ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠢᠭᠡᠳ ᠠᠺᠠᠳᠧᠮᠢᠴᠢ ᠯᠢ ᠫᠧᠢ ᠦ᠋ ᠶᠢᠨ ᠪᠦᠯᠬᠦᠮ ᠲᠠᠢ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2025/3/14
      3 ᠰᠠᠷ᠎ᠠ ᠶᠢᠨ 12 ᠤᠨ ᠦᠳᠡ ᠶᠢᠨ ᠬᠤᠶᠢᠨ᠎ᠠ — 13 ᠤ ᠡᠳᠦᠷ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠨᠠᠷ ᠦᠬᠠᠨ ᠳᠤ ᠬᠦᠷᠴᠦ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠣᠰᠣᠯᠢᠭ ᠲᠠᠷᠢᠮᠠᠯ ᠤᠨ ᠰᠤᠳᠤᠯᠭᠠᠨ ᠤ ᠭᠠᠵᠠᠷ ᠤᠨ ᠠᠺᠠᠳᠧᠮᠢᠴᠢ ᠯᠢ ᠫᠧᠢ ᠦ᠋ ᠶᠢᠨ ᠪᠦᠯᠬᠦᠮ ᠲᠠᠢ ᠮᠠᠨ ᠤ ᠣᠷᠣᠨ ᠤ ︽ᠴᠢᠨᠠᠷ ᠢ ᠳᠡᠭᠡᠭᠰᠢᠯᠡᠭᠦᠯᠦᠨ ᠠᠽᠣᠲ ᠢ ᠲᠣᠭᠲᠠᠪᠤᠷᠢᠵᠢᠭᠤᠯᠵᠤ ᠭᠠᠷᠤᠯᠲᠠ ᠶᠢ ᠪᠣᠬᠢᠷᠲᠤᠯ ᠦᠭᠡᠢ ᠨᠡᠮᠡᠭᠳᠡᠭᠦᠯᠬᠦ ARC ᠬᠤᠯᠪᠣᠯᠳᠤᠭᠤᠯᠬᠤ ᠮᠡᠷᠭᠡᠵᠢᠯ︾ ᠢ ᠵᠢᠱᠢᠶ᠎ᠡ ᠦᠵᠡᠭᠦᠯᠦᠨ ᠳᠡᠯᠭᠡᠷᠡᠭᠦᠯᠬᠦ ᠶᠢ ᠭᠦᠨᠵᠡᠭᠡᠢ ᠵᠣᠯᠭᠠᠭᠤᠯᠵᠤ᠂ ᠶᠠᠷᠢᠯᠴᠠᠨ ᠰᠣᠯᠢᠯᠴᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠺᠲ᠋ᠧᠷᠢ ᠶᠢᠨ ᠨᠠᠶᠢᠷᠠᠯᠭ᠎ᠠ ᠶᠢᠨ ᠰᠤᠳᠤᠯᠤᠨ ᠨᠡᠭᠡᠭᠡᠬᠦ ᠲᠤᠷᠰᠢᠯᠲᠠ ᠶᠢᠨ ᠲᠠᠰᠤᠭ ᠵᠢᠴᠢ ᠦᠢᠯᠡᠳᠪᠦᠷᠢᠯᠡᠯ ᠤᠨ ᠲᠠᠰᠤᠭ ᠢ ᠲᠣᠭᠤᠷᠢᠨ ᠦᠵᠡᠭᠰᠡᠨ ᠪᠥᠭᠡᠳ ᠠᠺᠠᠳᠧᠮᠢᠴᠢ ᠯᠢ ᠫᠧᠢ ᠦ᠋ ᠶᠢᠨ ᠪᠦᠯᠬᠦᠮ ᠳᠤ ᠰᠢᠯᠢᠳᠡᠭ ᠲᠤᠯᠭᠠᠭᠤᠷᠢᠯᠠᠬᠤ ᠪᠦᠯᠬᠦᠮ ᠤᠨ ᠱᠠᠩᠨᠠᠯ ᠣᠯᠭᠤᠵᠤ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠢ ᠬᠠᠮᠲᠤ ᠶᠢᠨ ᠲᠠᠨᠢᠯᠲᠠ ᠲᠠᠢ ᠪᠣᠯᠵᠤ᠂ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ ᠲᠤ ᠭᠠᠷ ᠤᠨ ᠥᠰᠥᠭ ᠵᠢᠷᠤᠪᠠ᠃
