ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠵᠢᠭᠤᠷᠠᠯᠳᠤᠭᠠᠨ ᠢ ᠡᠶᠡᠳᠡᠭᠦᠯᠵᠦ ᠬᠥᠨᠳᠡᠯᠡᠨ ᠠᠴᠠ ᠲᠠᠰᠤᠯᠬᠤ ᠠᠵᠢᠯ ᠤᠨ ᠪᠣᠯᠪᠠᠰᠤᠷᠠᠯ ᠤᠨ ᠠᠩᠭᠢ ᠤᠯᠠᠭᠠᠨᠬᠠᠳᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2025/3/14
      ᠲᠠᠷᠢᠶᠠᠯᠠᠬᠤ ᠮᠠᠯᠵᠢᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠵᠢᠭᠤᠷᠠᠯᠳᠤᠭᠠᠨ ᠢ ᠡᠶᠡᠳᠡᠭᠦᠯᠵᠦ ᠬᠥᠨᠳᠡᠯᠡᠨ ᠠᠴᠠ ᠲᠠᠰᠤᠯᠬᠤ ᠪᠣᠯ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠶᠢᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠴᠢᠬᠤᠯᠠ ᠠᠷᠭ᠎ᠠ ᠵᠠᠮ ᠪᠣᠯᠬᠤ ᠪᠥᠭᠡᠳ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠬᠦ᠂ ᠮᠠᠯᠴᠢᠨ ᠲᠠᠷᠢᠶᠠᠴᠢᠨ ᠤ ᠳᠠᠭᠠᠭᠠᠴᠢᠯᠠᠨ ᠡᠵᠡᠩᠨᠡᠬᠦ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠬᠤ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠵᠢᠭᠤᠷᠠᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠲᠤᠰᠬᠠᠢ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠤᠰᠠᠳᠠ᠂ 3 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠲᠤ 2025 ᠣᠨ ᠤ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠵᠢᠭᠤᠷᠠᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠠᠵᠢᠯ ᠤᠨ ᠪᠣᠯᠪᠠᠰᠤᠷᠠᠯ ᠤᠨ ᠠᠩᠭᠢ ᠡᠷᠭᠢᠯᠡᠵᠦ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠣᠣ ᠶᠦᠩ ᠰᠢᠶᠠᠩ ᠪᠣᠯᠪᠠᠰᠤᠷᠠᠯ ᠤᠨ ᠠᠩᠭᠢ ᠳᠤ ᠣᠷᠣᠯᠴᠠᠨ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠥᠭᠡᠷᠡᠴᠢᠯᠡᠯᠲᠡ ᠬᠢᠭᠡᠳ ᠬᠤᠷᠰᠢᠭᠰᠠᠨ ᠠᠵᠤ ᠠᠬᠤᠢ ᠶᠢᠨ ᠵᠢᠯᠤᠭᠤᠳᠬᠤ ᠭᠠᠵᠠᠷ ᠤᠨ ᠳᠡᠳ᠋ ᠳᠠᠷᠤᠭ᠎ᠠ ᠶᠠᠩ ᠶᠦᠩ ᠱᠧᠩ ᠬᠥᠳᠡᠭᠡ ᠲᠣᠰᠬᠤᠨ ᠤ ᠭᠠᠵᠠᠷ ᠰᠢᠷᠣᠢ ᠶᠢᠨ ᠲᠥᠷᠥ ᠶᠢᠨ ᠪᠣᠳᠣᠯᠭ᠎ᠠ ᠪᠣᠯᠤᠨ ᠳᠠᠭᠠᠭᠠᠴᠢᠯᠠᠨ ᠡᠵᠡᠩᠨᠡᠬᠦ ᠵᠢᠭᠤᠷᠠᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠪᠣᠳᠠᠲᠤ ᠶᠠᠪᠤᠳᠠᠯ ᠤᠨ ᠵᠢᠷᠤᠮᠵᠢᠯ ᠤᠨ ᠲᠣᠭᠤᠷᠢᠨ ᠳᠤ ᠪᠣᠯᠪᠠᠰᠤᠷᠠᠯ ᠤᠨ ᠲᠠᠶᠢᠯᠤᠮᠵᠢ ᠬᠢᠪᠡ᠃ 
1.png
       ᠪᠣᠯᠪᠠᠰᠤᠷᠠᠯ ᠠᠴᠠ ᠵᠢᠭᠠᠵᠤ ᠭᠠᠷᠭᠠᠭᠰᠠᠨ ᠨᠢ᠂ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠶᠢᠨ ᠵᠢᠭᠤᠷᠠᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠠᠵᠢᠯ ᠢ ᠵᠢᠷᠤᠮᠵᠢᠭᠤᠯᠤᠨ ᠥᠷᠨᠢᠭᠦᠯᠬᠦ ᠨᠢ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠶᠢᠨ ᠵᠢᠭᠤᠷᠠᠯᠳᠤᠭᠠᠨ ᠢ ᠬᠠᠤᠯᠢ ᠶᠣᠰᠣᠭᠠᠷ ᠰᠢᠢᠳᠪᠦᠷᠢᠯᠡᠬᠦ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠬᠤ ᠳᠤ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠡᠨᠡ ᠵᠢᠯ ᠠᠴᠠ ᠡᠬᠢᠯᠡᠨ ᠮᠠᠨ ᠤ ᠣᠷᠣᠨ ᠤ ᠤᠯᠠᠭᠠᠨᠬᠠᠳᠠ ᠬᠤᠲᠠ ᠵᠡᠷᠭᠡ ᠭᠠᠵᠠᠷ ᠵᠠᠯᠭᠠᠭ᠎ᠠ ᠪᠠᠷ ᠬᠤᠶᠠᠳᠤᠭᠠᠷ ᠡᠭᠡᠯᠵᠢ ᠶᠢᠨ ᠳᠠᠭᠠᠭᠠᠴᠢᠯᠠᠯᠲᠠ ᠪᠠᠨ ᠤᠷᠲᠤᠳᠬᠠᠬᠤ ᠬᠤᠭᠤᠴᠠᠭᠠᠨ ᠳᠤ ᠣᠷᠣᠵᠤ᠂ ᠡᠯ᠎ᠡ ᠭᠠᠵᠠᠷ ᠤᠨ  ᠬᠢᠨ ᠪᠣᠳᠠᠲᠠᠢ ᠪᠠᠶᠢᠳᠠᠯ ᠠᠴᠠ ᠪᠠᠨ ᠡᠭᠦᠰᠴᠦ᠂ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠶᠢᠨ ᠵᠢᠭᠤᠷᠠᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠠᠵᠢᠯ ᠢ ᠦᠨᠡᠨ ᠠᠴᠠ ᠵᠥᠪ ᠢ ᠡᠷᠢᠬᠦ ᠣᠪᠣᠷ ᠢᠶᠠᠷ ᠥᠷᠨᠢᠭᠦᠯᠵᠦ᠂ ᠢᠯᠠᠩᠭᠤᠶ᠎ᠠ ᠬᠥᠳᠡᠭᠡ ᠲᠣᠰᠬᠤᠨ ᠤ ᠬᠤᠶᠠᠷ ᠱᠠᠲᠤᠨ ᠤ ᠡᠶᠡᠳᠡᠭᠦᠯᠬᠦ ᠵᠣᠬᠢᠶᠠᠨ ᠪᠠᠶᠢᠭᠤᠯᠤᠯᠲᠠ ᠡᠷᠲᠡᠬᠡᠨ ᠣᠷᠣᠯᠴᠠᠵᠤ᠂ ᠵᠥᠷᠢᠴᠡᠯ ᠵᠢᠭᠤᠷᠠᠯᠳᠤᠭᠠᠨ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠨ᠂ ᠮᠠᠯᠴᠢᠨ ᠲᠠᠷᠢᠶᠠᠴᠢᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠲᠥᠪ ᠭᠤᠥᠯᠴᠢ ᠪᠠᠷ ᠬᠠᠷᠢᠭᠤᠯᠵᠤ᠂ ᠬᠠᠤᠯᠢ ᠶᠣᠰᠣᠨ ᠤ ᠡᠷᠬᠡ ᠠᠰᠢᠭ ᠢ ᠴᠠᠭ ᠲᠤᠬᠠᠢ ᠳᠤᠨᠢ ᠬᠠᠮᠠᠭᠠᠯᠠᠵᠤ᠂ ᠬᠤᠶᠠᠳᠤᠭᠠᠷ ᠡᠭᠡᠯᠵᠢ ᠶᠢᠨ ᠤᠷᠲᠤᠳᠬᠠᠨ ᠳᠠᠭᠠᠭᠠᠴᠢᠯᠠᠭᠤᠯᠬᠤ ᠶᠢ ᠤᠷᠤᠭᠰᠢᠲᠠᠢ ᠥᠷᠨᠢᠭᠦᠯᠬᠦ ᠶᠢ ᠪᠠᠲᠤᠯᠠᠬᠤ ᠳᠤ ᠢᠳᠡᠪᠬᠢᠲᠡᠢ ᠦᠢᠯᠡᠳᠦᠯ ᠪᠠᠲᠠᠷᠠᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号