ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠵᠡᠷᠭᠡ ᠨᠢᠭᠡᠴᠡ ︽3•15 ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠵᠢᠯᠯᠠᠭ᠎ᠠ︾ ᠶᠢᠨ ᠲᠤᠬᠠᠢ ᠶᠢᠨ ᠲᠠᠯᠠᠪᠤᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/15
      ︽3•15︾ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠲᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠡᠷᠡᠭᠯᠡᠭᠴᠢᠳ ᠤᠨ ᠨᠡᠶᠢᠭᠡᠮᠯᠢᠭ᠂ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠠᠢ ᠬᠠᠮᠲᠤᠷᠠᠨ ᠬᠥᠬᠡᠬᠤᠲᠠ ᠳᠤ ︽3.15 ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠵᠢᠯᠯᠠᠭ᠎ᠠ︾ ᠶᠢᠨ ᠲᠤᠬᠠᠢ ᠶᠢᠨ ᠲᠠᠯᠠᠪᠤᠷ ᠤᠨ ᠠᠵᠢᠯᠯᠠᠭ᠎ᠠ ᠥᠷᠨᠢᠭᠦᠯᠵᠦ᠂ ᠲᠤᠬᠠᠢ ᠶᠢᠨ ᠲᠠᠯᠠᠪᠤᠷ ᠤᠨ ᠤᠬᠠᠭᠤᠯᠭ᠎ᠠ᠂ ᠨᠡᠶᠢᠲᠡ ᠶᠢᠨ ᠠᠰᠠᠷᠠᠮᠵᠢ ᠶᠢᠨ ᠯᠠᠪᠯᠠᠯᠭ᠎ᠠ ᠵᠡᠷᠭᠡ ᠬᠡᠯᠪᠡᠷᠢ ᠪᠠᠷ ᠳᠠᠮᠵᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠠᠮᠤᠷ ᠲᠦᠪᠰᠢᠨ ᠤ ᠬᠠᠤᠯᠢ ᠴᠠᠭᠠᠵᠠ ᠲᠥᠷᠥ ᠶᠢᠨ ᠪᠣᠳᠣᠯᠭ᠎ᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠠᠩᠬᠠᠷᠤᠨ ᠬᠠᠯᠠᠮᠵᠢᠯᠠᠬᠤ ᠶᠢ ᠬᠥᠲᠥᠯᠦᠨ ᠵᠢᠯᠣᠭᠤᠳᠪᠠ᠃ ᠠᠵᠢᠯᠯᠠᠭ᠎ᠠ ᠳᠤ ᠪᠠᠰᠠ ᠶᠠᠰᠤ ᠴᠢᠨᠠᠷ ᠪᠠ ᠶᠠᠰᠤ ᠴᠢᠨᠠᠷ ᠤᠨ ᠰᠢᠯᠭᠠᠯᠲᠠ᠂ ᠲᠠᠷᠢᠶᠠᠯᠠᠩ ᠤᠨ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠦᠢᠯᠡᠳᠦᠯᠴᠡᠨ ᠣᠶᠢᠯᠠᠭᠠᠬᠤ ᠠᠭᠤᠯᠭ᠎ᠠ ᠲᠠᠢ ᠪᠠᠶᠢᠵᠤ᠂ ᠥᠷᠭᠡᠨ ᠤᠯᠠᠨ ᠲᠦᠮᠡᠨ ᠤ ᠣᠷᠣᠯᠴᠠᠬᠤ ᠲᠥᠷᠥᠭᠳᠡᠯ ᠢ ᠨᠡᠮᠡᠭᠳᠡᠭᠦᠯᠵᠦ᠂ ᠤᠯᠠᠨ ᠨᠡᠶᠢᠲᠡ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠤᠬᠠᠢ ᠢᠲᠡᠭᠡᠯ ᠢ ᠳᠡᠭᠡᠭᠰᠢᠯᠡᠭᠦᠯᠵᠡᠢ᠃ 
2.png
      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠤᠨ ᠠᠵᠢᠯᠲᠠᠨ ᠠᠴᠠ ᠣᠯᠠᠨ ᠲᠦᠮᠡᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ ᠶᠢᠨ ᠲᠠᠶᠢᠯᠤᠮᠵᠢ ᠶᠢᠨ ᠲᠣᠳᠣᠷᠬᠠᠢ ᠴᠠᠭᠠᠰᠤ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ︽ᠲᠠᠷᠢᠶᠠᠨ ᠡᠮ ᠬᠡᠷᠡᠭᠯᠡᠬᠦ ᠶᠢ ᠴᠠᠭᠠᠵᠠᠯᠠᠬᠤ ᠪᠠ ᠬᠢᠵᠠᠭᠠᠷᠯᠠᠬᠤ ᠨᠡᠷᠡᠰ ᠤᠨ ᠵᠢᠭᠰᠠᠭᠠᠯᠲᠠ︾ ︽ᠮᠠᠯ ᠤᠨ ᠡᠮ ᠬᠡᠷᠡᠭᠯᠡᠬᠦ ᠶᠢ ᠴᠠᠭᠠᠵᠠᠯᠠᠬᠤ ᠪᠠ ᠬᠢᠵᠠᠭᠠᠷᠯᠠᠬᠤ ᠨᠡᠷᠡᠰ ᠤᠨ ᠵᠢᠭᠰᠠᠭᠠᠯᠲᠠ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠂ ᠡᠯ᠎ᠡ ᠲᠥᠷᠥᠯ ᠤᠨ ᠬᠡᠷᠡᠭᠯᠡᠭᠡᠨ ᠤ ᠰᠠᠨᠠᠭᠤᠯᠤᠮᠵᠢ᠂ ᠰᠡᠷᠡᠮᠵᠢ ᠶᠢᠨ ᠮᠠᠲ᠋ᠧᠷᠢᠶᠠᠯ  ᠢ ᠲᠠᠷᠬᠠᠭᠠᠵᠤ᠂ ᠮᠠᠯᠴᠢᠨ ᠲᠠᠷᠢᠶᠠᠴᠢᠨ ᠪᠠ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢ ᠬᠠᠪᠰᠤᠷᠤᠨ ᠬᠠᠤᠯᠢ ᠴᠠᠭᠠᠵᠠ ᠶᠢᠨ ᠦᠵᠡᠯ ᠤᠬᠠᠮᠰᠠᠷ ᠢ ᠨᠢ ᠳᠡᠭᠡᠭᠰᠢᠯᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠶᠢ ᠵᠢᠯᠤᠭᠤᠳᠴᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠪᠠᠲᠤᠯᠠᠭ᠎ᠠ ᠬᠠᠩᠭᠠᠵᠠᠢ︔ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠬᠠᠤᠯᠢ ᠲᠣᠭᠲᠠᠭᠠᠯ ᠤᠨ ᠭᠠᠵᠠᠷ ᠨᠡᠶᠢᠲᠡ ᠶᠢᠨ ᠠᠰᠠᠷᠠᠮᠵᠢ ᠶᠢᠨ ᠲᠤᠰᠬᠠᠢ ᠬᠠᠤᠯᠢᠴᠢ ᠶᠢᠨ ᠪᠦᠯᠬᠦᠮ  ᠢ ᠳᠠᠭᠠᠭᠤᠯᠤᠨ ᠲᠤᠬᠠᠢ ᠶᠢᠨ ᠲᠠᠯᠠᠪᠠᠶ ᠳᠤ ᠬᠡᠷᠡᠭᠯᠡᠭᠴᠢᠳ ᠲᠤ ᠦᠨ᠎ᠡ ᠲᠥᠯᠥᠪᠦᠷᠢ ᠦᠭᠡᠢ ᠪᠠᠷ ᠬᠠᠤᠯᠢ ᠴᠠᠭᠠᠵᠠ ᠶᠢᠨ ᠵᠥᠪᠯᠡᠯᠭᠡ ᠥᠭᠬᠦ ᠦᠢᠯᠡᠴᠢᠯᠡᠭᠡ ᠬᠠᠩᠭᠠᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠭᠤᠶᠤᠴᠢᠯᠠᠯ ᠳᠤ ᠵᠢᠯᠣᠭᠤᠳᠤᠯᠭ᠎ᠠ ᠬᠢᠵᠦ᠂ ᠬᠡᠷᠡᠭᠯᠡᠭᠴᠢᠳ ᠤᠨ ᠲᠠᠷᠢᠶᠠᠯᠠᠩ ᠤᠨ ᠪᠦᠲᠦᠭᠡᠭᠳᠡᠬᠦᠨ ᠤ ᠬᠡᠷᠡᠭᠯᠡᠭᠡᠨ ᠤ ᠶᠠᠪᠤᠴᠠ ᠳᠤ ᠲᠣᠬᠢᠶᠠᠯᠳᠤᠭᠰᠠᠨ ᠪᠦᠲᠦᠭᠡᠭᠳᠡᠬᠦᠨ ᠤ ᠶᠠᠰᠤ ᠴᠢᠨᠠᠷ ᠵᠡᠷᠭᠡ ᠬᠠᠤᠯᠢ ᠴᠠᠭᠠᠵᠠ ᠶᠢᠨ ᠠᠰᠠᠭᠤᠳᠠᠯ ᠳᠤ ᠬᠠᠷᠢᠭᠤᠯᠲᠠ ᠥᠭᠴᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠳᠤ ᠲᠤᠰᠠᠯᠠᠵᠠᠢ᠃       ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ ᠨᠢ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ︽ᠲᠠ ᠵᠢᠭᠠᠵᠤ ᠪᠢᠳᠡ ᠪᠠᠶᠢᠴᠠᠭᠠᠬᠤ︾ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠥᠷᠨᠢᠭᠦᠯᠵᠡᠢ᠃ ᠬᠡᠷᠡᠭᠯᠡᠭᠴᠢᠳ ᠤᠨ ᠥᠪᠡᠷ ᠤᠨ ᠠᠩᠬᠠᠷᠴᠤ ᠪᠠᠶᠢᠭ᠎ᠠ ᠲᠦᠭᠦᠬᠡᠢ ᠰᠢᠨ᠎ᠡ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠢᠶᠠᠨ ᠰᠣᠩᠭᠤᠵᠤ ᠰᠤᠭᠤᠯᠤᠨ ᠪᠠᠶᠢᠴᠠᠭᠠᠬᠤ ᠶᠢ ᠵᠣᠷᠢᠭᠵᠢᠭᠤᠯᠵᠠᠢ᠃ ᠲᠤᠰᠬᠠᠢ ᠮᠡᠷᠭᠡᠵᠢᠯ ᠤᠨ ᠪᠠᠶᠢᠴᠠᠭᠠᠨ ᠰᠢᠯᠭᠠᠬᠤ ᠠᠵᠢᠯᠲᠠᠨ ᠲᠤᠬᠠᠢ ᠶᠢᠨ ᠲᠠᠯᠠᠪᠤᠷ ᠲᠤ ᠲᠠᠷᠢᠶᠠᠨ ᠭᠠᠵᠠᠷ ᠤᠨ ᠦᠯᠡᠳᠡᠭᠳᠡᠯ ᠢ ᠲᠦᠷᠭᠡᠨ ᠪᠠᠶᠢᠴᠠᠭᠠᠨ ᠰᠢᠯᠭᠠᠵᠤ᠂ ᠠᠮᠠᠯᠠᠯᠲᠠ ᠶᠢᠨ ᠪᠠᠷᠢᠮᠵᠢᠶ᠎ᠠ ᠳᠤ ᠬᠦᠷᠦᠭᠰᠡᠨ ᠬᠢᠷᠢ ᠲᠡᠩᠴᠡᠭᠰᠡᠨ ᠦᠨᠡᠮᠯᠡᠯ ᠢ ᠳᠠᠷᠤᠮᠠᠯᠯᠠᠵᠤ᠂ ᠲᠤᠬᠠᠢ ᠶᠢᠨ ᠲᠠᠯᠠᠪᠤᠷ ᠲᠤ ᠬᠠᠷᠢᠯᠴᠠᠨ ᠣᠶᠢᠯᠠᠭᠠᠯᠴᠠᠬᠤ ᠬᠡᠯᠪᠡᠷᠢ ᠪᠠᠷ ᠬᠡᠷᠡᠭᠯᠡᠭᠴᠢᠳ ᠲᠤ ᠦᠢᠯᠡᠳᠬᠦᠨ ᠤ ᠶᠠᠰᠤ ᠴᠢᠨᠠᠷ ᠤᠨ ᠪᠠᠶᠢᠳᠠᠯ ᠢ ᠣᠶᠢᠯᠠᠭᠠᠭᠤᠯᠵᠤ᠂ ᠬᠡᠷᠡᠭᠯᠡᠭᠡᠨ ᠤ ᠢᠲᠡᠭᠡᠯ ᠢ ᠨᠢ ᠨᠡᠮᠡᠭᠳᠡᠭᠦᠯᠵᠡᠢ᠃ 
3.png
      ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠪᠠ ᠶᠠᠰᠤ ᠴᠢᠨᠠᠷ ᠤᠨ ᠰᠢᠯᠭᠠᠯᠲᠠ ᠶᠢᠨ ᠭᠤᠭᠴᠤᠭ᠎ᠠ ᠳᠤ᠂ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠥᠷᠭᠡᠨ ᠣᠯᠠᠨ ᠪᠣᠬᠢᠷᠲᠤᠯ ᠦᠭᠡᠢ᠂ ᠣᠷᠭᠠᠨᠢᠭ᠂ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯ ᠤᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠦᠵᠡᠰᠬᠦᠯᠡᠩ ᠳᠤ ᠣᠷᠣᠯᠴᠠᠭᠤᠯᠵᠤ᠂ ᠪᠣᠬᠢᠷᠲᠤᠯ ᠦᠭᠡᠢ ᠴᠢᠨᠠᠷ ᠰᠠᠶᠢᠲᠠᠢ ᠪᠦᠲᠦᠭᠡᠭᠳᠡᠬᠦᠨ ᠢ ᠳᠡᠯᠭᠡᠨ ᠦᠵᠡᠭᠦᠯᠵᠦ᠂ ᠪᠣᠷᠤᠯᠠᠭᠤᠯᠭ᠎ᠠ ᠶᠢ ᠠᠬᠢᠭᠤᠯᠬᠤ ᠳᠡᠯᠭᠡᠭᠦᠷ ᠭᠠᠷᠭᠠᠵᠤ᠂ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠥᠷᠨᠢᠭᠦᠯᠦᠨ᠂ ᠬᠡᠷᠡᠭᠯᠡᠭᠴᠢᠳ ᠤᠨ ᠬᠤᠳᠠᠯᠳᠤᠨ ᠠᠪᠬᠤ ᠶᠢ ᠲᠠᠲᠠᠵᠠᠢ᠃ ᠦᠵᠡᠰᠬᠦᠯᠡᠩ ᠳᠤ ᠣᠷᠣᠯᠴᠠᠭᠰᠠᠨ ᠠᠵᠤ ᠠᠬᠤᠶᠢᠯᠠᠯ ᠤᠳ ᠪᠠᠰᠠ ᠪᠦᠲᠦᠭᠡᠭᠳᠡᠬᠦᠨ ᠢ ᠪᠡᠶᠡᠴᠢᠯᠡᠨ ᠣᠶᠢᠯᠠᠭᠠᠬᠤ ᠲᠣᠭᠤᠷᠢᠭ ᠭᠠᠷᠭᠠᠵᠤ᠂ ᠭᠡᠷᠡᠴᠢᠯᠡᠯ ᠤᠨ ᠪᠦᠲᠦᠭᠡᠭᠳᠡᠬᠦᠨ ᠢ ᠲᠤᠷᠰᠢᠨ ᠢᠳᠡᠵᠦ᠂ ᠲᠤᠷᠰᠢᠨ ᠬᠡᠷᠡᠭᠯᠡᠬᠦ ᠶᠢ ᠪᠠᠶᠠᠷᠯᠠᠨ ᠤᠭᠲᠤᠵᠤ᠂ ᠬᠥᠮᠥᠰ ᠬᠤᠶᠢᠨ᠎ᠠ ᠬᠤᠶᠢᠨ᠎ᠠ ᠠᠴᠠ ᠪᠠᠨ ᠵᠣᠭᠰᠣᠵᠤ᠂ ᠲᠤᠬᠠᠢ ᠶᠢᠨ ᠲᠠᠯᠠᠪᠤᠷ ᠲᠤ ᠮᠠᠰᠢ ᠬᠦᠷ ᠬᠥᠭᠵᠢᠶᠡᠨ ᠲᠠᠢ ᠪᠠᠶᠢᠯ᠎ᠠ᠃
4.png 
      ᠲᠣᠰ ᠤᠳᠠᠭᠠᠨ ᠤ ᠠᠵᠢᠯᠯᠠᠭ᠎ᠠ ᠨᠢ ᠬᠡᠷᠡᠭᠯᠡᠭᠴᠢᠳ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠤᠬᠠᠢ ᠲᠠᠨᠢᠯᠲᠠ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠦᠢᠯᠡᠳᠪᠦᠷᠢᠯᠡᠭᠴᠢᠳ ᠤᠨ ᠬᠠᠷᠢᠭᠤᠴᠠᠯᠭᠠᠲᠤ ᠤᠬᠠᠮᠰᠠᠷ ᠢ ᠴᠢᠩᠭᠠᠷᠠᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠠᠮᠤᠷ ᠲᠦᠪᠰᠢᠨ᠂ ᠡᠷᠡᠭᠦᠯ ᠰᠠᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠡᠷᠡᠭᠯᠡᠭᠡᠨ ᠤ ᠣᠷᠴᠢᠨ ᠨᠥᠬᠦᠴᠡᠯ ᠢ ᠪᠣᠶ ᠪᠣᠯᠭᠠᠬᠤ ᠳᠤ ᠪᠠᠲᠤ ᠪᠠᠬᠢ ᠰᠠᠭᠤᠷᠢ ᠲᠠᠯᠪᠢᠵᠤ᠂ ᠬᠡᠷᠡᠭᠯᠡᠭᠴᠢᠳ ᠤᠨ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠦᠨᠡᠨ ᠬᠦ ᠪᠠᠲᠤᠯᠠᠭᠰᠠᠨ ᠪᠠᠶᠢᠨ᠎ᠠ᠃  
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号