂ ᠭᠠᠵᠠᠷ ᠰᠢᠷᠣᠢ ᠶᠢᠨ ᠭᠠᠷᠤᠯᠲᠠ ᠶᠢᠨ ᠨᠤᠷᠮ᠎ᠠ᠂ ᠭᠤᠣᠯᠯᠠᠬᠤ ᠠᠵᠤ ᠦᠢᠯᠡᠰ ᠤᠨ ᠦᠢᠯᠡᠳᠬᠦᠨ ᠤ ᠦᠷᠳᠡᠭ ᠬᠢᠭᠡᠳ ᠦᠢᠯᠡᠳᠬᠦᠨ ᠤ ᠶᠡᠷᠦᠩᠬᠡᠢ ᠦᠷᠳᠡᠭ ᠤᠨ ᠬᠠᠷᠢᠴᠠᠯ ᠬᠡᠮᠵᠢᠭᠳᠡᠯ ᠵᠡᠷᠭᠡ ᠭᠦᠢᠴᠡᠳᠬᠡᠯ ᠲᠤᠭ᠎ᠠ ᠪᠠᠭᠲᠠᠨ᠎ᠠ᠃       ︵ᠬᠤᠶᠠᠷ︶ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠬᠢᠷᠢ ᠲᠦᠪᠰᠢᠨ᠃ ᠡᠭᠦᠨ ᠳᠤ ᠵᠣᠬᠢᠬᠤ ᠬᠡᠪᠴᠢᠶᠡᠲᠦ ᠡᠵᠡᠩᠨᠡᠯᠲᠡ ᠶᠢᠨ ᠨᠣᠷᠮ᠎ᠠ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠦᠢᠯᠡᠰ ᠤᠨ ᠦᠢᠯᠡᠳᠬᠦᠨ ᠤ ᠥᠷᠲᠡᠭ ᠬᠢᠭᠡᠳ ᠲᠠᠷᠢᠶᠠᠯᠠᠩ ᠮᠠᠯ ᠠᠵᠤ ᠠᠬᠤᠢ ᠶᠢᠨ ᠦᠢᠯᠡᠳᠬᠦᠨ ᠤ ᠶᠡᠷᠦᠩᠬᠡᠢ ᠥᠷᠲᠡᠭ ᠤᠨ ᠬᠠᠷᠢᠴᠠᠯ᠂ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠦᠢᠯᠡᠳᠬᠦᠨ ᠤ ᠥᠷᠲᠡᠭ ᠬᠢᠭᠡᠳ ᠦᠢᠯᠡᠳᠬᠦᠨ ᠤ ᠶᠡᠷᠦᠩᠬᠡᠢ ᠥᠷᠳᠡᠭ ᠤᠨ ᠬᠠᠷᠢᠴᠠᠯ ᠵᠡᠷᠭᠡ ᠭᠦᠢᠴᠡᠳᠬᠡᠯ ᠲᠤᠭ᠎ᠠ ᠪᠠᠭᠲᠠᠨ᠎ᠠ᠃      ︵ᠭᠤᠷᠪᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠲᠤᠯᠭᠠᠭᠤᠷᠢᠯᠠᠬᠤ ᠬᠢᠷᠢ ᠲᠦᠪᠰᠢᠨ᠃ ᠡᠭᠦᠨ ᠳᠤ ᠲᠠᠷᠢᠮᠠᠯ ᠳᠠᠷᠢᠵᠤ ᠬᠤᠷᠢᠶᠠᠬᠤ ᠶᠢᠨ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ᠂ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠶᠢᠨ ᠮᠠᠰᠢᠨᠴᠢᠯᠠᠯᠲᠠ ᠶᠢᠨ ᠨᠣᠷᠮ᠎ᠠ᠂ ᠲᠠᠷᠢᠶᠠᠯᠠᠩ ᠮᠠᠯ ᠠᠵᠤ ᠠᠬᠤᠢ ᠶᠢᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠵᠡᠷᠭᠡ ᠭᠦᠢᠴᠡᠳᠬᠡᠯ ᠲᠤᠭ᠎ᠠ ᠪᠠᠭᠲᠠᠨ᠎ᠠ᠃       ︵ᠳᠥᠷᠪᠡ︶ ᠪᠣᠬᠢᠷᠲᠤᠯ ᠦᠭᠡᠢ ᠬᠥᠭᠵᠢᠯᠲᠡ ᠶᠢᠨ ᠬᠢᠷᠢ ᠲᠦᠪᠰᠢᠨ᠃ ᠡᠭᠦᠨ ᠳᠤ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠶᠡᠷᠦᠩᠬᠡᠶᠢᠯᠡᠨ ᠠᠰᠢᠭᠯᠠᠬᠤ ᠨᠣᠷᠮ᠎ᠠ᠂ ᠲᠠᠷᠢᠶᠠᠯᠠᠩ ᠤᠨ ᠵᠤᠯᠤᠮ᠎ᠠ ᠪᠦᠷᠬᠦᠪᠴᠢ ᠶᠢ ᠬᠤᠷᠢᠶᠠᠨ ᠠᠪᠴᠤ ᠰᠢᠢᠳᠪᠦᠷᠢᠯᠡᠬᠦ ᠨᠣᠷᠮ᠎ᠠ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠤᠭᠤᠴᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠨᠣᠷᠮ᠎ᠠ ᠵᠡᠷᠭᠡ ᠭᠦᠢᠴᠡᠳᠬᠡᠯ ᠲᠤᠭ᠎ᠠ ᠪᠠᠭᠲᠠᠨ᠎ᠠ᠃       ︵ᠲᠠᠪᠤ︶ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠬᠢᠷᠢ ᠬᠡᠮᠵᠢᠶ᠎ᠡ᠃ ᠡᠭᠦᠨ ᠳᠤ ᠡᠵᠡᠩᠨᠡᠯᠲᠡ ᠶᠢᠨ ᠭᠤᠣᠯ ᠴᠣᠭᠴᠠ ᠯᠤᠭ᠎ᠠ ᠠᠰᠢᠭ ᠲᠤᠰᠠ ᠶᠢᠨ ᠬᠤᠯᠪᠣᠭ᠎ᠠ ᠶᠢᠨ ᠬᠠᠷᠢᠴᠠᠭ᠎ᠠ ᠪᠠᠶᠢᠭᠤᠯᠤᠭᠰᠠᠨ ᠮᠠᠯᠵᠢᠬᠤ ᠲᠠᠷᠢᠶᠠᠯᠠᠬᠤ ᠡᠷᠦᠬᠡ ᠶᠢᠨ ᠬᠤᠪᠢ ᠶᠢᠨ ᠵᠢᠩ᠂ ᠮᠠᠯᠴᠢᠨ ᠲᠠᠷᠢᠶᠠᠴᠢᠨ ᠤ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠨᠢ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠳᠠᠬᠢ ᠳᠤᠮᠳᠠᠴᠢ ᠬᠢᠷᠢ ᠬᠡᠮᠵᠢᠶ᠎ᠡ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠵᠡᠷᠭᠡ ᠭᠦᠢᠴᠡᠳᠬᠡᠯ ᠲᠤᠭ᠎ᠠ ᠪᠠᠭᠲᠠᠨ᠎ᠠ᠃       ︵ᠵᠢᠷᠭᠤᠭ᠎ᠠ︶ ᠳᠡᠮᠵᠢᠵᠦ ᠪᠠᠲᠤᠯᠠᠬᠤ ᠬᠢᠷᠢ ᠲᠦᠪᠰᠢᠨ᠃ ᠡᠭᠦᠨ ᠳᠤ ᠡᠯ᠎ᠡ ᠱᠠᠲᠤᠨ ᠤ ᠡᠳ᠋ ᠤᠨ ᠵᠠᠰᠠᠭ ᠤᠨ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠬᠦ ᠪᠡᠯᠡ ᠮᠥᠩᠭᠦ ᠶᠢᠨ ᠣᠷᠣᠭᠤᠯᠤᠯᠲᠠ ᠬᠢᠭᠡᠳ ᠥᠪᠡᠷᠲᠡᠭᠡᠨ ᠵᠠᠰᠠᠬᠤ ᠣᠷᠣᠨ ᠤ ᠲᠤᠰᠬᠠᠢ ᠵᠦᠢᠯ ᠤᠨ ᠪᠡᠯᠡ ᠮᠥᠩᠭᠦ ᠶᠢᠨ ᠣᠷᠣᠭᠤᠯᠤᠯᠲᠠ ᠶᠢᠨ ᠬᠠᠷᠢᠴᠠᠯ ᠬᠡᠮᠵᠢᠭᠳᠡᠯ᠂ ᠮᠥᠩᠭᠦᠨ ᠭᠦᠢᠯᠭᠡᠭᠡ ᠶᠢᠨ ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠬᠢᠭᠡᠳ ᠡᠯ᠎ᠡ ᠱᠠᠲᠤᠨ ᠤ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠬᠦ ᠪᠡᠯᠡ ᠮᠥᠩᠭᠦ ᠶᠢᠨ ᠣᠷᠣᠭᠤᠯᠤᠯᠲᠠ ᠶᠢᠨ ᠬᠠᠷᠢᠴᠠᠯ ᠬᠡᠮᠵᠢᠭᠳᠡᠯ ᠵᠡᠷᠭᠡ ᠭᠦᠢᠴᠡᠳᠬᠡᠯ ᠲᠤᠭ᠎ᠠ ᠪᠠᠭᠲᠠᠨ᠎ᠠ᠃       ᠠᠷᠪᠠᠳᠤᠭᠠᠷ ᠵᠦᠢᠯ  ᠬᠢᠨᠠᠨ ᠬᠡᠮᠵᠢᠵᠦ ᠦᠨᠡᠯᠡᠬᠦ ᠶᠢ ᠡᠯ᠎ᠡ ᠵᠦᠢᠯ ᠤᠨ ᠦᠨᠡᠯᠡᠬᠦ ᠭᠦᠢᠴᠡᠳᠬᠡᠯ ᠲᠤᠭ᠎ᠠ ᠶᠢᠨ ᠣᠯᠣᠭᠰᠠᠨ ᠬᠤᠪᠢ ᠶᠢᠨ ᠨᠡᠮᠡᠭᠦᠷᠢ ᠶᠢᠨ ᠨᠡᠶᠢᠯᠡᠪᠦᠷᠢ ᠪᠠᠷ ᠬᠤᠪᠢᠶᠠᠵᠤ᠂ ᠪᠦᠷᠢᠨ ᠬᠤᠪᠢ ᠨᠢ 100 ᠬᠤᠪᠢ ᠪᠣᠯᠣᠨ᠎ᠠ᠃ ᠡᠭᠦᠨ ᠤ ᠰᠠᠭᠤᠷᠢᠨ ᠳᠡᠭᠡᠷ᠎ᠡ᠂ ᠲᠤᠷᠰᠢᠯᠭ᠎ᠠ ᠶᠢᠨ ᠵᠠᠭᠪᠤᠷ ᠤᠨ ᠳ᠋ᠦᠩᠨᠡᠯᠲᠡ ᠲᠣᠪᠣᠶᠢᠮ᠎ᠠ᠂ ᠵᠢᠱᠢᠶ᠎ᠡ ᠦᠵᠡᠭᠦᠯᠦᠨ ᠤᠬᠠᠭᠤᠯᠵᠤ ᠳᠡᠯᠭᠡᠷᠡᠭᠦᠯᠦᠭᠰᠡᠨ ᠦᠷ᠎ᠡ ᠪᠦᠲᠦᠮᠵᠢ ᠪᠠᠷ ᠢᠯᠡᠷᠬᠡᠢ ᠠᠵᠤ ᠦᠢᠯᠡᠰ ᠤᠨ ᠬᠦᠷᠢᠶᠡᠯᠡᠩ ᠳᠤ ᠠᠰ ᠲᠤᠨᠢ 10 ᠬᠤᠪᠢ ᠨᠡᠮᠡᠵᠦ ᠪᠣᠯᠣᠨ᠎ᠠ᠃       ᠭᠤᠷᠪᠠᠳᠤᠭᠠᠷ ᠪᠦᠯᠦᠭ  ᠬᠥᠳᠡᠯᠦᠩᠭᠦᠢ ᠬᠠᠮᠢᠶᠠᠷᠤᠯᠲᠠ      ᠠᠷᠪᠠᠨ ᠨᠢᠭᠡᠳᠦᠭᠡᠷ ᠵᠦᠢᠯ   ᠵᠥᠪᠰᠢᠶᠡᠷᠡᠨ ᠪᠠᠶᠢᠭᠤᠯᠤᠭᠰᠠᠨ ᠠᠵᠤ ᠦᠢᠯᠡᠰ ᠤᠨ ᠬᠦᠷᠢᠶᠡᠯᠡᠩ ᠳᠤ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ᠂ ᠬᠢᠨᠠᠨ ᠬᠡᠮᠵᠢᠵᠦ ᠦᠨᠡᠯᠡᠬᠦ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠬᠦ ᠶᠢᠨ ᠬᠠᠮᠲᠤ ᠲᠤᠭ᠎ᠠ ᠪᠠᠷᠢᠮᠲᠠ ᠶᠢᠨ ᠵᠠᠳᠠᠯᠤᠯᠲᠠ ᠬᠢᠨ᠎ᠡ᠃       ︵ᠨᠢᠭᠡ︶ ᠣᠨ ᠤ ᠬᠢᠨᠠᠨ ᠬᠡᠮᠵᠢᠵᠦ ᠦᠨᠡᠯᠡᠬᠦ ᠳᠦᠷᠢᠮ ᠢ ᠪᠠᠶᠢᠭᠤᠯᠵᠤ᠂ 2 ᠰᠠᠷ᠎ᠠ ᠳᠤ ᠨᠢᠭᠡ ᠤᠳᠠᠭ᠎ᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠤᠨ ᠲᠣᠬᠢᠷᠠᠭᠤᠯᠤᠯᠲᠠ ᠶᠢ ᠥᠷᠨᠢᠭᠦᠯᠵᠦ᠂ ᠵᠢᠯ ᠪᠦᠷᠢ ᠶᠢᠨ 6 ᠰᠠᠷ᠎ᠠ ᠳᠤ ᠨᠢᠭᠡ ᠤᠳᠠᠭ᠎ᠠ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢᠨ ᠲᠣᠬᠢᠷᠠᠭᠤᠯᠤᠯᠲᠠ ᠶᠢᠨ ᠪᠦᠷᠢᠳᠬᠡᠯ ᠢ ᠥᠷᠨᠢᠭᠦᠯᠵᠦ᠂ ᠵᠢᠯ ᠪᠦᠷᠢ ᠶᠢᠨ 1 ᠰᠠᠷ᠎ᠠ ᠳᠤ ᠣᠨ ᠤ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠥᠷᠨᠢᠭᠦᠯᠦᠨ᠎ᠡ᠃ ᠠᠵᠤ ᠦᠢᠯᠡᠰ ᠤᠨ ᠬᠦᠷᠢᠶᠡᠯᠡᠩ ᠤᠨ ᠬᠢᠨᠠᠨ ᠬᠡᠮᠵᠢᠭᠰᠡᠨ ᠲᠤᠭ᠎ᠠ ᠪᠠᠷᠢᠮᠲᠠ᠂ ᠦᠨᠡᠯᠡᠭᠰᠡᠨ ᠮᠡᠳᠡᠭᠦᠯᠦᠯᠲᠡ ᠪᠠ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢ ᠵᠢᠯ ᠪᠦᠷᠢ ᠶᠢᠨ 1 ᠰᠠᠷ᠎ᠠ ᠶᠢᠨ ᠳᠤᠮᠳᠠᠴᠢ  ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠮᠡᠳᠡᠭᠦᠯᠦᠨ ᠬᠦᠷᠭᠡᠬᠦ ᠬᠡᠷᠡᠭᠲᠡᠢ᠃       ︵ᠬᠤᠶᠠᠷ︶ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠨᠢ ᠬᠢᠷᠢ ᠴᠢᠳᠠᠮᠵᠢ ᠲᠠᠢ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠶᠢ ᠤᠷᠢᠵᠤ ᠬᠢᠨᠠᠨ ᠬᠡᠮᠵᠢᠵᠦ ᠦᠨᠡᠯᠡᠬᠦ ᠶᠢ ᠥᠷᠨᠢᠭᠦᠯᠵᠦ᠂ ᠪᠢᠴᠢᠭ ᠢᠶᠠᠷ ᠬᠢᠨᠠᠨ ᠲᠣᠭᠲᠠᠭᠠᠬᠤ ᠪᠠ ᠲᠤᠬᠠᠢ ᠶᠢᠨ ᠭᠠᠵᠠᠷ ᠲᠤᠨᠢ ᠰᠤᠭᠤᠴᠢᠨ ᠪᠠᠶᠢᠴᠠᠭᠠᠵᠤ ᠬᠠᠷᠭᠤᠭᠤᠯᠤᠨ ᠪᠠᠶᠢᠴᠠᠭᠠᠬᠤ ᠠᠷᠭ᠎ᠠ ᠮᠠᠶ᠋ᠢᠭ ᠢ ᠠᠪᠴᠤ ᠪᠠᠶᠢᠭᠠᠳ ᠡᠯ᠎ᠡ ᠠᠵᠤ ᠦᠢᠯᠡᠰ ᠤᠨ ᠬᠦᠷᠢᠶᠡᠯᠡᠩ ᠤᠨ ᠠᠵᠢᠯᠯᠠᠭᠠᠨ ᠤ ᠪᠠᠶᠢᠳᠠᠯ ᠳᠤ ᠬᠢᠨᠠᠨ ᠬᠡᠮᠵᠢᠵᠦ ᠵᠠᠳᠠᠯᠤᠯᠲᠠ ᠬᠢᠵᠦ᠂ ᠬᠢᠨᠠᠨ ᠬᠡᠮᠵᠢᠵᠦ ᠦᠨᠡᠯᠡᠭᠰᠡᠨ ᠰᠠᠨᠠᠯ ᠢᠶᠠᠨ ᠳᠤᠷᠠᠳᠬᠤ ᠶᠢᠨ ᠬᠠᠮᠲᠤ᠂ ᠪᠥᠬᠦ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠣᠨ ᠤ ᠬᠢᠨᠠᠨ ᠬᠡᠮᠵᠢᠭᠰᠡᠨ ᠮᠡᠳᠡᠭᠦᠯᠦᠯᠲᠡ ᠶᠢ ᠲᠤᠭᠤᠷᠪᠢᠨ ᠪᠢᠴᠢᠵᠦ᠂ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠳᠤ ᠶᠡᠷᠦᠩᠬᠡᠶᠢᠯᠡᠭᠰᠡᠨ ᠨᠡᠷᠡᠰ ᠤᠨ ᠵᠢᠭᠰᠠᠭᠠᠯᠲᠠ ᠬᠢᠨ᠎ᠡ᠃       ᠠᠷᠪᠠᠨ ᠬᠤᠶᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠨᠢ ᠠᠵᠢᠯ ᠤᠨ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠬᠢᠨᠠᠨ ᠬᠡᠮᠵᠢᠵᠦ ᠦᠨᠡᠯᠡᠭᠰᠡᠨ ᠦᠷ᠎ᠡ ᠳ᠋ᠦᠩ ᠢ ᠴᠠᠭ ᠲᠤᠬᠠᠢ ᠳᠤᠨᠢ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠢᠴᠢ ᠠᠵᠤ ᠦᠢᠯᠡᠰ ᠤᠨ ᠬᠦᠷᠢᠶᠡᠯᠡᠩ ᠳᠤ ᠬᠠᠷᠢᠭᠤ ᠲᠤᠰᠬᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠬᠤ ᠶᠢᠨ ᠬᠠᠮᠲᠤ ᠪᠠᠶᠢᠳᠠᠯ ᠢ ᠦᠵᠡᠵᠦ ᠪᠠᠶᠢᠭᠠᠳ ᠰᠢᠭᠰᠢᠭᠳᠡᠭᠦᠯᠬᠦ ᠰᠠᠨᠠᠯ ᠢᠶᠠᠨ ᠳᠤᠷᠠᠳᠬᠤ ᠬᠡᠷᠡᠭᠲᠡᠢ᠃       ᠠᠷᠪᠠᠨ ᠭᠤᠷᠪᠠᠳᠤᠭᠠᠷ ᠵᠦᠢᠯ  ᠠᠵᠤ ᠦᠢᠯᠡᠰ ᠤᠨ ᠬᠦᠷᠢᠶᠡᠯᠡᠩ ᠡᠳᠦᠷ ᠲᠤᠲᠤᠮ ᠤᠨ ᠬᠢᠨᠠᠨ ᠬᠡᠮᠵᠢᠬᠦ ᠬᠠᠮᠢᠶᠠᠷᠤᠯᠲᠠ ᠪᠠᠨ ᠴᠢᠩᠭᠠᠳᠬᠠᠵᠤ᠂ ᠪᠦᠲᠦᠭᠡᠨ ᠪᠠᠶᠢᠭᠤᠯᠵᠤ ᠠᠵᠢᠯᠯᠠᠭᠤᠯᠤᠭᠰᠠᠨ ᠪᠠᠶᠢᠳᠠᠯ ᠢ ᠴᠠᠭ ᠲᠤᠬᠠᠢ ᠳᠤᠨᠢ ᠡᠵᠡᠮᠰᠢᠨ᠂ ᠬᠠᠮᠢᠶ᠎ᠠ ᠪᠦᠬᠦᠢ ᠬᠢᠨᠠᠨ ᠬᠡᠮᠵᠢᠭᠰᠡᠨ ᠲᠤᠭ᠎ᠠ ᠪᠠᠷᠢᠮᠲᠠ ᠪᠠᠨ ᠴᠠᠭ ᠲᠤᠬᠠᠢ ᠳᠤᠨᠢ ᠮᠡᠳᠡᠭᠦᠯᠦᠨ ᠬᠦᠷᠭᠡᠬᠦ ᠶᠢᠨ ᠬᠠᠮᠲᠤ ᠮᠡᠳᠡᠭᠦᠯᠦᠨ ᠬᠦᠷᠭᠡᠭᠰᠡᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠢ᠃ ᠬᠤᠳᠠᠯ ᠬᠠᠭᠤᠷᠮᠠᠭ ᠲᠤᠭ᠎ᠠ ᠪᠠᠷᠢᠮᠲᠠ ᠮᠡᠳᠡᠭᠦᠯᠦᠨ ᠬᠦᠷᠭᠡᠭᠰᠡᠨ ᠠᠵᠤ ᠦᠢᠯᠡᠰ ᠤᠨ ᠬᠦᠷᠢᠶᠡᠯᠡᠩ ᠤᠨ ᠠᠵᠤ ᠦᠢᠯᠡᠰ ᠤᠨ ᠬᠦᠷᠢᠶᠡᠯᠡᠩ ᠤᠨ ᠬᠢᠷᠢ ᠬᠡᠮ ᠢ ᠬᠠᠰᠤᠨ᠎ᠠ᠃       ᠳᠥᠷᠪᠡᠳᠦᠭᠡᠷ ᠪᠦᠯᠦᠭ    ᠬᠢᠨᠠᠨ ᠰᠢᠯᠭᠠᠵᠤ ᠮᠠᠭᠠᠳᠯᠠᠨ ᠲᠣᠭᠲᠠᠭᠠᠬᠤ ᠵᠢᠷᠤᠮ      ᠠᠷᠪᠠᠨ ᠳᠥᠷᠪᠡᠳᠦᠭᠡᠷ ᠵᠦᠢᠯ  ᠰᠢᠯᠭᠠᠨ ᠬᠢᠨᠠᠵᠤ ᠮᠠᠭᠠᠳᠯᠠᠨ ᠲᠣᠭᠲᠠᠭᠠᠬᠤ ᠳᠤ ᠪᠢᠴᠢᠭ ᠢᠶᠠᠷ ᠥᠪᠡᠷ ᠢ ᠪᠠᠨ ᠦᠨᠡᠯᠡᠨ ᠬᠢᠨᠠᠬᠤ ᠪᠠ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠳᠠᠬᠢᠨ ᠬᠢᠨᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ ᠪᠣᠳᠠᠲᠠᠢ ᠵᠢᠷᠤᠮ ᠨᠢ᠄      ︵ᠨᠢᠭᠡ︶ ᠪᠢᠴᠢᠭ ᠢᠶᠠᠷ ᠥᠪᠡᠷ ᠢ ᠪᠠᠨ ᠦᠨᠡᠯᠡᠨ᠎ᠡ᠃ ᠪᠦᠲᠦᠭᠡᠨ ᠪᠠᠶᠢᠭᠤᠯᠬᠤ ᠬᠤᠭᠤᠴᠠᠭ᠎ᠠ ᠳᠦᠭᠦᠷᠦᠭᠰᠡᠨ ᠤ ᠳᠠᠷᠠᠭ᠎ᠠ᠂ ᠠᠵᠤ ᠦᠢᠯᠡᠰ ᠤᠨ ᠬᠦᠷᠢᠶᠡᠯᠡᠩ ᠤᠨ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶  ᠨᠢ ᠬᠢᠨᠠᠨ ᠬᠡᠮᠵᠢᠵᠦ ᠦᠨᠡᠯᠡᠬᠦ ᠭᠦᠢᠴᠡᠳᠬᠡᠯ ᠲᠤᠭ᠎ᠠ ᠶᠢ ᠦᠨᠳᠦᠰᠦᠯᠡᠨ᠂ ᠥᠪᠡᠷ ᠢᠶᠠᠨ ᠦᠨᠡᠯᠡᠭᠰᠡᠨ ᠮᠡᠳᠡᠭᠦᠯᠦᠯᠲᠡ ᠪᠢᠴᠢᠵᠦ᠂ ᠥᠪᠡᠷ ᠢᠶᠠᠨ ᠦᠨᠡᠯᠡᠭᠰᠡᠨ ᠬᠦᠰᠦᠨᠦᠭᠲᠦ ᠶᠢ ᠲᠠᠭᠯᠠᠨ᠂ ᠵᠣᠬᠢᠬᠤ ᠭᠡᠷᠡᠴᠢᠯᠡᠬᠦ ᠮᠠᠲ᠋ᠧᠷᠢᠶᠠᠯ ᠢ ᠪᠡᠯᠡᠳᠬᠡᠵᠦ᠂ ᠰᠢᠯᠭᠠᠨ ᠬᠤᠷᠢᠶᠠᠵᠤ ᠦᠨᠡᠮᠰᠢᠭᠦᠯᠬᠦ ᠭᠤᠶᠤᠴᠢᠯᠠᠯ ᠢᠶᠠᠨ ᠳᠤᠷᠠᠳᠴᠤ᠂ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠪᠠᠷ ᠬᠢᠨᠠᠭᠤᠯᠤᠭᠰᠠᠨ ᠤ ᠳᠠᠷᠠᠭ᠎ᠠ ᠵᠣᠬᠢᠶᠠᠨ ᠪᠠᠶᠢᠭᠤᠯᠤᠨ ᠬᠢᠨᠠᠨ ᠬᠠᠷᠭᠤᠭᠤᠯᠵᠤ ᠰᠢᠯᠭᠠᠨ ᠠᠪᠬᠤ ᠬᠡᠷᠡᠭᠲᠡᠢ᠃       ︵ᠬᠤᠶᠠᠷ︶ ᠲᠥᠷᠥᠯ ᠵᠦᠢᠯ ᠢ ᠬᠢᠨᠠᠨ ᠬᠠᠷᠭᠤᠭᠤᠯᠵᠤ ᠰᠢᠯᠭᠠᠨ ᠠᠪᠤᠨ᠎ᠠ᠃ ᠠᠵᠤ ᠦᠢᠯᠡᠰ  ᠤᠨ ᠬᠦᠷᠢᠶᠡᠯᠡᠩ ᠤᠨ ᠪᠠᠶᠢᠭ᠎ᠠ ᠬᠤᠰᠢᠭᠤ ᠰᠢᠶᠠᠨ ᠪᠦᠲᠦᠭᠡᠨ ᠪᠠᠶᠢᠭᠤᠯᠬᠤ ᠡᠭᠦᠷᠭᠡ ᠪᠠᠨ ᠪᠡᠶᠡᠯᠡᠭᠦᠯᠦᠭᠰᠡᠨ ᠤ ᠲᠠᠷᠠᠭ᠎ᠠ ᠰᠢᠯᠭᠠᠨ ᠠᠪᠬᠤ ᠭᠤᠶᠤᠴᠢᠯᠠᠯ  ᠢᠶᠠᠨ ᠳᠤᠷᠠᠳᠴᠤ᠂ ᠠᠶᠢᠮᠠᠭ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠵᠤ ᠰᠢᠯᠭᠠᠨ ᠠᠪᠬᠤ ᠳᠤᠭᠤᠶᠢᠯᠠᠩ ᠪᠠᠶᠢᠭᠤᠯᠵᠤ᠂ ᠲᠤᠰᠬᠠᠢ ᠵᠦᠢᠯ ᠤᠨ ᠱᠠᠩᠨᠠᠵᠤ ᠲᠤᠰᠠᠯᠠᠬᠤ ᠪᠡᠯᠡ ᠮᠥᠩᠭᠦ ᠶᠢ ᠬᠡᠷᠡᠭᠯᠡᠭᠰᠡᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠢᠭᠡ ᠨᠢᠭᠡ ᠪᠠᠷ ᠬᠢᠨᠠᠨ ᠰᠢᠯᠭᠠᠵᠤ ᠠᠪᠬᠤ ᠶᠢᠨ ᠵᠡᠷᠭᠡᠴᠡᠪᠡᠷ ᠠᠵᠤ ᠦᠢᠯᠡᠰ ᠤᠨ ᠬᠦᠷᠢᠶᠡᠯᠡᠩ ᠤᠨ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠪᠠᠶᠢᠴᠠᠭᠠᠨ ᠰᠢᠯᠭᠠᠵᠤ ᠰᠢᠯᠭᠠᠨ ᠠᠪᠴᠤ᠂ ᠰᠢᠯᠭᠠᠨ ᠠᠪᠬᠤ ᠪᠠᠷᠢᠮᠵᠢᠶ᠎ᠠ ᠳᠤ ᠨᠡᠶᠢᠴᠡᠭᠰᠡᠨ ᠪᠣᠯ ᠬᠢᠨᠠᠨ ᠬᠠᠷᠭᠤᠭᠤᠯᠵᠤ ᠰᠢᠯᠭᠠᠨ ᠠᠪᠤᠭᠰᠠᠨ ᠰᠠᠨᠠᠯ ᠢᠶᠠᠨ ᠳᠤᠷᠠᠳᠴᠤ᠂ ᠥᠪᠡᠷᠲᠡᠭᠡᠨ ᠵᠠᠰᠠᠬᠤ ᠣᠷᠣᠨ ‍ᠤ‌‍ᠲ᠋ᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ  ᠳᠤ ᠮᠡᠳᠡᠭᠦᠯᠬᠦ ᠬᠡᠷᠡᠭᠲᠡᠢ᠃       ︵ᠭᠤᠷᠪᠠ︶ ᠲᠤᠬᠠᠢ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠭᠤᠷᠪᠠᠳᠠᠭᠢ ᠡᠲᠡᠭᠡᠳ ᠤᠨ ᠬᠢᠨᠠᠨ ᠬᠡᠮᠵᠢᠬᠦ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠠᠵᠤ ᠦᠢᠯᠡᠰ ᠤᠨ ᠬᠦᠷᠢᠶᠡᠯᠡᠩ ᠤᠨ ᠥᠪᠡᠰᠦᠪᠡᠨ ᠦᠨᠡᠯᠡᠭᠰᠡᠨ ᠮᠠᠲ᠋ᠧᠷᠢᠶᠠᠯ ᠢ ᠬᠢᠨᠠᠨ ᠬᠠᠷᠭᠤᠭᠤᠯᠤᠭᠰᠠᠨ ᠰᠠᠭᠤᠷᠢᠨ ᠳᠡᠭᠡᠷ᠎ᠡ᠂ ᠠᠶᠢᠮᠠᠭ ᠬᠤᠲᠠ ᠶᠢᠨ ᠬᠢᠨᠠᠨ ᠬᠠᠷᠭᠤᠭᠤᠯᠵᠤ ᠰᠢᠯᠭᠠᠨ ᠬᠤᠷᠢᠶᠠᠭᠰᠠᠨ ᠰᠠᠨᠠᠯ ᠢ ᠦᠨᠳᠦᠰᠦᠯᠡᠨ᠂ ᠠᠵᠤ ᠦᠢᠯᠡᠰ ᠤᠨ ᠬᠦᠷᠢᠶᠡᠯᠡᠩ ᠢ ᠲᠤᠬᠠᠢ ᠶᠢᠨ ᠲᠠᠯᠠᠪᠤᠷ ᠲᠤᠨᠢ ᠬᠢᠨᠠᠨ ᠰᠢᠯᠭᠠᠵᠤ᠂ ᠶᠡᠷᠦᠩᠬᠡᠶᠢᠯᠡᠭᠰᠡᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢᠨ ᠳᠠᠷᠠᠭ᠎ᠠ ᠬᠢᠨᠠᠨ ᠰᠢᠯᠭᠠᠵᠤ ᠦᠨᠡᠯᠡᠭᠰᠡᠨ ᠰᠠᠨᠠᠯ ᠢ ᠪᠣᠶ ᠪᠣᠯᠭᠠᠨ᠎ᠠ᠃       ᠠᠷᠪᠠᠨ ᠲᠠᠪᠤᠳᠤᠭᠠᠷ ᠵᠦᠢᠯ    ᠰᠢᠯᠭᠠᠨ ᠬᠢᠨᠠᠵᠤ ᠦᠨᠡᠯᠡᠬᠦ ᠳᠤ ᠡᠳᠦᠷ ᠲᠤᠲᠤᠮ ᠤᠨ ᠬᠢᠨᠠᠨ ᠬᠡᠮᠵᠢᠯᠲᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠪᠡᠯᠡ ᠮᠥᠩᠭᠦ ᠰᠣᠯᠢᠵᠤ ᠥᠭᠭᠦᠭᠰᠡᠨ ᠪᠠᠶᠢᠳᠠᠯ ᠢ ᠦᠨᠳᠦᠰᠦᠯᠡᠨ ᠪᠣᠳᠠᠲᠠᠢ ᠪᠠᠷ ᠬᠤᠪᠢ ᠣᠯᠭᠤᠨ᠎ᠠ᠃ ᠦᠨᠡᠯᠡᠭᠰᠡᠨ ᠬᠤᠪᠢ ᠨᠢ 70 ᠬᠤᠪᠢ ︵ᠪᠠᠭᠲᠠᠨ᠎ᠠ︶  ᠠᠴᠠ ᠳᠡᠭᠡᠭᠰᠢ ᠪᠠᠶᠢᠪᠠᠯ ︽ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ︾ ᠤᠨ ᠴᠣᠯᠠ ᠣᠯᠭᠤᠵᠤ᠂ ᠰᠢᠯᠭᠠᠨ ᠬᠢᠨᠠᠵᠤ ᠦᠨᠡᠯᠡᠬᠦ ᠳᠤ ᠰᠢᠯᠢᠳᠡᠭ ᠢ ᠨᠢ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠪᠠᠲᠤᠯᠠᠨ ᠲᠠᠨᠢᠯᠴᠠᠭᠤᠯᠵᠤ ᠭᠤᠶᠤᠴᠢᠯᠠᠨ ᠮᠡᠳᠡᠭᠦᠯᠬᠦ ᠪᠡᠯᠡᠳᠬᠡᠯ ᠡᠩᠨᠡᠭᠡ ᠳᠤ ᠣᠷᠣᠭᠤᠯᠤᠨ᠎ᠠ︔ ᠦᠨᠡᠯᠡᠭᠰᠡᠨ ᠬᠤᠪᠢ ᠨᠢ 70 ᠬᠤᠪᠢ ᠠᠴᠠ ᠳᠣᠣᠷ᠎ᠠ ᠪᠠᠶᠢᠪᠠᠯ ᠬᠢᠷᠢ ᠲᠡᠩᠴᠡᠭᠰᠡᠨ ᠦᠭᠡᠢ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠬᠡᠷᠡᠭᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠬᠤᠭᠤᠴᠠᠭᠠᠨ ᠳᠤ ᠰᠢᠯᠭᠠᠨ ᠬᠢᠨᠠᠵᠤ ᠦᠨᠡᠯᠡᠬᠦ ᠳᠤ ᠮᠥᠨ ᠬᠢᠷᠢ ᠲᠡᠩᠴᠡᠭᠰᠡᠨ ᠦᠭᠡᠢ ᠪᠠᠶᠢᠪᠠᠯ ︽ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ︾ ᠤᠨ ᠬᠢᠷᠢ ᠬᠡᠮ ᠢ ᠬᠦᠴᠦᠨ ᠦᠭᠡᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠱᠠᠩᠨᠠᠵᠤ ᠲᠤᠰᠠᠯᠠᠬᠤ ᠪᠡᠯᠡ ᠮᠥᠩᠭᠦ ᠶᠢ ᠬᠤᠷᠢᠶᠠᠨ ᠠᠪᠤᠨ᠎ᠠ︔ ᠵᠥᠪᠰᠢᠶᠡᠷᠡᠭᠦᠯᠦᠭᠡᠳ ᠪᠦᠬᠦᠯᠢ 2 ᠵᠢᠯ ᠪᠣᠯᠤᠭᠰᠠᠨ ᠤ ᠲᠠᠷᠠᠭ᠎ᠠ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠤᠳᠠᠭᠠᠨ᠂ ᠲᠤᠰᠬᠠᠢ ᠵᠦᠢᠯ ᠤᠨ ᠪᠡᠯᠡ ᠮᠥᠩᠭᠦ ᠨᠢ ᠦᠷ᠎ᠡ ᠠᠰᠢᠭ ᠢ ᠨᠢ ᠪᠠᠳᠠᠷᠠᠭᠤᠯᠵᠤ ᠳᠡᠶᠢᠯᠬᠦ ᠦᠭᠡᠢ ᠠᠵᠤ ᠦᠢᠯᠡᠰ  ᠤᠨ ᠬᠦᠷᠢᠶᠡᠯᠡᠩ ᠢ ᠪᠦᠲᠦᠭᠡᠨ ᠪᠠᠶᠢᠭᠤᠯᠬᠤ ᠬᠢᠷᠢ ᠬᠡᠮ ᠢ ᠨᠢ ᠰᠢᠭᠤᠳ ᠬᠦᠴᠦᠨ ᠦᠭᠡᠢ ᠪᠣᠯᠭᠠᠵᠤ᠂ ᠡᠳ᠋ ᠤᠨ ᠵᠠᠰᠠᠭ ᠤᠨ ᠲᠤᠰᠬᠠᠢ ᠵᠦᠢᠯ ᠤᠨ ᠱᠠᠩᠨᠠᠵᠤ ᠲᠤᠰᠠᠯᠠᠬᠤ ᠪᠡᠯᠡ ᠮᠥᠩᠭᠦ ᠶᠢ ᠨᠢ ᠪᠤᠴᠠᠭᠠᠨ ᠠᠪᠴᠤ᠂ ᠨᠥᠬᠦᠴᠡᠯ  ᠳᠤ ᠨᠡᠶᠢᠴᠡᠬᠦ ᠬᠤᠰᠢᠭᠤ ᠰᠢᠶᠠᠨ ᠲᠣᠭᠤᠷᠢᠭ ᠤᠨ ᠪᠦᠲᠦᠭᠡᠨ ᠪᠠᠶᠢᠭᠤᠯᠬᠤ ᠠᠵᠤ ᠦᠢᠯᠡᠰ ᠤᠨ ᠬᠦᠷᠢᠶᠡᠯᠡᠩ ᠢ ᠳᠠᠷᠠᠭᠠᠯᠠᠨ ᠨᠥᠬᠦᠪᠦᠷᠢᠯᠡᠬᠦ ᠳᠤ ᠬᠡᠷᠡᠭᠯᠡᠨ᠎ᠡ᠃       ᠲᠠᠪᠤᠳᠤᠭᠠᠷ ᠪᠦᠯᠦᠭ   ᠳᠠᠭᠠᠯᠳᠤᠭᠤᠯᠤᠭᠰᠠᠨ ᠳᠦᠷᠢᠮ      ᠠᠷᠪᠠᠨ ᠵᠢᠷᠭᠤᠳᠤᠭᠠᠷ ᠵᠦᠢᠯ  ᠲᠣᠰ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠨ᠎ᠠ᠃       ᠠᠷᠪᠠᠨ ᠳᠣᠯᠣᠳᠤᠭᠠᠷ ᠵᠦᠢᠯ  ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃        ᠳᠠᠭᠠᠯᠳᠤᠭᠤᠯᠤᠯ ᠬᠦᠰᠦᠨᠦᠭᠲᠦ᠄ 1. ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠬᠢᠨᠠᠨ ᠬᠡᠮᠵᠢᠬᠦ ᠬᠦᠰᠦᠨᠦᠭᠲᠦ       2.ᠥᠪᠡᠷᠲᠡᠭᠡᠨ ᠵᠠᠰᠠᠬᠤ ᠣᠷᠣᠨ ᠤ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠦᠨᠡᠯᠡᠯᠲᠡ ᠶᠢᠨ ᠬᠦᠰᠦᠨᠦᠭᠲᠦ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号