ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠢᠭᠡᠳ ᠠᠺᠠᠳᠧᠮᠢᠴᠢ ᠹᠦ᠋ ᠲᠢᠩ ᠳ᠋ᠦᠩ ᠤᠨ ᠪᠦᠯᠬᠦᠮ ᠲᠠᠢ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠬᠡᠷ ᠲᠣᠭᠲᠠᠪᠠ
ᠨᠡᠶᠢᠲᠡᠯᠡᠭᠰᠡᠨ ᠴᠠᠭ᠄
2025/3/14
      3 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠢᠭᠡᠳ ᠬᠤᠸᠠ ᠵᠥᠩ ᠲᠠᠷᠢᠶᠠᠯᠠᠩ ᠤᠨ ᠶᠡᠭᠡ ᠰᠤᠷᠭᠠᠭᠤᠯᠢ᠂ ᠠᠺᠠᠳᠧᠮᠢᠴᠢ ᠹᠦ᠋ ᠲᠢᠩ ᠳ᠋ᠦᠩ ᠤᠨ ᠪᠦᠯᠬᠦᠮ ᠲᠠᠢ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠬᠡᠷ ᠲᠣᠭᠲᠠᠵᠤ᠂ ᠠᠺᠠᠳᠧᠮᠢᠴᠢ ᠹᠦ᠋ ᠲᠢᠩ ᠳ᠋ᠦᠩ ᠤᠨ ᠪᠦᠯᠬᠦᠮ ᠳᠤ ︽ᠰᠢᠯᠢᠳᠡᠭ ᠲᠤᠯᠭᠠᠭᠤᠷᠢᠯᠠᠬᠤ ᠪᠦᠯᠬᠦᠮ ᠤᠨ ᠱᠠᠩᠨᠠᠯ︾ ᠭᠠᠷᠳᠠᠭᠤᠯᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ᠂ ᠬᠤᠸᠠ ᠵᠥᠩ ᠲᠠᠷᠢᠶᠠᠯᠠᠩ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠶᠣᠣ ᠵᠢᠶᠠᠩ ᠯᠢᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠲᠠᠷᠢᠮᠠᠯ ᠤᠨ ᠬᠠᠮᠢᠶᠠᠷᠤᠯᠲᠠ ᠶᠢᠨ ᠭᠠᠵᠠᠷ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ᠂ ᠬᠥᠯᠥᠨ ᠪᠤᠶᠢᠷ ᠬᠤᠲᠠ᠂ ᠲᠦᠩᠯᠢᠶᠣᠤ ᠬᠤᠲᠠ᠂ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠢᠴᠢ ᠬᠥᠯᠥᠨ ᠪᠤᠶᠢᠷ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠬᠤᠯᠪᠣᠭᠳᠠᠯ ᠪᠦᠬᠦᠢ ᠲᠥᠯᠥᠭᠡᠯᠡᠭᠴᠢ ᠣᠷᠣᠯᠴᠠᠵᠠᠢ᠃ 
1.jpg
