ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2025/3/16
       3 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠤᠷᠤᠯᠴᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃       ᠬᠤᠷᠠᠯ ᠠᠴᠠ᠂ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠪᠣᠯ ︽ᠠᠷᠪᠠᠨ ᠳᠥᠷᠪᠡᠳᠦᠭᠡᠷ ᠲᠠᠪᠤᠨᠵᠢᠯ︾ ᠤᠨ ᠲᠥᠯᠦᠪᠵᠢᠭᠦᠯᠭᠡ ᠶᠢᠨ ᠲᠡᠭᠦᠰᠬᠡᠯ ᠪᠠ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠰᠠᠨ ᠴᠢᠬᠤᠯᠠ ᠬᠤᠷᠠᠯ ᠮᠥᠨ᠂ ᠡᠨᠡ ᠨᠢ ᠤᠷᠢᠳᠤᠬᠢ ᠶᠢ ᠵᠠᠯᠭᠠᠮᠵᠢᠯᠠᠨ ᠬᠤᠶᠢᠲᠤᠬᠢ ᠶᠢ ᠰᠡᠩᠬᠡᠷᠡᠭᠦᠯᠬᠦ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠬᠥᠭᠵᠢᠯᠲᠡ ᠶᠢ ᠬᠥᠲᠥᠯᠥᠨ ᠳᠠᠭᠠᠭᠤᠯᠬᠤ ᠣᠯᠠᠨ ᠲᠠᠯ᠎ᠠ ᠶᠢᠨ ᠠᠴᠢ ᠬᠤᠯᠪᠣᠭᠳᠠᠯ ᠲᠠᠢ ᠶᠤᠮ᠃ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠠᠪᠤᠳᠠᠯ ᠢ ᠣᠳᠣᠬᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠵᠢᠴᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠡᠷᠭᠡ ᠶᠢ ᠭᠦᠨᠵᠡᠭᠡᠢ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠢᠶᠠᠷ ᠰᠤᠷᠤᠯᠴᠠᠵᠤ ᠤᠬᠠᠭᠤᠯᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃       ᠬᠤᠷᠠᠯ ᠠᠴᠠ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠨ ᠠᠳᠬᠤᠵᠤ᠂ ᠤᠯᠤᠰ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠣᠯᠣᠨ ᠪᠡᠯᠡ ᠣᠷᠣᠭᠤᠯᠤᠯᠲᠠ ᠶᠢᠨ ᠬᠠᠨᠳᠤᠰᠢ ᠶᠢ ᠨᠢᠭᠲᠠ ᠠᠩᠬᠠᠷᠴᠤ᠂ ᠲᠦᠷᠦ ᠶᠢᠨ ᠪᠣᠳᠣᠯᠭ᠎ᠠ ᠶᠢᠨ ᠴᠣᠩᠬᠤᠪᠴᠢ ᠬᠤᠭᠤᠴᠠᠭ᠎ᠠ ᠶᠢ ᠠᠮᠵᠢᠨ ᠠᠳᠬᠤᠵᠤ᠂ ᠳᠡᠭᠡᠭᠰᠢ ᠵᠣᠯᠭᠠᠭᠤᠯᠬᠤ᠂ ᠬᠥᠨᠳᠡᠯᠡᠨ ᠢᠶᠠᠷ ᠬᠠᠮᠵᠢᠯᠴᠠᠬᠤ ᠪᠠ ᠳᠣᠷᠣᠭᠰᠢ ᠦᠢᠯᠡᠴᠢᠯᠡᠬᠦ ᠶᠢ ᠴᠢᠩᠭᠠᠳᠬᠠᠵᠤ᠂ ᠲᠦᠷᠦᠯ ᠵᠦᠢᠯ ᠪᠦᠬᠦᠨ ᠢ ᠵᠠᠪᠠᠯ ᠲᠡᠮᠡᠴᠡᠨ ᠣᠯᠬᠤ᠂ ᠲᠦᠷᠦ ᠶᠢᠨ ᠪᠣᠳᠣᠯᠭ᠎ᠠ ᠪᠦᠬᠦᠨ ᠢ ᠵᠠᠪᠠᠯ ᠲᠡᠮᠡᠴᠡᠨ ᠣᠯᠬᠤ᠂ ᠪᠡᠯᠡ ᠮᠥᠩᠭᠦ ᠪᠦᠬᠦᠨ ᠢ ᠵᠠᠪᠠᠯ ᠲᠡᠮᠡᠴᠡᠨ ᠣᠯᠬᠤ᠂ ᠲᠤᠷᠰᠢᠯᠲᠠ ᠶᠢᠨ ᠴᠡᠭ ᠪᠦᠬᠦᠨ ᠢ ᠵᠠᠪᠠᠯ ᠲᠡᠮᠡᠴᠡᠨ ᠣᠯᠬᠤ᠂ ᠲᠤᠬᠠᠢ ᠶᠢᠨ ᠲᠠᠯᠠᠪᠤᠷ ᠲᠤ ᠬᠤᠷᠠᠯ ᠪᠦᠬᠦᠨ ᠢ ᠵᠠᠪᠠᠯ ᠲᠡᠮᠡᠴᠡᠨ ᠣᠯᠬᠤ ᠶᠢ ᠪᠠᠷᠢᠮᠲᠠᠯᠠᠵᠤ᠂ ᠤᠯᠤᠰ ᠤᠨ ᠨᠡᠩ ᠤᠯᠠᠨ ᠲᠦᠷᠦ ᠶᠢᠨ ᠪᠣᠳᠣᠯᠭ᠎ᠠ ᠶᠢᠨ ᠲᠦᠷᠦᠯ ᠵᠦᠢᠯ ᠢ ᠮᠠᠨ ᠤ ᠣᠷᠣᠨ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠪᠠ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ ᠠᠬᠢᠭᠤᠯᠬᠤ ᠳᠤ ᠨᠡᠩ ᠤᠯᠠᠨ ᠡᠯᠧᠮᠧᠨ᠋ᠲ ᠤᠨ ᠲᠤᠯᠭᠠᠭᠤᠷᠢᠯᠠᠯ ᠢ ᠨᠢᠭᠲᠠᠷᠠᠭᠤᠯᠬᠤ ᠬᠡᠷᠡᠭᠲᠡᠢ᠃ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠵᠤ᠂ ︽ᠲᠠᠪᠤ ᠶᠢ ᠡᠷᠬᠡᠪᠰᠢ ᠨᠢᠭᠡᠳᠦᠯᠲᠡᠢ ᠲᠥᠯᠥᠪᠵᠢᠭᠦᠯᠬᠦ︾ ᠦᠢᠯᠡᠳᠦᠯᠭᠡ ᠶᠢᠨ ᠱᠠᠭᠠᠷᠳᠠᠯᠭ᠎ᠠ ᠪᠣᠯᠣᠨ ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ ᠠᠬᠢᠭᠤᠯᠬᠤ ᠶᠢ ᠴᠢᠩᠭ᠎ᠠ ᠡᠵᠡᠮᠳᠡᠵᠦ᠂ ︽ᠵᠢᠷᠭᠤᠭᠠᠨ ᠢᠨᠵᠧᠨᠧᠷᠢᠩ︾  ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢᠨ ᠶᠡᠷᠦᠩᠬᠡᠢ ᠲᠣᠬᠢᠷᠠᠭᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠵᠢᠯ ᠤᠨ ᠭᠤᠣᠯ ᠱᠤᠭᠤᠮ ᠢ ᠪᠠᠲᠤ ᠱᠤᠭᠤᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ︽ᠰᠢᠨ᠎ᠡ ᠵᠠᠮ ᠢᠶᠠᠷ ᠵᠠᠮᠨᠠᠵᠤ᠂ ᠳᠤᠮᠳᠠ ᠤᠷᠤᠰᠬᠠᠯ ᠳᠤ ᠣᠷᠣᠬᠤ︾ ᠬᠠᠷᠠᠯᠲᠠ ᠶᠢ ᠲᠣᠭᠲᠠᠭᠠᠵᠤ᠂ ᠲᠠᠷᠢᠶᠠᠯᠠᠩ ᠮᠠᠯ ᠠᠵᠤ ᠠᠬᠤᠢ ᠶᠢ ᠳᠡᠭᠡᠭᠰᠢᠯᠡᠭᠦᠯᠬᠦ 14 ᠠᠵᠢᠯ ᠢ ᠰᠢᠰᠲ᠋ᠧᠮ ᠲᠠᠢ ᠰᠠᠶᠢᠲᠤᠷ ᠬᠢᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ᠂ ᠵᠦᠢᠯ ᠵᠤᠷᠪᠤᠰ ᠳᠠᠷᠠᠭᠠᠯᠠᠨ ᠰᠤᠳᠤᠯᠵᠤ᠂ ᠵᠣᠷᠢᠭ ᠰᠠᠨᠠᠭ᠎ᠠ ᠶᠢ ᠨᠡᠪᠲᠡᠷᠡᠲᠡᠯ᠎ᠡ ᠣᠶᠢᠯᠠᠭᠠᠵᠤ᠂ ᠪᠥᠬᠦ ᠤᠯᠤᠰ ᠤᠨ ᠬᠤᠶᠠᠷ ᠬᠤᠷᠠᠯ  ᠠᠴᠠ ᠢᠯᠡᠷᠡᠭᠦᠯᠦᠭᠰᠡᠨ ᠲᠥᠷᠥ ᠶᠢᠨ ᠪᠣᠳᠣᠯᠭ᠎ᠠ ᠶᠢᠨ ᠠᠰᠢᠭᠲᠠᠢ ᠲᠠᠯ᠎ᠠ ᠶᠢ ᠰᠠᠶᠢᠲᠤᠷ ᠬᠡᠷᠡᠭᠯᠡᠨ᠂ ᠴᠢᠬᠤᠯᠠ ᠶᠡᠭᠡ ᠪᠡᠯᠡ ᠮᠥᠩᠭᠦ᠂ ᠴᠢᠬᠤᠯᠠ ᠶᠡᠭᠡ ᠲᠥᠷᠥ ᠶᠢᠨ ᠪᠣᠳᠣᠯᠭ᠎ᠠ᠂ ᠴᠢᠬᠤᠯᠠ ᠶᠡᠭᠡ ᠲᠥᠷᠥᠯ ᠵᠦᠢᠯ ᠤᠨ ᠠᠵᠢᠯ ᠤᠨ ᠨᠠᠷᠢᠨ ᠲᠠᠩᠰᠠ ᠶᠢ ᠵᠢᠭᠰᠠᠭᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠮᠡᠳᠡᠵᠦ᠂ ᠨᠡᠮᠡᠭᠳᠡᠯ ᠤᠨ ᠬᠡᠮᠵᠢᠶ᠎ᠡ ᠶᠢ ᠲᠣᠳᠣᠷᠬᠠᠢ ᠮᠡᠳᠡᠵᠦ᠂ ᠳᠣᠲᠣᠷ᠎ᠠ ᠪᠠᠨ ᠲᠤᠭ᠎ᠠ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠠᠵᠢᠯ ᠤᠨ ᠰᠠᠭᠤᠷᠢ ᠪᠠᠨ ᠪᠠᠲᠤᠳᠬᠠᠵᠤ᠂ ︽ᠠᠮᠤ ᠪᠤᠳᠠᠭ᠎ᠠ ᠮᠢᠬ᠎ᠠ ᠰᠦ ᠡᠪᠡᠰᠦ᠂ ᠲᠠᠷᠢᠶᠠᠨ ᠭᠠᠵᠠᠷ ᠤᠰᠤᠨ ᠤ ᠲᠦᠷᠦᠯ ᠤᠨ ᠮᠡᠷᠭᠡᠵᠢᠯ᠂ ᠬᠡᠯᠬᠢᠶ᠎ᠡ ᠦᠢᠯᠡᠴᠢᠯᠡᠭᠡ ᠶᠢ ᠠᠭᠤᠰᠤᠯᠴᠠᠭᠤᠯᠤᠨ ᠥᠭᠡᠷᠡᠴᠢᠯᠡᠬᠦ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠮᠢᠩᠭᠠᠨ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ᠂ ᠬᠠᠪᠤᠷ ᠤᠨ ᠲᠠᠷᠢᠶᠠᠯᠠᠭ᠎ᠠ ᠪᠠᠷ ᠲᠠᠷᠢᠶᠠᠯᠠᠬᠤ ᠳᠤ ᠪᠡᠯᠡᠳᠬᠡᠬᠦ᠂ ᠨᠤᠲᠤᠭ ᠪᠡᠯᠴᠢᠭᠡᠷ ᠤᠨ ᠬᠡᠳᠦ ᠮᠠᠯᠵᠢᠬᠤ ᠠᠰᠠᠭᠤᠳᠠᠯ ᠢ ᠰᠢᠢᠳᠪᠦᠷᠢᠯᠡᠬᠦ᠂ ᠬᠠᠰᠢᠶᠠᠯᠠᠨ ᠲᠡᠵᠢᠭᠡᠬᠦ᠂ ᠲᠥᠬᠦᠭᠡᠷᠦᠮᠵᠢᠲᠦ ᠲᠠᠷᠢᠶᠠᠯᠠᠩ ᠪᠣᠯᠣᠨ ᠬᠦᠷᠢᠶᠡᠨ ᠤ ᠠᠵᠤ ᠠᠬᠤᠢ ᠶᠢᠨ ᠬᠥᠭᠵᠢᠯᠲᠡ ᠵᠡᠷᠭᠡ ᠠᠵᠢᠯ ᠢ ᠲᠦᠷᠭᠡᠨ ᠠᠬᠢᠭᠤᠯᠬᠤ ᠬᠡᠷᠡᠭᠲᠡᠢ︔ ᠰᠦ ᠶᠢᠨ ᠦᠢᠯᠡᠰ᠂ ᠠᠯᠠᠰᠢᠨ ᠦᠬᠡᠷ ᠠᠯᠠᠰᠢᠨ ᠬᠤᠨᠢᠨ ᠤ ᠬᠦᠴᠢᠷᠳᠡᠯ ᠢ ᠰᠢᠢᠳᠪᠦᠷᠢᠯᠡᠬᠦ ᠵᠡᠷᠭᠡ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠦᠷᠭᠡᠬᠡᠨ ᠨᠡᠶᠢᠲᠡᠯᠡᠬᠦ ᠬᠡᠷᠡᠭᠲᠡᠢ᠃ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠵᠤ᠂ ᠠᠰᠠᠭᠤᠳᠠᠯ ᠢ ᠴᠠᠭ ᠲᠤᠬᠠᠢ  ᠳᠤᠨᠢ ᠢᠯᠡᠷᠡᠭᠦᠯᠵᠦ᠂ ᠳᠤᠲᠠᠭᠤᠳᠠᠯ ᠢᠶᠠᠨ ᠲᠦᠷᠭᠡᠨ ᠨᠥᠬᠦᠪᠦᠷᠢᠯᠡᠬᠦ ᠬᠡᠷᠡᠭᠲᠡᠢ᠃ ᠲᠤᠷᠰᠢᠯᠲᠠ ᠶᠢ ᠠᠬᠢᠭᠤᠯᠬᠤ᠂ ᠵᠢᠱᠢᠶ᠎ᠡ ᠦᠵᠡᠭᠦᠯᠬᠦ ᠶᠢ ᠠᠳᠬᠤᠬᠤ᠂ ᠦᠢᠯᠡᠴᠢᠯᠡᠭᠡ ᠶᠢ ᠴᠢᠬᠤᠯᠠᠴᠢᠯᠠᠬᠤ᠂ ᠬᠥᠲᠥᠯᠥᠨ ᠳᠠᠭᠠᠭᠤᠯᠬᠤ ᠶᠢ ᠴᠢᠩᠭᠠᠳᠬᠠᠬᠤ ᠲᠠᠯ᠎ᠠ ᠪᠠᠷ ᠲᠠᠰᠤᠷᠠᠯᠲᠠ ᠦᠭᠡᠢ ᠬᠦᠴᠦᠯᠡᠵᠦ᠂ ᠬᠦᠴᠦᠷᠬᠡᠭ ᠶᠡᠭᠡ ᠠᠵᠢᠯ ᠤᠨ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠪᠥᠬᠦ ᠵᠢᠯ ᠤᠨ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠳᠤ ︽ᠲᠣᠭᠲᠠᠭᠤᠨ︾ ᠤ ᠰᠠᠭᠤᠷᠢ ᠶᠢ ᠪᠠᠬᠢᠵᠢᠭᠦᠯᠵᠦ᠂ ︽ᠤᠷᠤᠭᠰᠢᠯᠠᠬᠤ︾ ᠬᠥᠳᠡᠯᠭᠡᠬᠦ ᠬᠦᠴᠦᠨ ᠢ ᠨᠢᠭᠲᠠᠷᠠᠭᠤᠯᠬᠤ ᠬᠡᠷᠡᠭᠲᠡᠢ  ᠭᠡᠵᠦ ᠴᠢᠬᠤᠯᠠᠴᠢᠯᠠᠵᠠᠢ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号