ᠮᠠᠨ ᠤ ᠣᠷᠣᠨ ᠤ ᠭᠤᠣᠯ ᠪᠤᠯᠬᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ ᠨᠣᠷᠮ᠎ᠠ 73% ᠶᠢ ᠳᠠᠪᠠᠵᠠᠢ
ᠨᠡᠶᠢᠲᠡᠯᠡᠭᠰᠡᠨ ᠴᠠᠭ᠄
2025/3/13
      ᠮᠠᠨ ᠤ ᠣᠷᠣᠨ ᠣᠶᠢᠷ᠎ᠠ ᠶᠢᠨ ᠵᠢᠯ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠤᠯᠪᠠᠰᠤᠷᠠᠭᠤᠯᠬᠤ ᠳᠤᠲᠠᠭᠤᠳᠠᠯ ᠢᠶᠠᠨ ᠨᠥᠬᠦᠪᠦᠷᠢᠯᠡᠵᠦ᠂ ᠮᠠᠯ ᠠᠵᠤ ᠠᠬᠤᠢ ᠲᠠᠷᠢᠶᠠᠯᠠᠩ ᠤᠨ ᠬᠡᠪᠴᠢᠶᠡᠵᠢᠭᠰᠡᠨ᠂ ᠠᠵᠤ ᠦᠢᠯᠡᠰᠵᠢᠭᠰᠡᠨ᠂ ᠲᠥᠷᠥᠯ ᠲᠡᠮᠳᠡᠭᠵᠢᠭᠰᠡᠨ ᠬᠥᠭᠵᠢᠯᠲᠡ ᠶᠢ ᠬᠦᠴᠦᠯᠡᠨ ᠠᠬᠢᠭᠤᠯᠤᠭᠰᠠᠨ ᠢᠶᠠᠷ  ᠤᠳᠤ ᠪᠦᠭᠦ ᠣᠷᠣᠨ ᠤ ᠭᠤᠣᠯ ᠪᠤᠯᠬᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ ᠨᠣᠷᠮ᠎ᠠ 73% ᠶᠢ ᠳᠠᠪᠠᠪᠠ᠃      ᠲᠦᠷᠦᠭᠦᠬᠡᠨ ᠪᠠᠶᠠᠨᠨᠠᠭᠤᠷ ᠬᠤᠲᠠ ᠶᠢᠨ ᠥᠪᠥᠷ ᠮᠣᠩᠭᠤᠯ ᠤᠨ ᠹᠦ᠋ ᠵᠢᠶᠠᠨ ᠶᠤᠸᠠᠨ ᠢᠳᠡᠭᠡᠨ ᠤ ᠺᠤᠮᠫᠠᠨᠢ ᠬᠤᠨᠢᠨ ᠰᠡᠭᠦᠯ ᠤᠨ ᠲᠣᠰᠣ ᠪᠠᠷ ᠲᠦᠭᠦᠬᠡᠢ ᠮᠠᠲ᠋ᠧᠷᠢᠶᠠᠯ ᠪᠤᠯᠭᠠᠵᠤ ᠦᠢᠯᠡᠳᠪᠦᠷᠢᠯᠡᠭᠰᠡᠨ ᠨᠢᠯᠬ᠎ᠠ ᠬᠡᠦᠬᠡᠳ ᠤᠨ ᠡᠮᠲᠦ ᠤᠬᠢᠶᠠᠯᠭ᠎ᠠ ᠶᠢᠨ ᠲᠣᠰᠣ ᠪᠠᠨ ᠪᠡᠭᠡᠵᠢᠩ᠂ ᠱᠠᠩᠬᠠᠢ᠂ ᠭᠤᠸᠠᠩᠵᠧᠦ ᠵᠡᠷᠭᠡ ᠬᠤᠲᠠ ᠶᠢᠨ ᠰᠠᠷ᠎ᠠ ᠳᠤ ᠰᠠᠭᠤᠬᠤ ᠲᠣᠮᠣ ᠭᠡᠯᠪᠡᠷᠢ ᠶᠢᠨ ᠰᠤᠪᠢᠯᠠᠯᠲᠠ ᠶᠢᠨ ᠭᠠᠵᠠᠷ ᠲᠤ ᠪᠣᠷᠣᠯᠠᠭᠤᠯᠤᠭᠠᠳ ᠮᠠᠰᠢ ᠰᠠᠶᠢᠨ ᠲᠤᠰᠬᠠᠯ ᠭᠠᠷᠴᠠᠢ᠃ ᠪᠠᠶᠠᠨᠨᠠᠭᠤᠷ ᠬᠤᠲᠠ ᠪᠣᠯ ᠪᠦᠭᠦ ᠤᠯᠤᠰ ᠤᠨ ᠴᠣᠷ ᠤᠨ ᠭᠠᠭᠴᠠ ᠳᠥᠷᠪᠡᠨ ᠤᠯᠠᠷᠢᠯ ᠤᠨ ᠲᠤᠷᠰᠢ ᠮᠢᠬᠠᠨ ᠤ ᠬᠤᠨᠢ ᠨᠢᠲᠤᠯᠤᠨ ᠪᠤᠯᠪᠠᠰᠤᠷᠠᠭᠤᠯᠬᠤ ᠰᠠᠭᠤᠷᠢᠨ ᠪᠠᠶᠢᠵᠤ᠂ ᠹᠦ᠋ ᠵᠢᠶᠠᠨ ᠶᠤᠸᠠᠨ ᠢᠳᠡᠭᠡᠨ ᠤ ᠺᠤᠮᠫᠠᠨᠢ ᠡᠳ᠋ ᠤᠨ ᠵᠠᠰᠠᠭ ᠤᠨ ᠪᠡᠯᠡ ᠮᠥᠩᠭᠦ ᠶᠢᠨ ᠳᠡᠮᠵᠢᠯᠭᠡ ᠪᠠᠷ ᠵᠢᠯ ᠪᠦᠷᠢ 1300 ᠲᠦᠮᠡ ᠭᠠᠷᠤᠢ ᠵᠢᠩ ᠬᠤᠨᠢᠨ ᠰᠡᠭᠦᠯ ᠬᠤᠷᠢᠶᠠᠨ ᠭᠤᠶᠣᠯᠠᠯ ᠤᠨ ᠡᠳ᠋᠂ ᠡᠷᠡᠭᠦᠯᠵᠢᠯ ᠤᠨ ᠡᠳ᠋ ᠵᠡᠷᠭᠡ ᠰᠢᠷᠢᠰ ᠪᠦᠲᠦᠭᠡᠭᠳᠡᠬᠦᠨ ᠢ ᠦᠢᠯᠡᠳᠪᠦᠷᠢᠯᠡᠵᠦ ᠪᠤᠢ᠃      2024 ᠣᠨ ᠳᠤ ᠮᠠᠨ ᠤ ᠣᠷᠣᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠪᠡᠯᠡ ᠮᠥᠩᠭᠦ ᠶᠢ 1.73 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠵᠤ᠂ ᠹᠦ᠋ ᠵᠢᠶᠠᠨ ᠶᠤᠸᠠᠨ ᠢᠳᠡᠭᠡᠨ ᠤ ᠺᠤᠮᠫᠠᠨᠢ ᠵᠡᠷᠭᠡ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠤᠯᠪᠠᠰᠤᠷᠠᠭᠤᠯᠬᠤ ᠠᠵᠤ ᠠᠬᠤᠶᠢᠯᠠᠯ ᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠶᠢ ᠳᠡᠮᠵᠢᠪᠡ᠃ ᠥᠪᠡᠷᠲᠡᠭᠡᠨ ᠵᠠᠰᠠᠬᠤ ᠣᠷᠣᠨ ᠠᠴᠠ ᠪᠠᠰᠠ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠲᠣᠭᠲᠠᠭᠠᠨ ᠬᠡᠷᠡᠭᠵᠢᠭᠦᠯᠵᠦ᠂ ᠬᠦᠦ ᠮᠥᠩᠭᠦ ᠶᠢᠨ ᠨᠥᠬᠦᠪᠦᠷᠢ ᠣᠯᠭᠤᠬᠤ ᠪᠠ ᠱᠠᠩᠨᠠᠯ ᠣᠯᠭᠤᠬᠤ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ ᠨᠥᠬᠦᠴᠡᠯ ᠳᠤ ᠨᠡᠶᠢᠴᠡᠭᠰᠡᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠤᠯᠪᠠᠰᠤᠷᠠᠭᠤᠯᠬᠤ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ  ᠶᠢ ᠳᠡᠮᠵᠢᠪᠡ᠃ ᠡᠭᠦᠨ ᠤ ᠬᠠᠮᠲᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠪᠣᠯᠣᠨ ᠶᠡᠭᠡ ᠳᠡᠭᠡᠳᠦ ᠰᠤᠷᠭᠠᠭᠤᠯᠢ ᠶᠢᠨ ᠡᠬᠢ ᠪᠠᠶᠠᠯᠢᠭ ᠲᠤ ᠲᠦᠰᠢᠭᠯᠡᠨ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ ᠲᠤᠰᠬᠠᠢ ᠮᠡᠷᠭᠡᠵᠢᠯᠲᠡᠨ ᠤ ᠪᠦᠯᠭᠦᠮ ᠢ 11 ᠵᠣᠬᠢᠶᠠᠨ ᠪᠠᠶᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ ᠮᠢᠩᠭᠠᠨ ᠳ᠋ᠦᠩᠰᠢᠭᠤᠷ ᠤᠨ ᠳᠡᠰ ᠢ ᠳᠠᠪᠠᠭᠰᠠᠨ 1 ᠠᠵᠤ ᠠᠬᠤᠶᠢᠯᠠᠯ᠂ ᠵᠠᠭᠤᠨ ᠳ᠋ᠦᠩᠰᠢᠭᠤᠷ ᠤᠨ ᠳᠡᠰ ᠠᠴᠠ ᠮᠢᠩᠭᠠᠨ ᠳ᠋ᠦᠩᠰᠢᠭᠤᠷ ᠤᠨ ᠳᠡᠰ ᠤᠨ 2 ᠠᠵᠤ ᠠᠬᠤᠶᠢᠯᠠᠯ᠂ ᠠᠷᠪᠠᠨ ᠳ᠋ᠦᠩᠰᠢᠭᠤᠷ ᠤᠨ ᠳᠡᠰ ᠠᠴᠠ ᠵᠠᠭᠤᠨ ᠳ᠋ᠦᠩᠰᠢᠭᠤᠷ ᠤᠨ ᠳᠡᠰ ᠤᠨ 30 ᠭᠠᠷᠤᠢ ᠠᠵᠤ ᠠᠬᠤᠶᠢᠯᠠᠯ ᠢ ᠪᠣᠶᠢᠵᠢᠭᠤᠯᠤᠨ ᠬᠥᠭᠵᠢᠭᠦᠯᠪᠡ᠃      ᠣᠶᠢᠯᠠᠭᠠᠭᠰᠠᠨ ᠢᠶᠠᠷ᠂ ᠮᠠᠨ ᠤ ᠣᠷᠣᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠤᠯᠪᠠᠰᠤᠷᠠᠭᠤᠯᠬᠤ ᠶᠢ ᠦᠷᠭᠦᠯᠵᠢᠯᠡᠨ ᠠᠬᠢᠭᠤᠯᠵᠤ᠂ ᠴᠠᠭᠠᠨ ᠢᠳᠡᠭᠡᠨ᠂ ᠦᠬᠡᠷ ᠬᠤᠨᠢᠨ ᠮᠢᠬ᠎ᠠ ᠶᠢᠨ ᠪᠦᠲᠦᠭᠡᠭᠳᠡᠬᠦᠨ ᠪᠠ ᠡᠷᠳᠡᠨᠢ ᠰᠢᠰᠢ ᠶᠢᠨ ᠪᠦᠲᠦᠭᠡᠭᠳᠡᠬᠦᠨ ᠵᠡᠷᠭᠡ 10 ᠲᠥᠷᠥᠯ ᠵᠦᠢᠯ ᠢ ᠭᠤᠣᠯᠳᠠᠯᠭ᠎ᠠ ᠲᠠᠢ ᠬᠥᠭᠵᠢᠭᠦᠯᠵᠦ᠂ ᠮᠠᠯ  ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠤᠬᠠᠢ ᠶᠢᠨ ᠭᠠᠵᠠᠷ ᠲᠤᠨᠢ ᠡᠳ᠋ᠰᠢᠭᠦᠯᠦᠨ ᠪᠤᠯᠪᠠᠰᠤᠷᠠᠭᠤᠯᠬᠤ ᠴᠢᠳᠠᠪᠤᠷᠢ ᠶᠢ ᠤᠯᠠᠮ ᠳᠡᠭᠡᠭᠰᠢᠯᠡᠭᠦᠯᠭᠦ ᠪᠠᠷ ᠪᠤᠢ᠃
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号