ᠵᠣᠬᠢᠶᠠᠮᠠᠯ ᠣᠶᠤᠨᠴᠢ ᠮᠡᠷᠭᠡᠵᠢᠯ ᠤᠨ ᠲᠦᠷᠭᠡᠨ ᠬᠥᠭᠵᠢᠯᠲᠡ ᠶᠢ ᠳᠠᠭᠠᠯᠳᠤᠨ᠂ DeepSeek ᠨᠢ | ᠲᠡᠷᠢᠭᠦᠨ ᠤ AI ᠮᠡᠷᠭᠡᠵᠢᠯ ᠪᠣᠯᠤᠭᠰᠠᠨ ᠤ ᠬᠤᠪᠢ ᠳᠤ᠂ ᠨᠢᠭᠡᠨᠲᠡ ᠣᠯᠠᠨ ᠬᠦᠷᠢᠶ᠎ᠡ ᠴᠠᠷᠠᠭᠠᠨ ᠳᠤ ᠬᠦᠴᠦᠷᠬᠡᠭ ᠶᠡᠭᠡ | ᠬᠡᠷᠡᠭᠯᠡᠭᠡᠨ ᠤ ᠳᠠᠯᠳᠠ ᠬᠦᠴᠦᠨ ᠢ ᠢᠯᠡᠷᠡᠭᠦᠯᠪᠡ᠃ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ | ᠠᠬᠢᠴᠠ ᠶᠢ ᠲᠦᠷᠭᠡᠳᠬᠡᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ | ᠳᠡᠯᠭᠡᠷᠡᠭᠦᠯᠬᠦ ᠲᠥᠪ 2025 ᠣᠨ ᠤ 3 ᠰᠠᠷ᠎ᠠ ᠶᠢᠨ 11 ᠤ ᠡᠳᠦᠷ ᠳᠡᠳ᠋ ᠰᠠᠯᠠᠭᠠᠨ ᠤ ᠳᠡᠰ ᠠᠴᠠ ᠳᠡᠭᠡᠭᠰᠢᠬᠢ | ᠺᠠᠳ᠋ᠷ ᠵᠢᠴᠢ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ︽DeepSeek ᠲᠠᠷᠢᠶᠠᠯᠠᠩ ᠮᠠᠯ ᠠᠵᠤ | ᠠᠬᠤᠢ ᠶᠢᠨ ᠬᠦᠷᠢᠶ᠎ᠡ ᠴᠠᠷᠠᠭᠠᠨ ᠳᠠᠬᠢ ᠬᠡᠷᠡᠭᠯᠡᠭᠡᠨ ᠤ ᠪᠣᠯᠪᠠᠰᠤᠷᠠᠯ ᠤᠨ ᠬᠤᠷᠠᠯ︾ ᠢ ᠡᠷᠬᠢᠯᠡᠪᠡ᠃ ᠲᠤᠰ ᠤᠳᠠᠭᠠᠨ ᠤ | ᠪᠣᠯᠪᠠᠰᠤᠷᠠᠯ ᠤᠨ ᠬᠤᠷᠠᠯ ᠨᠢ ᠵᠣᠬᠢᠶᠠᠮᠠᠯ ᠣᠶᠤᠨᠴᠢ ᠮᠡᠷᠭᠡᠵᠢᠯ ᠢ ᠣᠷᠣᠭᠤᠯᠤᠨ ᠠᠪᠴᠢᠷᠠᠵᠤ᠂ ᠤᠯᠠᠮᠵᠢᠯᠠᠯᠲᠤ | ᠲᠠᠷᠢᠶᠠᠯᠠᠩ ᠮᠠᠯ ᠠᠵᠤ ᠠᠬᠤᠢ ᠳᠤ ᠴᠢᠳᠠᠪᠤᠷᠢ ᠣᠯᠭᠤᠵᠤ᠂ ᠲᠤᠰᠬᠠᠢ ᠮᠡᠷᠭᠡᠵᠢᠯᠲᠡᠨ ᠤ ᠤᠶᠤᠨᠴᠢᠯᠠᠭᠰᠠᠨ | ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠶᠢᠨ ᠲᠥᠯᠥᠭᠡ ᠶᠤᠮ᠃ | | | | | | ᠪᠣᠯᠪᠠᠰᠤᠷᠠᠯ ᠤᠨ ᠬᠤᠷᠠᠯ ᠳᠡᠭᠡᠷ᠎ᠡ᠂ DeepSeek ᠮᠡᠷᠭᠡᠵᠢᠯ ᠤᠨ ᠲᠤᠰᠬᠠᠢ ᠮᠡᠷᠭᠡᠵᠢᠯᠲᠡᠨ ᠵᠧᠦ ᠳ᠋ᠦᠩ | ᠪᠠᠭᠰᠢ ᠲᠡᠭᠦᠨ ᠤ ᠭᠤᠣᠯ ᠮᠡᠷᠭᠡᠵᠢᠯ ᠤᠨ ᠲᠠᠷᠢᠶᠠᠯᠠᠩ ᠮᠠᠯ ᠠᠵᠤ ᠠᠬᠤᠢ ᠳᠠᠬᠢ ᠬᠡᠷᠡᠭᠯᠡᠯᠲᠡ ᠶᠢ ᠨᠠᠷᠢᠨ | ᠲᠠᠨᠢᠯᠴᠠᠭᠤᠯᠵᠤ᠂ DeepSeek ᠲᠠᠷᠢᠶᠠᠯᠠᠩ ᠮᠠᠯ ᠠᠵᠤ ᠠᠬᠤᠢ ᠶᠢᠨ ᠦᠢᠯᠡᠳᠦᠯᠭᠡ ᠪᠠ ᠬᠡᠷᠡᠭᠯᠡᠯᠲᠡ᠂ | DeepSeek ᠡᠳᠦᠷ ᠲᠤᠲᠤᠮ ᠤᠨ ᠠᠯᠪᠠᠨ ᠠᠵᠢᠯ ᠤᠨ ᠬᠡᠷᠡᠭᠯᠡᠯᠲᠡ ᠵᠡᠷᠭᠡ ᠬᠡᠳᠦᠨ ᠲᠠᠯ᠎ᠠ ᠵᠢᠴᠢ ᠲᠣᠮᠣ | ᠳ᠋ᠠᠶᠢᠲ᠋ᠠ ᠶᠢᠨ ᠵᠠᠳᠠᠯᠤᠯᠲᠠ᠂ ᠮᠠᠰᠢᠨ ᠰᠤᠷᠤᠯᠴᠠᠯᠭ᠎ᠠ ᠪᠠ ᠺᠣᠮᠫᠢᠦ᠋ᠲ᠋ᠧᠷ ᠤᠨ ᠬᠠᠷᠠᠭ᠎ᠠ ᠵᠡᠷᠭᠡ ᠮᠡᠷᠭᠡᠵᠢᠯ ᠤᠨ | ᠰᠤᠷᠤᠯᠴᠠᠯᠭ᠎ᠠ ᠪᠠᠷ ᠳᠠᠮᠵᠢᠭᠤᠯᠵᠤ᠂ ᠨᠠᠷᠢᠯᠢᠭ ᠣᠨᠣᠪᠴᠢᠲᠠᠢ ᠲᠠᠷᠢᠶᠠᠯᠠᠩ᠂ ᠣᠶᠤᠨᠴᠢ ᠲᠠᠷᠢᠶᠠᠯᠠᠩ ᠤᠨ ᠮᠠᠰᠢᠨ᠂ | ᠡᠪᠡᠳᠴᠢᠨ ᠬᠤᠷᠣᠬᠠᠢ ᠶᠢᠨ ᠬᠥᠨᠥᠭᠡᠯ ᠤᠨ ᠬᠢᠨᠠᠨ ᠬᠡᠮᠵᠢᠯᠲᠡ ᠶᠢ ᠪᠡᠶᠡᠯᠡᠭᠦᠯᠵᠦ᠂ ᠡᠬᠢ ᠪᠠᠶᠠᠯᠢᠭ ᠤᠨ | ᠠᠰᠢᠭᠯᠠᠯᠲᠠ ᠶᠢᠨ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠦᠨ᠂ ᠲᠠᠷᠢᠶᠠᠯᠠᠩ ᠤᠨ ᠣᠳᠣᠬᠢᠴᠢᠯᠠᠯᠲᠠ ᠶᠢᠨ | ᠠᠬᠢᠴᠠ ᠶᠢ ᠠᠬᠢᠭᠤᠯᠤᠨ᠎ᠠ ᠃ | ᠪᠣᠯᠪᠠᠰᠤᠷᠠᠯ ᠤᠨ ᠬᠤᠷᠠᠯ ᠳᠡᠭᠡᠷ᠎ᠡ᠂ DeepSeek ᠮᠡᠷᠭᠡᠵᠢᠯ ᠨᠢ ᠲᠠᠷᠢᠶᠠᠯᠠᠩ ᠮᠠᠯ ᠠᠵᠤ ᠠᠬᠤᠢ ᠶᠢᠨ | ᠬᠦᠷᠢᠶ᠎ᠡ ᠴᠠᠷᠠᠭ᠎ᠠ ᠂ ᠡᠳᠦᠷ ᠲᠤᠲᠤᠮ ᠤᠨ ᠠᠯᠪᠠᠨ ᠠᠵᠢᠯ ᠳᠤᠮᠳᠠᠬᠢ ᠪᠣᠳᠠᠲᠠᠢ ᠬᠡᠷᠡᠭᠯᠡᠭᠡ ᠶᠢ ᠳᠡᠯᠭᠡᠨ ᠦᠵᠡᠭᠦᠯᠵᠦ᠂ | ᠠᠰᠠᠭᠤᠯᠲᠠ ᠬᠠᠷᠢᠭᠤᠯᠲᠠ ᠶᠢᠨ ᠭᠤᠭᠴᠤᠭ᠎ᠠ ᠳᠤ ᠲᠤᠰᠬᠠᠢ ᠮᠡᠷᠭᠡᠵᠢᠯᠲᠡᠨ ᠲᠠᠢ ᠭᠦᠨᠵᠡᠭᠡᠢ ᠰᠣᠯᠢᠯᠴᠠᠬᠤ ᠪᠠᠷ ᠳᠠᠮᠵᠢᠨ᠂ | ᠪᠣᠯᠪᠠᠰᠤᠷᠠᠯ ᠳᠤ ᠣᠷᠤᠯᠴᠠᠭᠴᠢᠳ ᠨᠢ DeepSeek ᠮᠡᠷᠭᠡᠵᠢᠯ ᠤᠨ ᠬᠡᠷᠡᠭᠯᠡᠯᠲᠡ ᠳᠤ ᠨᠡᠩ ᠭᠦᠨᠵᠡᠭᠡᠢ | ᠲᠠᠨᠢᠯᠲᠠ ᠲᠠᠢ ᠪᠣᠯᠵᠤ᠂ ᠬᠤᠶᠢᠰᠢᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠳᠡᠯᠭᠡᠷᠡᠭᠦᠯᠦᠯᠲᠡ ᠳᠤᠮᠳᠠ᠂ | ᠥᠨᠳᠥᠷ ᠪᠦᠲᠦᠮᠵᠢᠲᠡᠢ ᠠᠵᠢᠯᠯᠠᠬᠤ ᠲᠠᠯ᠎ᠠ ᠪᠠᠷ ᠬᠦᠴᠦᠲᠡᠢ ᠳᠡᠮᠵᠢᠯᠭᠡ ᠬᠠᠩᠭᠠᠭᠰᠠᠨ ᠪᠠᠶᠢᠨ᠎ᠠ᠃ | ᠲᠤᠰ ᠤᠳᠠᠭᠠᠨ ᠤ ᠪᠣᠯᠪᠠᠰᠤᠷᠠᠯ ᠤᠨ ᠬᠤᠷᠠᠯ ᠢ ᠠᠮᠵᠢᠯᠲᠠ ᠲᠠᠢ ᠡᠷᠬᠢᠯᠡᠭᠰᠡᠨ ᠨᠢ ᠬᠥᠬᠡᠬᠤᠲᠠ ᠶᠢᠨ | ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠠᠵᠢᠯ ᠢ ᠤᠶᠤᠨᠴᠢᠯᠠᠭᠰᠠᠨ᠂ ᠲᠣᠭᠠᠴᠢᠯᠠᠭᠰᠠᠨ | ᠰᠢᠨ᠎ᠡ ᠱᠠᠲᠤᠨ ᠳᠤ ᠣᠷᠣᠭᠤᠯᠤᠭᠰᠠᠨ ᠢ ᠬᠠᠷᠠᠭᠤᠯᠵᠤ ᠪᠠᠶᠢᠨ᠎ᠠ᠃ DeepSeek ᠮᠡᠷᠭᠡᠵᠢᠯ ᠢ ᠥᠷᠭᠡᠨ | ᠬᠡᠷᠡᠭᠯᠡᠬᠦ ᠪᠠᠷ ᠳᠠᠮᠵᠢᠭᠤᠯᠤᠨ᠂ ᠲᠠᠷᠢᠶᠠᠯᠠᠩ ᠮᠠᠯ ᠠᠵᠤ ᠠᠬᠤᠢ ᠳᠤ ᠨᠡᠩ ᠣᠯᠠᠨ ᠣᠶᠤᠨᠴᠢᠯᠠᠭᠰᠠᠨ᠂ | ᠲᠣᠭᠠᠴᠢᠯᠠᠭᠰᠠᠨ ᠰᠢᠨ᠎ᠡ ᠠᠮᠢᠵᠢᠷᠠᠯ ᠤᠨ ᠬᠦᠴᠦᠨ ᠣᠯᠭᠤᠵᠤ᠂ ᠲᠠᠷᠢᠶᠠᠯᠠᠩ ᠮᠠᠯ ᠠᠵᠤ ᠠᠬᠤᠢ ᠶᠢᠨ | ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠵᠦ ᠂ ᠲᠠᠷᠢᠶᠠᠯᠠᠩ ᠤᠨ ᠴᠢᠨᠠᠷ ᠰᠠᠶᠢᠲᠠᠢ | ᠬᠥᠭᠵᠢᠯᠲᠡ ᠪᠠ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ | ᠰᠠᠭᠤᠷᠢ ᠲᠠᠯᠪᠢᠬᠤ ᠪᠣᠯᠤᠨ᠎ᠠ᠃ | ᠮᠡᠳᠡᠭᠡ ᠵᠠᠩᠭᠢ ᠶᠢᠨ ᠢᠷᠡᠯᠲᠡ᠄ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ | |