ᠨᠢᠭᠡ᠂ ᠡᠮ ᠢᠶᠠᠷ ᠡᠮᠨᠡᠨ᠎ᠡ᠃ ᠡᠩ ᠤᠨ ᠪᠠᠶᠢᠳᠠᠯ ᠳᠤ ᠠᠪᠴᠤ ᠬᠡᠯᠡᠪᠡᠯ᠂ ᠲᠣᠰ ᠡᠪᠡᠳᠴᠢᠨ ᠤ ᠶᠠᠪᠤᠴᠠ ᠨᠢ | ᠲᠤᠶᠢᠯ ᠤᠨ ᠣᠬᠤᠷ᠂ ᠵᠢᠱᠢᠶᠡᠯᠡᠪᠡᠯ᠂ ᠦᠬᠡᠷ ᠤᠨ ᠰᠦᠷᠦᠭ ᠲᠤ ᠡᠶᠢᠮᠦᠷᠬᠦ ᠡᠪᠡᠳᠴᠢᠨ ᠤ ᠪᠠᠶᠢᠳᠠᠯ ᠭᠠᠷᠴᠤ | ᠥᠩᠭᠡᠷᠡᠭᠰᠡᠨ ᠭᠡᠳᠡᠭ ᠢ ᠣᠯᠵᠤ ᠮᠡᠳᠡᠬᠦ ᠳᠤ ᠮᠠᠰᠢ ᠪᠡᠷᠬᠡ ᠪᠠᠶᠢᠳᠠᠭ᠂ ᠪᠤᠰᠤᠳ ᠡᠷᠡᠭᠦᠯ ᠴᠢᠭᠢᠷᠠᠭ ᠦᠬᠡᠷ ᠢ ᠴᠢᠩᠭ᠎ᠠ | ᠬᠢᠨᠠᠨ ᠠᠵᠢᠭᠯᠠᠵᠤ᠂ ᠡᠪᠡᠳᠴᠢᠨ ᠤ ᠢᠯᠡᠷᠡᠯ ᠭᠠᠷᠤᠭᠰᠠᠭᠠᠷ ᠴᠠᠭ ᠲᠤᠬᠠᠢ ᠳᠤᠨᠢ ᠳᠣᠣᠷᠠᠬᠢ ᠮᠡᠲᠦ ᠡᠮᠨᠡᠨ ᠵᠠᠰᠠᠬᠤ | ᠠᠷᠭ᠎ᠠ ᠶᠢ ᠬᠡᠷᠡᠭᠯᠡᠬᠦ ᠬᠡᠷᠡᠭᠲᠡᠢ᠃ ᠬᠦᠬᠦᠷᠯᠢᠭ ᠠᠮᠢᠨ ᠤ ᠲᠥᠷᠥᠯ ᠤᠨ ᠡᠮ᠂ ᠫᠧᠨᠢᠼᠢᠯᠢᠨ᠂ ᠯᠢᠶᠠᠨ ᠮᠧᠶ ᠰᠦ᠂ ᠬᠤᠩ | ᠮᠧᠶ ᠰᠦ ᠵᠢᠴᠢ ᠯᠢᠨ ᠺᠧ ᠮᠧᠶ ᠰᠦ ᠪᠠᠷ ᠡᠮᠨᠡᠨ ᠵᠠᠰᠠᠪᠠᠯ ᠨᠡᠯᠢᠶᠡᠳ ᠰᠠᠶᠢᠨ ᠡᠮᠴᠢᠯᠡᠭᠡᠨ ᠤ ᠠᠴᠢ ᠲᠤᠰᠠ ᠲᠠᠢ᠃ | ᠡᠪᠡᠳᠴᠢᠨ ᠲᠠᠢ ᠦᠬᠡᠷ ᠲᠤ ᠪᠡᠶ᠎ᠡ ᠶᠢᠨ ᠬᠦᠨᠳᠦ ᠪᠠᠷ ᠨᠠᠮᠵᠢᠭᠤᠨ ᠰᠤᠳᠠᠯ ᠢᠶᠠᠷ 1—1.5mL/kg ᠬᠦᠬᠦᠷᠯᠢᠭ | ᠠᠮᠢᠨ ᠤ ᠬᠤᠶᠠᠷ ᠮᠧᠲ᠋ᠢᠯᠲᠦ ᠬᠦᠴᠢᠯᠲᠥ᠋ᠷᠥᠭᠴᠢᠲᠦ ᠫᠢᠷᠢᠮᠢᠳᠢᠨ ᠨᠠᠲᠷᠢ ᠶᠢᠨ ᠲᠠᠷᠢᠯᠭ᠎ᠠ ᠶᠢᠨ ᠰᠢᠩᠭᠡᠨ ᠢ ᠡᠳᠦᠷ ᠲᠤ | 2 ᠤᠳᠠᠭ᠎ᠠ ᠲᠠᠷᠢᠵᠤ᠂ ᠦᠷᠭᠦᠯᠵᠢᠯᠡᠨ 3—5 ᠡᠳᠦᠷ ᠬᠡᠷᠡᠭᠯᠡᠨ᠎ᠡ᠃ | ᠬᠤᠶᠠᠷ᠂ ᠡᠭᠡᠯᠢᠯᠡᠭᠡ ᠶᠢᠨ ᠲᠠᠷᠢᠯᠭ᠎ᠠ ᠬᠢᠨ᠎ᠡ᠃ ᠬᠡᠷᠪᠡ ᠦᠬᠡᠷ ᠤᠨ ᠲᠠᠯᠠᠪᠠᠶ ᠳᠤ ᠲᠣᠰ ᠡᠪᠡᠳᠴᠢᠨ ᠳᠤ | ᠨᠡᠷᠪᠡᠭᠳᠡᠭᠰᠡᠨ ᠪᠤᠶᠤ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠬᠢᠷᠢ ᠬᠡᠮᠵᠢᠶ᠎ᠡ ᠨᠢ ᠨᠡᠯᠢᠶᠡᠳ ᠠᠨᠠᠢ ᠪᠠᠶᠢᠪᠠᠯ᠂ ᠸᠧᠢ | ᠣᠪᠣᠭᠲᠤ ᠶᠢᠨ ᠣᠷᠬᠢᠴᠠ ᠪᠠᠺᠲ᠋ᠧᠷᠢ ᠶᠢᠨ ᠸᠠᠺᠼᠢᠨ ᠢ ᠬᠡᠷᠡᠭᠯᠡᠨ ᠡᠭᠡᠯᠢᠯᠡᠭᠡ ᠶᠢᠨ ᠲᠠᠷᠢᠯᠭ᠎ᠠ ᠬᠢᠬᠦ ᠶᠢ ᠪᠣᠳᠣᠯᠬᠢᠯᠠᠵᠤ | ᠪᠣᠯᠣᠨ᠎ᠠ᠂ ᠡᠭᠡᠯᠢᠯᠡᠭᠡ ᠶᠢᠨ ᠴᠠᠭ᠂ ᠠᠷᠭ᠎ᠠ ᠵᠢᠴᠢ ᠡᠮ ᠤᠨ ᠬᠡᠮᠵᠢᠶ᠎ᠡ ᠶᠢ ᠸᠠᠺᠼᠢᠨ ᠢ ᠬᠡᠷᠡᠭᠯᠡᠬᠦ ᠲᠣᠳᠣᠷᠬᠠᠶᠢᠯᠠᠯᠲᠠ ᠶᠢᠨ | ᠶᠣᠰᠣᠭᠠᠷ ᠬᠢᠵᠦ ᠪᠣᠯᠣᠨ᠎ᠠ᠃ ᠡᠩ ᠤᠨ ᠪᠠᠶᠢᠳᠠᠯ ᠳᠤ᠂ ᠦᠬᠡᠷ ᠤᠨ ᠰᠦᠷᠦᠭ ᠲᠤ ᠵᠢᠯ ᠪᠦᠷᠢ ᠶᠢᠨ ᠬᠠᠪᠤᠷ ᠨᠠᠮᠤᠷ ᠤᠨ | ᠤᠯᠠᠷᠢᠯ ︵ᠳᠠᠷᠤᠢ 4 ᠰᠠᠷ᠎ᠠ ᠪᠠ 9 ᠰᠠᠷ᠎ᠠ︶ ᠳᠤ ᠲᠣᠰ ᠲᠣᠰ ᠨᠢᠭᠡ ᠤᠳᠠᠭ᠎ᠠ ᠸᠠᠺᠼᠢᠨ ᠤ ᠲᠠᠷᠢᠯᠭ᠎ᠠ ᠬᠢᠵᠦ | ᠪᠣᠯᠣᠨ᠎ᠠ᠃ ᠡᠪᠡᠳᠴᠢᠨ ᠳᠤ ᠨᠡᠷᠪᠡᠭᠳᠡᠭᠰᠡᠨ ᠦᠬᠡᠷ ᠤᠨ ᠲᠠᠯᠠᠪᠠᠢ ᠳᠤ᠂ ᠪᠦᠬᠦ ᠦᠬᠡᠷ ᠲᠤ ᠣᠯᠠᠨ ᠬᠤᠯᠪᠣᠭᠠᠲᠤ | ᠠᠭᠰᠢᠭᠠᠭᠰᠠᠨ ᠲᠠᠷᠢᠯᠭ᠎ᠠ ︵ᠸᠧᠢ ᠣᠪᠣᠭᠲᠤ ᠶᠢᠨ ᠣᠷᠬᠢᠴᠠ A᠂ B᠂ C᠂ D ᠬᠡᠯᠪᠡᠷᠢ︶ ᠶᠢ ᠪᠠᠴᠢᠮ ᠳᠠᠷᠢᠵᠤ᠂ | ᠠᠷᠠᠰᠤᠨ ᠳᠣᠣᠷ᠎ᠠ ᠨᠢ 1.5—2mL ᠳᠠᠷᠢᠨ᠎ᠠ᠃ | ᠭᠤᠷᠪᠠ᠂ ᠲᠡᠵᠢᠭᠡᠨ ᠠᠷᠠᠴᠢᠯᠠᠬᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠠᠯᠠᠰᠢᠨ ᠦᠬᠡᠷ ᠠᠳᠠᠯᠢ | ᠪᠤᠰᠤ ᠱᠠᠲᠤ ᠦᠶ᠎ᠡ ᠳᠤ ᠣᠷᠣᠰᠢᠵᠤ ᠪᠠᠶᠢᠳᠠᠭ᠂ ᠲᠤᠬᠠᠶᠢᠯᠠᠪᠠᠯ ᠥᠰᠦᠯᠲᠡ᠂ ᠪᠤᠶᠢᠵᠢᠯᠲᠠ᠂ ᠦᠢᠯᠡᠳᠪᠦᠷᠢᠯᠡᠯ ᠵᠢᠴᠢ | ᠦᠷᠡᠵᠢᠯ ᠵᠡᠷᠭᠡ ᠱᠠᠲᠤ ᠦᠶ᠎ᠡ ᠳᠤ᠂ ᠲᠡᠵᠢᠭᠡᠯ ᠪᠣᠷᠳᠤᠭ᠎ᠠ ᠶᠢᠨ ᠪᠠᠷᠢᠮᠵᠢᠶ᠎ᠠ ᠶᠢ ᠦᠨᠳᠦᠰᠦᠯᠡᠨ ᠴᠢᠨᠠᠷ ᠰᠠᠶᠢᠲᠠᠢ | ᠪᠦᠷᠢᠨ ᠨᠠᠶᠢᠷᠠᠭᠤᠯᠤᠭᠰᠠᠨ ᠲᠡᠵᠢᠭᠡᠯ ᠪᠣᠷᠳᠤᠭ᠎ᠠ ᠶᠢ ᠲᠡᠵᠢᠭᠡᠵᠦ᠂ ᠲᠡᠵᠢᠭᠡᠯ ᠪᠣᠷᠳᠤᠭ᠎ᠠ ᠶᠢ ᠰᠣᠯᠢᠬᠤ ᠦᠶ᠎ᠡ ᠳᠤ ᠨᠢᠭᠡ | ᠯᠡ ᠳᠣᠣᠷ᠎ᠠ ᠪᠠᠶᠢᠵᠤ ᠪᠣᠯᠬᠤ ᠦᠭᠡᠢ᠂ ᠴᠢᠨᠠᠷ ᠮᠠᠭᠤ᠂ ᠸᠠᠯᠠᠭᠰᠠᠨ ᠲᠡᠵᠢᠭᠡᠯ ᠪᠣᠷᠳᠤᠭ᠎ᠠ ᠶᠢ ᠲᠡᠵᠢᠭᠡᠵᠦ ᠪᠣᠯᠬᠤ ᠦᠭᠡᠢ᠂ | ᠡᠭᠦᠨ ᠤ ᠬᠠᠮᠲᠤ ᠨᠠᠷᠢᠯᠢᠭ ᠪᠦᠳᠦᠭᠦᠯᠢᠭ ᠪᠣᠷᠳᠣᠭᠠᠨ ᠤ ᠨᠠᠶᠢᠷᠠᠯᠭ᠎ᠠ ᠶᠢ ᠵᠣᠬᠢᠰᠲᠠᠢ ᠲᠣᠬᠢᠷᠠᠭᠤᠯᠬᠤ ᠬᠡᠷᠡᠭᠲᠡᠢ᠃ | ᠨᠠᠷᠢᠯᠢᠭ ᠪᠣᠷᠳᠤᠭ᠎ᠠ ᠶᠢ ᠲᠡᠵᠢᠭᠡᠬᠦ ᠳᠡᠭᠡᠨ ︽ᠤᠷᠢᠳ ᠢᠶᠠᠷ ᠡᠪᠡᠰᠦ ᠥᠭᠴᠦ᠂ ᠳᠠᠷᠠᠭ᠎ᠠ ᠪᠠᠷ ᠨᠢ ᠲᠡᠵᠢᠭᠡᠬᠦ︾ ᠠᠷᠭ᠎ᠠ ᠶᠢ | ᠠᠪᠴᠤ᠂ ᠨᠠᠷᠢᠯᠢᠭ ᠪᠣᠷᠳᠤᠭ᠎ᠠ ᠶᠢᠨ ᠡᠳᠦᠷ ᠲᠤ ᠥᠭᠬᠦ ᠬᠡᠮᠵᠢᠶ᠎ᠡ ᠨᠢ ᠪᠡᠶ᠎ᠡ ᠶᠢᠨ ᠬᠦᠨᠳᠦ ᠶᠢᠨ ᠬᠢᠨᠢ 1%~3% | ᠪᠠᠶᠢᠯᠭᠠᠨ᠎ᠠ᠃ ᠦᠬᠡᠷ ᠤᠨ ᠲᠠᠯᠠᠪᠠᠶ ᠶᠢᠨ ᠣᠷᠴᠢᠨ ᠲᠣᠭᠤᠷᠢᠨ ᠤ ᠠᠷᠢᠭᠤᠳᠬᠠᠯ ᠢ ᠴᠢᠩᠭᠠᠳᠬᠠᠵᠤ᠂ ᠪᠠᠭᠠᠰᠤ | ᠰᠢᠭᠡᠰᠦ ᠶᠢ ᠴᠠᠭ ᠲᠤᠬᠠᠢ ᠳᠤᠨᠢ ᠴᠡᠪᠡᠷᠯᠡᠵᠦ᠂ ᠬᠠᠭᠤᠷᠠᠢ᠂ ᠠᠷᠢᠭᠤᠨ ᠴᠡᠪᠡᠷ ᠪᠠᠶᠢᠯᠭᠠᠬᠤ ᠬᠡᠷᠡᠭᠲᠡᠢ ᠪᠥᠭᠡᠳ ᠲᠠᠯᠠᠪᠠᠶ᠂ | ᠲᠥᠬᠦᠭᠡᠷᠦᠮᠵᠢ ᠵᠢᠴᠢ ᠪᠠᠭᠠᠵᠢ ᠬᠡᠷᠡᠭᠰᠡᠯ ᠢ ᠲᠣᠭᠲᠠᠮᠠᠯ ᠬᠤᠭᠤᠴᠠᠭ᠎ᠠ ᠲᠠᠢ ᠪᠠᠷ ᠪᠥᠬᠦ ᠲᠠᠯ᠎ᠠ ᠪᠠᠷ ᠠᠷᠢᠭᠤᠳᠬᠠᠬᠤ | ᠬᠡᠷᠡᠭᠲᠡᠢ᠃ |