11.png
      3 ᠰᠠᠷ᠎ᠠ ᠶᠢᠨ 12 ᠤᠨ ᠦᠳᠡ ᠶᠢᠨ ᠬᠤᠶᠢᠨᠠᠬᠢ ᠶᠠᠷᠢᠯᠴᠠᠬᠤ ᠬᠤᠷᠠᠯ ᠳᠡᠭᠡᠷ᠎ᠡ ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠣᠰᠣᠯᠢᠭ ᠲᠠᠷᠢᠮᠠᠯ ᠤᠨ ᠰᠤᠳᠤᠯᠭᠠᠨ ᠤ ᠭᠠᠵᠠᠷ ᠤᠨ ᠨᠠᠮ ᠤᠨ ᠬᠤᠷᠢᠶᠠᠨ ᠤ ᠳᠡᠳ᠋ ᠱᠦᠵᠢ ᠵᠠᠩ ᠶᠢᠨ ᠪᠥᠸᠧ ᠤᠭᠲᠤᠬᠤ ᠦᠭᠡ ᠬᠡᠯᠡᠪᠡ ︔ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠠᠴᠠ ᠥᠪᠥᠷ ᠮᠣᠩᠭᠤᠯ ᠤᠨ ᠰᠢᠷ᠎ᠠ ᠪᠤᠷᠴᠠᠭ᠂ ᠯᠣᠬᠠᠱᠧᠩ᠂ ᠴᠠᠷᠭᠠᠰᠤ ᠶᠢᠨ ᠲᠠᠷᠢᠮᠠᠯ ᠤᠨ ᠣᠳᠣᠬᠢ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢ ᠨᠠᠷᠢᠨ ᠲᠠᠨᠢᠯᠴᠠᠭᠤᠯᠪᠠ︔ ᠬᠥᠬᠡᠬᠤᠲᠠ᠂ ᠬᠥᠯᠥᠨ ᠪᠤᠶᠢᠷ ᠬᠤᠲᠠ᠂ ᠲᠦᠩᠯᠢᠶᠣᠣ ᠬᠤᠲᠠ ᠶᠢᠨ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠣᠰ ᠲᠣᠰ ᠣᠷᠣᠨ ᠪᠦᠰᠡ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠶᠢᠮᠣ ᠪᠠᠶᠢᠳᠠᠯ᠂ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠵᠢᠴᠢ ARC ᠬᠤᠯᠪᠣᠯᠳᠤᠭᠤᠯᠬᠤ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠪᠠ ᠬᠦᠰᠡᠯ ᠡᠷᠡᠮᠡᠯᠵᠡᠯ ᠢ ᠲᠠᠨᠢᠯᠴᠠᠭᠤᠯᠪᠠ᠃ ᠠᠺᠠᠳᠧᠮᠢᠴᠢ ᠯᠢ ᠫᠧᠢ ᠦ᠋ ᠲᠤᠬᠠᠢ ᠶᠢᠨ ᠲᠠᠯᠠᠪᠠᠶ ᠳᠤ ︽ᠴᠢᠨᠠᠷ ᠢ ᠳᠡᠭᠡᠭᠰᠢᠯᠡᠭᠦᠯᠦᠨ ᠠᠽᠣᠲ ᠢ ᠲᠣᠭᠲᠠᠪᠤᠷᠢᠵᠢᠭᠤᠯᠵᠤ ᠤᠨᠠᠯᠲᠠ ᠶᠢ ᠪᠣᠬᠢᠷᠲᠤᠯ ᠦᠭᠡᠢ ᠨᠡᠮᠡᠭᠳᠡᠭᠦᠯᠬᠦ ARC ᠡᠪᠦᠴᠡᠯᠳᠦᠯ ᠤᠨ ᠮᠡᠷᠭᠡᠵᠢᠯ︾ ᠤᠨ ᠰᠤᠳᠤᠯᠤᠨ ᠨᠡᠭᠡᠭᠡᠬᠦ ᠠᠬᠤᠢ ᠪᠠᠶᠢᠳᠠᠯ᠂ ᠪᠡᠷᠬᠡ ᠰᠡᠳᠦᠪ ᠢ ᠰᠢᠢᠳᠪᠦᠷᠢᠯᠡᠬᠦ ᠶᠠᠪᠤᠴᠠ᠂ ᠬᠡᠷᠡᠭᠯᠡᠭᠡᠨ ᠤ ᠦᠷ᠎ᠡ ᠪᠦᠲᠦᠮᠵᠢ᠂ ᠬᠤᠪᠢᠷᠠᠭᠤᠯᠤᠯᠲᠠ ᠶᠢᠨ ᠪᠠᠶᠢᠳᠠᠯ᠂ ᠬᠥᠭᠵᠢᠯᠲᠡ ᠶᠢᠨ ᠬᠡᠲᠦ ᠶᠢᠨ ᠲᠥᠯᠥᠪ ᠵᠢᠴᠢ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠲᠥᠯᠦᠪᠵᠢᠭᠦᠯᠭᠡ ᠵᠡᠷᠭᠡ ᠣᠯᠠᠨ ᠲᠠᠯ᠎ᠠ ᠶᠢᠨ ᠬᠢᠴᠢᠶᠡᠯ ᠵᠢᠭᠠᠵᠠᠢ᠃ ᠯᠢ ᠠᠺᠠᠳᠧᠮᠢᠴᠢ ARC ᠬᠤᠯᠪᠣᠯᠳᠤᠭᠤᠯᠬᠤ ᠮᠡᠷᠭᠡᠵᠢᠯ ᠤᠨ ︽ᠬᠤᠶᠠᠷ ᠢ ᠪᠠᠬᠢᠵᠢᠭᠦᠯᠬᠦ ᠭᠤᠷᠪᠠ ᠶᠢ ᠨᠡᠮᠡᠭᠳᠡᠬᠦᠯᠬᠦ ᠲᠠᠪᠤ ᠶᠢ ᠪᠠᠭᠠᠰᠬᠠᠬᠤ︾᠂ ᠲᠤᠬᠠᠶᠢᠯᠠᠪᠠᠯ ᠠᠽᠣᠲ ᠢ ᠲᠣᠭᠲᠠᠪᠤᠷᠢᠵᠢᠭᠤᠯᠬᠤ᠂ ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ᠂ ᠭᠠᠷᠤᠯᠲᠠ ᠶᠢ ᠨᠡᠮᠡᠭᠳᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ᠂ ᠠᠮᠤᠷ ᠲᠦᠪᠰᠢᠨ ᠢ ᠨᠡᠮᠡᠭᠳᠡᠭᠦᠯᠬᠦ᠂ ᠪᠠᠺᠲ᠋ᠧᠷᠢ ᠶᠢ ᠪᠠᠭᠠᠰᠬᠠᠬᠤ᠂ ᠬᠤᠬᠢᠷᠠᠯ ᠢ ᠪᠠᠭᠠᠰᠬᠠᠬᠤ᠂ ᠪᠣᠷᠳᠤᠭᠤᠷ ᠢ ᠪᠠᠭᠠᠰᠬᠠᠬᠤ᠂ ᠥᠪᠡᠷ ᠤᠨ ᠥᠷᠲᠡᠭ ᠢ ᠪᠠᠭᠠᠰᠬᠠᠬᠤ᠂ ᠨᠡᠭᠦᠷᠡᠰᠦᠲᠥ᠋ᠷᠥᠭᠴᠢ ᠶᠢ ᠪᠠᠭᠠᠰᠬᠠᠬᠤ ᠵᠡᠷᠭᠡ ᠢᠯᠡᠳᠲᠡ ᠦᠷ᠎ᠡ ᠪᠦᠲᠦᠮᠵᠢ ᠶᠢ ᠭᠤᠣᠯᠳᠠᠯᠭ᠎ᠠ ᠲᠠᠢ ᠬᠤᠪᠢᠶᠠᠯᠴᠠᠵᠤ᠂ ᠣᠳᠣᠬᠠᠨ ᠤ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠳᠤ ᠲᠤᠰᠬᠠᠢ ᠮᠡᠷᠭᠡᠵᠢᠯ ᠤᠨ ᠵᠢᠯᠤᠭᠤᠳᠬᠤ ᠴᠢᠭᠯᠡᠯ ᠢ ᠬᠠᠩᠭᠠᠭᠰᠠᠨ ᠪᠠᠶᠢᠨ᠎ᠠ᠃
22.png
      3 ᠰᠠᠷ᠎ᠠ ᠶᠢᠨ 13  ᠤ ᠡᠳᠦᠷ ᠂ᠬᠠᠷᠢᠭᠤᠴᠠᠯᠭᠠᠲᠠᠨ ᠨᠠᠷ ᠱᠠᠨᠳᠦ᠋ᠩ ᠤᠨ ᠪᠢᠨᠵᠸᠤ ᠳᠤ ᠬᠦᠷᠴᠦ ᠂ ARC ᠮᠢᠺᠷᠣᠪ ᠪᠠᠺᠲ᠋ᠧᠷᠢ ᠶᠢᠨ ᠡᠮ ᠦᠢᠯᠡᠳᠪᠦᠷᠢᠯᠡᠬᠦ ᠲᠠᠰᠤᠭ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠭᠰᠠᠨ ᠪᠥᠭᠡᠳ ᠱᠠᠨᠳᠦ᠋ᠩ ᠤᠨ ᠠᠺᠧ ᠠᠮᠢᠳᠤ ᠪᠣᠳᠠᠰ ᠤᠨ ᠺᠣᠮᠫᠠᠨᠢ ᠲᠠᠢ ᠪᠠᠺᠲ᠋ᠧᠷᠢ ᠶᠢᠨ ᠡᠮ ᠦᠢᠯᠡᠳᠪᠦᠷᠢᠯᠡᠬᠦ ᠶᠠᠪᠤᠴᠠ ᠂ ᠪᠣᠯᠪᠠᠰᠤᠷᠠᠭᠤᠯᠬᠤ ᠴᠢᠳᠠᠪᠤᠷᠢ ᠵᠢᠴᠢ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠶᠢᠨ ᠪᠠᠶᠢᠳᠠᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠪᠠ ᠃
33.png
      ᠳᠠᠷᠠᠭᠠᠴᠢ ᠶᠢᠨ ᠠᠯᠬᠤᠮ ᠳᠤ ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠢᠨ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠣᠰᠣᠯᠢᠭ ᠲᠠᠷᠢᠮᠠᠯ ᠤᠨ ᠭᠠᠵᠠᠷ ᠂ ᠠᠺᠠᠳᠧᠮᠢᠴᠢ ᠯᠢ ᠫᠧᠢ ᠦ᠋ ᠶᠢᠨ ᠪᠦᠯᠬᠦᠮ ᠯᠦᠭᠡ ᠶᠢᠨ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ ᠂ ᠬᠡᠷᠡᠭᠵᠢᠭᠦᠯᠬᠦ ᠠᠭᠤᠯᠭ᠎ᠠ ᠪᠠᠨ ᠨᠠᠷᠢᠯᠢᠭᠵᠢᠭᠤᠯᠵᠤ ᠂ ᠬᠤᠯᠪᠣᠬᠤ ᠲᠣᠭᠲᠠᠴᠠ ᠶᠢ ᠪᠠᠶᠢᠭᠤᠯᠵᠤ ᠂ ᠡᠬᠢ ᠪᠠᠶᠠᠯᠢᠭ ᠤᠨ ᠡᠯᠧᠮᠧᠨ᠋ᠲ ᠢ ᠨᠡᠶᠢᠳᠬᠡᠵᠦ ᠂ ᠮᠠᠨ ᠤ ᠣᠷᠣᠨ ᠤ ᠰᠢᠷ᠎ᠠ ᠪᠤᠷᠴᠠᠭ ᠤᠨ ᠭᠠᠷᠤᠯᠲᠠ ᠶᠢ ᠶᠡᠭᠡ ᠬᠡᠪᠴᠢᠶ᠎ᠡ ᠪᠠᠷ ᠲᠡᠩᠴᠡᠭᠦᠷᠢᠲᠡᠢ ᠨᠡᠮᠡᠭᠳᠡᠭᠦᠯᠬᠦ ᠵᠢᠴᠢ ᠯᠣᠬᠠᠱᠧᠩ ᠂ ᠴᠠᠷᠭᠠᠰᠤ ᠵᠡᠷᠭᠡ ᠲᠠᠷᠢᠮᠠᠯ ᠤᠨ ᠤᠨᠠᠯᠲᠠ ᠶᠢ ᠨᠡᠮᠡᠭᠳᠡᠭᠦᠯᠬᠦ ᠦᠷ᠎ᠡ ᠠᠰᠢᠭ ᠢ ᠨᠡᠮᠡᠭᠳᠡᠭᠦᠯᠬᠦ ᠳᠠᠯᠳᠠ ᠬᠦᠴᠦᠨ ᠢ ᠠᠭᠤᠳᠠᠯᠬᠤ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠪᠠ ᠦᠢᠯᠡᠴᠢᠯᠡᠭᠡ ᠶᠢ ᠰᠠᠶᠢᠲᠤᠷ ᠬᠢᠨ᠎ᠡ ᠃
55.png
      ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠣᠰᠣᠯᠢᠭ ᠲᠠᠷᠢᠮᠠᠯ ᠤᠨ ᠰᠤᠳᠤᠯᠭᠠᠨ ᠤ ᠭᠠᠵᠠᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠢᠭᠡᠳ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠭᠠᠵᠠᠷ ᠤᠨ ᠳᠡᠳ᠋ ᠳᠠᠷᠤᠭ᠎ᠠ ᠵᠠᠩ ᠰᠢᠶᠠᠩ ᠰᠢᠶᠠᠩ ᠶᠠᠷᠢᠯᠴᠠᠬᠤ ᠬᠤᠷᠠᠯ ᠢ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠲᠠᠷᠢᠮᠠᠯ ᠤᠨ ᠦᠢᠯᠡᠰ ᠤᠨ ᠭᠠᠵᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠠᠮᠤ ᠲᠣᠰᠣᠨ ᠤ ᠲᠠᠷᠢᠮᠠᠯ ᠤᠨ ᠮᠡᠷᠭᠡᠵᠢᠯ ᠤᠨ ᠭᠠᠵᠠᠷ᠂ ᠲᠡᠵᠢᠭᠡᠯ ᠡᠪᠡᠰᠦ ᠪᠣᠷᠳᠣᠭᠠᠨ ᠤ ᠮᠡᠷᠭᠡᠵᠢᠯ ᠤᠨ ᠭᠠᠵᠠᠷ᠂ ᠬᠥᠬᠡᠬᠤᠲᠠ᠂ ᠲᠦᠩᠯᠢᠶᠣᠣ ᠬᠤᠲᠠ᠂ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠢᠴᠢ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠲᠥᠪ᠂ ᠬᠥᠯᠥᠨ ᠪᠤᠶᠢᠷ ᠤᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ᠂ ᠡᠩᠬᠡ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠲᠥᠯᠥᠭᠡᠯᠡᠭᠴᠢ ᠵᠢᠴᠢ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠣᠰᠣᠯᠢᠭ ᠲᠠᠷᠢᠮᠠᠯ ᠤᠨ ᠭᠠᠵᠠᠷ᠂ ᠯᠢ ᠠᠺᠠᠳᠧᠮᠢᠴᠢ ᠶᠢᠨ ᠪᠦᠯᠬᠦᠮ ᠤᠨ ᠲᠤᠰᠬᠠᠢ ᠮᠡᠷᠭᠡᠵᠢᠯᠲᠡᠨ 20 ᠭᠠᠷᠤᠢ ᠬᠥᠮᠥᠨ ᠶᠠᠷᠢᠯᠴᠠᠬᠤ ᠬᠤᠷᠠᠯ ᠳᠤ ᠣᠷᠣᠯᠴᠠᠵᠤ ᠰᠢᠨᠵᠢᠯᠡᠨ ᠪᠠᠶᠢᠴᠠᠭᠠᠪᠠ᠃
66.png
 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号