       ᠶᠠᠷᠢᠯᠴᠠᠬᠤ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠳᠡᠳ᠋ ᠡᠷᠬᠢᠯᠡᠭᠴᠢ ᠾᠧᠦ ᠯᠢ ᠯᠢ ᠪᠦᠬᠦ ᠣᠷᠣᠨ ᠤ ᠰᠢᠯᠢᠮᠳᠡᠭ ᠤᠨ ᠦᠢᠯᠡᠳᠪᠦᠷᠢᠯᠡᠯ ᠤᠨ ᠪᠠᠶᠢᠳᠠᠯ ᠢ ᠲᠠᠨᠢᠯᠴᠠᠭᠤᠯᠵᠤ᠂ ᠠᠶᠢᠮᠠᠭ ᠬᠤᠲᠠ ᠵᠢᠴᠢ ᠬᠥᠯᠥᠨ ᠪᠤᠶᠢᠷ ᠤᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠲᠥᠯᠥᠭᠡᠯᠡᠭᠴᠢ ᠲᠤᠬᠠᠢ ᠶᠢᠨ ᠭᠠᠵᠠᠷ ᠤᠨ ᠰᠢᠯᠢᠮᠳᠡᠭ ᠤᠨ ᠦᠢᠯᠡᠳᠪᠦᠷᠢᠯᠡᠯ ᠤᠨ ᠣᠳᠣᠬᠢ ᠪᠠᠶᠢᠳᠠᠯ ᠵᠢᠴᠢ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢ ᠲᠠᠨᠢᠯᠴᠠᠭᠤᠯᠪᠠ᠃ ᠠᠺᠠᠳᠧᠮᠢᠴᠢ ᠹᠦ᠋ ᠲᠢᠩ ᠳ᠋ᠦᠩ ︽ᠬᠤᠵᠢᠷ ᠲᠤ ᠲᠡᠰᠪᠦᠷᠢᠲᠡᠢ ᠰᠢᠯᠢᠮᠳᠡᠭ ᠬᠢᠭᠡᠳ ᠲᠡᠵᠢᠭᠡᠯ ᠪᠣᠷᠳᠤᠭ᠎ᠠ ︵ᠨᠣᠭᠤᠭᠠᠨ ᠪᠣᠷᠳᠣᠭᠤᠷ︶ ᠶᠢᠨ ᠰᠢᠯᠢᠮᠳᠡᠭ︾ ᠤᠨ ᠲᠣᠭᠤᠷᠢᠨ ᠳᠤ ᠲᠤᠰᠬᠠᠢ ᠰᠡᠳᠦᠪᠲᠦ ᠲᠠᠶᠢᠯᠤᠮᠵᠢ ᠬᠢᠭᠰᠡᠨ ᠪᠥᠭᠡᠳ 2024 ᠣᠨ ᠤ ᠥᠪᠥᠷ ᠮᠣᠩᠭᠤᠯ ᠳᠤ ᠥᠷᠨᠢᠭᠦᠯᠦᠭᠰᠡᠨ ᠰᠢᠯᠢᠮᠳᠡᠭ ᠤᠨ ᠲᠤᠷᠰᠢᠯᠲᠠ ᠶᠢᠨ ᠵᠢᠱᠢᠶ᠎ᠡ ᠦᠵᠡᠭᠦᠯᠦᠭᠰᠡᠨ ᠪᠠᠶᠢᠳᠠᠯ ᠢ ᠲᠠᠨᠢᠯᠴᠠᠭᠤᠯᠪᠠ᠃ ᠬᠤᠸᠠ ᠵᠦᠩ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ ᠯᠠᠨ ᠼᠠᠢ ᠰᠢᠶᠠ ᠪᠤᠭᠤᠳᠠᠢ ᠶᠢᠨ ᠭᠠᠩ ᠬᠠᠭᠰᠠᠷᠠᠭᠠᠨ ᠲᠠᠢ ᠲᠡᠮᠡᠴᠡᠬᠦ ᠡᠭᠦᠯᠳᠡᠷ ᠢ ᠰᠣᠩᠭᠤᠨ ᠪᠤᠶᠢᠵᠢᠭᠤᠯᠵᠤ ᠪᠠᠶᠢᠭ᠎ᠠ ᠪᠠᠶᠢᠳᠠᠯ ᠢ ᠲᠠᠨᠢᠯᠴᠠᠭᠤᠯᠪᠠ᠃ 
2.jpg
       ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠠᠴᠠ ᠬᠤᠸᠠ ᠵᠥᠩ ᠲᠠᠷᠢᠶᠠᠯᠠᠩ ᠤᠨ ᠶᠡᠭᠡ ᠰᠤᠷᠭᠠᠭᠤᠯᠢ ᠵᠢᠴᠢ ᠠᠺᠠᠳᠧᠮᠢᠴᠢ ᠹᠦ᠋ ᠲᠢᠩ ᠳ᠋ᠦᠩ ᠤᠨ ᠪᠦᠯᠬᠦᠮ ᠤᠷᠲᠤ ᠬᠤᠭᠤᠴᠠᠭᠠᠨ ᠤ ᠲᠤᠷᠰᠢ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠨᠧᠷᠭᠢ ᠣᠯᠭᠤᠬᠤ ᠪᠠ ᠰᠢᠯᠢᠮᠳᠡᠭ ᠤᠨ ᠠᠵᠤ ᠦᠢᠯᠡᠰ ᠤᠨ ᠬᠥᠭᠵᠢᠯᠲᠡ ᠳᠤ ᠦᠵᠡᠭᠦᠯᠦᠭᠰᠡᠨ ᠳᠡᠮᠵᠢᠯᠭᠡ ᠪᠠ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠬᠤᠶᠢᠰᠢᠳᠠ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠨ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠠᠷᠤᠯᠲᠠ ᠪᠠᠨ ᠨᠡᠮᠡᠭᠳᠡᠭᠦᠯᠬᠦ︾ ︽ᠠᠮᠢ ᠠᠬᠤᠢ ᠶᠢᠨ ᠵᠠᠰᠠᠯᠲᠠ︾᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠠᠭᠤᠰᠤᠯᠴᠠᠯ︾ ᠵᠡᠷᠭᠡ ᠭᠤᠷᠪᠠᠨ ︽ᠦᠯᠢᠭᠡᠷ ᠳᠠᠭᠤᠷᠢᠶᠠᠯ︾ ᠢ ᠪᠣᠢ ᠪᠣᠯᠭᠠᠬᠤ ᠪᠠᠷ ᠳᠠᠮᠵᠢᠭᠤᠯᠤᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠨᠡᠩ ᠣᠯᠠᠨ ᠬᠤᠵᠢᠷᠯᠢᠭ ᠭᠠᠵᠠᠷ ᠢ ︽ᠨᠣᠭᠤᠭᠠᠨ ᠪᠣᠷᠳᠣᠭᠤᠷ ᠤᠨ ᠲᠠᠷᠢᠶ᠎ᠠ︾ ᠪᠣᠯᠭᠠᠵᠤ᠂ ᠥᠪᠥᠷ ᠮᠣᠩᠭᠤᠯ ᠤᠨ ᠰᠢᠯᠢᠮᠳᠡᠭ ᠤᠨ ᠠᠵᠤ ᠦᠢᠯᠡᠰ ᠢ ᠪᠦᠬᠦ ᠤᠯᠤᠰ ᠤᠨ ︽ᠥᠨᠳᠥᠷ ᠬᠤᠷᠢᠶᠠᠯᠲᠠ ᠥᠨᠳᠥᠷ ᠪᠦᠲᠦᠮᠵᠢᠲᠡᠢ᠂ ᠠᠮᠢ ᠠᠬᠤᠢ ᠪᠠᠷ ᠠᠷᠠᠳ ᠢ ᠪᠠᠶᠠᠵᠢᠭᠤᠯᠬᠤ︾ ᠠᠯᠲᠠᠨ ᠦᠰᠦᠭᠲᠦ ᠨᠡᠷᠡᠲᠦ ᠲᠡᠮᠳᠡᠭᠲᠦ ᠪᠣᠯᠭᠠᠬᠤ ᠶᠢ ᠬᠦᠰᠡᠵᠦ ᠪᠠᠶᠢᠬᠤ ᠪᠠᠨ ᠢᠯᠡᠳᠭᠡᠪᠡ᠃ 
3.jpg
       ᠬᠤᠸᠠ ᠵᠦᠩ ᠲᠠᠷᠢᠶᠠᠯᠠᠩ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ ᠶᠣᠣ ᠵᠢᠶᠠᠩ ᠯᠢᠨ ᠳ᠋ᠦᠩᠨᠡᠯᠲᠡ ᠶᠢᠨ ᠶᠠᠷᠢᠶᠠᠨ ᠳᠠᠭᠠᠨ᠂ ᠰᠤᠷᠭᠠᠭᠤᠯᠢ ᠶᠢᠨ ᠰᠢᠯᠢᠮᠳᠡᠭ ᠤᠨ ᠠᠵᠤ ᠦᠢᠯᠡᠰ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠶᠢᠨ ︽ᠲᠦᠷᠦᠭᠦᠴᠢ ᠬᠤᠨ︾ ᠤ ᠲᠥᠷᠥᠯ ᠵᠦᠢᠯ ᠢ ᠪᠤᠶᠢᠵᠢᠭᠤᠯᠬᠤ ᠵᠡᠷᠭᠡ ᠲᠠᠯ᠎ᠠ ᠪᠠᠷ ᠨᠢᠭᠡᠨᠲᠡ ᠥᠪᠥᠷ ᠮᠣᠩᠭᠤᠯ ᠯᠤᠭ᠎ᠠ ᠰᠠᠶᠢᠨ ᠰᠠᠶᠢᠬᠠᠨ ᠬᠠᠮᠲᠤᠷᠠᠯᠴᠠᠭᠠᠨ ᠤ ᠰᠠᠭᠤᠷᠢ ᠶᠢ ᠪᠠᠶᠢᠭᠤᠯᠪᠠ᠂ ᠵᠠᠯᠭᠠᠭᠠᠳ ᠰᠤᠷᠭᠠᠭᠤᠯᠢ ᠶᠢᠨ ᠲᠤᠰ ᠪᠡᠶ᠎ᠡ ᠶᠢᠨ ᠵᠢᠭᠠᠨ ᠰᠤᠷᠭᠠᠯᠲᠠ ᠶᠢᠨ ᠡᠬᠢ ᠪᠠᠶᠠᠯᠢᠭ ᠪᠣᠯᠤᠨ ᠰᠢᠨᠵᠢᠯᠡᠬᠦ ᠤᠬᠠᠭᠠᠨ ᠤ ᠰᠤᠳᠤᠯᠭᠠᠨ ᠤ ᠳᠠᠪᠠᠭᠤᠯᠢᠭ ᠢ ᠦᠷᠭᠦᠯᠵᠢᠯᠡᠨ ᠪᠠᠳᠠᠷᠠᠭᠤᠯᠵᠤ᠂ ᠰᠤᠷᠭᠠᠭᠤᠯᠢ ᠪᠠ ᠣᠷᠣᠨ ᠨᠤᠲᠤᠭ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
4.jpg
      ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠢ ᠬᠤᠸᠠ ᠵᠥᠩ ᠲᠠᠷᠢᠶᠠᠯᠠᠩ ᠤᠨ ᠶᠡᠭᠡ ᠰᠤᠷᠭᠠᠭᠤᠯᠢ᠂ ᠠᠺᠠᠳᠧᠮᠢᠴᠢ ᠹᠦ᠋ ᠲᠢᠩ ᠳ᠋ᠦᠩ ᠤᠨ ᠪᠦᠯᠬᠦᠮ ᠲᠠᠢ ᠪᠠᠶᠢᠩᠭᠤ ᠶᠢᠨ ᠴᠢᠨᠠᠷᠲᠠᠢ ᠨᠡᠪᠲᠡᠷᠡᠯᠴᠡᠨ ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ ᠬᠠᠮᠲᠤᠷᠠᠯᠴᠠᠭᠠᠨ ᠤ ᠠᠭᠤᠯᠭ᠎ᠠ ᠪᠠᠨ ᠨᠠᠷᠢᠯᠢᠬᠵᠢᠭᠤᠯᠤᠨ᠂ ᠠᠺᠠᠳᠧᠮᠢᠴᠢ ᠶᠢᠨ ᠪᠦᠯᠬᠦᠮ ᠨᠡᠶᠢᠲᠡ ᠶᠢᠨ ᠮᠠᠨ ᠤ ᠣᠷᠣᠨ ᠳᠤ ᠲᠤᠷᠰᠢᠯᠲᠠ ᠶᠢᠨ ᠵᠢᠱᠢᠶ᠎ᠡ ᠦᠵᠡᠭᠦᠯᠬᠦ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠴᠢᠳᠠᠪᠤᠷᠢᠲᠠᠨ ᠤ ᠪᠣᠯᠪᠠᠰᠤᠷᠠᠯ ᠵᠡᠷᠭᠡ ᠭᠤᠣᠯᠳᠠᠯᠭ᠎ᠠ ᠲᠠᠢ ᠠᠵᠢᠯ ᠥᠷᠨᠢᠭᠦᠯᠬᠦ ᠶᠢ ᠪᠦᠬᠦ ᠬᠦᠴᠦᠨ ᠢᠶᠠᠷ ᠢᠶᠠᠨ ᠳᠠᠮᠵᠢᠵᠤ᠂ ᠮᠠᠨ ᠤ ᠣᠷᠣᠨ ᠤ ᠰᠢᠯᠢᠮᠳᠡᠭ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠮᠢᠵᠢᠷᠠᠯ ᠤᠨ ᠬᠦᠴᠦᠨ ᠨᠡᠮᠡᠷᠢᠯᠡᠨ᠎ᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号